ᠬᠤᠸᠠᠢ ᠷᠧᠦ ᠲᠤᠷᠰᠢᠯᠲᠠ ᠶᠢᠨ ᠲᠠᠰᠤᠭ ᠬᠢᠭᠡᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ  ᠰᠦᠨ ᠱᠤᠤ ᠴᠧᠩ  ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2024/7/15


      7 ᠳ᠋ᠤᠭᠠᠷ ᠰᠠᠷ᠎ᠠ ᠶᠢᠨ 14 ᠤ ᠦᠳᠡ ᠶᠢᠨ ᠡᠮᠦᠨ᠎ᠡ᠂ ᠬᠤᠸᠠᠢ ᠷᠧᠦ ᠲᠤᠷᠰᠢᠯᠲᠠ ᠶᠢᠨ ᠲᠠᠰᠤᠭ ᠬᠢᠭᠡᠳ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠡᠭᠡᠵᠢᠩ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠶᠢᠨ ᠱᠦᠵᠢ ᠢᠦᠢ ᠶᠢᠩ ᠵᠢᠶᠧ᠂ ᠬᠤᠸᠠᠢ ᠷᠧᠦ ᠲᠤᠷᠰᠢᠯᠲᠠ ᠶᠢᠨ ᠲᠠᠰᠤᠭ ᠤᠨ ᠡᠷᠭᠢᠯᠡᠭᠴᠢ ᠲᠠᠩ ᠭᠤᠸᠠᠩ ᠹᠦ᠋ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃


07150715怀柔实验室与自治区政府签署战略合作协议 孙绍骋王莉霞出席.jpg


      ᠬᠤᠸᠠᠢ ᠷᠧᠦ ᠲᠤᠷᠰᠢᠯᠲᠠ ᠶᠢᠨ ᠲᠠᠰᠤᠭ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠤ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠰᠢᠨ᠎ᠡ ᠭᠡᠯᠪᠡᠷᠢ ᠶᠢᠨ ᠤᠯᠤᠰ ᠳᠠᠶᠠᠭᠠᠷᠴᠢᠯᠠᠬᠰᠠᠨ ᠪᠠᠶᠢᠭᠤᠯᠤᠮᠵᠢ ᠶᠢᠨ ᠳᠠᠪᠠᠭᠤᠯᠢᠭ ᠢ ᠪᠠᠳᠠᠷᠠᠭᠤᠯᠵᠤ᠂ ᠡᠨᠧᠷᠭᠢ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠰᠠᠭᠤᠷᠢᠯᠠᠬᠤ  ᠴᠢᠨᠠᠷᠲᠠᠢ᠂ ᠪᠠᠷᠠᠯᠠᠯᠳᠤ ᠴᠢᠨᠠᠷᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠵᠦ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠡᠬᠢ ᠪᠠᠶᠠᠯᠢᠭ ᠡᠯᠪᠡᠭ ᠪᠠᠶᠢᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠰᠦᠪᠡᠭᠴᠢᠯᠡᠬᠦ ᠵᠡᠷᠭᠡ ᠲᠠᠯ᠎ᠠ ᠪᠠᠷ ᠴᠢᠬᠤᠯᠠ ᠪᠠᠶᠢᠷᠢ ᠰᠠᠭᠤᠷᠢ ᠲᠠᠢ ᠶᠤᠮ᠃


07150715怀柔实验室与自治区政府签署战略合作协议 孙绍骋王莉霞出席2.jpg


      ᠵᠥᠪᠯᠡᠯᠴᠡᠭᠡᠷ ᠶᠣᠰᠣᠭᠠᠷ ᠬᠤᠶᠠᠷ ᠲᠠᠯ᠎ᠠ ᠪᠠᠷ ᠢᠶᠠᠨ ︽ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠲᠠᠪᠴᠠᠩ ᠢ ᠬᠠᠮᠲᠤ ᠪᠠᠷ ᠠᠰᠢᠭᠯᠠᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ︾ ᠵᠠᠷᠴᠢᠮ ᠢ ᠵᠢᠷᠤᠮᠯᠠᠵᠤ᠂ ᠥᠪᠥᠷ ᠮᠣᠩᠭᠤᠯ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠢᠶᠠᠷ ᠬᠤᠯᠪᠣᠭᠠᠰᠤ ᠪᠤᠯᠭᠠᠵᠤ᠂ ᠰᠢᠨ᠎ᠡ ᠮᠡᠷᠭᠡᠵᠢᠯ ᠤᠨ ᠪᠣᠳᠠᠲᠤ ᠪᠠᠷᠢᠮᠲᠠ ᠪᠠᠷ ᠰᠢᠯᠭᠠᠨ ᠭᠡᠷᠡᠴᠢᠯᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠨᠳᠣᠣᠰᠢᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ ᠪᠠ ᠬᠠᠷᠢᠯᠴᠠᠨ ᠲᠣᠮᠢᠯᠠᠬᠤ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠰᠠᠭᠤᠷᠢ ᠶᠢ ᠪᠠᠬᠢᠵᠢᠭᠦᠯᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠬᠦᠴᠦᠲᠡᠢ ᠪᠠᠲᠤᠯᠠᠬᠤ ᠪᠣᠯᠣᠨ᠎ᠠ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠰᠢᠶᠠᠨ ᠬᠤᠸᠠ᠂ ᠰᠦᠨ ᠵᠢᠶᠦ᠋ᠨ ᠴᠢᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ