ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ  ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/7/15


      7 ᠰᠠᠷ᠎ᠠ ᠶᠢᠨ 12 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ ᠃

      ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ ᠰᠢᠶᠠᠨ ᠤ ᠲᠤᠸᠠᠨ ᠵᠧᠦ ᠲᠠᠯᠠᠩ ᠤᠨ ᠳ᠋ᠦᠩ ᠲᠢᠩ ᠬᠤ᠋ ᠨᠠᠭᠤᠷ ᠤᠨ ᠨᠢᠭᠡᠳᠦᠭᠡᠷ ᠹᠷᠣᠨᠲ ᠤᠨ ᠬᠠᠰᠢᠯᠭ᠎ᠠ ᠰᠡᠳᠡᠷᠡᠭᠰᠡᠨ ᠲᠤᠬᠠᠢ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ︾ ᠬᠠᠷᠢᠭᠤᠴᠠᠯᠭᠠᠲᠤ ᠰᠡᠳᠬᠢᠯᠭᠡ ᠪᠠᠨ ᠪᠠᠲᠤᠯᠠᠵᠤ ᠂ ᠭᠠᠮᠰᠢᠭ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ ᠂ ᠣᠨᠴᠠᠭᠠᠶ ᠴᠠᠭ ᠠᠭᠤᠷ ᠪᠣᠯᠣᠨ ᠬᠦᠨᠳᠦ ᠶᠡᠭᠡ ᠭᠠᠮᠰᠢᠭ ᠢ ᠪᠦᠲᠦᠮᠵᠢᠲᠡᠶ ᠠᠷᠭᠠᠴᠠᠭᠠᠬᠤ ᠬᠡᠷᠡᠭᠲᠡᠢ ᠃ ᠠᠶᠤᠯ ᠭᠡᠮ ᠲᠠᠢ ᠤᠰᠤᠨ ᠴᠥᠭᠦᠷᠥᠮ ᠂ ᠠᠭᠤᠯᠠᠨ ᠦᠶᠡᠷ ᠤᠨ ᠭᠠᠮᠰᠢᠭ ᠠᠮᠠᠷᠬᠠᠨ ᠡᠭᠦᠰᠬᠦ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ ᠦᠶᠡᠷ ᠠᠴᠠ ᠡᠮᠦᠨ᠎ᠡ ᠴᠠᠭᠳᠠᠨ ᠪᠠᠶᠢᠴᠠᠭᠠᠵᠤ ᠪᠠᠶᠢᠴᠠᠭᠠᠨ ᠦᠵᠡᠵᠦ ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠪᠦᠭᠦ ᠬᠦᠴᠦᠨ ᠢᠶᠠᠷ ᠢᠶᠠᠨ ᠴᠡᠭᠴᠡᠯᠡᠨ ᠵᠠᠰᠠᠬᠤ ᠬᠡᠷᠡᠭᠲᠡᠢ ᠃ ᠴᠠᠭ ᠠᠭᠤᠷ ᠤᠨ ᠬᠤᠪᠢᠷᠠᠯᠲᠠ ᠪᠣᠯᠣᠨ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠤᠨ ᠭᠠᠢ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠨ ᠂ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠮᠡᠳᠡᠯᠭᠡ ᠶᠢ ᠶᠡᠭᠡ ᠪᠠᠷ ᠲᠦᠭᠡᠮᠡᠯᠵᠢᠭᠦᠯᠵᠦ ᠂ ᠤᠷᠢᠳᠴᠢᠯᠠᠨ ᠰᠡᠷᠭᠡᠶᠢᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠬᠦ ᠬᠡᠷᠡᠭᠲᠡᠢ ᠃ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠵᠦ ᠂ ᠡᠳ᠋ ᠪᠣᠳᠠᠰ ᠨᠥᠭᠡᠴᠡᠯᠡᠬᠦ ᠶᠢ ᠴᠢᠩᠭᠠᠳᠬᠠᠵᠤ ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ ᠂ ᠠᠶᠤᠯ ᠲᠦᠭᠰᠢᠭᠦᠷᠢ ᠭᠠᠷᠪᠠᠯ ᠦᠳᠲᠡᠷ ᠲᠦᠷᠭᠡᠨ ᠬᠥᠳᠡᠯᠦᠯᠴᠡᠵᠦ ᠂ ᠪᠦᠭᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠢ ᠃ ᠡᠷᠲᠡ ᠤᠨᠲᠠᠷᠠᠭᠠᠵᠤ ᠪᠠᠭ᠎ᠠ ᠳᠤᠨᠢ ᠤᠨᠲᠠᠷᠠᠭᠠᠬᠤ ᠶᠢ ᠪᠠᠷᠢᠮᠲᠠᠯᠠᠨ ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ︽ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ + ︾ ᠶᠢᠨ ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠯᠤᠭ᠎ᠠ ᠶᠢᠨ ᠬᠤᠯᠪᠣᠭᠳᠠᠯ ᠪᠦᠬᠦᠢ ᠲᠠᠯ᠎ᠠ ᠵᠢᠴᠢ ᠭᠠᠵᠠᠷ ᠣᠷᠣᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠲᠦᠷᠭᠡᠳᠬᠡᠨ ᠳᠡᠭᠡᠭᠰᠢᠯᠡᠭᠦᠯᠭᠦ ᠬᠡᠷᠡᠭᠲᠡᠢ ᠃ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠨᠠᠢᠮᠠᠨ ᠵᠦᠢᠯ ᠤᠨ ᠠᠵᠢᠯᠯᠠᠭ᠎ᠠ ᠶᠢᠨ ᠬᠤᠯᠪᠣᠭᠳᠠᠯ ᠪᠦᠬᠦᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ ᠂ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠶᠢ ᠴᠣᠭᠴᠠᠯᠠᠬᠤ ᠂ ᠨᠡᠭᠡᠭᠡᠯᠲᠡ ᠶᠢᠨ ᠲᠠᠪᠴᠠᠩ ᠤᠨ ᠴᠢᠳᠠᠪᠤᠷᠢ ᠶᠢ ᠳᠡᠭᠡᠭᠰᠢᠯᠡᠭᠦᠯᠭᠦ ᠂ ᠭᠤᠣᠯ ᠬᠡᠰᠡᠭ ᠭᠠᠵᠠᠷ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠵᠡᠷᠭᠡ ᠲᠠᠯ᠎ᠠ ᠪᠠᠷ ᠨᠠᠩ ᠣᠯᠠᠨ ᠦᠷ᠎ᠡ ᠪᠦᠲᠦᠭᠡᠯ ᠣᠯᠬᠤ ᠪᠠᠷ ᠴᠢᠷᠮᠠᠶᠢᠬᠤ ᠬᠡᠷᠡᠭᠲᠡᠢ ᠃ ᠡᠯ᠎ᠡ ᠲᠥᠷᠥᠯ ᠤᠨ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠢᠳᠡᠪᠬᠢᠲᠡᠢ ᠭᠥᠯᠢᠶᠡᠨ ᠠᠪᠬᠤ ᠪᠠ ᠰᠠᠶᠢᠲᠤᠷ  ᠡᠷᠭᠢᠯᠡᠵᠦ ᠂  ᠣᠯᠠᠨ ᠤᠯᠤᠰ ᠤᠨ ᠨᠥᠭᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠨᠡᠭᠡᠭᠡᠯᠲᠡ ᠶᠢ ᠪᠦᠭᠦ ᠲᠠᠯ᠎ᠠ ᠪᠠᠷ ᠥᠷᠭᠡᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠨ ᠪᠣᠬᠢᠷᠳᠤᠯ ᠦᠭᠡᠢ ᠬᠥᠭᠵᠢᠯᠲᠡ ᠶᠢᠨ ᠶᠠᠷᠢᠶᠠᠨ ᠤ ᠲᠠᠪᠴᠠᠩ ᠳᠤ ᠢᠯᠡᠭᠡᠭᠰᠡᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠂ ᠭᠠᠳᠠᠭᠠᠳᠤ ᠯᠤᠭ᠎ᠠ ᠶᠢᠨ ᠪᠣᠬᠢᠷᠳᠤᠯ ᠦᠭᠡᠢ ᠬᠥᠭᠵᠢᠯᠲᠡ ᠶᠢᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠬᠦ ᠲᠤᠬᠠᠢ ᠱᠠᠭᠠᠷᠳᠠᠯᠭ᠎ᠠ ᠳᠤᠷᠠᠳᠴᠠᠢ ᠃

      ᠬᠤᠷᠠᠯ ᠠᠴᠠ ᠂ ᠨᠢᠳᠤᠨᠤᠨ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠠᠩᠬ᠎ᠠ ᠤᠳᠠᠭ᠎ᠠ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠤᠯᠬᠤ ᠪᠥᠭᠡᠳ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ ︾ ᠭᠡᠬᠦ ᠴᠢᠬᠤᠯᠠ ᠶᠡᠭᠡ ᠨᠤᠲᠠᠯᠠᠯᠲᠠ ᠶᠢ ᠳᠤᠷᠠᠳᠴᠠᠢ ᠃ ᠨᠢᠭᠡ ᠵᠢᠯ ᠭᠠᠷᠤᠢ ᠶᠢᠨ ᠲᠤᠷᠰᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠣᠭᠲᠠᠭᠠᠯ ᠪᠠ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ︽ 28 ᠵᠤᠷᠪᠤᠰ ᠪᠣᠳᠠᠲᠠᠢ ᠠᠷᠭ᠎ᠠ ᠬᠡᠮᠵᠢᠶ᠎ᠡ ︾ ᠶᠢ ᠲᠣᠭᠲᠠᠭᠠᠨ ᠨᠡᠶᠢᠲᠡᠯᠡᠵᠦ ᠂ ᠡᠯ᠎ᠡ ᠲᠠᠯ᠎ᠠ ᠶᠢᠨ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠯᠦᠭᠡ ᠨᠢᠭᠲᠠ ᠤᠶᠠᠯᠳᠤᠭᠤᠯᠤᠨ ᠥᠷᠨᠢᠭᠦᠯᠵᠦ ᠂ ᠢᠳᠡᠪᠬᠢᠲᠡᠢ ᠦᠷ᠎ᠡ ᠪᠦᠲᠦᠮᠵᠢ ᠣᠯᠪᠠ ᠃ ᠡᠯ᠎ᠡ ᠱᠠᠲᠤᠨ ᠤ ᠬᠢᠨ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠨ ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ ᠂ ᠳᠦᠷᠢᠮ ᠲᠣᠭᠲᠠᠴᠠ ᠪᠠᠨ ᠲᠡᠭᠦᠯᠳᠡᠷᠵᠢᠭᠦᠯᠦᠨ ᠂ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠠᠵᠢᠯ ᠢ ᠯᠠᠪᠳᠠᠭᠤᠨ ᠪᠠᠲᠤᠲᠠᠢ ᠭᠦᠨᠵᠡᠭᠡᠢ ᠰᠠᠶᠢᠲᠤᠷ ᠠᠳᠬᠤᠬᠤ ᠬᠡᠷᠡᠭᠲᠡᠢ ᠃ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠣᠰᠣᠭᠠᠷ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ ᠂ ︽ ᠳᠡᠭᠡᠷ᠎ᠡ ᠱᠠᠲᠤ ᠨᠢ ᠢᠳᠡᠪᠬᠢᠲᠡᠢ ᠳᠣᠣᠷ᠎ᠠ ᠱᠠᠲᠤ ᠨᠢ ᠨᠠᠵᠠᠭᠠᠢ ᠬᠠᠨᠳᠤᠬᠤ ︾ ᠂ ︽ ᠳᠣᠣᠷ᠎ᠠ ᠱᠠᠲᠤ ᠨᠢ ᠳᠡᠭᠡᠷ᠎ᠡ ᠱᠠᠲᠤᠨ ᠤ ᠬᠢ ᠶᠢ ᠲᠡᠷᠡ ᠬᠡᠪ ᠢᠶᠠᠷ ᠨᠢ ᠰᠢᠯᠵᠢᠭᠦᠯᠬᠦ ︾ ᠶᠢ ᠡᠷᠡᠰ ᠰᠡᠷᠭᠡᠶᠢᠯᠡᠨ ᠵᠠᠰᠠᠬᠤ ᠬᠡᠷᠡᠭᠲᠡᠢ ᠃ ᠤᠯᠠᠨ ᠲᠦᠮᠡᠨ ᠳᠠᠬᠢ ᠤᠬᠠᠭᠤᠯᠭ᠎ᠠ ᠬᠥᠮᠦᠵᠢᠯ ᠢ ᠴᠢᠩᠭᠠᠳᠬᠠᠬᠤ ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠣᠭᠲᠠᠭᠠᠬᠤ ᠂ ᠡᠯ᠎ᠡ ᠲᠦᠷᠦᠯ ᠤᠨ ᠨᠥᠬᠦᠪᠦᠷᠢ ᠶᠢ ᠲᠠᠷᠬᠠᠭᠠᠬᠤ ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠬᠦ ᠵᠡᠷᠭᠡ ᠶᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠠᠰᠢᠭᠲᠠᠢ ᠪᠠᠶᠢᠵᠤ ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠬᠠᠮᠲᠤ ᠶᠢᠨ ᠤᠬᠠᠮᠰᠠᠷ ᠂ ᠡᠵᠡᠨ ᠬᠥᠮᠥᠨ ᠤ ᠤᠬᠠᠮᠰᠠᠷ ᠢ ᠨᠢ ᠴᠢᠩᠭᠠᠳᠬᠠᠵᠤ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠪᠠᠲᠤ ᠪᠤᠢ ᠪᠤᠯᠭᠠᠵᠤ ᠂ ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠲᠠᠭᠠᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ