ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠡᠬᠢᠯᠡᠪᠡ  ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/7/24


      7 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠡᠬᠢᠯᠡᠭᠰᠡᠨ ᠪᠥᠭᠡᠳ ᠠᠩᠬᠠᠳᠤᠭᠠᠷ ᠪᠦᠭᠦᠳᠡ ᠬᠤᠷᠠᠯ ᠬᠢᠪᠡ᠃


0724自治区十四届人大常委会第十一次会议开幕 孙绍骋主持.jpg


      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠣᠲᠣ 72 ᠬᠥᠮᠥᠨ ᠪᠤᠶ᠂ 65 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠥᠩ ᠷᠧᠨ ᠬᠤᠷᠠᠯ ᠳᠤ ᠰᠤᠯᠠ ᠣᠷᠣᠯᠴᠠᠪᠠ᠃

      ᠬᠤᠷᠠᠯ ᠤᠨ ᠵᠥᠪᠯᠡᠬᠦ ᠵᠦᠢᠯᠡᠰ ᠢ ᠪᠠᠲᠤᠯᠠᠭᠰᠠᠨ ᠤ ᠲᠠᠷᠠᠭ᠎ᠠ᠂ ᠬᠤᠷᠠᠯ ᠠᠴᠠ ᠴᠢ᠊ ᠪᠠᠲᠤ ᠶᠢᠨ ᠬᠢᠭᠰᠡᠨ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ᠂ ᠵᠠᠩ ᠱᠤᠤ ᠴᠦᠨ᠂ ᠶᠠᠩ ᠽᠥᠩ ᠷᠧᠨ ᠤ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠭᠢᠯᠡᠭᠴᠢ ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ ︵ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠰᠢᠷᠣᠢ ᠶᠢᠨ ᠢᠳᠡᠭᠳᠡᠯ ᠢ ᠵᠠᠰᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠠᠩ ᠽᠦᠸᠧ ᠾᠧᠦ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠭ᠎ᠠ ᠵᠢᠦᠢ ᠱᠤ᠋ ᠸᠧᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠭᠢᠯᠡᠭᠴᠢ ᠳ᠋ᠢ ᠰᠢᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ︔ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠮᠥᠩᠭᠦᠨᠴᠡᠴᠡᠭ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠳᠦᠷᠢᠮ︾ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠷᠴᠢᠨ ᠲᠣᠭᠤᠷᠢᠨ ᠤ ᠡᠬᠢ ᠪᠠᠶᠠᠯᠢᠭ ᠤᠨ ᠵᠥᠪᠯᠡᠯ ᠤᠨ ᠡᠷᠭᠢᠯᠡᠭᠴᠢ ᠭᠡᠰᠢᠭᠦᠨ ᠹᠧᠩ ᠷᠧᠨ ᠹᠧᠢ ᠶᠢᠨ ᠬᠢᠭᠰᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠤᠨ ᠭᠤᠣᠯ ᠢ ᠬᠠᠮᠠᠭᠠᠯᠠᠬᠤ ᠬᠠᠤᠯᠢ︾ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠢ ᠮᠡᠳᠡᠭᠦᠯᠦᠯᠲᠡ ᠶᠢ ᠰᠣᠨᠣᠰᠪᠠ᠃

      ᠬᠤᠷᠠᠯ ᠠᠴᠠ ᠴᠢ᠊ ᠪᠠᠲᠤ ᠶᠢᠨ ᠬᠢᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠰ ᠢ ᠬᠥᠭᠵᠢᠭᠦᠯᠬᠦ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠡᠷᠭᠢᠯᠡᠭᠴᠢ ᠭᠤᠤ ᠵᠠᠨ ᠱᠧᠩ ᠤᠨ ᠬᠢᠭᠰᠡᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠶᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠭᠦᠩ ᠮᠢᠩ ᠵᠦ ᠶᠢᠨ ᠬᠢᠭᠰᠡᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠳᠡᠭᠡᠷ᠎ᠡ ᠬᠠᠭᠠᠰ ᠵᠢᠯ ᠳᠤ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠴᠢᠨ ᠶᠠᠨ ᠤ ᠬᠢᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠨᠣᠮ ᠪᠢᠴᠢᠭ ᠢ ᠠᠭᠤᠳᠠᠯᠬᠤ᠂ ᠡᠮᠬᠢᠯᠡᠬᠦ᠂ ᠠᠰᠢᠭᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠦᠬᠡ ᠶᠢᠨ ᠮᠠᠲ᠋ᠧᠷᠢᠶᠠᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︔ ᠭᠦᠸᠧ ᠵᠠᠨ ᠵᠢᠶᠠᠩ ᠤᠨ ᠬᠢᠭᠰᠡᠨ ᠰᠦ ᠶᠢᠨ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠸᠠᠩ ᠵᠣᠣ ᠱᠧᠩ ᠤᠨ ᠬᠢᠭᠰᠡᠨ ᠪᠦᠭᠦ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃

      ᠬᠤᠷᠠᠯ ᠠᠴᠠ ᠵᠢᠦᠢ ᠱᠤ᠋ ᠸᠧᠨ ᠤ ᠬᠢᠭᠰᠡᠨ 2023 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠭᠢᠯᠡᠭᠴᠢ ᠭᠡᠰᠢᠭᠦᠨ ᠹᠧᠩ ᠢᠦᠢ ᠵᠧᠨ ᠤ ᠬᠢᠭᠰᠡᠨ 2023 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠤᠨ ᠳᠠᠷᠤᠭ᠎ᠠ ᠾᠥᠸᠧ ᠵᠣᠣ ᠯᠢᠶᠠᠩ ᠤᠨ ᠬᠢᠭᠰᠡᠨ 2023 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠬᠰᠠᠨ ᠠᠵᠢᠯ ᠤᠨ ᠮᠡᠳᠡᠭᠦᠯᠦᠯᠲᠡ ᠶᠢ ᠰᠣᠨᠣᠰᠪᠠ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠯᠢ ᠵᠢᠶᠠᠨ ᠤ ᠬᠢᠭᠰᠡᠨ ᠠᠮᠢ ᠠᠬᠤᠢ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢ ᠪᠠᠶᠢᠴᠠᠭᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃

      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠭᠦᠸᠧ ᠰᠢᠨ ᠤ ᠬᠢᠭᠰᠡᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠦᠯᠲᠡ ᠶᠢ ᠰᠣᠨᠣᠰᠪᠠ᠃

      ᠬᠤᠷᠠᠯ ᠠᠴᠠ ᠬᠡᠰᠡᠭ ᠲᠣᠭᠤᠷᠢᠭ ᠪᠠᠶᠢᠭᠤᠯᠤᠭᠰᠠᠨ ᠬᠤᠳᠠ ᠶᠢᠨ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ 2024 ᠣᠨ ᠤ ᠳᠡᠭᠡᠷ᠎ᠡ ᠬᠠᠭᠠᠰ ᠵᠢᠯ ᠤᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠡᠳᠡᠭᠦᠯᠦᠯᠲᠡ᠂ 2024 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠥᠪ ᠲᠤ ᠲᠣᠬᠢᠷᠠᠭᠤᠯᠤᠯᠲᠠ ᠬᠢᠬᠦ ᠲᠥᠰᠥᠯ ︵ᠲᠥᠰᠥᠯ︶ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ᠃

      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠲᠣᠭᠤᠷᠢᠭ ᠪᠠᠶᠢᠭᠤᠯᠤᠭᠰᠠᠨ ᠡᠯ᠎ᠡ ᠬᠤᠳᠠ᠂ ᠮᠠᠨᠵᠤᠤᠷ ᠬᠤᠳᠠ᠂ ᠡᠷᠢᠶᠡᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ