ᠲᠣᠪᠴᠢ ᠮᠡᠳᠡᠭᠡ
ᠨᠡᠶᠢᠲᠡᠯᠡᠭᠰᠡᠨ ᠴᠠᠭ᠄
2024/7/23

      ᠣᠶᠢᠷ᠎ᠠ ᠳᠤ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠭᠤᠤᠯ ᠴᠣᠭᠴᠠ ᠶᠢᠨ ᠢᠲᠡᠭᠡᠮᠵᠢ ᠶᠢᠨ ᠲᠠᠰ ᠲᠣᠭᠲᠠᠭᠠᠯᠲᠠ ᠳᠤ AAA ᠪᠠᠷ ᠦᠨᠡᠯᠡᠭᠳᠡᠵᠦ᠂ ᠤᠯᠤᠰ ᠤᠨ ᠳᠣᠲᠣᠭᠠᠳᠤ ᠳᠠᠬᠢ ᠠᠵᠤ ᠠᠬᠤᠶᠢᠯᠠᠯ ᠤᠨ ᠢᠲᠡᠭᠡᠮᠵᠢ ᠶᠢᠨ ᠲᠠᠰ ᠤᠨ ︽ᠨᠢᠭᠡᠳᠦᠭᠡᠷ ᠱᠠᠲᠤᠯᠵᠢᠨ ᠤ ᠡᠩᠨᠡᠭᠡᠨ︾ ᠳᠤ ᠣᠷᠣᠪᠠ᠃ ︵ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶

      7 ᠳ᠋ᠤᠭᠠᠷ ᠰᠠᠷ᠎ᠠ ᠶᠢᠨ 19 ᠤ ᠡᠳᠦᠷ᠂ ᠬᠥᠬᠡᠬᠤᠲᠠ ᠶᠢᠨ ᠳᠣᠤᠷ᠎ᠠ ᠠᠭᠠᠷ ᠤᠨ ᠠᠵᠤ ᠠᠬᠤᠶ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠬᠢᠭᠡᠳ ᠵᠠᠰᠠᠮᠠᠯ ᠵᠠᠮ ᠤᠨ ᠭᠠᠷᠠᠮ ᠤᠨ ᠥᠭᠡᠷᠡᠴᠢᠯᠡᠯᠲᠡ ᠶᠢᠨ ᠰᠢᠨᠡᠳᠭᠡᠬᠦ ᠪᠠᠷᠢᠯᠭ᠎ᠠ ᠶᠢᠨ ᠠᠵᠢᠯ ᠡᠬᠢᠯᠡᠬᠦ ᠶᠤᠰᠤᠯᠠᠯ ᠢᠶᠠᠨ ᠬᠢᠵᠦ᠂ ᠳᠣᠣᠷ᠎ᠠ ᠠᠭᠠᠷ ᠤᠨ ᠠᠵᠤ ᠠᠬᠤᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠴᠦ ᠬᠥᠮᠥᠷᠭᠡᠯᠡᠨ ᠬᠠᠳᠠᠭᠠᠯᠠᠬᠤ ᠬᠥᠮᠥᠷᠭᠡ᠂ ᠱᠠ ᠯᠢᠶᠠᠩ ᠵᠠᠰᠠᠮᠠᠯ ᠵᠠᠮ ᠤᠨ ᠭᠠᠷᠠᠮ᠂ ᠭᠠᠳᠠᠭᠠᠳᠤ ᠭᠠᠷᠭᠠᠯᠲᠠ ᠶᠢᠨ ᠬᠢᠨᠠᠨ ᠬᠠᠮᠢᠶᠠᠷᠤᠯᠲᠠ ᠪᠠ ᠨᠡᠶᠢᠲᠡ ᠶᠢᠨ ᠬᠡᠷᠡᠭᠯᠡᠭᠡᠨ ᠤ ᠬᠡᠯᠪᠡᠷᠢ ᠶᠢᠨ ᠭᠠᠶᠢᠯᠢ ᠪᠠᠲᠤᠯᠠᠬᠤ ᠬᠥᠮᠥᠷᠭᠡ ᠵᠡᠷᠭᠡ 3 ᠲᠥᠷᠥᠯ ᠵᠦᠢᠯ ᠢ ᠤᠷᠢᠳ ᠢᠶᠠᠷ ᠪᠠᠶᠢᠭᠤᠯᠬᠤ ᠪᠣᠯᠣᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ︶

      ᠳᠡᠭᠡᠷ᠎ᠡ ᠬᠠᠭᠠᠰ ᠵᠢᠯ ᠳᠤ᠂ ᠰᠢᠯᠢ ᠶᠢᠨ ᠭᠤᠣᠯ ᠠᠶᠢᠮᠠᠭ ᠤᠯᠤᠰ ᠤᠨ ᠳᠣᠲᠣᠭᠠᠳᠤ ᠳᠠᠬᠢ ᠵᠤᠭᠠᠴᠠᠭᠰᠠᠳ ᠢ ᠨᠡᠶᠢᠲᠡ 740.1 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 13.69% ᠨᠡᠮᠡᠭᠳᠡᠪᠡ︔ ᠤᠯᠤᠰ ᠤᠨ ᠳᠣᠲᠣᠭᠠᠳᠤ ᠳᠠᠬᠢ ᠵᠤᠭᠠᠴᠠᠭᠰᠠᠳ ᠤᠨ ᠶᠡᠷᠦᠩᠬᠡᠶ ᠵᠠᠷᠤᠳᠠᠯ ᠨᠢ 95.62 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.66%  ᠨᠡᠮᠡᠭᠳᠡᠪᠡ᠃ ︵ᠰᠢᠯᠢ ᠶᠢᠨ ᠭᠤᠤᠯ ᠠᠶᠢᠮᠠᠭ ᠤᠨ ᠵᠠᠬᠢᠷᠭ᠎ᠠ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ