ᠭᠡᠷ ᠪᠠᠶᠢᠰᠢᠩ ᠭᠠᠵᠠᠷ ᠬᠦᠷᠦᠩᠭᠡ ᠶᠢᠨ ᠬᠦᠭᠵᠢᠯᠲᠡ ᠶᠢᠨ ᠰᠢᠨ᠎ᠡ ᠬᠡᠪ ᠵᠠᠭᠪᠤᠷ ᠢ ᠲᠦᠷᠭᠡᠪᠴᠢᠯᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/7/23

      ᠰᠢᠠᠬᠤᠧᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 21 ᠤ ᠡᠳᠦᠷ ᠤᠨ ᠴᠠᠭᠢᠯᠭᠠᠨ ᠮᠠᠲᠡᠭᠡ   21 ᠤ ᠡᠳᠦᠷ ᠨᠡᠶᠢᠲᠡᠯᠡᠭᠰᠡᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠬᠡᠷᠡᠭᠵᠢᠭᠦᠯᠬᠦ ᠣᠷᠣᠨ ᠰᠠᠭᠤᠴᠠ ᠶᠢᠨ ᠳᠦᠷᠢᠮ ᠢ ᠲᠦᠷᠭᠡᠪᠴᠢᠯᠡᠨ ᠪᠠᠶᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠲᠦᠷᠭᠡᠪᠴᠢᠯᠡᠨ ᠪᠠᠶᠢᠭᠤᠯᠤᠨ᠎ᠠ ᠭᠡᠵᠦ ᠳᠤᠷᠠᠳᠪᠠ᠃

      ᠲᠣᠭᠲᠠᠭᠠᠯ ᠳᠤ ᠳᠤᠷᠠᠳᠬᠤ ᠳᠤ ᠪᠠᠨ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠵᠦ᠂ ᠴᠠᠯᠢᠩ ᠣᠯᠣᠭᠰᠠᠳ ᠤᠨ ᠵᠠᠪᠠᠯ ᠬᠡᠷᠡᠭᠰᠡᠬᠦ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠯᠠᠨ ᠶᠠᠩᠵᠤᠴᠢᠯᠠᠭᠰᠠᠨ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠨ᠎ᠡ ᠭᠡᠵᠡᠢ᠃

      ︽ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠠᠶᠢᠭᠤᠯᠬᠤ ᠪᠣᠯ ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠣᠭᠲᠠᠭᠤᠨ ᠪᠥᠭᠡᠳ ᠡᠷᠡᠭᠦᠯ ᠬᠥᠭᠵᠢᠯᠲᠡ ᠶᠢ ᠠᠬᠢᠭᠤᠯᠬᠤ ᠦᠨᠳᠦᠰᠦᠨ ᠠᠷᠭ᠎ᠠ ᠪᠣᠳᠣᠯᠭ᠎ᠠ ᠪᠣᠯᠣᠨ᠎ᠠ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠵᠦ᠂ ᠣᠷᠣᠨ ᠰᠠᠭᠤᠴᠠ ᠶᠢᠨ ᠬᠠᠩᠭᠠᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠵᠠᠪᠠᠯ ᠬᠡᠷᠡᠭᠰᠡᠬᠦ ᠪᠠ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠪᠣᠯ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠣᠨ᠎ᠠ︾ ᠭᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠲᠥᠷᠥ ᠶᠢᠨ ᠪᠣᠳᠣᠯᠭ᠎ᠠ ᠶᠢᠨ ᠰᠤᠳᠤᠯᠬᠤ ᠲᠥᠪ ᠤᠨ ᠳᠡᠳ᠋ ᠡᠷᠬᠢᠯᠡᠭᠴᠢ ᠫᠦ᠋ ᠵᠠᠨ ᠬᠡᠯᠡᠪᠡ᠃

      ︽ᠡᠨᠡ ᠤᠳᠠᠭᠠᠨ ᠤ ᠪᠠᠶᠢᠷᠢᠯᠠᠭᠤᠯᠤᠭᠰᠠᠨ ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠥᠭᠡᠷᠡᠴᠢᠯᠡᠯᠲᠡ ᠶᠢᠨ ᠠᠷᠭ᠎ᠠ ᠵᠠᠮ ᠤᠨ ᠴᠢᠭᠯᠡᠯ ᠨᠢ ᠲᠤᠳᠤᠷᠬᠠᠢ᠂ ᠭᠤᠣᠯᠳᠠᠯᠭ᠎ᠠ ᠨᠢ ᠲᠣᠪᠣᠶᠢᠮ᠎ᠠ ᠪᠣᠯᠬᠤᠷ ᠮᠠᠨ ᠤ ᠤᠯᠤᠰ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠰᠢᠨ᠎ᠡ ᠬᠠᠭᠤᠴᠢᠨ ᠬᠡᠪ ᠵᠠᠭᠪᠤᠷ  ᠤᠨ ᠰᠢᠯᠵᠢᠨ ᠬᠤᠪᠢᠷᠠᠬᠤ ᠲᠠᠰᠢᠷᠠᠮ ᠳᠤ ᠭᠠᠷᠭᠠᠭᠰᠠᠨ ᠲᠥᠷᠥ ᠶᠢᠨ ᠪᠣᠳᠣᠯᠭ᠎ᠠ ᠶᠢᠨ ᠦᠵᠦ ᠵᠢᠷᠤᠭ ᠲᠥᠯᠥᠪᠯᠡᠭᠡ ᠪᠣᠯᠣᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠴᠢᠨᠠᠷ ᠰᠠᠶᠢᠲᠠᠶ ᠬᠥᠭᠵᠢᠯᠲᠡ ᠨᠢ ᠳᠤᠮᠳᠠᠳᠤ ᠤᠯᠤᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠬᠤᠷᠠᠭᠤᠯᠵᠤ᠂ ᠠᠷᠠᠳ ᠣᠯᠠᠨ ᠤ ᠰᠢᠨ᠎ᠡ ᠬᠦᠰᠡᠯ ᠬᠥᠭᠡᠭᠡᠴᠡᠯᠳᠦᠯ ᠳᠤ ᠵᠣᠬᠢᠴᠠᠭᠰᠠᠨ ︿ᠰᠠᠶᠢᠨ ᠬᠡᠷ ᠪᠠᠶᠢᠰᠢᠩ﹀ ᠢ ᠪᠥᠲᠥᠭᠡᠨ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ︾ ᠭᠡᠵᠦ ᠫᠦ᠋ ᠵᠠᠨ ᠬᠡᠯᠡᠪᠡ᠃

      ᠲᠣᠭᠲᠠᠭᠠᠯ ᠳᠤ ᠡᠯ᠎ᠡ ᠬᠤᠲᠠ ᠶᠢᠨ ᠵᠠᠰᠠᠭ ᠤᠨ ᠣᠷᠳᠣᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠢᠶᠠᠷ ᠲᠣᠬᠢᠷᠠᠭᠤᠯᠤᠨ ᠡᠵᠡᠮᠳᠡᠵᠦ ᠡᠵᠡᠨ ᠮᠡᠳᠡᠬᠦ ᠡᠷᠬᠡ ᠶᠢ ᠭᠦᠢᠴᠡᠳ ᠣᠯᠭᠤᠵᠣ᠂ ᠬᠤᠯᠪᠣᠭᠳᠠᠯ ᠪᠦᠬᠦᠢ ᠬᠤᠲᠠ ᠶᠢᠨ ᠪᠠᠶᠢᠳᠠᠯ ᠳᠤ ᠪᠠᠨ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠤᠲᠠ ᠶᠢᠨ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠪᠠᠨ ᠬᠦᠴᠦᠨ ᠦᠭᠡᠢ ᠪᠣᠯᠭᠠᠬᠤ ᠪᠤᠶᠤ ᠲᠣᠬᠢᠷᠠᠭᠤᠯᠤᠯᠲᠠ ᠬᠢᠵᠦ᠂ ᠡᠩ ᠤᠨ ᠣᠷᠣᠨ ᠰᠠᠭᠤᠴᠠ ᠪᠠ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠪᠠᠨ ᠬᠦᠴᠦᠨ ᠦᠭᠡᠢ ᠪᠣᠯᠭᠠᠬᠤ ᠶᠢ ᠨᠢ ᠵᠥᠪᠰᠢᠶᠡᠷᠡᠬᠦ ᠶᠢ ᠴᠢᠬᠤᠯᠠᠴᠢᠯᠠᠪᠠ᠃

      ᠫᠦ᠋ ᠵᠠᠨ ᠢᠯᠡᠷᠬᠡᠶᠢᠯᠡᠬᠦ ᠳᠤ ᠪᠠᠨ᠂ ᠣᠯᠠᠨ ᠰᠠᠯᠠᠭ᠎ᠠ ᠮᠥᠴᠢᠷ ᠤᠨ ᠬᠢᠨ ᠮᠥᠩᠭᠦᠨ ᠭᠦᠢᠯᠭᠡᠭᠡᠨ᠂ ᠭᠠᠵᠠᠷ ᠰᠢᠷᠣᠶ᠂ ᠲᠠᠸᠠᠷ ᠤᠨ ᠦᠯᠡᠳᠡᠭᠡᠯ ᠣᠷᠣᠨ ᠰᠠᠭᠤᠴᠠ ᠶᠢ ᠬᠤᠳᠠᠯᠳᠤᠨ ᠪᠣᠷᠤᠯᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠭᠠᠷᠭᠠᠵᠤ᠂ ᠡᠯ᠎ᠡ ᠭᠠᠵᠠᠷ ᠤᠨ ᠬᠢᠨ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ ᠬᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤ ᠨᠢ ᠰᠢᠯᠢᠳᠡᠭᠵᠢᠭᠦᠯᠦᠨ ᠳᠣᠭᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠠᠯᠬᠤᠮ ᠠᠯᠬᠤᠮ ᠢᠶᠠᠷ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠢᠳᠡᠪᠬᠢᠵᠢᠯ ᠨᠡᠯᠢᠶᠡᠳ ᠳᠡᠭᠡᠭᠰᠢᠯᠡᠨ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠲᠤ ᠶᠠᠭ ᠢᠳᠡᠪᠬᠢ ᠬᠤᠪᠢᠷᠠᠯᠲᠠ ᠭᠠᠷᠴᠤ ᠪᠠᠶᠢᠨ᠎ᠠ᠃ ᠲᠣᠭᠲᠠᠭᠠᠯ ᠢ ᠨᠡᠶᠢᠲᠡᠯᠡᠭᠰᠡᠨ ᠤ ᠳᠠᠷᠠᠭ᠎ᠠ ᠭᠡᠷ ᠬᠦᠷᠦᠩᠭᠡ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠥᠷᠭᠡᠳᠭᠡᠨ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠡᠷᠡᠭᠯᠡᠭᠡ ᠶᠢᠨ ᠳᠠᠷᠤᠭᠠᠰᠤ ᠶᠢ ᠬᠥᠩᠭᠡᠷᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠢᠲᠡᠭᠡᠯ ᠢ ᠡᠷᠴᠢᠯᠡᠨ᠂ ᠲᠣᠬᠢᠷᠠᠭᠤᠯᠭ᠎ᠠ ᠶᠢᠨ ᠬᠤᠭᠤᠴᠠᠭᠠᠨ ᠤ ᠶᠠᠪᠤᠴᠠ ᠶᠢ ᠲᠦᠷᠭᠡᠳᠭᠡᠬᠦ ᠪᠣᠯᠣᠨ᠎ᠠ᠃

      ᠲᠣᠭᠲᠠᠭᠠᠯ ᠳᠤ ᠪᠠᠰᠠ ︽ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠵᠦ ᠪᠠᠯᠠ ᠲᠣᠬᠢᠷᠠᠭᠤᠯᠬᠤ ᠠᠷᠭ᠎ᠠ ᠬᠡᠯᠪᠡᠷᠢ ᠪᠠ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠲᠦᠷᠢᠮ︾᠂ ︽ᠬᠡᠷ ᠪᠠᠶᠢᠰᠢᠩ ᠭᠠᠵᠠᠷ ᠬᠥᠷᠥᠩᠭᠡ ᠶᠢᠨ ᠭᠠᠶᠢᠯᠢ ᠲᠠᠲᠠᠪᠤᠷᠢ ᠶᠢ ᠲᠡᠭᠦᠯᠳᠡᠷᠵᠢᠭᠦᠯᠬᠦ ᠲᠦᠷᠢᠮ︾ ᠵᠡᠷᠭᠡ ᠰᠠᠭᠤᠷᠢ ᠪᠣᠯᠬᠤ ᠴᠢᠨᠠᠷᠲᠠᠶ ᠲᠦᠷᠢᠮ ᠤᠨ ᠥᠭᠡᠷᠡᠴᠢᠯᠡᠯᠲᠡ ᠳᠤ ᠱᠠᠭᠠᠷᠳᠠᠯᠭ᠎ᠠ ᠳᠤᠷᠠᠳᠪᠠ᠃

      ᠲᠥᠪ ᠤᠨ ᠡᠳ᠋ ᠤᠨ ᠵᠠᠰᠠᠭ ᠤᠨ ᠠᠵᠤ ᠠᠬᠤᠢ ᠶᠢᠨ ᠬᠤᠷᠢᠶᠠᠨ ᠤ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ᠂ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ ᠬᠠᠨ ᠸᠧᠨ ᠰᠢᠤ ᠢᠯᠡᠷᠬᠡᠶᠢᠯᠡᠬᠦ ᠳᠤ ᠪᠠᠨ᠂ ᠲᠠᠷᠠᠭᠠᠴᠢ ᠶᠢᠨ ᠠᠯᠬᠤᠮ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠲᠦᠷᠭᠡᠳᠬᠡᠨ ᠪᠠᠶᠢᠭᠤᠯᠵᠤ᠂ ᠥᠩᠭᠡᠷᠡᠭᠰᠡᠨ ᠤ ︽ᠥᠷᠢ ᠶᠡᠭᠡ᠂ ᠡᠷᠭᠢᠯᠲᠡ ᠲᠦᠷᠭᠡᠨ᠂ ᠬᠥᠰᠢᠭᠦᠷᠭᠡ ᠦᠨᠳᠦᠷ︾ ᠪᠠᠶᠢᠳᠠᠭ ᠬᠡᠪ ᠵᠠᠭᠪᠤᠷ ᠤᠨ ᠬᠡᠮ ᠰᠣᠭᠤᠭ ᠢ ᠠᠷᠢᠯᠭᠠᠵᠤ᠂ ᠠᠷᠠᠳ ᠣᠯᠠᠨ ᠤ ᠰᠢᠨ᠎ᠡ ᠬᠦᠰᠡᠯ ᠬᠥᠭᠡᠭᠡᠴᠡᠯᠳᠦᠯ ᠳᠤ ᠵᠣᠬᠢᠴᠠᠭᠰᠠᠨ ︽ᠰᠠᠶᠢᠨ ᠬᠡᠷ ᠪᠠᠶᠢᠰᠢᠩ︾ ᠢ ᠪᠥᠲᠥᠭᠡᠨ ᠪᠠᠶᠢᠭᠤᠯᠵᠤ᠂ ᠵᠠᠪᠠᠯ ᠬᠡᠷᠡᠭᠰᠡᠬᠦ ᠪᠠ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠬᠠᠮᠲᠤ ᠲᠡᠭᠦᠨ ᠯᠦᠭᠡ ᠵᠣᠬᠢᠴᠠᠭᠰᠠᠨ ᠪᠠᠯᠠ ᠳᠣᠬᠢᠷᠠᠭᠤᠯᠭ᠎ᠠ᠂ ᠡᠳ᠋ ᠤᠨ ᠵᠠᠰᠠᠭ ᠭᠠᠶᠢᠯᠢ᠂ ᠭᠠᠵᠠᠷ ᠰᠢᠷᠣᠶ᠂ ᠪᠣᠷᠣᠯᠠᠭᠤᠯᠭ᠎ᠠ ᠵᠡᠷᠭᠡ ᠰᠠᠭᠤᠷᠢ ᠪᠣᠯᠬᠤ ᠴᠢᠨᠠᠷᠲᠠᠶ ᠲᠦᠷᠢᠮ ᠢ ᠪᠠᠶᠢᠭᠤᠯᠬᠤ ᠬᠡᠷᠡᠭᠲᠡᠶ ᠭᠡᠵᠡᠶ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ