ᠥᠪᠡᠷᠲᠡᠭᠡᠨ ᠵᠠᠰᠠᠬᠤ ᠣᠷᠣᠨ ᠪᠦᠭᠦ ᠤᠯᠤᠰ ᠤᠨ ᠣᠷᠣᠨ ᠨᠤᠲᠤᠭ ᠤᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠠᠯᠪᠠᠨ ᠭᠡᠷ ᠤᠨ ᠡᠷᠭᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ  ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/7/16

       ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠪᠦᠭᠦ ᠤᠯᠤᠰ ᠤᠨ ᠣᠷᠣᠨ ᠨᠤᠲᠤᠭ ᠤᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠠᠯᠪᠠᠨ ᠭᠡᠷ ᠤᠨ ᠡᠷᠭᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠬᠤᠷᠢᠶ᠎ᠠ ᠶᠢᠨ ᠠᠯᠪᠠᠨ ᠭᠡᠷ ᠤᠨ ᠡᠷᠭᠢᠯᠡᠭᠴᠢ᠂ ᠮᠥᠩᠭᠦᠨ ᠭᠦᠢᠯᠭᠡᠭᠡᠨ ᠤ ᠠᠵᠢᠯ ᠤᠨ ᠬᠤᠷᠢᠶ᠎ᠠ ᠶᠢᠨ ᠱᠦᠵᠢ ᠬᠤᠸᠠᠩ ᡁᠢ ᠴᠢᠶᠠᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃

       ᠬᠤᠸᠠᠩ ᡁᠢ ᠴᠢᠶᠠᠩ᠂ ᠪᠦᠭᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠤᠶᠢᠯᠠ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠬᠦᠷᠢᠶᠡᠨ ᠳᠠᠬᠢ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠢᠳᠡᠪᠬᠢᠲᠡᠢ ᠯᠠᠪᠳᠠᠭᠤᠨ ᠢᠶᠠᠷ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠮᠥᠩᠭᠦᠨ ᠭᠦᠢᠯᠭᠡᠭᠡᠨ ᠤ ᠠᠵᠢᠯ ᠤᠨ ᠡᠯ᠎ᠡ ᠭᠤᠭᠴᠤᠭ᠎ᠠ ᠡᠯ᠎ᠡ ᠲᠠᠯ᠎ᠠ ᠳᠤ ᠠᠭᠤᠰᠤᠯᠴᠠᠭᠤᠯᠵᠤ᠂ ᠬᠢᠨᠠᠯᠲᠠ ᠬᠠᠮᠢᠶᠠᠷᠤᠯᠲᠠ ᠳᠤ ︽ᠬᠠᠲᠠᠭᠤ ᠰᠢᠷᠦᠭᠦᠨ︾᠂ ︽ᠡᠷᠡᠰ ᠪᠠᠲᠤ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠤᠨᠢᠨ ᠳᠡᠭᠡᠷ᠎ᠡ ᠨᠢ ᠬᠥᠭᠵᠢᠯᠲᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠣᠯᠣᠨ ᠪᠠᠭᠤᠷᠠᠢ ᠭᠤᠭᠴᠤᠭ᠎ᠠ ᠳᠤ ᠲᠥᠪᠯᠡᠷᠡᠭᠦᠯᠬᠦ ᠶᠢ ᠠᠬᠢᠭᠤᠯᠵᠤ᠂ ︽ᠲᠠᠪᠤᠨ ᠶᠡᠭᠡ ᠶᠠᠪᠤᠳᠠᠯ︾ ᠢ ᠦᠨᠡᠨ ᠬᠦ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃

     ᠬᠤᠷᠠᠯ ᠠᠴᠠ ᠪᠠᠰᠠ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠲᠤᠯᠭᠠᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠰᠤᠷᠤᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ