ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/7/22

     7 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃

     ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ ᠪᠣᠯᠣᠨ᠎ᠠ᠃ ᠪᠦᠭᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠵᠢᠯᠤᠭᠤᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ᠂ ᠴᠢᠬᠤᠯᠠ ᠶᠡᠭᠡ ᠵᠠᠷᠴᠢᠮ ᠢ ᠲᠣᠳᠣᠷᠬᠠᠶᠢᠯᠠᠵᠤ᠂ ᠢᠷᠡᠭᠡᠳᠦᠢ ᠶᠢᠨ ᠲᠠᠪᠤᠨ ᠵᠢᠯ ᠤᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠶᠢᠷᠢᠯᠠᠭᠤᠯᠵᠤ᠂ ᠰᠢᠨ᠎ᠡ ᠠᠶᠠᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠠᠢ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠲᠠᠢ ᠤᠶᠠᠯᠳᠤᠭᠤᠯᠵᠤ᠂ ︽ᠲᠣᠭᠲᠠᠭᠠᠯ︾ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ︽ᠲᠣᠭᠲᠠᠭᠠᠯ ︵ᠶᠠᠷᠢᠯᠴᠠᠬᠤ ᠨᠣᠣᠷᠠᠭ︶︾ ᠤᠨ ᠲᠤᠬᠠᠢ ᠲᠣᠳᠣᠷᠬᠠᠶᠢᠯᠠᠯᠲᠠ ᠶᠢ ᠲᠡᠷᠡ ᠬᠡᠪ ᠢᠶᠠᠷ ᠨᠢ ᠰᠤᠳᠤᠯᠤᠨ ᠤᠩᠰᠢᠵᠤ᠂ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠱᠠᠲᠤᠨ ᠤ ᠬᠢᠨ ᠨᠠᠷᠢᠨ ᠬᠢᠨᠠᠮᠠᠭᠠᠢ ᠲᠥᠯᠥᠪᠵᠢᠭᠦᠯᠵᠦ᠂ ᠲᠦᠷᠭᠡᠨ ᠬᠥᠳᠡᠯᠦᠯᠴᠡᠵᠦ᠂ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠨᠠᠮ ᠤᠨ ᠡᠭᠦᠷ ᠪᠦᠷᠢ᠂ ᠨᠠᠮ ᠤᠨ ᠭᠡᠰᠢᠭᠦᠨ ᠪᠦᠷᠢ ᠳᠤ ᠴᠠᠭ ᠲᠤᠬᠠᠢ ᠳᠤᠨᠢ ᠤᠯᠠᠮᠵᠢᠯᠠᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠪᠦᠭᠦᠨ ᠢ ᠪᠦᠷᠬᠦᠭᠦᠯᠦᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃

      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠠ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠬᠦᠴᠢᠷ ᠢ ᠲᠤᠭᠤᠯᠤᠨ ᠪᠡᠷᠬᠡ ᠶᠢ ᠳᠠᠪᠠᠵᠤ ᠥᠷᠢᠰᠦᠯᠳᠦᠭᠡᠨ ᠢ ᠠᠷᠭᠠᠴᠠᠭᠠᠵᠤ᠂ ᠮᠠᠰᠢ ᠤᠯᠠᠨ ᠶᠡᠭᠡ ᠶᠠᠪᠤᠳᠠᠯ ᠬᠦᠴᠢᠷ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠢᠯᠡᠳᠲᠡ ᠠᠮᠵᠢᠯᠲᠠ ᠣᠯᠵᠤ᠂ ᠬᠥᠮᠥᠰ ᠤᠨ ᠰᠡᠳᠬᠢᠯ ᠢ ᠶᠡᠭᠡ ᠪᠠᠷ ᠬᠥᠭᠵᠢᠭᠡᠵᠦ᠂ ᠡᠷᠴᠢ ᠵᠣᠷᠢᠭ ᠢ ᠬᠥᠪᠴᠢᠯᠡᠵᠦ᠂ ᠬᠦᠴᠦᠨ ᠴᠢᠳᠠᠯ ᠢ ᠨᠢᠭᠲᠠᠷᠠᠭᠤᠯᠪᠠ᠃ ᠵᠢᠯ ᠭᠠᠷᠤᠢ ᠶᠢᠨ ᠦᠢᠯᠡᠳᠦᠯᠭᠡ ᠳᠠᠬᠢᠨᠲᠠ ᠭᠡᠷᠡᠴᠢᠯᠡᠭᠰᠡᠨ ᠨᠢ᠂ ᠮᠠᠨ ᠤ ᠨᠠᠮ ᠤᠨ ᠤᠳᠤᠷᠢᠳᠤᠯᠭ᠎ᠠ ᠤᠯᠠᠮ ᠠᠴᠠ ᠤᠯᠠᠮ ᠪᠠᠲᠤ ᠴᠢᠩᠭ᠎ᠠ ᠪᠣᠯᠵᠤ᠂ ᠨᠡᠶᠢᠭᠡᠮ ᠵᠢᠷᠤᠮ ᠤᠨ ᠪᠠᠶᠢᠭᠤᠯᠤᠯ ᠤᠯᠠᠮ ᠠᠴᠠ ᠤᠯᠠᠮ ᠪᠠᠬᠢᠵᠢᠵᠦ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠯᠠᠮ ᠠᠴᠠ ᠤᠯᠠᠮ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠤᠯᠠᠮ ᠠᠴᠠ ᠤᠯᠠᠮ ᠲᠣᠭᠲᠠᠭᠤᠨ ᠪᠣᠯᠵᠠᠢ᠃ ᠡᠳᠡᠭᠡᠷ ᠠᠮᠵᠢᠯᠲᠠ ᠪᠦᠲᠦᠮᠵᠢ ᠶᠢ ᠣᠯᠣᠭᠰᠠᠨ ᠤ ᠦᠨᠳᠦᠰᠦ ᠨᠢ ᠶᠡᠷᠦᠩᠬᠡᠢ ᠱᠦᠵᠢ ᠰᠢ ᠶᠢᠨ ᠫᠢᠩ ᠠᠶᠠᠯᠠᠯ ᠢ ᠵᠢᠯᠣᠭᠤᠳᠤᠨ ᠵᠠᠯᠠᠭᠤᠷ ᠢ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠨ᠎ᠠ ᠭᠡᠵᠦ ᠵᠢᠭᠠᠵᠤ ᠭᠠᠷᠭᠠᠪᠠ᠃

     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠭᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠪᠦᠭᠦ ᠣᠷᠣᠨ ᠤ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠬᠤᠯᠪᠣᠭᠳᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠪᠦᠬᠦᠯᠢ ᠴᠣᠭᠴᠠ ᠪᠠᠷ ᠠᠬᠢᠭᠤᠯᠬᠤ ᠶᠢ ᠪᠠᠷᠢᠮᠲᠠᠯᠠᠨ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠨᠠᠩ ᠶᠡᠭᠡ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠡᠵᠡᠮᠳᠡᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠨ ︽ᠲᠠᠪᠤᠨ ᠶᠡᠭᠡ ᠡᠭᠦᠷᠭᠡ︾ ᠶᠢᠨ ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠲᠠᠯ᠎ᠠ ᠪᠠᠷ ᠰᠢᠨ᠎ᠡ ᠠᠬᠢᠴᠠ ᠲᠠᠢ ᠪᠤᠯᠬᠤ ᠪᠠᠷ ᠴᠢᠷᠮᠠᠶᠢᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠳ᠋ᠦᠩᠨᠡᠯᠲᠡ ᠦᠨᠡᠯᠡᠯᠲᠡ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠶᠢ ᠱᠠᠯᠠᠪᠳᠠᠨ ᠠᠬᠢᠭᠤᠯᠵᠤ᠂ ᠨᠠᠩ ᠣᠯᠠᠨ ᠴᠢᠬᠤᠯᠠ ᠶᠡᠭᠡ ᠲᠥᠷᠥᠯ ᠵᠦᠢᠯ ᠢ ᠤᠯᠤᠰ ᠤᠨ ︽ᠶᠡᠭᠡ ᠲᠠᠯ᠎ᠠ︾ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠵᠠᠢ᠃

      ᠬᠤᠷᠠᠯ ᠠᠴᠠ ︽ᠦᠨᠡᠨ︾ ᠰᠡᠳᠬᠦᠯ ᠤᠨ 2024 ᠣᠨ ᠤ 14 ᠳ᠋ᠦ᠋ᠭᠡᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠡᠷᠬᠡᠪᠰᠢ ᠪᠡᠶ᠎ᠡ ᠳᠡᠭᠡᠨ ᠢᠲᠡᠭᠡᠯ ᠲᠠᠢ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠬᠥᠭᠵᠢᠯᠲᠡ ᠶᠢᠨ ᠣᠯᠣᠭᠰᠠᠨ ᠶᠡᠷᠦ ᠪᠤᠰᠤ ᠶᠢᠨ ᠠᠮᠵᠢᠯᠲᠠ ᠳᠤᠮᠳᠠ ᠠᠴᠠ ᠣᠶᠤᠨ ᠤᠬᠠᠭᠠᠨ ᠪᠠ ᠬᠦᠴᠦᠨ ᠴᠢᠳᠠᠯ ᠣᠯᠵᠤ᠂ ᠬᠥᠭᠵᠢᠯᠲᠡ ᠶᠢᠨ ᠢᠲᠡᠭᠡᠯ ᠪᠠ ᠵᠣᠷᠢᠭ ᠢᠶᠠᠨ ᠨᠡᠮᠡᠭᠳᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠤᠭᠤᠳᠴᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠶ ᠪᠤᠯᠭᠠᠵᠤ᠂ ︽ᠰᠢᠢᠳᠪᠦᠷᠢᠯᠡᠬᠦ ᠰᠡᠳᠬᠢᠬᠦᠢ︾ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠲᠦᠰᠢᠭᠯᠡᠨ ᠠᠵᠢᠯ ᠤᠨ ᠰᠢᠨ᠎ᠡ ᠪᠠᠶᠢᠳᠠᠯ ᠢ ᠨᠡᠭᠡᠭᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠪᠦᠭᠦᠳᠡ ᠬᠤᠷᠠᠯ ᠢ 7 ᠰᠠᠷ᠎ᠠ ᠶᠢᠨ 29 ᠤ ᠡᠳᠦᠷ ᠠᠴᠠ 31 ᠤ ᠡᠳᠦᠷ ᠪᠤᠯᠲᠠᠯ᠎ᠠ ᠭᠦᠭᠡᠬᠤᠲᠠ ᠳᠤ ᠬᠤᠷᠠᠯᠳᠤᠭᠤᠯᠬᠤ ᠪᠠᠷ ᠲᠣᠭᠲᠠᠵᠤ᠂ ᠭᠤᠣᠯ ᠡᠭᠦᠷᠭᠡ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ᠃

    ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠦᠨᠡᠨᠴᠢ ᠢᠲᠡᠭᠡᠮᠵᠢ ᠶᠢᠨ ᠳᠦᠷᠢᠮ ︵ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶︾ ᠢ ᠰᠤᠳᠤᠯᠪᠠ᠃

       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ