ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2024/7/17

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

      ᠥᠪᠥᠷ ᠵᠠᠰᠠᠭ ᠠᠯᠪᠠᠨ ᠲᠠᠷᠬᠠᠭᠠᠭᠰᠠᠨ 〔2024〕 10 ᠳ᠋ᠤᠭᠠᠷ ᠲᠣᠭᠠᠲᠤ


      ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ

      ᠠᠷᠭ᠎ᠠ ᠬᠡᠮᠵᠢᠶ᠎ᠡ ᠨᠦᠭᠦᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ

      ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ


ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄

      ︽ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ︾᠎ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ ᠃

                         2024 ᠣᠨ ᠤ 2 ᠳ᠋ᠤᠭᠠᠷ ᠰᠠᠷ᠎ᠠ ᠶᠢᠨ 25᠎ ᠤ ᠡᠳᠦᠷ

      ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶

 

      ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ

      ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ ᠂ ᠬᠡᠪᠴᠢᠶᠡᠵᠢᠭᠦᠯᠦᠨ ᠂ ᠠᠵᠤ ᠦᠢᠯᠡᠰᠵᠢᠭᠦᠯᠦᠨ ᠂ ᠲᠥᠷᠥᠯ ᠲᠡᠮᠳᠡᠭᠵᠢᠭᠦᠯᠦᠨ ᠬᠥᠭᠵᠢᠭᠦᠯᠬᠦ ᠶᠢ ᠠᠬᠢᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠲᠦᠷᠭᠡᠬᠡᠨ ᠪᠡᠶᠡᠯᠡᠭᠦᠯᠵᠦ ᠂ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠭᠠᠷᠤᠯᠲᠠ ᠶᠢᠨ ᠲᠣᠮᠣ ᠣᠷᠣᠨ ᠪᠠᠶᠢᠭᠰᠠᠨ ᠠᠴᠠ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠠᠬᠢᠭᠤᠯᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ ᠂ ᠳᠣᠣᠷᠠᠬᠢ ᠮᠡᠲᠦ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ ᠃

      ᠨᠢᠭᠡ ᠂ ᠣᠳᠣ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ᠎ᠡ

      2024 ᠣᠨ ︵ ᠪᠠᠭᠲᠠᠨ᠎ᠠ ︶᠎ ᠠᠴᠠ ᠬᠤᠶᠢᠰᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠂ ᠬᠡᠪᠴᠢᠶ᠎ᠡ ᠪᠠᠨ ᠥᠷᠭᠡᠳᠬᠡᠨ ᠦᠢᠯᠡᠳᠪᠦᠷᠢᠯᠡᠯ ᠢᠶᠠᠨ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠣᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠨ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠭᠰᠡᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠳᠤ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠶᠢ ᠵᠢᠭᠡᠯᠡᠵᠦ ᠣᠷᠣᠭᠤᠯᠤᠨ ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵ LPR ︶᠎ ᠶᠢᠨ 70%᠎ ᠪᠠᠷ ᠲᠡᠷᠡᠴᠢᠯᠡᠨ 2%᠎ ᠶᠢ ᠥᠯᠥ ᠬᠡᠲᠦᠷᠡᠬᠦ ᠬᠦᠦ ᠮᠥᠩᠭᠦ ᠶᠢᠨ ᠨᠣᠷᠮ᠎ᠠ ᠶᠣᠰᠣᠭᠠᠷ ᠂ ᠵᠢᠯ ᠪᠦᠷᠢ 200 ᠲᠦᠮᠡᠨ ᠲᠥᠭᠦᠷᠢᠭ ᠠᠴᠠ ᠥᠯᠥ ᠳᠠᠪᠠᠭ᠋ᠤ ᠳᠠᠮ ᠬᠦᠦ ᠶᠢᠨ ᠳᠡᠮᠵᠢᠯᠭᠡ ᠣᠯᠭᠤᠵᠤ ᠂ ᠲᠡᠭᠦᠨ ᠢ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠵᠢᠱᠢᠶᠡᠴᠢ ᠬᠤᠯᠪᠣᠭᠠᠲᠤ ᠴᠣᠭᠴᠠ ᠪᠠᠷ ᠦᠨᠡᠮᠰᠢᠭᠦᠯᠬᠦ ᠶᠢ ᠨᠢ ᠵᠣᠷᠢᠭᠵᠢᠭᠤᠯᠤᠨ᠎ᠠ ᠃ ᠰᠢᠨ᠎ᠡ ᠪᠠᠷ ᠦᠨᠡᠮᠰᠢᠭᠰᠡᠨ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠳᠤ ᠨᠢᠭᠡ ᠯᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ ᠃ ᠤᠯᠤᠰ ᠤᠨ ᠲᠠᠰ ᠤᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠨᠢᠭᠡᠳ ᠨᠢᠭᠡ ᠪᠠᠷ ᠲᠡᠳᠬᠦᠬᠦ ᠲᠣᠭᠲᠠᠴᠠ ᠶᠢ ᠪᠠᠶᠢᠭᠤᠯᠵᠤ ᠂ ᠡᠬᠢ ᠪᠠᠶᠠᠯᠢᠭ ᠤᠨ ᠬᠦᠴᠦᠨ ᠢ ᠲᠥᠪᠯᠡᠷᠡᠭᠦᠯᠦᠨ ᠂ ︽ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ︾᠎ ᠪᠠᠷ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠨ᠎ᠡ ᠃ 〔 ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠡᠳ᠋ ᠤᠨ ᠵᠠᠰᠠᠭ ᠤᠨ ᠲᠢᠩᠬᠢᠮ 〕

      ᠬᠤᠶᠠᠷ ᠂ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠢ ᠶᠡᠭᠡ ᠪᠠᠷ ᠣᠷᠣᠭᠤᠯᠤᠨ ᠠᠪᠴᠢᠷᠠᠨ᠎ᠠ

      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠂ ᠣᠷᠣᠭᠤᠯᠤᠨ ᠠᠪᠴᠢᠷᠠᠭᠰᠠᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠢ ᠦᠨᠳᠦᠰᠦᠯᠡᠨ ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠳᠤ ᠨᠡᠶᠢᠴᠡᠭᠰᠡᠨ ᠦᠢᠯᠡᠳᠪᠦᠷᠢ ᠶᠢᠨ ᠭᠡᠷ ᠪᠠᠶᠢᠰᠢᠩ ᠢ ᠪᠠᠶᠢᠭᠤᠯᠵᠤ ᠂ ᠨᠠᠷᠢᠯᠢᠭ ᠭᠦᠨ ᠡᠳ᠋ᠰᠢᠭᠦᠯᠬᠦ ᠲᠥᠬᠦᠭᠡᠷᠦᠮᠵᠢ ᠬᠤᠳᠠᠯᠳᠤᠨ ᠠᠪᠴᠤ ᠂ ᠣᠷᠣᠭᠤᠯᠤᠨ ᠠᠪᠴᠢᠷᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠳᠤ ᠰᠢᠨ᠎ᠡ ᠪᠠᠷ ᠳᠠᠩᠰᠠᠯᠠᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠳᠤ ᠲᠦᠷᠢᠶᠡᠰᠦᠯᠡᠨ ᠥᠭᠴᠦ ᠡᠳ᠋ᠰᠢᠭᠦᠯᠦᠨ ᠦᠢᠯᠡᠳᠪᠦᠷᠢᠯᠡᠭᠦᠯᠦᠨ᠎ᠡ ᠃ ᠰᠢᠨ᠎ᠡ ᠪᠠᠷ ᠳᠠᠩᠰᠠᠯᠠᠭᠤᠯᠤᠭᠰᠠᠨ ᠮᠥᠷᠲᠡᠭᠡᠨ ᠣᠨ ᠤ ᠭᠤᠣᠯ ᠡᠵᠡᠩᠨᠡᠵᠦ ᠪᠠᠶᠢᠭ᠎ᠠ ᠲᠤᠬᠠᠶᠢᠯᠠᠭᠰᠠᠨ ᠠᠵᠢᠯ ᠤᠨ ᠣᠷᠣᠯᠭ᠎ᠠ ᠨᠢ  2ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠭᠦᠨᠵᠡᠭᠡᠢ ᠡᠳ᠋ᠰᠢᠭᠦᠯᠬᠦ ᠠᠵᠤ ᠠᠬᠤᠶᠢᠯᠠᠯ ᠳᠤ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠦᠢᠯᠭᠡᠭᠡᠨ ᠤ ᠪᠡᠯᠡ ᠮᠥᠩᠭᠦ ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠨ ᠣᠷᠣᠭᠤᠯᠵᠤ ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠤᠷᠮ᠎ᠠ ︵ LPR ︶ ᠎ ᠶᠢᠨ 70%᠎ ᠪᠠᠷ ᠲᠡᠷᠡᠴᠢᠯᠡᠨ 2%᠎ ᠠᠴᠠ ᠦᠯᠦ ᠬᠡᠲᠦᠷᠡᠬᠦ ᠬᠦᠦ ᠶᠢᠨ ᠨᠤᠷᠮ᠎ᠠ ᠪᠠᠷ ᠵᠢᠯ ᠪᠦᠷᠢ 200 ᠲᠦᠮᠡᠨ ᠲᠥᠭᠦᠷᠢᠭ ᠠᠴᠠ ᠦᠯᠦ ᠬᠡᠲᠦᠷᠡᠬᠦ ᠲᠡᠮ ᠬᠦᠦ ᠶᠢᠨ ᠳᠡᠮᠵᠢᠯᠭᠡ ᠣᠯᠭᠤᠨ᠎ᠠ ᠃ 〔 ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠡᠳ᠋ ᠤᠨ ᠵᠠᠰᠠᠭ ᠤᠨ ᠲᠢᠩᠬᠢᠮ 〕

      ᠭᠤᠷᠪᠠ ᠂ ᠨᠠᠷᠢᠯᠢᠭ ᠭᠦᠨ ᠡᠳ᠋ᠰᠢᠭᠦᠯᠭᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ

      2024 ᠣᠨ ᠠᠴᠠ ᠬᠤᠶᠢᠰᠢᠬᠢ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1.6 ᠳ᠋ᠦᠩᠰᠢᠭᠤᠷ ᠲᠥᠭᠦᠷᠢᠭ ᠲᠤ ᠬᠦᠷᠴᠦ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠰᠢᠨ᠎ᠡ ᠪᠠᠷ ᠪᠠᠶᠢᠭᠤᠯᠤᠭᠰᠠᠨ ᠪᠠ ᠲᠠᠰ ᠳᠡᠪᠰᠢᠭᠦᠯᠦᠨ ᠥᠭᠡᠷᠡᠴᠢᠯᠡᠭᠰᠡᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠢᠯᠢᠭ ᠭᠦᠨ ᠡᠳ᠋ᠰᠢᠭᠦᠯᠬᠦ ᠲᠥᠷᠥᠯ ᠵᠦᠢᠯ ᠤᠨ ᠵᠢᠭᠡᠯᠡᠯᠭᠡ ᠶᠢ ᠵᠢᠭᠡᠯᠡᠭᠰᠡᠨ ᠠᠵᠤ ᠠᠬᠤᠶᠢᠯᠠᠯ ᠳᠤ ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵ LPR ︶᠎ ᠶᠢᠨ 70%᠎ ᠪᠠᠷ ᠲᠡᠷᠡᠴᠢᠯᠡᠨ 2%᠎ ᠠᠴᠠ ᠥᠯᠥ ᠬᠡᠲᠦᠷᠡᠬᠦ ᠬᠦᠦ ᠮᠥᠩᠭᠦ ᠶᠢᠨ ᠨᠣᠷᠮ᠎ᠠ ᠶᠣᠰᠣᠭᠠᠷ ᠂ ᠵᠢᠯ ᠪᠦᠷᠢ 300 ᠲᠦᠮᠡᠨ ᠲᠥᠭᠦᠷᠢᠭ ᠠᠴᠠ ᠥᠯᠥ ᠳᠠᠪᠠᠭ᠋ᠤ ᠳᠠᠮ ᠬᠦᠦ ᠶᠢᠨ ᠳᠡᠮᠵᠢᠯᠭᠡ ᠣᠯᠭᠤᠨ᠎ᠠ ᠃ ᠵᠢᠯ ᠤᠨ ᠨᠢᠲᠤᠯᠵᠤ ᠡᠳ᠋ᠰᠢᠭᠦᠯᠬᠦ ᠪᠣᠳᠠᠲᠠᠢ ᠬᠡᠮᠵᠢᠶ᠎ᠡ ᠨᠢ 2 ᠲᠦᠮᠡ ᠠᠴᠠ ᠳᠡᠭᠡᠭᠰᠢ ᠠᠯᠠᠰᠢᠨ ᠦᠬᠡᠷ ᠨᠢᠲᠤᠯᠬᠤ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠪᠣᠷᠳᠣᠭᠰᠠᠨ ᠦᠬᠡᠷ ᠢ ᠬᠤᠳᠠᠯᠳᠤᠨ ᠠᠪᠬᠤ ᠭᠦᠢᠯᠭᠡᠭᠡᠨ ᠤ ᠪᠡᠯᠡ ᠮᠥᠩᠭᠦ ᠶᠢᠨ ᠵᠢᠭᠡᠯᠡᠯᠭᠡ ᠳᠤ ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵ LPR ︶᠎ ᠶᠢᠨ 70%᠎ ᠪᠠᠷ ᠲᠡᠷᠡᠴᠢᠯᠡᠨ 2%᠎ ᠠᠴᠠ ᠦᠯᠦ ᠬᠡᠲᠦᠷᠡᠬᠦ ᠬᠦᠦ ᠮᠥᠩᠭᠦ ᠶᠢᠨ ᠨᠣᠷᠮ᠎ᠠ ᠪᠠᠷ ᠵᠢᠯ ᠪᠦᠷᠢ 600 ᠲᠦᠮᠡᠨ ᠲᠥᠭᠦᠷᠢᠭ ᠠᠴᠠ ᠦᠯᠦ ᠬᠡᠲᠦᠷᠡᠬᠦ ᠳᠠᠮ ᠬᠦᠦ ᠶᠢᠨ ᠳᠡᠮᠵᠢᠯᠭᠡ ᠣᠯᠭᠤᠨ᠎ᠠ ᠃ ᠠᠯᠠᠰᠢᠨ ᠦᠬᠡᠷ ᠤᠨ ᠠᠵᠤ ᠠᠬᠤᠶᠢᠯᠠᠯ ᠤᠨ ᠦᠬᠡᠷ ᠤᠨ ᠮᠢᠬᠠᠨ ᠤ ᠪᠡᠯᠡᠨ ᠵᠠᠭᠤᠰᠢ ᠂ ᠴᠢᠳᠬᠤᠭᠰᠠᠨ ᠪᠦᠲᠦᠭᠡᠭᠳᠡᠬᠦᠨ ᠂ ᠡᠷᠡᠭᠦᠯᠵᠢᠯ ᠤᠨ ᠡᠳ᠋ ᠂ ᠢᠳᠡᠪᠬᠢ ᠢᠰᠬᠡᠭᠦᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠮᠡᠷᠭᠡᠵᠢᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠨᠢ ᠳᠡᠮᠵᠢᠨ᠎ᠡ ᠃ ᠥᠪᠡᠷᠲᠡᠭᠡᠨ ᠵᠠᠰᠠᠬᠤ ᠣᠷᠣᠨ ᠤ ᠲᠣᠮᠣ ᠬᠡᠯᠪᠡᠷᠢ ᠶᠢᠨ ᠨᠠᠷᠠᠲᠠᠢ ᠠᠵᠤ ᠠᠬᠤᠶᠢᠯᠠᠯ ᠤᠨ ᠠᠯᠠᠰᠢᠨ ᠦᠬᠡᠷ ᠤᠨ ᠠᠵᠤ ᠦᠢᠯᠡᠰ ᠲᠤ ᠣᠷᠣᠬᠤ ᠶᠢ ᠵᠣᠷᠢᠭᠵᠢᠭᠤᠯᠵᠤ ᠂ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠠᠷᠭ᠎ᠠ ᠵᠠᠮ ᠂ ᠨᠠᠷᠠᠲᠤ ᠲᠥᠷᠥᠯ ᠲᠡᠮᠳᠡᠭ ᠤᠨ ᠳᠠᠪᠠᠭᠤᠯᠢᠭ ᠪᠠ ᠬᠠᠮᠢᠶᠠᠷᠤᠯᠲᠠ ᠶᠢᠨ ᠲᠦᠪᠰᠢᠨ ᠢ ᠠᠰᠢᠭᠯᠠᠨ ᠂ ᠪᠥᠬᠦ ᠣᠷᠣᠨ ᠤ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠳᠡᠰ ᠢ ᠳᠡᠭᠡᠭᠰᠢᠯᠡᠭᠦᠯᠦᠨ᠎ᠡ ᠃ 〔 ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠡᠳ᠋ ᠤᠨ ᠵᠠᠰᠠᠭ ᠤᠨ ᠲᠢᠩᠬᠢᠮ 〕

      ᠳᠥᠷᠪᠡ ᠂ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠬᠦ ᠶᠢ ᠠᠬᠢᠭᠤᠯᠤᠨ᠎ᠠ

      ᠵᠢᠯ ᠪᠦᠷᠢ ᠨᠠᠷᠢᠯᠢᠭ ᠭᠦᠨ ᠡᠳ᠋ᠰᠢᠭᠦᠯᠬᠦ ᠪᠠᠷ ᠭᠤᠣᠯᠯᠠᠭᠰᠠᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠠᠴᠠ 2᠎ ᠢ ᠰᠢᠯᠢᠵᠦ ᠳᠡᠮᠵᠢᠯᠭᠡ ᠦᠵᠡᠭᠦᠯᠦᠨ᠎ᠡ ᠃ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠳᠤ ᠪᠠᠨ ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠪᠠᠷ ᠭᠤᠣᠯᠯᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ ᠡᠩ ᠲᠡᠷᠢᠭᠦᠨ ᠳᠤ ᠳᠡᠮᠵᠢᠨ᠎ᠡ ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠢ ᠪᠡᠯᠡ ᠮᠥᠩᠭᠦ ᠶᠢ ᠬᠡᠷᠡᠭᠯᠡᠬᠦ ᠳᠤ ᠪᠠᠨ ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠪᠠᠷ ᠭᠤᠣᠯᠯᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠳᠣᠣᠷ᠎ᠠ ᠡᠩ ᠲᠡᠷᠢᠭᠦᠨ ᠳᠤ ᠳᠡᠮᠵᠢᠨ᠎ᠡ ᠃ 〔 ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ 〕

      ᠲᠠᠪᠤ ᠂ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ

      ᠥᠪᠡᠷᠲᠡᠭᠡᠨ ᠵᠠᠰᠠᠬᠤ ᠣᠷᠣᠨ ᠤ ᠠᠵᠤ ᠦᠢᠯᠡᠰᠵᠢᠭᠦᠯᠦᠨ ᠬᠥᠭᠵᠢᠭᠦᠯᠬᠦ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠪᠡᠯᠡᠨ ᠵᠠᠭᠤᠰᠢ ᠶᠢᠨ ᠵᠠᠮᠴᠢ ᠠᠵᠤ ᠠᠬᠤᠶᠢᠯᠠᠯ ᠂ ᠰᠦᠯᠵᠢᠶᠡᠨ ᠳᠡᠭᠡᠷ᠎ᠡ ᠪᠣᠷᠣᠯᠠᠭᠤᠯᠬᠤ ᠂ ᠣᠨᠴᠠᠯᠢᠭᠲᠤ ᠨᠠᠷᠠᠲᠤ ᠲᠡᠮᠳᠡᠭ ᠵᠡᠷᠭᠡ ᠠᠴᠠ ᠲᠤᠰᠪᠦᠷᠢ ᠰᠢᠯᠭᠠᠷᠠᠭᠤᠯᠤᠭᠰᠠᠨ ᠠᠷᠪᠠᠨ ᠬᠦᠴᠦᠷᠬᠡᠭ ᠠᠵᠤ ᠠᠬᠤᠶᠢᠯᠠᠯ ᠳᠤ ᠂ ᠪᠣᠷᠣᠯᠠᠭᠤᠯᠤᠯᠲᠠ ᠶᠢᠨ ᠲᠤᠭ᠎ᠠ ᠨᠢ ᠳᠡᠭᠡᠷ᠎ᠡ ᠵᠢᠯ ᠤᠨ ᠬᠢ ᠠᠴᠠ ᠪᠠᠨ 100 ᠲᠦᠮᠡᠨ ᠲᠥᠭᠦᠷᠢᠭ ᠰᠢᠨ᠎ᠡ ᠪᠠᠷ ᠨᠡᠮᠡᠭᠳᠡᠬᠦ ᠪᠦᠷᠢ 2 ᠲᠦᠮᠡᠨ ᠲᠥᠭᠦᠷᠢᠭ ᠱᠠᠩᠨᠠᠵᠤ ᠂ ᠬᠠᠮᠤᠭ ᠤᠨ ᠥᠨᠳᠥᠷ ᠲᠤ ᠪᠠᠨ 30 ᠲᠦᠮᠡᠨ ᠲᠥᠭᠦᠷᠢᠭ ᠠᠴᠠ ᠦᠯᠦ ᠬᠡᠲᠦᠷᠡᠭᠦᠯᠵᠦ ᠂ ᠠᠳᠠᠯᠢ ᠨᠢᠭᠡ ᠠᠵᠤ ᠠᠬᠤᠶᠢᠯᠠᠯ ᠢ ᠨᠢᠭᠡ ᠵᠢᠯ ᠳᠤ ᠳᠠᠪᠬᠤᠷᠳᠠᠭᠤᠯᠤᠨ ᠱᠠᠩᠨᠠᠬᠤ ᠦᠭᠡᠢ ᠃ 〔 ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 〕

      ᠵᠢᠷᠭᠤᠭ᠎ᠠ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ

      ᠥᠪᠡᠷᠲᠡᠭᠡᠨ ᠵᠠᠰᠠᠬᠤ ᠣᠷᠣᠨ ᠳᠤ ᠰᠢᠨ᠎ᠡ ᠪᠠᠷ ᠳᠡᠪᠰᠢᠭᠰᠡᠨ ᠪᠤᠶᠤ ᠨᠤᠲᠤᠭᠰᠢᠭᠰᠠᠨ ᠤᠯᠤᠰ ᠤᠨ ᠲᠡᠰ ᠤᠨ ᠵᠢᠱᠢᠶ᠎ᠡ ᠦᠵᠡᠭᠦᠯᠬᠦ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠂ 5A ᠲᠡᠰ ᠤᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠲᠤᠰ ᠲᠤᠰ 300 ᠲᠦᠮᠡᠨ ᠲᠥᠭᠦᠷᠢᠭ ᠂ 100 ᠲᠦᠮᠡᠨ ᠲᠥᠭᠦᠷᠢᠭ ᠤᠨ ᠨᠢᠭᠡ ᠯᠠ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠪᠡᠭᠡᠵᠢᠩ ᠱᠠᠩᠬᠠᠢ ᠭᠤᠸᠠᠩᠵᠧᠦ ᠱᠧᠨᠵᠧᠨ ᠂ ᠬᠥᠬᠡᠮᠥ᠋ᠷᠡᠨ ᠤ ᠭᠤᠷᠪᠠᠯᠵᠢᠨ ᠬᠤᠶᠢᠭ ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯ ᠪᠣᠯᠬᠤ ᠬᠡᠷᠡᠭᠯᠡᠭᠡᠨ ᠤ ᠭᠠᠵᠠᠷ ᠲᠤ ᠤᠷᠢᠳᠠᠴᠢ ᠬᠦᠢᠲᠡᠨ ᠬᠡᠯᠬᠢᠶᠡᠲᠦ ᠰᠣᠷᠭᠤᠭ ᠬᠠᠳᠠᠭᠠᠯᠠᠬᠤ ᠬᠥᠮᠥᠷᠭᠡ ᠬᠥᠭᠵᠢᠭᠦᠯᠬᠦ ᠶᠢ ᠵᠣᠷᠢᠭᠵᠢᠭᠤᠯᠤᠨ᠎ᠠ ᠃ 〔 ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠡᠳ᠋ ᠤᠨ ᠵᠠᠰᠠᠭ ᠤᠨ ᠲᠢᠩᠬᠢᠮ 〕

      ᠳᠣᠯᠤᠭ᠎ᠠ ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠵᠠᠭᠪᠤᠷ ᠲᠤ ᠰᠢᠨ᠎ᠡ ᠶᠢ ᠡᠭᠦᠳᠦᠨ᠎ᠡ

      ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠠᠲᠤ ᠲᠡᠮᠳᠡᠭ ᠢ ᠪᠣᠶᠢᠵᠢᠭᠤᠯᠬᠤ ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠶᠢ ᠳᠡᠮᠵᠢᠵᠦ ᠂ ︽ ᠥᠪᠥᠷ ᠮᠣᠩᠭᠤᠯ ︾ ᠨᠡᠷᠡᠮᠵᠢᠲᠦ ᠲᠡᠮᠳᠡᠭ ᠤᠨ ᠭᠡᠷᠡᠴᠢᠯᠡᠯᠲᠡ ᠶᠢ ᠥᠷᠨᠢᠭᠦᠯᠦᠨ ᠂ ᠨᠢᠭᠡᠳᠦᠯᠲᠡᠢ ᠪᠠᠷᠢᠮᠵᠢᠶ᠎ᠠ ᠂ ᠨᠢᠭᠡᠳᠦᠯᠲᠡᠢ ᠨᠠᠷᠠᠲᠤ ᠲᠡᠮᠳᠡᠭ ᠂ ᠨᠢᠭᠡᠳᠦᠯᠲᠡᠢ ᠢᠯᠭᠠᠬᠤ ᠲᠡᠮᠳᠡᠭ ᠂ ᠨᠢᠭᠡᠳᠦᠯᠲᠡᠢ ᠤᠬᠠᠭᠤᠯᠭ᠎ᠠ ᠂ ᠨᠢᠭᠡᠳᠦᠯᠲᠡᠢ ᠡᠵᠡᠩᠨᠡᠨ ᠪᠣᠷᠣᠯᠠᠭᠤᠯᠤᠯᠲᠠ ᠶᠢ ᠠᠬᠢᠭᠤᠯᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ ᠥᠪᠥᠷ ᠮᠣᠩᠭᠤᠯ ︾ ᠨᠡᠷᠡᠮᠵᠢᠲᠦ ᠲᠡᠮᠳᠡᠭ — ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠢ ᠪᠣᠶ ᠪᠣᠯᠭᠠᠨ᠎ᠠ ᠃ ︽ᠥᠪᠥᠷ ᠮᠣᠩᠭᠤᠯ ︾ ᠨᠡᠷᠡᠮᠵᠢᠲᠦ ᠲᠡᠮᠳᠡᠭ ᠢᠶᠠᠷ ᠭᠡᠷᠡᠴᠢᠯᠡᠭᠳᠡᠭᠰᠡᠨ ᠠᠵᠤ ᠠᠬᠤᠶᠢᠯᠠᠯ ᠳᠤ ᠭᠡᠷᠡᠴᠢᠯᠡᠭᠦᠯᠬᠦ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ ᠃ 2024 ᠣᠨ ᠳᠤ ᠪᠣᠬᠢᠷᠲᠤᠯ ᠦᠭᠡᠢ ᠢᠳᠡᠭᠡᠨ ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠡᠷᠡᠴᠢᠯᠡᠭᠰᠡᠨ ᠭᠠᠷᠤᠯᠲᠠ ᠨᠢ 1000 ᠲᠣᠨ ᠠᠴᠠ ᠳᠡᠭᠡᠭᠰᠢᠬᠢ ᠠᠵᠤ ᠠᠬᠤᠶᠢᠯᠠᠯ ᠤᠨ ᠭᠡᠷᠡᠴᠢᠯᠡᠯᠲᠡ ᠶᠢᠨ ᠵᠠᠷᠤᠳᠠᠯ ᠢ ᠪᠥᠬᠦ ᠲᠤᠭ᠎ᠠ ᠪᠠᠷ ᠨᠢ ᠱᠠᠩᠨᠠᠨ ᠨᠥᠬᠦᠪᠦᠷᠢᠯᠡᠵᠦ ᠂ ᠪᠣᠳᠠᠲᠠᠢ ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ ᠭᠡᠷᠡᠴᠢᠯᠡᠭᠰᠡᠨ ᠭᠠᠷᠤᠯᠲᠠ ᠪᠠᠷ ᠦᠨᠳᠦᠰᠦᠯᠡᠯ ᠪᠣᠯᠭᠠᠨ ᠲᠣᠭᠲᠠᠭᠠᠨ᠎ᠠ ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ︽ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ︾᠎ ᠶᠢ ᠬᠡᠷᠡᠭᠵᠢᠭᠦᠯᠬᠦ ᠶᠢ ᠠᠬᠢᠭᠤᠯᠵᠤ ᠂ ᠪᠡᠭᠡᠵᠢᠩ ᠵᠡᠷᠭᠡ ᠨᠢᠭᠡᠳᠦᠭᠡᠷ ᠵᠡᠷᠭᠡᠯᠡᠯ ᠤᠨ ᠬᠤᠲᠠ ᠳᠤ ︽ ᠪᠣᠬᠢᠷᠲᠤᠯ ᠦᠭᠡᠢ ᠪᠦᠲᠦᠭᠡᠭᠳᠡᠬᠦᠨ ᠪᠣᠭᠤᠮᠲᠠ ᠠᠴᠠ ᠭᠠᠷᠬᠤ ︾ ᠬᠡᠷᠡᠭᠯᠡᠭᠡ ᠶᠢ ᠬᠠᠪᠰᠤᠷᠤᠨ ᠲᠡᠳᠬᠦᠵᠦ ᠲᠠᠨᠢᠯᠴᠠᠭᠤᠯᠬᠤ ᠠᠵᠢᠯᠯᠠᠭ᠎ᠠ ᠶᠢ ᠦᠷᠭᠦᠯᠵᠢᠯᠡᠨ ᠡᠷᠭᠢᠯᠡᠨ᠎ᠡ ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠶᠠᠮᠤᠨ ᠵᠥᠪᠯᠡᠯ ᠂ ᠲᠥᠪ ᠤᠨ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠬᠤᠳᠠᠯᠳᠤᠭ᠎ᠠ ᠬᠡᠲᠦ ᠳᠡᠯᠭᠡᠭᠦᠷ ᠂ ᠬᠤᠭᠤᠯᠠ ᠤᠮᠳᠠᠭᠠᠨ ᠳᠤ ᠣᠷᠣᠭᠤᠯᠬᠤ ᠶᠢ ᠠᠬᠢᠭᠤᠯᠵᠤ ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠳᠠᠭᠠᠭᠤᠯᠬᠤ ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠡᠷᠴᠢᠮᠵᠢᠭᠦᠯᠦᠨ ᠳᠡᠮᠵᠢᠨ᠎ᠡ ᠃ 〔 ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 〕

      ᠨᠠᠢᠮᠠ ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ

      ᠠᠵᠤ ᠠᠬᠤᠶᠢᠯᠠᠯ ᠤᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠪᠠ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠬᠢᠬᠦ ᠶᠢ ᠳᠡᠮᠵᠢᠵᠦ ᠂ ᠵᠠᠬᠢᠶᠠᠯᠠᠭ᠎ᠠ ᠶᠢᠨ ᠬᠠᠭᠤᠳᠠᠰᠤ ᠂ ᠰᠠᠩ ᠤᠨ ᠬᠠᠭᠤᠳᠠᠰᠤ ᠂ ᠬᠤᠷᠢᠶᠠᠪᠠᠰᠤ ᠵᠣᠬᠢᠬᠤ ᠲᠠᠩᠰᠠᠨ ᠤ ᠵᠣᠭᠤᠰ ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠯ ᠤᠨ ᠡᠷᠬᠡ ᠵᠡᠷᠭᠡ ᠳᠠᠨᠵᠢᠯᠠᠭ᠎ᠠ ᠲᠠᠢ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠥᠷᠨᠢᠭᠦᠯᠦᠨ ᠂ ᠬᠥᠳᠡᠯᠬᠦ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ ᠨᠢᠭᠡᠳᠦᠯᠲᠡᠢ ᠳᠡᠩᠰᠡᠯᠡᠨ ᠲᠡᠮᠳᠡᠭᠯᠡᠵᠦ ᠨᠡᠶᠢᠲᠡ ᠳᠤ ᠵᠠᠷᠯᠠᠬᠤ ᠰᠢᠰᠲ᠋ᠧᠮ ᠢᠶᠠᠷ ᠳᠠᠮᠵᠢᠭᠤᠯᠤᠨ ᠳᠠᠭᠠᠭᠠᠯᠲᠠ ᠲᠠᠢ ᠪᠡᠯᠡ ᠲᠣᠬᠢᠷᠠᠭᠤᠯᠭ᠎ᠠ ᠶᠢᠨ ᠲᠤᠬᠠᠶᠢᠯᠠᠭᠰᠠᠨ ᠠᠵᠢᠯ ᠢ ᠳᠡᠩᠰᠡᠯᠡᠨ ᠲᠡᠮᠳᠡᠭᠯᠡᠨ᠎ᠡ ᠃ ᠬᠦᠦ ᠮᠥᠩᠭᠦ ᠶᠢᠨ ᠨᠣᠷᠮ᠎ᠠ ᠳᠤ ᠨᠥᠬᠦᠪᠦᠷᠢ ᠥᠭᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠨᠡᠩ ᠣᠯᠠᠨ ᠮᠥᠩᠭᠦᠨ ᠭᠦᠢᠯᠭᠡᠭᠡᠨ ᠤ ᠡᠬᠢ ᠪᠠᠶᠠᠯᠢᠭ ᠪᠣᠯᠣᠨ ᠨᠡᠶᠢᠭᠡᠮ ᠤᠨ ᠮᠥᠩᠭᠦᠨ ᠭᠦᠢᠯᠭᠡᠭᠡᠨ ᠤ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠬᠥᠭᠵᠢᠯᠲᠡ ᠳᠤ ᠣᠷᠣᠭᠤᠯᠤᠯᠲᠠ ᠬᠢᠯᠭᠡᠨ᠎ᠡ ᠃ ᠨᠥᠬᠦᠴᠡᠯ ᠳᠤ ᠨᠡᠶᠢᠴᠡᠬᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠤᠨ ᠪᠠᠩᠬᠢ ᠶᠢᠨ ᠬᠤᠭᠤᠷᠣᠨᠳᠣᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠣᠬᠤᠷ ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ ᠂ ᠤᠷᠲᠤᠪᠲᠤᠷ ᠬᠤᠭᠤᠴᠠᠭᠠᠨ ᠤ ᠪᠠᠷᠢᠮᠲᠠ ᠵᠡᠷᠭᠡ ᠥᠷᠢ ᠥᠭᠴᠡᠭᠡ ᠶᠢᠨ ᠪᠡᠯᠡ ᠲᠣᠬᠢᠷᠠᠭᠤᠯᠭ᠎ᠠ ᠶᠢᠨ ᠪᠠᠭᠠᠵᠢ ᠲᠠᠷᠬᠠᠭᠠᠵᠤ ᠪᠡᠯᠡ ᠮᠥᠩᠭᠦ ᠴᠤᠭᠯᠠᠭᠤᠯᠬᠤ ᠶᠢ ᠵᠣᠷᠢᠭᠵᠢᠭᠤᠯᠤᠨ᠎ᠠ ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨ ᠡᠳ᠋ᠰᠢᠭᠦᠯᠬᠦ ᠮᠥᠩᠭᠦᠨ ᠭᠦᠢᠯᠭᠡᠭᠡᠨ ᠤ ᠬᠡᠯᠬᠢᠶ᠎ᠡ ᠶᠢᠨ ᠳᠠᠷᠤᠭ᠎ᠠ ᠶᠢᠨ ᠳᠦᠷᠢᠮ ᠢ ᠪᠠᠶᠢᠭᠤᠯᠵᠤ ᠂ ᠠᠵᠤ ᠦᠢᠯᠡᠰ ᠬᠤᠪᠢᠶᠠᠨ ᠬᠡᠯᠬᠢᠶ᠎ᠡ ᠶᠢᠨ ᠳᠠᠷᠤᠭ᠎ᠠ ᠶᠢᠨ ᠪᠠᠩᠬᠢ ᠪᠣᠯᠣᠨ ᠬᠠᠪᠰᠤᠷᠤᠨ ᠡᠷᠬᠢᠯᠡᠬᠦ ᠪᠠᠩᠬᠢ ᠶᠢ ᠲᠣᠳᠣᠷᠬᠠᠶᠢᠯᠠᠵᠤ ᠂ ᠨᠠᠷᠢᠯᠢᠭ ᠭᠦᠨ ᠡᠳ᠋ᠰᠢᠭᠦᠯᠬᠦ ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠦᠢᠯᠡᠴᠢᠯᠡᠭᠡ ᠬᠠᠩᠭᠠᠨ᠎ᠠ ᠃ ᠥᠪᠡᠷ ᠤᠨ ᠦᠷᠳᠡᠭ ᠤᠨ ᠳᠠᠭᠠᠳᠬᠠᠯ ᠂ ᠶᠠᠰᠤ ᠴᠢᠨᠠᠷ ᠤᠨ ᠳᠠᠭᠠᠳᠬᠠᠯ ᠂ ᠪᠡᠯᠡᠳᠬᠡᠮᠵᠢ ᠶᠢᠨ ᠳᠠᠭᠠᠳᠬᠠᠯ ᠂ ᠳᠠᠭᠠᠳᠬᠠᠯ + ᠬᠤᠭᠤᠴᠠᠭᠠᠲᠤ ᠪᠠᠷᠠᠭ᠎ᠠ ᠵᠡᠷᠭᠡ ᠰᠢᠷᠢᠰ ᠦᠢᠯᠡᠴᠢᠯᠡᠭᠡ ᠪᠠ ᠨᠡᠶᠢᠯᠡᠮᠡᠯ ᠨᠡᠷᠡᠳᠭᠦᠨ ᠢ ᠰᠢᠨ᠎ᠡ ᠡᠭᠦᠳᠦᠯᠲᠡ ᠲᠠᠢ ᠪᠠᠷ ᠳᠡᠯᠭᠡᠷᠡᠭᠦᠯᠦᠨ᠎ᠡ ᠃ 〔 ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ 〕

      ᠶᠢᠰᠦ ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ

      ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠬᠤᠳᠠᠯᠳᠤᠨ ᠠᠪᠤᠭᠰᠠᠨ ᠪᠠᠷᠢᠮᠲᠠ ᠪᠠᠷ ᠢᠶᠠᠨ ᠥᠷᠲᠡᠭ ᠨᠡᠮᠡᠭᠳᠡᠯ ᠤᠨ ᠭᠠᠶᠢᠯᠢ ᠶᠢ ᠲᠣᠭᠲᠠᠭᠠᠯ ᠶᠣᠰᠣᠭᠠᠷ ᠲᠤᠯᠭᠠᠨ ᠰᠠᠭᠤᠯᠭᠠᠵᠤ ᠪᠣᠯᠣᠨ᠎ᠠ ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠳᠤ ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠨ᠎ᠠ ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠠᠬᠤᠶᠢᠯᠠᠯ ᠤᠨ ᠪᠣᠬᠢᠷᠲᠤᠯ ᠦᠭᠡᠢ ᠴᠠᠬᠢᠯᠭᠠᠨ ᠪᠠᠭᠲᠠᠭᠠᠨ ᠰᠢᠩᠭᠡᠭᠡᠬᠦ ᠶᠢ ᠳᠡᠮᠵᠢᠵᠦ ᠂ ᠠᠵᠤ ᠠᠬᠤᠶᠢᠯᠠᠯ ᠤᠨ ᠥᠪᠡᠰᠦᠪᠡᠨ ᠪᠣᠬᠢᠷᠲᠤᠯ ᠦᠭᠡᠢ ᠴᠠᠬᠢᠯᠭᠠᠨ ᠡᠭᠦᠰᠬᠡᠭᠴᠢ ᠪᠠᠶᠢᠭᠤᠯᠬᠤ ᠶᠢ ᠵᠣᠷᠢᠭᠵᠢᠭᠤᠯᠤᠨ ᠂ ᠪᠣᠬᠢᠷᠲᠤᠯ ᠦᠭᠡᠢ ᠴᠠᠬᠢᠯᠭᠠᠨ ᠤ ᠬᠡᠷᠡᠭᠯᠡᠭᠡᠨ ᠤ ᠬᠠᠷᠢᠴᠠᠯ ᠢ ᠳᠡᠭᠡᠭᠰᠢᠯᠡᠭᠦᠯᠦᠨ᠎ᠡ ᠃ ᠤᠰᠤ ᠪᠠᠷ ᠭᠠᠷᠤᠯᠲᠠ ᠶᠢ ᠲᠣᠭᠲᠠᠭᠠᠭᠰᠠᠨ ᠤᠷᠢᠲᠠᠯ ᠳᠣᠣᠷ᠎ᠠ ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠪᠠᠲᠤᠯᠠᠨ᠎ᠠ ᠃ 〔 ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠤᠰᠤᠨ ᠠᠰᠢᠭᠯᠠᠯᠲᠠ ᠶᠢᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠂ ᠥᠪᠥᠷ ᠮᠣᠩᠭᠤᠯ ᠤᠨ ᠴᠠᠬᠢᠯᠭᠠᠨ ᠬᠦᠴᠦᠨ ︵ ᠪᠦᠯᠦᠭᠯᠡᠯ ︶᠎ ᠤ ᠺᠣᠮᠫᠠᠨᠢ ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ 〕

      ᠳᠡᠭᠡᠷ᠎ᠡ ᠳᠤᠷᠠᠳᠤᠭᠰᠠᠨ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠱᠠᠩᠨᠠᠯ ᠨᠥᠬᠦᠪᠦᠷᠢ ︵ ᠱᠠᠩᠨᠠᠯ ︶᠎ ᠶᠢᠨ ᠪᠡᠯᠡ ᠮᠥᠩᠭᠦ ᠶᠢ ᠴᠥᠮ ︽ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠂ ᠱᠠᠲᠤ ᠬᠤᠪᠢᠶᠠᠨ ᠡᠭᠦᠷᠭᠡᠯᠡᠬᠦ ᠂ ᠪᠣᠳᠠᠲᠠᠢ ᠶᠢ ᠦᠨᠳᠦᠰᠦᠯᠡᠨ ᠨᠥᠬᠦᠪᠦᠷᠢᠯᠡᠬᠦ ᠂ ᠡᠷᠭᠢᠯᠳᠦᠭᠦᠯᠦᠨ ᠬᠡᠷᠡᠭᠵᠢᠭᠦᠯᠬᠦ ︾ ᠠᠷᠭ᠎ᠠ ᠮᠠᠶ᠋ᠢᠭ ᠢᠶᠠᠷ ᠰᠠᠯᠭᠠᠨ ᠥᠭᠴᠦ ᠂ ᠡᠯ᠎ᠡ ᠬᠠᠷᠢᠭᠤᠴᠠᠯᠭᠠᠲᠤ ᠨᠢᠭᠡᠴᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ ᠂ ᠪᠡᠯᠡ ᠮᠥᠩᠭᠦ ᠶᠢᠨ ᠱᠠᠩᠨᠠᠯ ᠨᠥᠬᠦᠪᠦᠷᠢ ᠶᠢᠨ ᠬᠠᠮᠢᠶ᠎ᠠ ᠪᠦᠬᠦᠢ ᠪᠠᠷᠢᠮᠵᠢᠶ᠎ᠠ ᠂ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠂ ᠬᠡᠷᠡᠭᠵᠢᠭᠦᠯᠬᠦ ᠠᠭᠤᠯᠭ᠎ᠠ ᠂ ᠰᠢᠯᠭᠠᠨ ᠬᠢᠨᠠᠵᠤ ᠰᠢᠯᠭᠠᠨ ᠠᠪᠬᠤ ᠵᠡᠷᠭᠡ ᠠᠭᠤᠯᠭ᠎ᠠ ᠶᠢ ᠲᠣᠳᠣᠷᠬᠠᠶᠢᠯᠠᠬᠤ ᠶᠢᠨ ᠬᠠᠮᠲᠤ ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ ᠂ ᠵᠣᠬᠢᠷᠠᠭᠰᠠᠨ ᠴᠠᠭ ᠲᠤ ᠨᠢ ᠦᠨᠡᠯᠡᠨ ᠵᠢᠱᠢᠵᠦ ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠬᠡᠷᠡᠭᠲᠡᠢ ᠃

 

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

      2024 ᠣᠨ ᠤ 2 ᠳ᠋ᠤᠭᠠᠷ ᠰᠠᠷ᠎ᠠ ᠶᠢᠨ 27᠎ ᠤ ᠡᠳᠦᠷ ᠳᠠᠷᠤᠮᠠᠯᠯᠠᠨ ᠲᠠᠷᠬᠠᠭᠠᠪᠠ

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ