ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠣᠷᠣᠨ ᠳᠤ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ  ᠰᠦᠨ ᠱᠣᠣ ᠴᠧᠩ ᠪᠣᠯᠣᠨ ᠸᠠᠩ ᠯᠢ ᠰᠢᠶᠠ ᠯᠣᠪᠰᠠᠩᠵᠠᠯᠰᠠᠨ ᠲᠠᠢ ᠪᠠᠷᠠᠳᠠᠨ ᠠᠭᠤᠯᠵᠠᠪᠠ  ᠪᠠᠶᠠᠨᠴᠢᠯᠠᠭᠤ  ᠳ᠋ᠤᠸᠠᠨ ᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ
ᠨᠡᠶᠢᠲᠡᠯᠡᠭᠰᠡᠨ ᠴᠠᠭ᠄
2024/7/12


      7 ᠰᠠᠷ᠎ᠠ ᠶᠢᠨ 5 ᠠᠴᠠ 11 ᠤ ᠡᠳᠦᠷ ᠪᠤᠯᠲᠠᠯ᠎ᠠ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠣᠪᠰᠠᠩᠵᠠᠯᠰᠠᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠣᠷᠣᠨ ᠳᠤ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ ᠃ 7 ᠰᠠᠷ᠎ᠠ ᠶᠢᠨ 5 ᠤ ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠯᠣᠪᠰᠠᠩᠵᠠᠯᠰᠠᠨ ᠲᠠᠢ ᠪᠠᠷᠠᠳᠠᠨ ᠠᠭᠤᠯᠵᠠᠪᠠ ᠃

      ᠮᠠᠨ ᠤ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ ᠪᠠᠶᠢᠴᠠᠭᠠᠨ ᠰᠤᠳᠤᠯᠬᠤ ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠭᠤᠯᠪᠠ ᠃ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠂ ᠯᠣᠪᠰᠠᠩᠵᠠᠯᠰᠠᠨ ᠪᠠᠶᠢᠴᠠᠭᠠᠨ ᠰᠤᠳᠤᠯᠬᠤ ᠳᠤᠭᠤᠶᠢᠯᠠᠩ ᠢ ᠲᠥᠯᠥᠭᠡᠯᠡᠨ ᠮᠠᠨ ᠤ ᠣᠷᠣᠨ ᠤ ᠦᠨᠳᠦᠰᠦᠲᠡᠨ ᠤ ᠬᠠᠤᠯᠢᠵᠢᠯ ᠤᠨ ᠪᠠᠶᠢᠭᠤᠯᠤᠯᠲᠠ ᠳᠤ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ ᠃ ᠲᠡᠷᠡ ᠂ ᠣᠶᠢᠷ᠎ᠠ ᠶᠢᠨ ᠵᠢᠯ ᠳᠤ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠥᠪᠥᠷ ᠮᠣᠩᠭᠤᠯ ᠤᠨ ᠬᠢᠨ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠶᠡᠷᠦᠩᠬᠡᠢ ᠱᠦᠵᠢ ᠰᠢ  ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠂ ᠦᠨᠳᠦᠰᠦᠲᠡᠨ ᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ ᠂ ᠦᠨᠳᠦᠰᠦᠲᠡᠨ ᠤ ᠠᠵᠢᠯ ᠤᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢ ᠥᠷᠨᠢᠭᠦᠯᠵᠦ ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ ᠂ ᠮᠠᠰᠢ ᠤᠯᠠᠨ ᠠᠵᠢᠯ ᠨᠢ ᠪᠦᠭᠦ ᠤᠯᠤᠰ ᠤᠨ ᠡᠮᠦᠨ᠎ᠡ ᠡᠩᠨᠡᠭᠡᠨ ᠳᠤ ᠬᠤᠰᠢᠭᠤᠷᠠᠪᠠ ᠭᠡᠵᠦ ᠵᠢᠭᠠᠵᠤ ᠭᠠᠷᠭᠠᠪᠠ ᠃ ᠲᠡᠷᠡ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠢᠯᠠᠩᠭᠤᠶ᠎ᠠ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠦᠭᠦ ᠶᠠᠪᠤᠴᠠ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠶᠡᠷᠦᠩᠬᠡᠢ ᠱᠦᠵᠢ ᠰᠢ  ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠭᠤᠣᠯ ᠣᠶᠢᠯᠠᠭᠠᠭᠳᠠᠬᠤᠨ ᠮᠥᠨ ᠭᠡᠳᠡᠭ ᠢ ᠭᠦᠨᠵᠡᠭᠡᠢ ᠣᠶᠢᠯᠠᠭᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠤᠷᠢᠳ ᠬᠤᠵᠢᠳ ᠭᠦᠭᠡᠬᠤᠲᠠ ᠂ ᠣᠷᠳᠣᠰ ᠬᠤᠳᠠ ᠂ ᠪᠤᠭᠤᠲᠤ ᠬᠤᠳᠠ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠳᠤ ᠬᠦᠷᠴᠦ ︽ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠨ ᠤᠷᠤᠭᠰᠢᠯᠠᠶ᠎ᠠ ︾ ᠭᠡᠬᠦ ᠭᠤᠣᠯ ᠰᠡᠳᠦᠪᠲᠦ ᠦᠵᠡᠭᠦᠯᠭᠡ ᠶᠢ ᠲᠣᠭᠤᠷᠢᠨ ᠦᠵᠡᠪᠡ ᠃

      ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ ᠤᠨ ᠡᠷᠭᠢᠯᠡᠭᠴᠢ ᠭᠡᠰᠢᠭᠦᠨ ᠪᠠᠶᠠᠨᠴᠢᠯᠠᠭᠤ ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠳᠡᠳ᠋ ᠡᠷᠭᠢᠯᠡᠭᠴᠢ ᠳ᠋ᠤᠸᠠᠨ ᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠭᠠᠩ ᠂ ᠳ᠋ᠢᠩ ᠰᠢᠤ ᠹᠧᠩ ᠂ ᠢᠦᠢ ᠯᠢ ᠰᠢᠨ ᠂ ᠠᠢ ᠯᠢ ᠬᠤᠸᠠ ᠂ ᠳᠠᠶᠢᠴᠢᠨ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ