ᠰᠦᠨ ᠱᠤᠤ ᠴᠧᠩ  ᠸᠠᠩ ᠯᠢ ᠰᠢᠶᠠ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠲᠥᠯᠥᠭᠡᠯᠡᠭᠴᠢᠳ ᠤᠨ ᠪᠦᠯᠭᠦᠮ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/12


      7 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠮᠠᠨ ᠤ ᠣᠷᠣᠨ ᠳᠤ ᠲᠣᠭᠤᠷᠢᠨ ᠦᠵᠡᠵᠦ ᠰᠤᠷᠪᠤᠯᠵᠢᠯᠠᠬᠤ ᠪᠠᠷ ᠢᠷᠡᠭᠰᠡᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠲᠥᠯᠥᠭᠡᠯᠡᠭᠴᠢᠳ ᠤᠨ ᠪᠦᠯᠭᠦᠮ ᠲᠠᠢ ᠠᠭᠤᠯᠵᠠᠪᠠ᠃


0712孙绍骋王莉霞会见驻华使节代表团.jpg


      ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠲᠥᠯᠥᠭᠡᠯᠡᠭᠴᠢᠳ ᠤᠨ ᠪᠦᠯᠭᠦᠮ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠥᠷ ᠮᠣᠩᠭᠤᠯ ᠤᠨ ᠪᠠᠶᠢᠭᠠᠯᠢ ᠶᠢᠨ ᠨᠥᠬᠦᠴᠡᠯ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠬᠥᠭᠵᠢᠯᠲᠡ ᠶᠢᠨ ᠪᠠᠶᠢᠳᠠᠯ ᠵᠡᠷᠭᠡ ᠶᠢ ᠲᠠᠨᠢᠯᠴᠠᠭᠤᠯᠪᠠ᠃ ᠲᠡᠷᠡ᠂ ᠲᠡᠷᠢᠭᠦᠯᠡᠭᠴᠢ ᠰᠢ ᠶᠢᠨ ᠫᠢᠩ ᠥᠪᠥᠷ ᠮᠣᠩᠭᠤᠯ ᠢ ᠮᠠᠰᠢ ᠬᠠᠯᠠᠮᠵᠢᠯᠠᠵᠤ᠂ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠪᠢᠳᠡ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠣᠲᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠲᠦᠷᠭᠡᠳᠬᠡᠨ ᠬᠥᠭᠵᠢᠭᠦᠯᠵᠦ᠂ ᠭᠠᠳᠠᠭᠠᠳᠤ ᠨᠡᠭᠡᠭᠡᠯᠲᠡ ᠶᠢ ᠪᠦᠭᠦ ᠲᠠᠯ᠎ᠠ ᠪᠠᠷ ᠥᠷᠭᠡᠳᠬᠡᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠪᠠ᠃ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠡᠯᠪᠡᠭ ᠳᠡᠯᠪᠡᠭ ᠪᠥᠭᠡᠳ ᠵᠢᠭᠤᠯᠴᠢᠯᠠᠯ ᠤᠨ ᠡᠬᠢ ᠪᠠᠶᠠᠯᠢᠭ ᠴᠤ ᠮᠠᠰᠢ ᠡᠯᠪᠡᠭ ᠪᠠᠶᠠᠯᠢᠭ ᠶᠤᠮ᠂ ᠡᠯᠴᠢᠨ ᠰᠠᠶᠢᠳ ᠨᠠᠶᠢᠵᠠ ᠨᠠᠷ ᠤᠨ ᠦᠷᠭᠦᠯᠵᠢ ᠢᠷᠡᠵᠤ ᠲᠣᠭᠤᠷᠢᠨ ᠦᠵᠡᠵᠦ᠂ ᠮᠠᠨ ᠤ ᠣᠷᠣᠨ ᠤ ᠨᠤᠲᠤᠭ ᠤᠨ ᠵᠠᠩᠰᠢᠯ ᠠᠷᠠᠳ ᠤᠨ ᠳᠠᠳᠬᠠᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠳᠠᠬᠢ ᠦᠢᠯᠡᠳᠦᠯᠭᠡ ᠶᠢ ᠣᠶᠢᠯᠠᠭᠠᠵᠤ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠭᠤᠷᠤᠨᠳᠤᠭᠢ ᠨᠥᠬᠦᠷᠯᠡᠯ ᠢᠶᠠᠨ ᠵᠤᠵᠠᠭᠠᠳᠬᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠤᠯᠠᠨ ᠢᠶᠠᠷ ᠢᠶᠠᠨ ᠥᠪᠥᠷ ᠮᠣᠩᠭᠤᠯ ᠢ ᠢᠯᠡᠭᠦᠬᠡᠨ ᠤᠬᠠᠭᠤᠯᠤᠨ ᠲᠠᠨᠢᠯᠴᠠᠭᠤᠯᠵᠤ᠂ ᠬᠤᠯᠪᠣᠭᠳᠠᠯ ᠪᠦᠬᠦᠢ ᠲᠠᠯ᠎ᠠ ᠪᠣᠯᠣᠨ ᠭᠠᠵᠠᠷ ᠣᠷᠣᠨ ᠤ ᠮᠠᠨ ᠤ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ ᠡᠯᠴᠢᠨ ᠰᠠᠶᠢᠳ ᠨᠠᠶᠢᠵᠠ ᠨᠠᠷ ᠤᠨ ᠳᠤᠷᠠᠳᠤᠭᠰᠠᠨ ᠰᠣᠯᠢᠯᠴᠠᠭ᠎ᠠ ᠬᠠᠮᠲᠤᠷᠠᠯᠴᠠᠭ᠎ᠠ ᠬᠢᠬᠦ ᠰᠠᠨᠠᠭᠤᠯᠭ᠎ᠠ ᠶᠢᠨ ᠲᠤᠬᠠᠢ ᠰᠦᠨ ᠱᠤᠤ ᠴᠧᠩ᠂ ᠥᠪᠥᠷ ᠮᠣᠩᠭᠤᠯ ᠮᠠᠰᠢ ᠳᠤᠷᠠᠲᠠᠶ᠎ᠠ ᠡᠯᠴᠢᠨ ᠰᠠᠶᠢᠳ ᠨᠠᠷ ᠤᠨ ᠥᠪᠡᠷ ᠤᠨ ᠪᠠᠶᠢᠭ᠎ᠠ ᠤᠯᠤᠰ ᠤᠳ ᠤᠨ ᠬᠤᠯᠪᠣᠭᠳᠠᠯ ᠪᠦᠬᠦᠢ ᠲᠠᠯ᠎ᠠ ᠵᠢᠴᠢ ᠭᠠᠵᠠᠷ ᠣᠷᠣᠨ ᠯᠤᠭ᠎ᠠ ᠨᠥᠭᠦᠷᠰᠡᠭ ᠰᠣᠯᠢᠯᠴᠠᠭ᠎ᠠ ᠥᠷᠨᠢᠭᠦᠯᠵᠦ᠂ ᠤᠯᠠᠨ ᠲᠠᠯ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠤ᠂ ᠭᠠᠳᠠᠭᠠᠳᠤ ᠶᠠᠪᠤᠳᠠᠯ ᠤᠨ ᠶᠠᠮᠤᠨ ᠵᠢᠴᠢ ᠳᠤᠮᠳᠠᠳᠤ ᠤᠯᠤᠰ ᠤᠨ ᠤᠯᠠᠨ ᠨᠡᠶᠢᠲᠡ ᠶᠢᠨ ᠭᠠᠳᠠᠭᠠᠳᠤ ᠬᠠᠷᠢᠯᠴᠠᠭᠠᠨ ᠤ ᠨᠡᠶᠢᠭᠡᠮᠯᠢᠭ ᠤᠨ ᠵᠢᠯᠣᠭᠤᠳᠤᠯᠭ᠎ᠠ ᠳᠣᠣᠷ᠎ᠠ ᠡᠯ᠎ᠡ ᠲᠠᠯ᠎ᠠ ᠶᠢᠨ ᠬᠢᠨ ᠲᠠᠢ ᠣᠯᠣᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠦᠨᠡᠨ ᠪᠣᠳᠠᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠣᠯᠬᠤ ᠪᠠᠷ ᠴᠢᠷᠮᠠᠶᠢᠨ᠎ᠠ ᠭᠡᠵᠦ ᠢᠯᠡᠳᠬᠡᠪᠡ᠃


0712孙绍骋王莉霞会见驻华使节代表团2.jpg


      ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ᠂ ᠳᠤᠮᠳᠠᠳᠤ ᠤᠯᠤᠰ ᠲᠤ ᠰᠠᠭᠤᠭ᠎ᠠ ᠪᠦᠭᠦᠳᠡ ᠨᠠᠶᠢᠷᠠᠮᠳᠠᠬᠤ ᠺᠠᠮᠧᠷᠦ᠋ᠨ ᠤᠯᠤᠰ ᠤᠨ ᠡᠯᠴᠢᠨ ᠰᠠᠶᠢᠳ ᠮᠠᠷᠲ᠋ᠢᠨ · ᠮᠦᠪᠠᠨᠠ᠂ ᠡᠮᠦᠨᠡᠲᠦ ᠠᠹᠷᠢᠺᠠ ᠶᠢᠨ ᠪᠦᠭᠦᠳᠠ ᠨᠠᠶᠢᠷᠠᠮᠳᠠᠬᠤ ᠤᠯᠤᠰ ᠤᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠰᠢᠶᠧ ᠱᠧᠩ ᠸᠧᠨ᠂ ᠪᠦᠭᠦᠳᠠ ᠨᠠᠶᠢᠷᠠᠮᠳᠠᠬᠤ ᠲᠦᠷᠺ ᠤᠯᠤᠰ ᠤᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠢᠰᠮᠸᠶᠢᠷ · ᠮᠦᠰᠠ᠂ ᠪᠦᠭᠦᠳᠡ ᠨᠠᠶᠢᠷᠠᠮᠳᠠᠬᠤ ᠠᠷᠭᠧᠨ᠋ᠲ᠋ᠢᠨ ᠤᠯᠤᠰ ᠤᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠮᠠ ᡁᠢ ᠶᠤᠸᠠᠨ ᠤᠷᠢᠳ ᠬᠤᠵᠢᠳ ᠦᠭᠡ ᠬᠡᠯᠡᠵᠦ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠤᠯᠠᠨ ᠢᠶᠠᠷ ᠢᠶᠠᠨ᠂ ᠥᠪᠥᠷ ᠮᠣᠩᠭᠤᠯ ᠤᠨ ᠬᠥᠭᠵᠢᠯᠲᠡ ᠶᠢᠨ ᠳᠠᠯᠳᠠ ᠬᠦᠴᠦᠨ ᠶᠡᠭᠡ᠂ ᠬᠥᠳᠡᠯᠭᠡᠬᠦ ᠬᠦᠴᠦᠨ ᠭᠦᠢᠴᠡᠳ᠂ ᠣᠳᠣᠬᠠᠨ ᠳᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠴᠣᠭᠴᠠᠯᠠᠬᠤ᠂ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠠᠬᠢᠭᠤᠯᠬᠤ ᠵᠡᠷᠭᠡ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠨᠢ ᠬᠥᠮᠥᠰ ᠤᠨ ᠮᠠᠭᠲᠠᠭᠠᠯ ᠰᠠᠶᠢᠰᠢᠶᠠᠯ ᠢ ᠣᠯᠪᠠ᠂ ᠦᠷᠭᠦᠯᠵᠢᠯᠡᠨ ᠥᠪᠥᠷ ᠮᠣᠩᠭᠤᠯ ᠢ ᠠᠩᠬᠠᠷᠴᠤ᠂ ᠥᠪᠥᠷ ᠮᠣᠩᠭᠤᠯ ᠢ ᠤᠬᠠᠭᠤᠯᠤᠨ ᠲᠠᠨᠢᠯᠴᠠᠭᠤᠯᠵᠤ᠂ ᠥᠪᠡᠷ ᠤᠨ ᠪᠠᠶᠢᠭ᠎ᠠ ᠤᠯᠤᠰ ᠪᠣᠯᠣᠨ ᠥᠪᠥᠷ ᠮᠣᠩᠭᠤᠯ ᠤᠨ ᠰᠣᠯᠢᠯᠴᠠᠭ᠎ᠠ ᠶᠠᠪᠤᠯᠴᠠᠭ᠎ᠠ ᠶᠢ ᠠᠬᠢᠭᠤᠯᠬᠤ ᠳᠤ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ᠥᠪᠥᠷ ᠮᠣᠩᠭᠤᠯ ᠤᠨ ᠦᠵᠡᠰᠬᠦᠯᠡᠩᠲᠦ ᠰᠠᠶᠢᠬᠠᠨ ᠥᠩᠭᠡ ᠦᠵᠡᠮᠵᠢ᠂ ᠬᠥᠭᠵᠢᠯᠲᠡ ᠬᠤᠪᠢᠷᠠᠯᠲᠠ ᠶᠢᠨ ᠰᠠᠶᠢᠨ ᠪᠠᠶᠢᠳᠠᠯ ᠢ ᠶᠡᠭᠡ ᠪᠠᠷ ᠤᠬᠠᠭᠤᠯᠤᠨ᠎ᠠ ᠭᠡᠵᠦ ᠢᠯᠡᠳᠬᠡᠵᠡᠭᠡᠪᠡ᠃

      ᠳᠤᠮᠳᠠᠳᠤ ᠤᠯᠤᠰ ᠤᠨ ᠣᠯᠠᠨ ᠨᠡᠶᠢᠲᠡ ᠶᠢᠨ ᠭᠠᠳᠠᠭᠠᠳᠤ ᠬᠠᠷᠢᠯᠴᠠᠭᠠᠨ ᠤ ᠨᠡᠶᠢᠭᠡᠮᠯᠢᠭ ᠤᠨ ᠳᠠᠷᠤᠭ᠎ᠠ ᠦ᠋ ᠬᠠᠢ ᠯᠦᠩ ᠶᠠᠷᠢᠶᠠᠨ ᠳᠠᠭᠠᠨ ᠭᠠᠳᠠᠭᠠᠳᠤ ᠶᠠᠪᠤᠳᠠᠯ ᠤᠨ ᠶᠠᠮᠤᠨ ᠤ ᠡᠮᠦᠨ᠎ᠡ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠰ ᠠᠶᠢᠯᠴᠢᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠨᠠᠷᠢᠨ ᠨᠢᠮᠪᠠᠢ ᠲᠣᠬᠢᠷᠠᠭᠤᠯᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃

      32 ᠤᠯᠤᠰ ᠠᠴᠠ ᠢᠷᠡᠭᠰᠡᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠠᠢ ᠯᠢ ᠬᠤᠸᠠ᠂ ᠶᠠᠩ ᠶᠢᠨ᠂ ᠸᠧᠢ ᠭᠦᠸᠧ ᠨᠠᠨ ᠠᠭᠤᠯᠵᠠᠯᠲᠠ ᠳᠤ ᠣᠷᠣᠯᠴᠠᠪᠠ᠃

      ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠲᠥᠯᠥᠭᠡᠯᠡᠭᠴᠢᠳ ᠤᠨ ᠪᠦᠯᠭᠦᠮ ᠢ ᠭᠠᠳᠠᠭᠠᠳᠤ ᠶᠠᠪᠤᠳᠠᠯ ᠤᠨ ᠶᠠᠮᠤᠨ ᠠᠴᠠ ᠵᠣᠬᠢᠶᠠᠨ ᠪᠠᠶᠢᠭᠤᠯᠵᠤ᠂ 7 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠲᠥᠯᠥᠭᠡᠯᠡᠭᠴᠢᠳ ᠤᠨ ᠪᠦᠯᠭᠦᠮ ᠮᠠᠨ ᠤ ᠣᠷᠣᠨ ᠤ ᠭᠦᠭᠡᠬᠤᠲᠠ᠂ ᠤᠯᠠᠭᠠᠨᠴᠠᠪ᠂ ᠣᠷᠳᠣᠰ ᠬᠤᠳᠠ ᠳᠤ ᠲᠣᠭᠤᠷᠢᠨ ᠦᠵᠡᠵᠦ ᠰᠤᠷᠪᠤᠯᠵᠢᠯᠠᠬᠤ ᠪᠣᠯᠣᠨ᠎ᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ