ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠬᠤᠷᠠᠯ ᠬᠤᠷᠠᠯᠳᠤᠪᠠ  ᠵᠧᠩ ᠬᠤᠩ ᠹᠠᠨ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ  ᠶᠠᠩ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/7/12

      7 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠵᠧᠩ ᠬᠤᠩ ᠹᠠᠨ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠶᠠᠩ ᠶᠢᠨ ᠬᠤᠷᠠᠯ ᠢ ᠡᠷᠭᠢᠯᠡᠪᠡ᠃

      ᠬᠤᠷᠠᠯ ᠳᠤ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠪᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠰᠠᠭᠤᠷᠢ ᠴᠢᠨᠠᠷᠲᠠᠢ ᠠᠵᠢᠯ ᠮᠥᠨ᠂ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠮᠥᠨ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠭᠤᠰᠢᠯᠠᠭᠤᠯᠬᠤ ᠴᠢᠬᠤᠯᠠ ᠦᠢᠯᠡᠳᠦᠯᠭᠡ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠠᠮᠠᠭᠠᠯᠠᠪᠠᠰᠤ ᠵᠣᠬᠢᠬᠤ ᠶᠢ ᠨᠢ ᠪᠦᠬᠦᠨ ᠢ ᠬᠠᠮᠠᠭᠠᠯᠠᠵᠤ᠂ ᠪᠥᠬᠦ ᠲᠠᠯ᠎ᠠ ᠪᠠᠷ ᠬᠠᠮᠠᠭᠠᠯᠠᠬᠤ︾ ᠱᠠᠭᠠᠷᠳᠠᠯᠭ᠎ᠠ ᠶᠢ ᠬᠢᠨᠠᠮᠠᠭᠠᠶ ᠦᠢᠯᠡᠳᠦᠯᠭᠡᠵᠢᠭᠦᠯᠵᠦ᠂ ᠶᠠᠰᠤ ᠴᠢᠨᠠᠷ ᠤᠨ ᠡᠵᠡᠮᠳᠡᠯ ᠢ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠬᠢᠴᠠ ᠶᠢ ᠲᠦᠷᠭᠡᠳᠭᠡᠨ᠂ ᠪᠦᠬᠦᠯᠢ ᠴᠣᠭᠴᠠ ᠶᠢᠨ ᠬᠠᠮᠠᠭᠠᠯᠠᠯᠲᠠ ᠶᠢ ᠠᠬᠢᠭᠤᠯᠵᠤ᠂ ᠮᠠᠨ ᠤ ᠣᠷᠣᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠮᠲᠤᠷᠠᠨ ᠰᠠᠶᠢᠲᠤᠷ ᠬᠢᠵᠦ᠂ ᠲᠤᠬᠠᠶ ᠶᠢᠨ ᠭᠠᠵᠠᠷ ᠲᠤ ᠨᠢ ᠪᠠᠶᠢᠴᠠᠭᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠤᠬᠠᠭᠤᠯᠭ᠎ᠠ ᠪᠠᠨ ᠦᠨᠡᠨ ᠬᠦ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃

       ᠬᠤᠷᠠᠯ ᠢ ᠲᠧᠯᠸᠢᠰ ᠤᠲᠠᠰᠤᠲᠤ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ