ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠤᠷᠠᠯ ᠬᠤᠷᠠᠯᠳᠤᠭᠤᠯᠵᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠪᠠ  ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/7/22


      7 ᠰᠠᠷ᠎ᠠ ᠶᠢᠨ 19 ᠤ ᠡᠳᠦᠷ᠂ ᠸᠠᠩ ᠯᠢ ᠰᠢᠶᠠ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠢ ᠶᠢᠨ ᠡᠷᠭᠢᠯᠲᠡ ᠶᠢᠨ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ᠂ ᠰᠢᠯᠲᠠᠭᠠᠨ ᠢ ᠨᠢᠭᠡᠳ ᠨᠢᠭᠡ ᠪᠠᠷ ᠵᠠᠳᠠᠯᠵᠤ᠂ ᠨᠢᠭᠡ ᠨᠢᠭᠡ ᠪᠠᠷ ᠬᠠᠷᠢᠯᠴᠠᠵᠤ ᠰᠡᠳᠬᠢᠮᠵᠢ ᠠᠷᠭ᠎ᠠ ᠬᠡᠮᠵᠢᠶ᠎ᠡ ᠶᠢ ᠳᠤᠷᠠᠳᠪᠠ᠃

      ᠬᠤᠷᠠᠯ ᠠᠴᠠ᠂ ᠡᠨᠡ ᠵᠢᠯ ᠠᠴᠠ ᠨᠠᠭᠠᠰᠢ ᠪᠦᠭᠦ ᠣᠷᠣᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠢ ᠶᠢᠨ ᠡᠷᠭᠢᠯᠲᠡ ᠲᠣᠭᠲᠠᠭᠤᠨ ᠢᠶᠠᠷ ᠰᠠᠶᠢᠵᠢᠷᠠᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠠᠵᠢᠯ ᠰᠠᠶᠢᠨ ᠰᠠᠶᠢᠬᠠᠨ ᠪᠠᠶᠢᠳᠠᠯ ᠢᠯᠡᠷᠡᠪᠡ᠃ ᠳᠣᠣᠷ᠎ᠠ ᠬᠠᠭᠠᠰ ᠵᠢᠯ ᠤᠨ ᠠᠵᠢᠯ ᠢ ᠰᠠᠶᠢᠲᠤᠷ ᠬᠢᠬᠦ ᠳᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠭᠦᠢᠴᠡᠳ ᠬᠥᠪᠴᠢᠯᠡᠨ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠦᠭᠦ ᠵᠢᠯ ᠤᠨ ᠬᠠᠷᠠᠯᠲᠠ ᠡᠭᠦᠷᠭᠡ ᠪᠠᠨ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃

      ᠬᠤᠷᠠᠯ ᠠᠴᠠ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠲᠦᠯᠬᠢᠨ ᠠᠬᠢᠭᠤᠯᠵᠤ᠂ ᠬᠡᠯᠬᠢᠶ᠎ᠡ ᠶᠢᠨ ᠳᠠᠭᠠᠭᠤᠯᠤᠭᠴᠢ ᠪᠠ ᠬᠡᠯᠬᠢᠶ᠎ᠡ ᠶᠢᠨ ᠭᠤᠣᠯ ᠪᠤᠯᠬᠤ ᠠᠵᠤ ᠠᠬᠤᠶᠢᠯᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠠᠵᠤ ᠦᠢᠯᠡᠳᠪᠦᠷᠢ ᠨᠢ ᠳᠡᠭᠡᠳᠦ ᠲᠡᠰᠵᠢᠯᠲᠡ᠂ ᠣᠶᠤᠨᠴᠢᠯᠠᠯᠲᠠ᠂ ᠪᠣᠬᠢᠷᠳᠤᠯ ᠦᠭᠡᠢ ᠴᠢᠭᠯᠡᠯ ᠢ ᠪᠠᠲᠤ ᠡᠵᠡᠮᠳᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢᠶᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠬᠡᠷᠡᠭᠲᠡᠢ᠃ ᠮᠠᠯ ᠠᠵᠤ ᠠᠬᠤᠢ ᠲᠠᠷᠢᠶᠠᠯᠠᠩ ᠨᠢ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠲᠦᠷᠭᠡᠳᠬᠡᠨ ᠬᠤᠪᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠣᠬᠤᠷ᠂ ᠥᠷᠲᠡᠭ ᠤᠨ ᠬᠡᠯᠬᠢᠶ᠎ᠡ ᠳᠣᠣᠷ᠎ᠠ ᠪᠠ ᠨᠤᠲᠤᠭ ᠪᠡᠯᠴᠢᠭᠡᠷ ᠲᠤ ᠬᠡᠲᠦᠷᠡᠲᠡᠯ᠎ᠡ ᠮᠠᠯᠵᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ᠃ ᠦᠢᠯᠡᠴᠢᠯᠡᠭᠡᠨ ᠤ ᠦᠢᠯᠡᠰ ᠨᠢ ᠡᠵᠡᠩᠨᠡᠯᠲᠡ ᠶᠢᠨ ᠭᠡᠯᠪᠡᠷᠢ ᠪᠠᠨ ᠥᠷᠭᠡᠳᠬᠡᠵᠦ᠂ ᠨᠡᠮᠡᠭᠳᠡᠯ ᠤᠨ ᠬᠡᠮᠵᠢᠶ᠎ᠡ ᠪᠠᠨ ᠥᠷᠭᠡᠳᠬᠡᠵᠦ᠂ ᠲᠤᠨᠤᠭ ᠲᠥᠬᠦᠭᠡᠷᠦᠮᠵᠢ ᠪᠣᠯᠣᠨ ᠦᠢᠯᠡᠳᠬᠦᠨ ᠤ ᠰᠢᠨᠡᠴᠢᠯᠡᠯᠲᠡ ᠶᠢᠨ ᠠᠵᠠ ᠲᠣᠭᠢᠶᠠᠯ ᠢ ᠠᠮᠵᠢᠵᠤ ᠬᠡᠷᠡᠭᠯᠡᠭᠡ ᠶᠢ ᠦᠷᠭᠦᠯᠵᠢᠯᠡᠨ ᠥᠷᠭᠡᠳᠬᠡᠵᠦ᠂ ᠮᠥᠩᠭᠦᠨ ᠭᠦᠢᠯᠭᠡᠭᠡᠨ ᠤ ᠦᠢᠯᠡᠰ ᠤᠨ ︽ᠠᠰᠢᠭ ᠦᠭᠡᠢ ᠪᠠᠶᠢᠳᠠᠯ ᠢᠶᠠᠨ ᠬᠤᠪᠢᠷᠠᠭᠤᠯᠬᠤ ᠲᠡᠮᠡᠴᠡᠯ︾ ᠢ ᠰᠠᠶᠢᠲᠤᠷ ᠬᠢᠬᠦ ᠬᠡᠷᠡᠭᠲᠡᠢ᠃ ᠡᠵᠡᠩᠨᠡᠯᠲᠡ ᠶᠢᠨ ᠭᠤᠣᠯ ᠴᠣᠭᠴᠠ ᠳᠤ ᠰᠠᠶᠢᠲᠤᠷ ᠦᠢᠯᠡᠴᠢᠯᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠳᠡᠮᠵᠢᠨ ᠬᠠᠪᠰᠤᠷᠴᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠯ ᠤᠳᠠᠭᠠᠨ ᠪᠠᠶᠢᠬᠤ᠂ ᠠᠵᠢᠯ ᠡᠬᠢᠯᠡᠭᠦᠯᠦᠭᠰᠡᠨ ᠤ ᠳᠠᠷᠠᠭᠠᠬᠢ ᠠᠬᠢᠴᠠ ᠤᠳᠠᠭᠠᠨ ᠪᠠᠶᠢᠬᠤ᠂ ᠪᠡᠯᠡ ᠮᠥᠩᠭᠦ ᠶᠢᠨ ᠪᠤᠳᠠᠲᠠᠶᠢᠵᠢᠭᠤᠯᠤᠯᠲᠠ ᠤᠳᠠᠭᠠᠨ ᠪᠠᠶᠢᠬᠤ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠤᠯᠭᠠᠵᠤ᠂ ᠭᠠᠳᠠᠭᠠᠳᠤ ᠨᠡᠭᠡᠭᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠪᠦᠭᠦ ᠣᠷᠣᠨ ᠤ ᠨᠢᠭᠡᠳᠦᠯᠲᠡᠢ ᠲᠥᠯᠥᠪᠯᠡᠭᠡ ᠶᠢ ᠴᠢᠩᠭᠠᠳᠬᠠᠵᠤ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂  ᠬᠤᠰᠢᠭᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠲᠥᠷᠥᠯ ᠵᠦᠢᠯ ᠤᠨ ᠣᠷᠴᠢᠨ ᠲᠣᠭᠤᠷᠢᠨ ᠤ ᠣᠷᠣᠬᠤ ᠵᠥᠪᠰᠢᠶᠡᠷᠡᠯ ᠢ  ᠴᠢᠩᠳᠠᠯᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ  ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠬᠦ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ᠂ ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ᠂ ᠬᠢᠨᠠᠨ ᠪᠣᠳᠣᠯᠲᠠ ᠵᠡᠷᠭᠡ ᠲᠠᠯ᠎ᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠵᠤ ᠭᠠᠮᠰᠢᠭ ᠢ ᠪᠠᠭᠠᠰᠬᠠᠬᠤ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ︽ᠳᠤᠯᠠᠭᠠᠯᠠᠭ᠎ᠠ ᠶᠢᠨ ᠢᠨᠵᠧᠨᠧᠷᠢᠩ︾ ᠪᠣᠯᠣᠨ ᠠᠷᠠᠳ ᠤᠨ ᠠᠮᠢᠳᠤᠷᠠᠯ ᠤᠨ 33 ᠪᠣᠳᠠᠲᠤ ᠶᠠᠪᠤᠳᠠᠯ ᠢ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ