ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/7/12


      7 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠤᠳᠠᠯ ᠦᠭᠡᠢ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠳᠤ ᠣᠷᠣᠬᠤ ᠪᠣᠯᠬᠤᠷ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠭᠠᠵᠠᠷ ᠲᠤ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ︽ᠪᠤᠳᠣᠵᠤ ᠣᠯᠬᠤ ᠦᠭᠡᠢ︾᠂ ︽ᠶᠡᠭᠡ ᠤᠴᠢᠷ ᠦᠭᠡᠢ︾ ᠵᠡᠷᠭᠡ ᠲᠠᠶᠢᠪᠤᠰᠢᠷᠠᠬᠤ ᠪᠤᠳᠤᠯ ᠢ ᠡᠷᠡᠰ ᠲᠡᠪᠴᠢᠵᠦ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢᠶᠠᠨ ᠲᠡᠭᠦᠯᠳᠡᠷᠵᠢᠭᠦᠯᠦᠨ᠂ ᠡᠷᠡᠰ ᠰᠢᠭᠤᠷᠬᠠᠢ ᠰᠢᠢᠳᠪᠦᠷᠢᠲᠦ ᠪᠣᠳᠣᠯᠭ᠎ᠠ ᠲᠣᠭᠲᠠᠭᠠᠨ ᠲᠦᠭᠰᠢᠭᠦᠷᠢᠲᠦ ᠪᠠᠶᠢᠳᠠᠯ ᠢ ᠰᠢᠢᠳᠪᠦᠷᠢᠯᠡᠵᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠶ ᠰᠢᠭᠤᠢ ᠶᠢᠨ ᠲᠦᠢᠮᠡᠷ ᠢ ᠰᠡᠷᠭᠡᠶᠢᠯᠡᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠂ ︽ᠦᠨᠡᠨ︾ ᠰᠡᠳᠬᠦᠯ ᠳᠤ ᠨᠡᠶᠢᠲᠡᠯᠡᠭᠰᠡᠨ ᠴᠢᠬᠤᠯᠠ ᠵᠣᠬᠢᠶᠠᠯ ︽ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠵᠢᠴᠢ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠨᠡᠶᠢᠲᠡᠯᠡᠭᠳᠡᠭᠰᠡᠨ 70 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢᠶᠠᠷ ᠵᠢᠯᠣᠭᠤᠳᠤᠮᠵᠢ ᠪᠤᠯᠭᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠭᠡᠷᠡᠭᠲᠡᠶ︔ ᠡᠯ᠎ᠡ ᠲᠥᠷᠥᠯ ᠤᠨ ᠭᠠᠳᠠᠭᠠᠳᠤ ᠨᠡᠭᠡᠭᠡᠯᠲᠡ ᠶᠢᠨ ᠲᠠᠪᠴᠠᠩ ᠢ ᠰᠠᠶᠢᠲᠤᠷ ᠠᠰᠢᠭᠯᠠᠵᠤ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠪᠠ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠰᠠᠶᠢᠲᠤᠷ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠡᠨᠧᠷᠭᠢ ᠠᠷᠪᠢᠯᠠᠵᠤ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯ ᠢ ᠰᠤᠳᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠡᠨᠧᠷᠭᠢ ᠶᠢᠨ ᠠᠴᠢᠶᠠᠯᠠᠪᠤᠷᠢ ᠶᠡᠬᠡᠲᠡᠢ ᠠᠵᠤ ᠦᠢᠯᠡᠰ ᠤᠨ ᠬᠡᠷᠡᠭᠰᠡᠬᠦ ᠴᠠᠭᠢᠯᠭᠠᠨ ᠢ ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ ᠶᠢ ᠠᠬᠢᠭᠤᠯᠵᠤ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠰᠢᠰᠲ᠋ᠧᠮ ᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯ ᠤᠨ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠪᠲᠤᠯᠤᠯᠲᠠ ᠶᠢ ᠦᠷᠭᠦᠯᠵᠢᠯᠡᠨ ᠠᠬᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠲᠥᠰᠥᠪ ᠤᠨ ᠣᠷᠣᠯᠭ᠎ᠠ ᠵᠠᠷᠤᠯᠭ᠎ᠠ ᠶᠢ ᠰᠠᠶᠢᠲᠤᠷ ᠬᠠᠮᠢᠶᠠᠷᠴᠤ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠴᠢᠩᠭ᠎ᠠ ᠡᠵᠡᠮᠳᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠪᠠᠰᠠ ᠬᠦᠴᠦᠨ ᠦᠭᠡᠢ ᠪᠤᠯᠭᠠᠬᠤ ᠪᠤᠶᠤ ᠬᠦᠴᠦᠨ ᠦᠭᠡᠢ ᠪᠣᠯᠤᠭᠰᠠᠨ ᠢᠶᠠᠷ ᠨᠡᠶᠢᠲᠡᠯᠡᠬᠦ ᠪᠠᠷ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠬᠡᠰᠡᠭ ᠪᠢᠴᠢᠭ ᠮᠠᠲ᠋ᠧᠷᠢᠶᠠᠯ ᠢ ᠰᠤᠳᠤᠯᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ