2024 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠳᠣᠷᠣᠭᠰᠢ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/7/25

ᠦᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠤ ᠪᠢᠴᠢᠭ ᠮᠠᠲ᠋ᠧᠷᠢᠶᠠᠯ

      ᠥᠪᠣᠷ ᠵᠠᠰᠠᠭ ᠲᠠᠷᠬᠠᠭᠠᠭᠰᠠᠨ 〔2024〕 1 ᠳ᠋ᠦ᠋ᠭᠡᠷ ᠲᠤᠭᠠᠲᠦ


      2024 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ

ᠳᠣᠷᠣᠭᠰᠢ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ


ᠡᠯ᠎ᠡ ᠠᠶᠢᠮᠠᠭ ᠤᠨ ᠵᠠᠬᠢᠷᠭ᠎ᠠ᠂ ᠬᠣᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠶᠯᠡᠰ ᠦᠨ ᠨᠢᠭᠡᠴᠢ ᠳᠦ᠄

      ᠡᠳᠦᠭᠡ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠭᠠᠳ ᠳᠣᠷᠣᠭᠰᠢ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃

                                 2024 ᠣᠨ ᠤ 2 ᠳ᠋ᠤᠭᠠᠷ ᠰᠠᠷ᠎ᠠ ᠶᠢᠨ 8 ᠤ ᠡᠳᠦᠷ

      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

      

      2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ

      2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠢ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠵᠢᠯ ᠪᠣᠯᠣᠨ᠎ᠠ᠂ ᠮᠥᠨ ᠴᠦ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠶᠢ ᠠᠬᠢᠭᠤᠯᠬᠤ ᠴᠢᠬᠤᠯᠠ ᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ 2024 ᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠢᠶᠠᠨ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠵᠠᠮ ᠢ ᠨᠡᠭᠡᠭᠡᠨ᠂ ᠳᠤᠮᠳᠠ ᠲᠦᠪᠰᠢᠨ ᠳᠤ ᠣᠷᠣᠵᠤ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠲᠡᠮᠡᠴᠡᠵᠦ᠂ ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ᠃

      2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 5.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 18 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 6% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ  ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢ 3% ᠣᠷᠴᠢᠮ ᠪᠠᠶᠢᠯᠭᠠᠨ᠎ᠠ︔ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 1.6% ᠣᠷᠴᠢᠮ ᠪᠠᠭᠤᠷᠠᠭᠤᠯᠤᠨ᠎ᠠ᠃

      ᠨᠢᠭᠡ᠂ ᠲᠥᠷᠥ ᠶᠢᠨ ᠪᠣᠳᠣᠯᠭ᠎ᠠ ᠶᠢᠨ ᠬᠦᠴᠦᠯᠡᠴᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ

      ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠲᠥᠷᠥ ᠶᠢᠨ ᠪᠣᠳᠣᠯᠭ᠎ᠠ ᠶᠢ ᠤᠬᠠᠭᠠᠯᠠᠨ ᠲᠥᠯᠥᠪᠯᠡᠵᠦ ᠨᠦᠬᠡᠴᠡᠯᠡᠬᠦ ᠪᠠᠨ ᠦᠷᠭᠦᠯᠵᠢᠯᠡᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠪᠣᠯᠭᠠᠨ ᠢ ᠪᠣᠳᠠᠲᠠᠢ ᠢᠨᠵᠧᠨᠧᠷᠢᠩ ᠤᠨ ᠲᠥᠷᠥᠯ ᠵᠦᠢᠯ ᠪᠣᠯᠭᠠᠨ ᠨᠠᠷᠢᠯᠢᠭᠵᠢᠭᠤᠯᠵᠤ᠂ ᠲᠥᠷᠥ ᠶᠢᠨ ᠪᠣᠳᠣᠯᠭ᠎ᠠ ᠶᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠤᠯᠠᠷᠢᠭᠤᠯᠬᠤ ᠶᠢ ᠲᠦᠷᠭᠡᠳᠬᠡᠵᠦ᠂ ᠵᠢᠱᠢᠯᠲᠡ᠂ ᠥᠰᠦᠯᠲᠡ᠂ ᠠᠵᠢᠯ ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠤᠨ᠎ᠠ᠃

      ︵ᠨᠢᠭᠡ︶ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠪᠠᠬᠢᠵᠢᠭᠦᠯᠦᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠥᠰᠥᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠩᠭ᠎ᠠ ᠠᠳᠬᠤᠵᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠡᠯ᠎ᠡ ᠵᠦᠢᠯ ᠤᠨ ᠭᠤᠣᠯᠳᠠᠯᠭ᠎ᠠ ᠪᠣᠯᠬᠤ ᠠᠵᠢᠯ ᠢ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ 〔2023〕16 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠤᠯᠤᠰ ᠤᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠯᠦᠭᠡ ᠤᠶᠠᠯᠳᠤᠭᠤᠯᠤᠨ᠂ ᠴᠠᠭ ᠤᠨ ᠬᠦᠰᠦᠨᠦᠭᠲᠦ᠂ ᠠᠵᠢᠯ ᠤᠨ ᠱᠤᠭᠤᠮ ᠤᠨ ᠵᠢᠷᠤᠭ᠂ ᠲᠥᠷᠥᠯ ᠵᠦᠢᠯ ᠤᠨ ᠬᠠᠭᠤᠳᠠᠰᠤ ᠶᠢ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠲᠠᠪᠤᠨ ᠶᠡᠭᠡ ᠡᠭᠦᠷᠭᠡ  ᠶᠢᠨ ᠲᠠᠯ᠎ᠠ ᠳᠠᠬᠢ 2024 ᠣᠨ ᠤ ᠠᠵᠢᠯ ᠤᠨ ᠡᠭᠦᠷᠭᠡ ᠶᠢᠨ ᠲᠣᠳᠣᠷᠬᠠᠢ ᠬᠠᠭᠤᠳᠠᠰᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠭᠦᠷᠭᠡ ᠪᠠᠨ ᠪᠡᠶᠡᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠴᠢᠨᠠᠷ ᠢᠶᠠᠨ ᠳᠡᠭᠡᠭᠰᠢᠯᠡᠭᠦᠯᠬᠦ᠂ ᠳᠣᠲᠣᠭᠠᠳᠤ ᠬᠡᠷᠡᠭᠴᠡᠭᠡ ᠪᠠᠨ ᠥᠷᠭᠡᠳᠭᠡᠬᠦ᠂ ᠥᠪᠡᠷ ᠤᠨ ᠥᠷᠳᠡᠭ ᠢᠶᠠᠨ ᠪᠠᠭᠤᠷᠠᠭᠤᠯᠬᠤ ᠵᠡᠷᠭᠡ ᠬᠦᠷᠢᠶᠡᠨ ᠳᠠᠬᠢ ᠲᠥᠷᠥ ᠶᠢᠨ ᠪᠣᠳᠣᠯᠭ᠎ᠠ ᠶᠢᠨ ᠠᠷᠭ᠎ᠠ ᠠᠪᠴᠠᠯ ᠤᠨ ᠬᠥᠮᠥᠷᠭᠡ ᠶᠢ ᠦᠷᠭᠦᠯᠵᠢᠯᠡᠨ ᠪᠠᠶᠠᠯᠢᠭᠵᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠤᠷᠢᠳ ᠢᠶᠠᠷ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃ ᠴᠢᠬᠤᠯᠠ ᠶᠡᠭᠡ ᠠᠰᠠᠭᠤᠳᠠᠯ ᠤᠨ ᠪᠠᠷᠠᠯᠠᠯᠲᠤ ᠰᠤᠳᠤᠯᠤᠯ ᠢᠶᠠᠨ ᠴᠢᠩᠭᠠᠳᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠦᠨ᠎ᠡ᠃

      ︵ᠬᠤᠶᠠᠷ︶ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠲᠥᠷᠥ ᠶᠢᠨ ᠪᠣᠳᠣᠯᠭ᠎ᠠ ᠶᠢ ᠣᠨᠣᠴᠠᠲᠠᠢ ᠪᠠᠷ ᠨᠠᠶᠢᠳᠠᠪᠤᠷᠢᠵᠢᠭᠤᠯᠤᠨ᠎ᠠ᠃ ᠬᠤᠷᠸ᠎ᠠ ᠲᠥᠷᠥ ᠶᠢᠨ ᠪᠣᠳᠣᠯᠭ᠎ᠠ ᠶᠢᠨ ᠰᠥᠷᠭᠡᠦ ᠦᠶᠡᠯᠡᠯ ᠪᠠ ᠦᠶᠡᠯᠡᠯ ᠠᠯᠤᠰᠯᠠᠭᠰᠠᠨ ᠲᠣᠬᠢᠷᠠᠭᠤᠯᠭ᠎ᠠ ᠶᠢ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠎ᠠ᠃ ᠲᠥᠪ ᠤᠨ ᠪᠡᠯᠡ ᠮᠥᠩᠭᠦ ᠶᠢ ᠴᠢᠷᠮᠠᠶᠢᠨ ᠠᠰᠢᠭᠯᠠᠬᠤ ᠦᠷ᠎ᠡ ᠪᠦᠲᠦᠮᠵᠢ ᠪᠠᠨ ᠪᠠᠬᠢᠵᠢᠭᠦᠯᠦᠨ ᠳᠡᠭᠡᠭᠰᠢᠯᠡᠭᠦᠯᠵᠦ᠂ ᠲᠥᠪ ᠤᠨ ᠰᠢᠯᠵᠢᠭᠦᠯᠦᠨ ᠥᠭᠬᠦ᠂ ᠲᠥᠰᠥᠪ ᠤᠨ ᠪᠡᠯᠡ ᠮᠥᠩᠭᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠭᠦᠢᠴᠡᠳ ᠰᠠᠶᠢᠲᠤᠷ ᠠᠰᠢᠭᠯᠠᠨ᠎ᠠ᠃ ᠠᠷᠪᠢᠴᠢ ᠭᠠᠮᠲᠠᠢ ᠠᠮᠢᠳᠤᠷᠠᠬᠤ ᠶᠢ ᠪᠠᠷᠢᠮᠲᠠᠯᠠᠵᠤ᠂ ᠭᠤᠣᠯᠳᠠᠯᠭᠠᠲᠤ ᠪᠤᠰᠤ᠂ ᠵᠠᠶᠢᠯᠠᠰᠢ ᠦᠭᠡᠢ ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠨ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ᠂ ᠡᠬᠢ ᠪᠠᠶᠠᠯᠢᠭ᠂ ᠪᠡᠯᠡ ᠮᠥᠩᠭᠦ ᠶᠢ ᠬᠤᠶᠠᠷ ᠶᠡᠭᠡ ᠶᠠᠪᠤᠳᠠᠯ ᠲᠡᠶᠢᠰᠢ ᠬᠠᠨᠳᠤᠭᠤᠯᠤᠨ ᠬᠦᠴᠦᠨ ᠢᠶᠠᠨ ᠲᠥᠪᠯᠡᠷᠡᠭᠦᠯᠬᠦ ᠶᠢ ᠬᠦᠴᠦᠯᠡᠨ ᠠᠬᠢᠭᠤᠯᠤᠨ᠎ᠠ᠃ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ ᠢ ᠰᠤᠳᠤᠯᠤᠨ ᠲᠣᠭᠲᠠᠭᠠᠨ᠎ᠠ᠃ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶ᠎ᠡ ᠶᠢ ᠠᠵᠤ ᠠᠬᠤᠢ ᠶᠢᠨ ᠥᠰᠦᠯᠲᠡ ᠪᠠ ᠦᠨ᠎ᠡ ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠯᠳᠤᠭᠤᠯᠬᠤ ᠶᠢ ᠪᠠᠲᠤᠯᠠᠵᠤ᠂ ᠨᠡᠶᠢᠭᠡᠮ ᠤᠨ ᠶᠡᠷᠦᠩᠬᠡᠢ ᠪᠡᠯᠡ ᠲᠣᠬᠢᠷᠠᠭᠤᠯᠬᠤ ᠥᠪᠡᠷ ᠤᠨ ᠥᠷᠳᠡᠭ ᠢ ᠲᠣᠭᠲᠠᠭᠤᠨ ᠤ ᠳᠤᠮᠳᠠ ᠪᠠᠭᠤᠷᠠᠭᠤᠯᠬᠤ ᠶᠢ ᠠᠬᠢᠭᠤᠯᠤᠨ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠰᠢᠨ᠎ᠡ ᠡᠭᠦᠳᠦᠯᠲᠡ ᠶᠢ ᠢᠳᠡᠪᠬᠢᠲᠡᠢ ᠠᠬᠢᠭᠤᠯᠤᠨ᠎ᠠ᠃

      ︵ᠭᠤᠷᠪᠠ︶ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ᠃ ᠠᠵᠢᠯ ᠣᠯᠭᠤᠯᠲᠠ ᠶᠢᠨ ᠪᠠᠭᠲᠠᠭᠠᠮᠵᠢ ᠶᠢ ᠨᠢ ᠥᠷᠭᠡᠳᠬᠡᠵᠦ ᠶᠠᠰᠤ ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠳᠠᠷᠤᠭᠠᠰᠤ ᠶᠢ ᠨᠢ ᠬᠥᠩᠭᠡᠷᠡᠭᠦᠯᠦᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠣᠯᠭᠤᠬᠤ ᠶᠢ ᠥᠷᠭᠡᠳᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠣᠨᠣᠴᠠᠲᠠᠢ ᠮᠥᠷᠲᠡᠭᠡᠨ ᠪᠦᠲᠦᠮᠵᠢᠲᠡᠢ ᠬᠡᠷᠡᠭᠵᠢᠭᠦᠯᠵᠦ᠂ ᠬᠤᠲᠠ ᠪᠠᠯᠭᠠᠰᠤᠨ ᠤ 18 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ ᠣᠯᠭᠤᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠠᠩᠭᠠᠯᠲᠠ ᠶᠢ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠠᠵᠢᠯ ᠣᠯᠭᠤᠬᠤ ᠵᠠᠮ ᠮᠥᠷ ᠪᠠ ᠠᠵᠢᠯ ᠤᠨ ᠪᠠᠶᠢᠷᠢ ᠶᠢ ᠢᠳᠡᠪᠬᠢᠲᠡᠢ ᠥᠷᠭᠡᠳᠬᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠤ ᠭᠠᠳᠠᠭᠰᠢ ᠰᠢᠯᠵᠢᠨ ᠠᠵᠢᠯ ᠣᠯᠬᠤ᠂ ᠣᠶᠢᠷ᠎ᠠ ᠬᠠᠪᠢ ᠪᠠᠷ ᠲᠤᠬᠠᠢ ᠶᠢᠨ ᠭᠠᠵᠠᠷ ᠲᠤ ᠪᠠᠨ ᠠᠵᠢᠯ ᠣᠯᠬᠤ ᠪᠠ ᠠᠮᠢᠳᠤᠯᠢᠭ ᠢᠶᠠᠷ ᠠᠵᠢᠯ ᠣᠯᠬᠤ ᠶᠢ ᠣᠯᠠᠨ ᠵᠠᠮ ᠮᠥᠷ ᠢᠶᠠᠷ ᠠᠬᠢᠭᠤᠯᠤᠨ᠎ᠠ᠃ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠳᠡᠯᠲᠡᠢ ᠬᠥᠮᠥᠰ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠶᠢᠨ ᠪᠦᠷᠢᠯᠳᠦᠭᠦᠨ᠂ ᠵᠡᠮᠳᠡᠭᠴᠦᠳ ᠵᠡᠷᠭᠡ ᠬᠦᠴᠢᠷᠳᠡᠯᠲᠡᠢ ᠣᠯᠠᠨ ᠲᠦᠮᠡᠨ ᠢ ᠰᠠᠭᠤᠷᠢ ᠠᠴᠠ ᠨᠢ ᠪᠠᠲᠤᠯᠠᠨ ᠬᠠᠪᠰᠤᠷᠤᠨ ᠲᠡᠳᠬᠦᠬᠦ ᠠᠵᠢᠯ ᠢ ᠣᠨᠣᠴᠠᠲᠠᠢ ᠰᠠᠶᠢᠲᠤᠷ ᠬᠢᠨ᠎ᠡ᠃ ︽ᠤᠷ᠎ᠠ ᠮᠡᠷᠭᠡᠰᠢᠯ ᠤᠨ ᠥᠪᠥᠷ ᠮᠣᠩᠭᠤᠯ ᠤᠨ ᠠᠵᠢᠯᠯᠠᠭᠠᠨ︾ ᠢ ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯᠲᠠᠨ ᠡᠯᠰᠡᠬᠦ ᠰᠠᠷ᠎ᠠ᠂ ︽ᠵᠠᠭᠤᠨ ᠡᠳᠦᠷ ᠮᠢᠩᠭᠠᠨ ᠲᠦᠮᠡᠨ ᠠᠵᠢᠯ ᠤᠨ ᠪᠠᠶᠢᠷᠢ ᠬᠠᠩᠭᠠᠬᠤ︾ ᠠᠵᠢᠯᠲᠠᠨ ᠡᠯᠰᠡᠬᠦ ᠲᠤᠰᠬᠠᠢ ᠠᠵᠢᠯᠯᠠᠭᠠᠨ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠨ᠎ᠠ᠃

      ᠬᠤᠶᠠᠷ᠂ ᠠᠵᠤ ᠦᠢᠯᠡᠰ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ 

      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭᠠᠨ ᠤ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠠᠶᠢᠵᠢᠷᠠᠭᠤᠯᠵᠤ ᠳᠡᠭᠡᠭᠰᠢᠯᠡᠭᠦᠯᠦᠨ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠤᠨ ᠪᠣᠶᠢᠵᠢᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠷᠠᠯᠠᠬᠢᠯᠠᠯᠲᠤ ᠴᠢᠨᠠᠷᠲᠠᠢ ᠪᠠᠷ ᠬᠥᠭᠵᠢᠭᠦᠯᠦᠨ᠂ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠤᠨ ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃

      ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠡᠭᠦᠳᠦᠯᠲᠡ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ 2.0 ᠬᠡᠪᠯᠡᠯ ᠢ ᠴᠣᠭᠴᠠᠯᠠᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠠᠵᠢᠯ ᠤᠨ ᠲᠥᠰᠥᠯ ᠢ ᠨᠡᠶᠢᠲᠡᠯᠡᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠤᠭᠤᠯᠤᠯᠲᠠ ᠶᠢᠨ ᠵᠠᠶᠢᠯᠠᠰᠢ ᠦᠭᠡᠢ ᠨᠡᠮᠡᠭᠳᠡᠯ ᠢ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ ᠭᠤᠷᠪᠠᠨ ᠶᠡᠭᠡ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠵᠤ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠬᠤᠪᠣᠷ ᠰᠢᠷᠣᠢ᠂ ᠡᠪᠡᠰᠦᠨ ᠤ ᠦᠢᠯᠡᠰ ᠤᠨ ᠥᠨᠳᠥᠷ ᠴᠢᠳᠠᠮᠵᠢ ᠶᠢᠨ ᠳᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠴᠣᠭᠴᠠᠯᠠᠨ᠂ ᠬᠤᠸᠠᠢ ᠷᠧᠦ ᠶᠢᠨ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠳᠠᠬᠢ ᠰᠠᠭᠤᠷᠢᠨ ᠭᠠᠵᠠᠷ ᠢ ᠴᠣᠬᠤᠯᠠᠪᠤᠷᠢᠯᠠᠨ ᠵᠥᠪᠰᠢᠶᠡᠷᠡᠭᠦᠯᠬᠦ᠂ ᠮᠤᠵᠢ ᠶᠠᠮᠤᠨ ᠤ ᠬᠠᠮᠲᠤᠷᠠᠨ ᠪᠠᠶᠢᠭᠤᠯᠤᠭᠰᠠᠨ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠦᠷᠡᠵᠢᠯ ᠢ ᠡᠵᠡᠮᠰᠢᠨ ᠲᠣᠬᠢᠷᠠᠭᠤᠯᠬᠤ ᠪᠠ ᠦᠷᠡᠵᠢᠭᠦᠯᠦᠨ ᠪᠣᠶᠢᠵᠢᠭᠤᠯᠬᠤ ᠤᠯᠤᠰ ᠤᠨ ᠭᠤᠣᠯᠳᠠᠯᠭᠠᠲᠤ ᠲᠤᠷᠰᠢᠯᠲᠠ ᠶᠢᠨ ᠲᠠᠰᠤᠭ ᠢ ᠪᠥᠬᠦ ᠤᠯᠤᠰ ᠤᠨ ᠭᠤᠣᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠤᠨ ᠴᠤᠪᠤᠷᠠᠯ ᠳᠤ ᠣᠷᠣᠭᠤᠯᠬᠤ ᠪᠠᠷ ᠴᠢᠷᠮᠠᠶᠢᠨ᠎ᠠ᠃ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ ᠬᠠᠮᠲᠤᠷᠠᠨ ᠪᠠᠶᠢᠭᠤᠯᠬᠤ ᠰᠢᠨ᠎ᠡ ᠡᠭᠦᠳᠦᠯᠲᠡ ᠶᠢᠨ ᠲᠠᠪᠴᠠᠩ ᠢ 20 ᠰᠢᠨ᠎ᠡ ᠪᠠᠷ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠭᠠᠨ ᠢ ᠦᠷᠭᠦᠯᠵᠢᠯᠡᠨ ᠬᠡᠷᠡᠭᠵᠢᠭᠦᠯᠵᠦ᠂ ᠬᠥᠲᠥᠴᠢ ᠠᠵᠤ ᠠᠬᠤᠶᠢᠯᠠᠯ ᠠᠴᠠ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ 50 ᠠᠴᠠ ᠳᠡᠭᠡᠭᠰᠢ ᠪᠠᠶᠢᠭᠤᠯᠬᠤ ᠶᠢ ᠵᠣᠷᠢᠭᠵᠢᠭᠤᠯᠤᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2000᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 3000 ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠲᠣᠭᠲᠠᠴᠠ ᠶᠢ ᠪᠦᠷᠢᠨᠰᠢᠭᠦᠯᠦᠨ᠎ᠡ᠃ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠥᠰᠥᠯ ᠢ ᠲᠣᠭᠲᠠᠭᠠᠵᠤ᠂ ᠨᠡᠭᠦᠷᠡᠰᠦᠲᠥ᠋ᠷᠥᠭᠴᠢ ᠪᠠᠭᠠᠲᠠᠢ ᠡᠨᠧᠷᠭᠢ ᠶᠢᠨ ᠰᠤᠷᠪᠤᠯᠵᠢ ᠵᠡᠷᠭᠡ ᠬᠦᠷᠢᠶᠡᠨ ᠤ ᠲᠣᠭᠤᠷᠢᠨ ᠳᠤ᠂ ᠰᠢᠨ᠎ᠡ ᠬᠡᠯᠪᠡᠷᠢ ᠶᠢᠨ ᠨᠦᠬᠡᠴᠡ ᠡᠨᠧᠷᠭᠢ᠂ ᠤᠰᠤᠲᠥ᠋ᠷᠥᠭᠴᠢ ᠡᠨᠧᠷᠭᠢ᠂ ᠥᠨᠳᠥᠷ ᠴᠢᠳᠠᠮᠵᠢᠲᠤ ᠨᠡᠶᠢᠯᠡᠮᠡᠯ ᠮᠠᠲ᠋ᠧᠷᠢᠶᠠᠯ ᠵᠡᠷᠭᠡ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠶᠢᠯᠠᠭᠰᠠᠨ ᠲᠤᠰᠬᠠᠢ ᠮᠡᠷᠭᠡᠵᠢᠯᠲᠡᠨ᠂ ᠰᠢᠨ᠎ᠡ ᠶᠢ ᠡᠭᠦᠳᠬᠦ ᠪᠦᠯᠬᠦᠮ ᠢ ᠢᠳᠡᠪᠬᠢᠲᠡᠢ ᠣᠷᠣᠭᠤᠯᠤᠨ ᠠᠪᠴᠢᠷᠠᠵᠤ ᠰᠤᠳᠤᠯᠤᠨ ᠨᠡᠭᠡᠭᠡᠬᠦ ᠶᠢ ᠥᠷᠨᠢᠭᠦᠯᠦᠨ᠂ ᠮᠡᠷᠭᠡᠵᠢᠯ ᠤᠨ ᠪᠣᠭᠤᠮᠲᠠ ᠰᠢᠪᠲᠤᠯᠬᠤ᠂ ᠠᠵᠤ ᠦᠢᠯᠡᠰ ᠢ ᠪᠣᠶᠢᠵᠢᠭᠤᠯᠬᠤ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃

      ︵ᠬᠤᠶᠠᠷ︶ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠤᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ︽1+7︾ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠬᠡᠷᠡᠭᠵᠢᠭᠦᠯᠦᠨ᠎ᠡ᠃ ᠣᠯᠠᠨ ᠡᠰᠢᠵᠢᠭᠦᠯᠦᠨ ᠬᠥᠭᠵᠢᠭᠦᠯᠬᠦ ᠣᠯᠠᠨ ᠲᠤᠶᠢᠯ ᠢᠶᠠᠷ ᠲᠤᠯᠭᠠᠭᠤᠷᠢᠯᠠᠬᠤ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ ᠢ ᠨᠡᠶᠢᠲᠡᠯᠡᠨ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ ᠨᠠᠶᠢᠳᠠᠪᠤᠷᠢᠵᠢᠭᠤᠯᠵᠤ᠂ ᠶᠡᠭᠡ ᠬᠡᠪᠴᠢᠶᠡᠨ ᠤ ᠮᠡᠷᠭᠡᠵᠢᠯ ᠤᠨ ᠥᠭᠡᠷᠡᠴᠢᠯᠡᠨ ᠰᠢᠨᠡᠳᠭᠡᠵᠦ ᠳᠡᠰ ᠳᠡᠪᠰᠢᠭᠦᠯᠬᠦ ᠢᠨᠵᠧᠨᠧᠷᠢᠩ ᠪᠠ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ ᠬᠥᠭᠵᠢᠭᠦᠯᠬᠦ ᠠᠵᠢᠯᠯᠠᠭᠠᠨ ᠢ ᠬᠡᠷᠡᠭᠵᠢᠭᠦᠯᠦᠨ᠂ ᠥᠨᠳᠥᠷ ᠬᠢᠷᠢ ᠲᠦᠪᠰᠢᠨ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 4000 ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠵᠤ᠂ ᠤᠯᠤᠰ ᠤᠨ ᠳᠡᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ 1᠂ ᠥᠪᠡᠷᠲᠡᠭᠡᠨ ᠵᠠᠰᠠᠬᠤ ᠣᠷᠣᠨ ᠤ ᠳᠡᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ 10 ᠪᠣᠶᠢᠵᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 300᠂ ︽ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ 60 ᠪᠣᠶᠢᠵᠢᠭᠤᠯᠤᠨ᠎ᠠ᠃ ᠲᠣᠭᠠᠵᠢᠯᠲᠤ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠠᠵᠤ ᠦᠢᠯᠡᠰ ᠤᠨ ᠲᠣᠭᠠᠵᠢᠭᠤᠯᠤᠯᠲᠠ ᠪᠠ ᠲᠣᠭᠠᠵᠢᠯᠲᠠ ᠶᠢᠨ ᠠᠵᠤ ᠦᠢᠯᠡᠰᠵᠢᠯᠲᠡ ᠶᠢ ᠲᠦᠷᠭᠡᠳᠬᠡᠵᠦ᠂ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 60 ᠲᠦᠮᠡ ᠰᠢᠨ᠎ᠡ ᠪᠠᠷ ᠨᠡᠮᠡᠭᠳᠡᠭᠦᠯᠦᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠲᠣᠭᠠᠵᠢᠭᠤᠯᠤᠭᠰᠠᠨ ᠨᠣᠷᠮ᠎ᠠ ᠶᠢ 50% ᠳᠤ ᠬᠦᠷᠦᠭᠦᠯᠵᠦ᠂ ᠵᠠᠩᠭᠢᠯᠠᠭ᠎ᠠ ᠶᠢᠨ ᠠᠵᠢᠯ ᠤᠨ ᠴᠤᠪᠤᠷᠠᠯ ᠤᠨ ᠲᠣᠭᠠᠵᠢᠭᠤᠯᠤᠨ ᠡᠵᠡᠮᠰᠢᠬᠦ ᠨᠣᠷᠮ᠎ᠠ ᠶᠢ 61% ᠳᠤ ᠬᠦᠷᠦᠭᠦᠯᠦᠨ᠎ᠡ᠃ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠠᠵᠢᠯᠯᠠᠭᠠᠨ ᠤ ᠲᠥᠰᠥᠯ ᠢ ᠨᠡᠶᠢᠲᠡᠯᠡᠵᠦ᠂ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠨ ᠰᠢᠨᠡᠳᠭᠡᠬᠦ ᠲᠥᠷᠥᠯ ᠵᠦᠢᠯ ᠢ 70 ᠬᠡᠷᠡᠭᠵᠢᠭᠦᠯᠦᠨ᠂ ᠵᠢᠯ ᠤᠨ ᠳᠣᠲᠣᠷ᠎ᠠ ᠡᠨᠧᠷᠭᠢ ᠠᠷᠪᠢᠯᠠᠭᠰᠠᠨ ᠬᠡᠮᠵᠢᠶ᠎ᠡ ᠶᠢ 50 ᠲᠦᠮᠡᠨ ᠲᠣᠨ ᠪᠠᠷᠢᠮᠵᠢᠶᠠᠲᠤ ᠨᠡᠭᠦᠷᠡᠰᠦ᠂ ᠤᠰᠤ ᠠᠷᠪᠢᠯᠠᠭᠰᠠᠨ ᠬᠡᠮᠵᠢᠶ᠎ᠡ ᠶᠢ 700 ᠲᠦᠮᠡᠨ ᠲᠣᠨ ᠪᠡᠶᠡᠯᠡᠭᠦᠯᠵᠦ᠂ ᠪᠣᠯᠣᠳ ᠲᠡᠮᠦᠷ ᠤᠨ ᠬᠤᠴᠣᠷᠤᠩᠭᠤᠢ ᠬᠢᠵᠠᠭᠠᠷᠲᠠᠢ ᠦᠢᠯᠡᠳᠪᠦᠷᠢᠯᠡᠯ ᠤᠨ ᠴᠢᠳᠠᠪᠤᠷᠢ ᠶᠢ 510 ᠲᠦᠮᠡᠨ ᠲᠣᠨ ᠪᠤᠴᠠᠭᠠᠨ ᠭᠠᠷᠭᠠᠵᠤ᠂ ᠪᠣᠬᠢᠷᠲᠤᠯ ᠦᠭᠡᠢ ᠦᠢᠯᠡᠳᠪᠦᠷᠢ ᠶᠢ 20᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ 4 ᠡᠭᠦᠳᠦᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃

      ︵ᠭᠤᠷᠪᠠ︶ ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠢ ᠲᠡᠷᠢᠭᠦᠨ ᠤ ᠦᠢᠯᠡᠳᠬᠦ ᠦᠢᠯᠡᠰ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠᠷᠢᠯᠭ᠎ᠠ᠂ ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠶᠡᠷᠦᠩᠬᠡᠶᠢᠯᠡᠭᠰᠡᠨ ᠪᠠᠷᠠᠭ᠎ᠠ ᠲᠡᠭᠡᠭᠡᠪᠦᠷᠢᠯᠡᠬᠦ ᠬᠦᠢᠰᠦ ᠪᠦᠬᠦᠢ ᠬᠡᠯᠬᠢᠶ᠎ᠡ ᠶᠢ ᠨᠥᠬᠦᠪᠦᠷᠢᠯᠡᠬᠦ ᠴᠢᠩᠳᠠᠯᠠᠬᠤ ᠬᠤᠲᠠ ᠪᠠ ᠣᠳᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠴᠡᠭ ᠪᠦᠬᠦᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠬᠡᠯᠪᠡᠷᠢ ᠪᠦᠬᠦᠢ ᠬᠤᠯᠪᠣᠭᠠᠯᠠᠨ ᠲᠡᠭᠡᠭᠡᠪᠦᠷᠢᠯᠡᠵᠦ ᠵᠢᠱᠢᠶ᠎ᠡ ᠦᠵᠡᠭᠦᠯᠬᠦ ᠢᠨᠵᠧᠨᠧᠷᠢᠩ ᠢ ᠠᠬᠢᠭᠤᠯᠤᠨ᠂ ︽ᠠᠶᠠᠨᠴᠢᠳ ᠤᠨ ᠲᠡᠭᠡᠭᠡᠪᠦᠷᠢ ᠪᠠᠷᠠᠭᠠᠨ ᠤ ᠭᠦᠢᠯᠭᠡᠭᠡ ᠰᠢᠤᠳᠠᠨ ᠤ ᠲᠦᠷᠭᠡᠨ ᠢᠯᠡᠭᠡᠯᠲᠡ︾ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠣᠰᠬᠤᠨ ᠤ ᠱᠠᠲᠤᠨ ᠤ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠪᠠᠷᠢᠮᠵᠢᠶᠠᠵᠢᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 5000 ᠪᠠᠶᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ᠂ ᠪᠣᠬᠢᠷᠲᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠵᠢᠯᠲᠤ ᠮᠥᠩᠭᠦᠨ ᠭᠦᠢᠯᠭᠡᠭᠡ ᠶᠢ ᠶᠡᠭᠡ ᠪᠠᠷ ᠬᠥᠭᠵᠢᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠠᠵᠤ ᠠᠬᠤᠶᠢᠯᠠᠯ ᠤᠨ ᠪᠥᠬᠦ ᠦᠶᠡᠯᠡᠯ ᠤᠨ ᠬᠤᠭᠤᠴᠠᠭᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ ︽ᠲᠢᠶᠠᠨ ᠵᠢᠶᠦ᠋ᠨ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠦᠨ᠂ ᠣᠯᠠᠨ ᠳᠡᠰ ᠳᠠᠪᠬᠤᠷᠭᠠᠲᠤ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠣᠯᠠᠨ ᠡᠰᠢᠵᠢᠭᠦᠯᠦᠭᠰᠡᠨ ᠪᠡᠯᠡ ᠲᠣᠬᠢᠷᠠᠭᠤᠯᠤᠯᠲᠠ ᠥᠷᠨᠢᠭᠦᠯᠬᠦ ᠶᠢ ᠠᠬᠢᠭᠤᠯᠤᠨ᠎ᠠ᠃ ᠯᠤᠤ ᠨᠢᠦ ᠸᠠᠨ ᠬᠠᠳᠤᠨ ᠭᠤᠣᠯ ᠤᠨ ᠶᠡᠭᠡ ᠬᠠᠪᠴᠢᠯ᠂ ᠤᠯᠠᠭᠠᠢ ᠶᠢᠨ ᠶᠢᠰᠦᠨ ᠤᠭᠠᠯᠵᠠ ᠵᠡᠷᠭᠡ ᠦᠵᠡᠮᠵᠢ ᠶᠢᠨ ᠣᠷᠣᠨ ᠤ ᠤᠯᠤᠰ ᠤᠨ 5A ᠳᠡᠰ ᠤᠨ ᠵᠢᠭᠤᠯᠴᠢᠯᠠᠯ ᠤᠨ ᠣᠷᠣᠨ ᠤ ᠪᠠᠷᠢᠮᠵᠢᠶ᠎ᠠ ᠶᠣᠰᠣᠭᠠᠷ ᠴᠢᠨᠠᠷ ᠢᠶᠠᠨ ᠳᠡᠭᠡᠭᠰᠢᠯᠡᠭᠦᠯᠵᠦ ᠳᠡᠰ ᠳᠡᠪᠰᠢᠭᠦᠯᠬᠦ ᠶᠢ ᠨᠢ ᠳᠡᠮᠵᠢᠨ᠂ ᠤᠷᠳᠤ ᠴᠠᠭᠠᠨ ᠬᠡᠷᠡᠮ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ︽ᠬᠥᠷ ᠬᠥᠭᠵᠢᠶᠡᠨᠲᠡᠢ ᠬᠥᠭᠵᠢᠭᠦᠯᠬᠦ ᠲᠥᠯᠥᠪᠯᠡᠭᠡ︾ ᠶᠢ ᠬᠡᠷᠡᠭᠵᠢᠭᠦᠯᠦᠨ᠂ ᠵᠢᠭᠤᠯᠴᠢᠯᠠᠭᠴᠢᠳ ᠢ ᠬᠦᠯᠢᠶᠡᠨ ᠵᠣᠴᠢᠯᠠᠬᠤ ᠬᠡᠮᠵᠢᠶ᠎ᠡ ᠶᠢ 2.5 ᠳ᠋ᠦᠩᠰᠢᠭᠤᠷ ᠤᠳᠠᠭ᠎ᠠ ᠠᠴᠠ ᠳᠠᠪᠠᠭᠤᠯᠬᠤ ᠪᠠᠷ ᠬᠦᠴᠦᠯᠡᠨ ᠴᠢᠷᠮᠠᠶᠢᠨ᠎ᠠ᠃ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠡᠯᠡᠨ ᠪᠠᠶᠢᠰᠢᠩ ᠪᠣᠷᠣᠯᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠂ ᠴᠢᠨᠠᠷᠯᠢᠭ ᠰᠠᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠪᠠᠶᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠤᠨ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠂ ᠪᠠᠷᠢᠯᠭ᠎ᠠ ᠶᠢᠨ ᠦᠢᠯᠡᠰ ᠤᠨ ᠦᠢᠯᠡᠳᠪᠦᠷᠢᠯᠡᠯ ᠤᠨ ᠥᠷᠳᠡᠭ ᠢ 1650 ᠳ᠋ᠦᠩᠰᠢᠭᠤᠷ ᠲᠥᠭᠦᠷᠢᠭ ᠣᠷᠴᠢᠮ ᠳᠤ ᠬᠦᠷᠦᠭᠦᠯᠬᠦ ᠪᠠᠷ ᠴᠢᠷᠮᠠᠶᠢᠨ᠎ᠠ᠃ ᠭᠡᠷ ᠠᠬᠤᠢ ᠶᠢᠨ ᠦᠢᠯᠡᠴᠢᠯᠡᠭᠡᠨ ᠤ ᠨᠢᠭᠡ ᠪᠦᠯᠦᠭ ᠨᠡᠷᠡᠲᠦ ᠲᠡᠮᠳᠡᠭ ᠢ ᠪᠣᠶᠢᠵᠢᠭᠤᠯᠤᠨ᠎ᠠ᠃

      ᠭᠤᠷᠪᠠ᠂ ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠭᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠬᠡᠷᠡᠭᠯᠡᠭᠡ ᠪᠠ ᠪᠡᠯᠡ ᠣᠷᠤᠭᠤᠯᠤᠯᠲᠠ ᠬᠠᠷᠢᠯᠴᠠᠨ ᠠᠬᠢᠭᠤᠯᠤᠯᠴᠠᠭᠰᠠᠨ ᠰᠠᠶᠢᠨ ᠣᠷᠴᠢᠯ ᠢ ᠲᠦᠷᠭᠡᠳᠬᠡᠨ ᠪᠣᠢ ᠪᠣᠯᠭᠠᠨ᠎ᠠ 

      ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠯᠡᠨ᠂ ᠳᠠᠯᠳᠠ ᠬᠡᠷᠡᠭᠯᠡᠭᠡ ᠶᠢ ᠬᠥᠭᠵᠢᠭᠡᠨ᠂ ᠦᠷ᠎ᠡ ᠠᠰᠢᠭ ᠲᠠᠢ ᠪᠡᠯᠡ ᠣᠷᠤᠭᠤᠯᠤᠯᠲᠠ ᠶᠢ ᠥᠷᠭᠡᠳᠭᠡᠨ᠂ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃

      ︵ᠨᠢᠭᠡ︶ ᠪᠡᠯᠡ ᠣᠷᠤᠭᠤᠯᠤᠯᠲᠠ ᠶᠢᠨ ᠬᠡᠮᠵᠢᠶ᠎ᠡ ᠴᠢᠨᠠᠷ ᠤᠨ ᠵᠡᠷᠭᠡ ᠪᠠᠷ ᠳᠡᠭᠡᠭᠰᠢᠯᠡᠬᠦ ᠶᠢ ᠯᠠᠪᠳᠠᠭᠤᠨ ᠠᠬᠢᠭᠤᠯᠤᠨ᠎ᠠ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠭᠤᠷᠪᠠᠨ ᠱᠠᠲᠤ ᠪᠠᠷ ᠢᠶᠠᠨ ᠤᠳᠤᠷᠢᠳᠤᠨ ᠳᠠᠭᠠᠭᠠᠴᠢᠯᠠᠨ ᠬᠠᠷᠢᠯᠴᠠᠬᠤ᠂ ᠴᠢᠬᠤᠯᠠ ᠶᠡᠭᠡ ᠲᠥᠷᠥᠯ ᠵᠦᠢᠯ ᠤᠨ ᠲᠢᠩᠬᠢᠮ ᠬᠠᠮᠲᠤᠷᠠᠭᠰᠠᠨ ᠬᠤᠷᠠᠯ᠂ ᠡᠮᠦᠨᠡᠬᠢ ᠬᠤᠭᠤᠴᠠᠭᠠᠨ ᠤ ᠭᠠᠷᠳᠠᠮ ᠢ ᠭᠤᠷᠪᠠᠨ ᠱᠠᠲᠤᠨ ᠤ ᠰᠠᠯᠠᠭ᠎ᠠ ᠮᠥᠴᠢᠷ ᠳᠠᠭᠠᠭᠠᠴᠢᠯᠠᠨ ᠬᠠᠷᠢᠯᠴᠠᠬᠤ ᠵᠡᠷᠭᠡ ᠲᠣᠭᠲᠠᠴᠠ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠭᠠᠵᠠᠷ ᠰᠢᠷᠣᠢ᠂ ᠡᠨᠧᠷᠭᠢ ᠶᠢᠨ ᠬᠤᠷᠣᠭᠳᠠᠯ᠂ ᠪᠡᠯᠡ ᠮᠥᠩᠭᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠵᠡᠷᠭᠡ ᠡᠯ᠎ᠡ ᠲᠥᠷᠥᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ᠃ ᠪᠡᠯᠡ ᠣᠷᠣᠭᠤᠯᠬᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠳᠠᠶᠢᠴᠢᠯᠠᠵᠤ ᠥᠷᠪᠢᠰᠭᠡᠬᠦ ᠨᠥᠯᠥᠭᠡᠯᠡᠯ ᠢ ᠨᠢ ᠰᠠᠶᠢᠲᠤᠷ ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠬᠦᠷᠢᠶᠡᠨ ᠤ ᠲᠣᠭᠲᠠᠮᠠᠯ ᠬᠥᠷᠥᠩᠭᠡ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ︵REITs︶ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃

      ︵ᠬᠤᠶᠠᠷ︶ ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠭᠡᠵᠦ ᠴᠢᠨᠠᠷ ᠢ ᠨᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠲᠷᠣᠨ ᠦᠢᠯᠡᠳᠭᠦᠨ ᠵᠡᠷᠭᠡ ᠥᠷᠭᠡᠨ ᠬᠡᠷᠡᠭᠴᠡᠭᠡᠨ ᠤ ᠬᠡᠷᠡᠭᠯᠡᠭᠡ ᠶᠢ ᠬᠥᠭᠵᠢᠭᠦᠯᠵᠦ᠂ ᠬᠤᠲᠠ ᠶᠢᠨ ᠨᠢᠭᠡ ᠮᠥᠴᠡ ᠶᠢᠨ ᠠᠷᠠᠳ ᠲᠤ ᠳᠥᠭᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠶᠠᠪᠠᠭᠠᠨ ᠵᠡᠭᠡᠯᠢ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠳᠡᠰ ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠬᠤ ᠪᠠᠷ ᠬᠥᠲᠥᠯᠥᠨ ᠵᠢᠯᠣᠭᠤᠳᠴᠦ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠦᠢᠯᠡᠰ ᠤᠨ ᠲᠣᠭᠲᠠᠯᠴᠠᠭᠠᠨ ᠤ ᠪᠠᠶᠢᠭᠤᠯᠤᠯᠲᠠ ᠶᠢᠨ ᠠᠵᠢᠯᠯᠠᠭᠠᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠠᠮᠠᠷᠠᠯᠲᠠ ᠪᠠ ᠪᠠᠶᠠᠷ ᠳᠤᠷᠠᠰᠬᠠᠯ ᠤᠨ ᠡᠳᠦᠷ ᠵᠡᠷᠭᠡ ᠬᠡᠷᠡᠭᠯᠡᠭᠡ ᠶᠢᠨ ᠬᠠᠯᠠᠮᠰᠢᠯ ᠴᠡᠭ ᠢ ᠨᠢᠭᠲᠠ ᠠᠳᠬᠤᠵᠤ᠂ ᠭᠤᠣᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠡᠯ᠎ᠡ ᠲᠥᠷᠥᠯ ᠤᠨ ᠣᠯᠠᠨ ᠶᠠᠩᠵᠤ ᠬᠡᠯᠪᠡᠷᠢ ᠪᠦᠬᠦᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠵᠢᠭᠤᠯᠴᠢᠯᠠᠯ ᠢ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠨ᠂ ᠡᠯᠧᠺᠲᠷᠣᠨ ᠬᠤᠳᠠᠯᠳᠤᠭᠠᠠᠨ ᠤ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠣᠶᠤᠨᠯᠢᠭ ᠭᠡᠷ ᠥᠷᠥᠭᠡ᠂ ᠰᠣᠶᠣᠯ ᠵᠤᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠰᠢᠨ᠎ᠡ ᠬᠡᠷᠡᠭᠯᠡᠭᠡ ᠶᠢᠨ ᠥᠰᠦᠯᠲᠡ ᠶᠢᠨ ᠴᠡᠭ ᠢ ᠪᠣᠶᠢᠵᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ᠂ ᠲᠣᠣᠷ ᠰᠦᠯᠵᠢᠶᠡᠨ ᠤ ᠬᠡᠷᠡᠭᠯᠡᠭᠡ᠂ ᠲᠣᠭᠠᠵᠢᠯᠲᠤ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ᠂ ᠡᠷᠡᠭᠦᠯ ᠬᠡᠷᠡᠭᠯᠡᠭᠡ ᠶᠢᠨ ᠳᠠᠯᠳᠠ ᠬᠦᠴᠦᠨ ᠢ ᠰᠡᠷᠭᠦᠭᠡᠨ᠎ᠡ᠃ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠪᠠ ᠬᠠᠭᠤᠴᠢᠨ ᠬᠡᠷᠡᠭᠯᠡᠭᠡ ᠶᠢᠨ ᠵᠦᠢᠯ ᠢ ᠰᠢᠨ᠎ᠡ ᠪᠠᠷ ᠰᠣᠯᠢᠬᠤ ᠶᠢ ᠠᠬᠢᠭᠤᠯᠤᠨ᠎ᠠ᠃

      ︵ᠭᠤᠷᠪᠠ︶ ᠴᠢᠬᠤᠯᠠ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ G5511 ᠲᠦᠩᠯᠢᠶᠣᠣ ᠳᠠᠬᠢ ᠬᠡᠰᠡᠭ᠂ G0616 ᠭᠠᠭᠴᠠᠮᠣᠳᠤ ᠠᠴᠠ ᠬᠠᠯᠢᠭᠤᠲᠤ ᠬᠦᠷᠬᠦ ᠬᠡᠰᠡᠭ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ ᠪᠠ ᠨᠢᠰᠦᠯᠲᠡ ᠶᠢᠨ ᠲᠣᠭᠤᠷᠢᠭ ᠵᠡᠷᠭᠡ ᠲᠥᠷᠥᠯ ᠵᠦᠢᠯ ᠢ ᠪᠠᠶᠢᠭᠤᠯᠵᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ︵ᠪᠠᠶᠠᠨᠬᠤᠲᠠ ᠠᠴᠠ ᠢᠷᠭᠠᠢ ᠬᠦᠷᠬᠦ ᠰᠠᠯᠪᠤᠷᠢ ᠱᠤᠭᠤᠮ ᠢ ᠪᠠᠭᠲᠠᠭᠠᠨ᠎ᠠ︶᠂ G1816 ᠦᠬᠠᠢ — ᠱᠢ ᠽᠦᠢ ᠱᠠᠨ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠮᠤᠬᠤᠷ ᠵᠠᠮ ᠢ ᠬᠦᠴᠦᠯᠡᠨ ᠨᠡᠪᠲᠡᠷᠡᠭᠦᠯᠵᠦ᠂ ᠪᠣᠭᠤᠮᠢ ᠬᠦᠯᠢᠶᠡᠰᠦᠯᠡᠯ ᠪᠣᠯᠬᠤ ᠵᠠᠮ ᠢ ᠳᠡᠰ ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠵᠤ᠂ ᠲᠦᠷᠭᠡᠨ ᠤ ᠵᠠᠰᠠᠮᠠᠯ ᠵᠠᠮ ᠤᠨ ᠵᠡᠭᠦᠨ ᠪᠠᠷᠠᠭᠤᠨ ᠤ ᠶᠡᠭᠡ ᠨᠡᠪᠲᠡᠷᠡᠯ ᠵᠠᠮ ᠤᠨ ᠪᠥᠬᠦ ᠱᠤᠭᠤᠮ ᠢᠶᠠᠷ ᠨᠡᠪᠲᠡᠷᠡᠬᠦ ᠶᠢ ᠪᠡᠶᠡᠯᠡᠭᠦᠯᠦᠨ᠂ ᠵᠢᠨᠢᠩ ᠠᠴᠠ ᠳ᠋ᠠᠲ᠋ᠦ᠋ᠩ ᠠᠴᠠ ᠶᠤᠸᠠᠨᠫᠢᠩ ᠬᠦᠷᠬᠦ ᠲᠦᠷᠭᠡᠨ ᠤ ᠲᠡᠮᠦᠷ ᠵᠠᠮ ᠢ ᠪᠠᠶᠢᠭᠤᠯᠵᠤ ᠲᠡᠷᠭᠡ ᠨᠡᠪᠲᠡᠷᠡᠭᠦᠯᠦᠨ᠂ ᠣᠷᠳᠣᠰ ᠠᠴᠠ ᠢᠥᠢ ᠯᠢᠨ ᠠᠴᠠ ᠶᠠᠨ ᠠᠨ ᠬᠦᠷᠬᠦ ᠲᠦᠷᠭᠡᠨ ᠤ ᠲᠡᠮᠦᠷ ᠵᠠᠮ ᠤᠨ ᠵᠢᠯ ᠤᠨ ᠳᠣᠲᠣᠷ᠎ᠠ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠨᠦᠭᠦᠴᠡᠯ ᠢ ᠪᠦᠷᠢᠯᠳᠦᠭᠦᠯᠦᠨ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 5000 ᠺᠢᠯᠣᠮᠧᠲᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ᠂ 4400 ᠺᠢᠯᠣᠮᠧᠲᠷ ᠢ ᠪᠠᠶᠢᠭᠤᠯᠵᠤ ᠳᠠᠭᠤᠰᠬᠠᠬᠤ ᠪᠠᠷ ᠬᠦᠴᠦᠯᠡᠨ ᠴᠢᠷᠮᠠᠶᠢᠨ᠎ᠠ᠃

      ᠳᠥᠷᠪᠡ᠂ ᠬᠥᠭᠵᠢᠯᠲᠡ ᠶᠢᠨ ᠣᠷᠴᠢᠨ ᠨᠦᠭᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ

      ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠦᠨᠡᠨᠴᠢ ᠢᠲᠡᠭᠡᠮᠵᠢ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠭᠴᠢ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃

      ︵ᠨᠢᠭᠡ︶ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠣᠨ︾ ᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠶᠡᠷᠦᠩᠬᠡᠢ ᠲᠥᠰᠥᠯ ᠢ ᠨᠡᠶᠢᠲᠡᠯᠡᠨ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ︾ ᠤᠨ ᠬᠠᠥᠯᠢ ᠲᠣᠭᠲᠠᠭᠠᠬᠤ ᠠᠵᠢᠯ ᠢ ᠠᠬᠢᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠨᠢᠭᠡ ᠪᠦᠯᠦᠭ ᠲᠣᠪᠣᠶᠢᠮ᠎ᠠ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠦᠨᠡᠨᠴᠢ ᠢᠲᠡᠭᠡᠮᠵᠢ ᠶᠢᠨ ᠲᠣᠭᠲᠠᠯᠴᠠᠭᠠᠨ ᠤ ᠪᠠᠶᠢᠭᠤᠯᠤᠯᠲᠠ ᠶᠢᠨ ᠬᠦᠴᠢᠷ ᠠᠰᠠᠭᠤᠳᠠᠯ ᠲᠦᠭᠵᠢᠷᠡᠯ ᠠᠰᠠᠭᠤᠳᠠᠯ ᠢ ᠰᠢᠢᠳᠪᠦᠷᠢᠯᠡᠨ᠂ ᠬᠥᠮᠥᠨ ᠪᠣᠯᠭᠠᠨ᠂ ᠶᠠᠪᠤᠳᠠᠯ ᠪᠣᠯᠭᠠᠨ᠂ ᠴᠠᠭ ᠪᠣᠯᠭᠠᠨ᠂ ᠭᠠᠵᠠᠷ ᠪᠣᠯᠭᠠᠨ ᠳᠤ ᠦᠨᠡᠨᠴᠢ ᠢᠲᠡᠭᠡᠮᠵᠢᠲᠡᠢ ᠪᠠᠶᠢᠬᠤ ᠳᠤ ᠠᠰᠢᠭᠲᠠᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ᠂ ᠨᠡᠶᠢᠭᠡᠮ ᠤᠨ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠳᠤ ᠢᠲᠡᠭᠡᠭᠦᠯᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠥᠪᠥᠷ ᠮᠣᠩᠭᠤᠯᠴᠤᠳ ᠤᠨ ᠦᠨᠡᠨᠴᠢ ᠢᠲᠡᠭᠡᠮᠵᠢ ᠶᠢ ᠡᠷᠬᠢᠮᠯᠡᠨ᠂ ᠢᠲᠡᠭᠡᠮᠵᠢ ᠲᠠᠢ ᠪᠠᠶᠢᠬᠤ ᠳᠦᠷᠢ ᠲᠥᠷᠬᠦ ᠶᠢ ᠪᠣᠢ ᠪᠣᠯᠭᠠᠨ᠂ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠪᠣᠢ ᠪᠣᠯᠭᠠᠨ᠎ᠠ᠃

      ︵ᠬᠤᠶᠠᠷ︶ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ︽ᠬᠤᠶᠠᠷ ᠣᠭᠲᠣ ᠭᠤᠶᠢᠪᠢᠰᠢ ᠦᠭᠡᠢ︾ ᠶᠢ ᠡᠷᠡᠰ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ 4.0 ᠬᠡᠪᠯᠡᠯ ᠤᠨ ᠲᠥᠰᠥᠯ ᠢ ᠲᠣᠭᠲᠠᠭᠠᠨ ᠨᠡᠶᠢᠲᠡᠯᠡᠵᠦ ᠬᠡᠷᠡᠭᠵᠢᠭᠦᠯᠦᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠶᠡᠷᠦᠩᠬᠡᠶᠢᠯᠡᠭᠰᠡᠨ ᠴᠣᠩᠬᠤᠪᠴᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠵᠦᠢᠯᠡᠰ ᠤᠨ ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠤᠨ᠎ᠠ᠃ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠶᠢᠩᠭᠤᠵᠢᠭᠤᠯᠤᠭᠰᠠᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠣᠶᠢᠵᠢᠯᠲᠠ ᠬᠥᠭᠵᠢᠯᠲᠡ ᠶᠢᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠂ ᠡᠵᠡᠩᠨᠡᠯᠲᠡ ᠶᠢᠨ ᠭᠤᠣᠯ ᠴᠣᠭᠴᠠ ᠶᠢ 30 ᠲᠦᠮᠡᠨ ᠡᠷᠦᠬᠡ ᠠᠴᠠ ᠳᠡᠭᠡᠭᠰᠢ ᠰᠢᠨ᠎ᠡ ᠪᠠᠷ ᠪᠣᠶᠢᠵᠢᠭᠤᠯᠵᠤ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠬᠤ︾ ᠶᠢ 400 ᠡᠷᠦᠬᠡ ᠠᠴᠠ ᠳᠡᠭᠡᠭᠰᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠨ᠎ᠠ᠃

      ︵ᠭᠤᠷᠪᠠ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠪᠦᠰᠡᠯᠡᠯᠲᠡ ᠰᠢᠪᠲᠤᠯᠬᠤ︾ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ᠂ ︽ᠥᠪᠥᠷ ᠮᠣᠩᠭᠤᠯ ᠨᠡᠷᠡᠮᠵᠢᠲᠦ︾ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠩᠨᠡᠭᠡ ᠶᠢ ᠲᠦᠷᠭᠡᠳᠬᠡᠨ ᠪᠠᠶᠢᠭᠤᠯᠵᠤ᠂ ᠭᠠᠵᠠᠷ ᠰᠢᠨᠵᠢᠯᠡᠭᠡ ᠠᠭᠤᠷᠬᠠᠢ᠂ ᠨᠡᠭᠦᠷᠡᠰᠦ ᠬᠠᠶᠢᠬᠤ᠂ ᠥᠩᠭᠡᠲᠦ ᠲᠡᠮᠦᠷᠯᠢᠭ 3 ᠠᠵᠤ ᠠᠬᠤᠶᠢᠯᠠᠯ ᠳᠤ ᠥᠭᠡᠷᠡᠴᠢᠯᠡᠯᠲᠡ ᠬᠢᠵᠦ ᠳᠠᠬᠢᠨᠲᠠ ᠵᠣᠬᠢᠶᠠᠨ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠂ ᠳᠤᠮᠳᠠᠳᠤ ᠤᠯᠤᠰ ᠤᠨ ᠣᠨᠴᠠᠯᠢᠭ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠳᠣ ᠦᠶ᠎ᠡ ᠶᠢᠨ ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠭᠤᠷᠪᠠᠨ ᠵᠦᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠠᠯᠳᠠᠪᠤᠷᠢ ᠶᠢᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠴᠢᠨᠠᠷ ᠢᠶᠠᠨ ᠳᠡᠭᠡᠭᠰᠢᠯᠡᠭᠦᠯᠵᠦ ᠬᠥᠷᠥᠩᠭᠡ ᠪᠠᠨ ᠨᠡᠮᠡᠭᠳᠡᠭᠦᠯᠦᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠶᠡᠭᠡ ᠪᠠᠷ ᠠᠬᠢᠭᠤᠯᠤᠨ᠎ᠠ᠃ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠪᠣᠭᠤᠮᠲᠠ ᠰᠢᠪᠲᠤᠯᠬᠤ ᠶᠢ ᠴᠢᠩᠭᠠᠷᠠᠭᠤᠯᠬᠤ ᠶᠢ ᠨᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠦᠢᠯᠡᠳᠪᠦᠷᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃

      ᠲᠠᠪᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ

      ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠨ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠯᠤᠭ᠎ᠠ ᠨᠡᠶᠢᠯᠡᠭᠦᠯᠦᠨ ᠨᠢᠭᠡ ᠴᠣᠭᠴᠠ ᠪᠣᠯᠭᠠᠬᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠪᠡᠶᠡᠯᠡᠭᠦᠯᠵᠦ᠂ ᠠᠮᠢ ᠠᠬᠤᠢ ᠶᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠣᠯᠠᠨ ᠲᠠᠯ᠎ᠠ ᠪᠠᠷ ᠠᠰᠢᠭ ᠬᠦᠷᠲᠡᠬᠦ ᠶᠢ ᠴᠢᠷᠮᠠᠶᠢᠨ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠨ᠎ᠠ᠃

      ︵ᠨᠢᠭᠡ︶ ︽ᠤᠮᠠᠷᠠᠲᠤ ᠶᠢᠨ ᠭᠤᠷᠪᠠᠨ ᠣᠷᠣᠨ︾ ᠤ ᠰᠢᠪᠲᠤᠯᠤᠯᠲᠠ ᠶᠢᠨ ᠳᠠᠶᠢᠯᠠᠯᠳᠤᠭᠠᠨ ᠢ ᠪᠥᠬᠦ ᠬᠦᠴᠦᠨ ᠢᠶᠠᠷ ᠰᠠᠶᠢᠲᠤᠷ ᠪᠡᠶᠡᠯᠡᠭᠦᠯᠦᠨ᠎ᠡ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠭᠠᠨ ᠬᠤᠭᠤᠴᠠᠭᠠᠨ ᠤ ᠲᠥᠯᠥᠪᠵᠢᠭᠦᠯᠭᠡ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ᠂ ᠬᠠᠳᠤᠨ ᠭᠤᠣᠯ ᠤᠨ ︽ᠶᠡᠭᠡ ᠲᠣᠬᠤᠢ︾  ᠶᠢᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠵᠠᠰᠠᠯᠲᠠ᠂ ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ᠂ ᠲᠡᠭᠷᠢ — ᠪᠠᠳᠠᠢ ᠶᠢᠨ ᠵᠢᠷᠠᠨ ᠤ ᠡᠯᠡᠰᠦᠨ ᠴᠥᠯ ᠤᠨ ᠬᠥᠪᠡᠭᠡ ᠶᠢ ᠴᠢᠳᠦᠷᠯᠡᠬᠦ ᠵᠠᠰᠠᠯᠲᠠ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ᠂ ᠶᠡᠭᠡ ᠬᠢᠩᠭᠠᠨ ᠳᠠᠪᠠᠭᠠᠨ ᠤ ᠣᠢ ᠰᠢᠭᠤᠢ ᠶᠢᠨ ᠠᠮᠢ ᠠᠬᠤᠢ ᠶᠢ ᠪᠠᠲᠤᠯᠠᠨ ᠬᠠᠮᠠᠭᠠᠯᠠᠵᠤ ᠪᠣᠶᠢᠵᠢᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠪᠢᠲᠡᠭᠦᠮᠵᠢᠯᠡᠨ ᠴᠠᠭᠠᠵᠠᠯᠠᠬᠤ ᠬᠠᠮᠠᠭᠠᠯᠠᠯᠲᠠ ᠶᠢᠨ ᠣᠷᠣᠨ᠂ ᠤᠯᠤᠰ ᠤᠨ ᠡᠯᠡᠰᠦ ᠮᠠᠩᠬᠠᠨ ᠤ ᠴᠡᠴᠡᠷᠯᠢᠭ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠥᠪᠴᠢ᠂ ᠤᠯᠠᠭᠠᠨᠪᠤᠬ᠎ᠠ ᠵᠡᠷᠭᠡ ᠡᠯᠡᠰᠦᠨ ᠴᠥᠯ ᠢ ᠴᠢᠳᠦᠷᠯᠡᠬᠦ ᠣᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠳᠤᠨ ᠭᠤᠣᠯ ᠤᠨ ︽ᠶᠡᠭᠡ ᠲᠣᠬᠤᠢ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠤ 758 ᠲᠦᠮᠡᠨ ᠮᠦ᠂ ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ 549 ᠲᠦᠮᠡᠨ ᠮᠦ᠂ ᠾᠧᠰᠢ ᠶᠢᠨ ᠬᠤᠩᠬᠢᠯ — ᠲᠠᠺᠯᠢᠮᠠᠺᠠᠨ ᠡᠯᠡᠰᠦᠨ ᠴᠥᠯ ᠤᠨ ᠬᠥᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠤ 131 ᠲᠦᠮᠡᠨ ᠮᠦ ᠶᠢᠨ ᠡᠭᠦᠷᠭᠡ ᠶᠢ ᠪᠡᠶᠡᠯᠡᠭᠦᠯᠦᠨ᠎ᠡ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ᠴᠥᠯ ᠭᠤᠪᠢ ᠴᠥᠯᠡᠷᠬᠡᠭ ᠣᠷᠣᠨ ᠤ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠪᠡᠯᠡ ᠣᠷᠣᠭᠤᠯᠬᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠦᠨ᠂ ᠪᠡᠯᠡ ᠣᠷᠤᠭᠤᠯᠤᠯᠲᠠ ᠶᠢᠨ ᠪᠠᠶᠢᠭᠤᠯᠤᠯᠲᠠ ᠬᠠᠮᠢᠶᠠᠷᠤᠯᠲᠠ ᠶᠢᠨ ᠰᠠᠭᠤᠷᠢ ᠮᠥᠩᠭᠦ ᠶᠢ ᠲᠣᠬᠢᠷᠠᠭᠤᠯᠵᠤ᠂ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠴᠢᠳᠠᠯ ᠢ ᠬᠥᠲᠥᠯᠥᠨ ᠵᠢᠯᠣᠭᠤᠳᠴᠦ ᠪᠠᠶᠢᠭᠠᠳ ᠨᠡᠩ ᠢᠯᠡᠭᠦᠦ ᠣᠷᠣᠯᠴᠠᠭᠤᠯᠤᠨ᠂ ᠬᠥᠪᠴᠢ ᠶᠢᠨ ᠡᠯᠡᠰᠦᠨ ᠴᠥᠯ ᠢ ᠵᠠᠰᠠᠭᠰᠠᠨ᠂ ᠳ᠋ᠧᠩᠺᠧᠦ ᠶᠢᠨ ᠵᠠᠭᠪᠤᠷ ᠵᠡᠷᠭᠡ ᠨᠡᠶᠢᠲᠡᠯᠢᠭ ᠲᠤᠷᠰᠢᠯᠭ᠎ᠠ ᠶᠢ ᠢᠳᠡᠪᠬᠢᠲᠡᠢ ᠳᠡᠯᠭᠡᠷᠡᠭᠦᠯᠦᠨ᠎ᠡ᠃

      ︵ᠬᠤᠶᠠᠷ︶ ᠦᠵᠡᠰᠭᠦᠯᠡᠩᠲᠦ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠰᠢᠷ᠎ᠠ ᠬᠥᠷᠥᠰᠥᠲᠦ ᠥᠨᠳᠦᠷᠯᠢᠭ ᠤᠨ ᠨᠥᠯᠥᠮᠡᠯ ᠭᠠᠵᠠᠷ ᠤᠨ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ᠂ ᠵᠡᠭᠦᠨ ᠬᠤᠶᠢᠲᠤ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢ ᠵᠠᠰᠠᠬᠤ᠂ ᠬᠥᠲᠥᠯ ᠲᠠᠷᠢᠶᠠᠯᠠᠬᠤ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠭᠤᠣᠯᠳᠠᠯᠭᠠᠲᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠴᠠᠭᠠᠨᠨᠠᠭᠤᠷ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠵᠢᠯ ᠳᠤ 300 ᠲᠦᠮᠡᠨ ᠮᠦ ᠠᠴᠠ ᠳᠡᠭᠡᠭᠰᠢ ᠣᠶᠢᠵᠢᠭᠤᠯᠬᠤ᠂ 1300 ᠲᠦᠮᠡᠨ ᠮᠦ ᠠᠴᠠ ᠳᠡᠭᠡᠭᠰᠢ ᠡᠪᠡᠰᠦ ᠲᠠᠷᠢᠬᠤ᠂ 1500 ᠲᠦᠮᠡᠨ ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠤᠯᠤᠰ ᠠᠴᠠ ᠪᠠᠭᠤᠯᠭᠠᠭᠰᠠᠨ ᠣᠨ ᠤ ᠡᠯ᠎ᠡ ᠵᠦᠢᠯ ᠤᠨ ᠬᠦᠯᠢᠶᠡᠰᠦᠯᠡᠬᠦ ᠴᠢᠨᠠᠷᠲᠠᠢ ᠭᠦᠢᠴᠡᠳᠭᠡᠯ ᠲᠣᠭᠠᠨ ᠤ ᠡᠭᠦᠷᠭᠡ ᠶᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠭᠠᠵᠠᠷ ᠣᠷᠣᠨ ᠤ ᠴᠡᠪᠡᠷ ᠳᠤᠯᠠᠭᠠᠯᠠᠭ᠎ᠠ ᠪᠠᠷ ᠥᠭᠡᠷᠡᠴᠢᠯᠡᠨ ᠰᠢᠨᠡᠳᠭᠡᠬᠦ ᠠᠵᠢᠯ ᠢ ᠲᠦᠷᠭᠡᠳᠬᠡᠨ ᠠᠬᠢᠭᠤᠯᠵᠤ᠂ ᠬᠥᠬᠡᠬᠤᠲᠠ ᠪᠤᠭᠤᠲᠤ ᠣᠷᠳᠣᠰ᠂ ᠦᠬᠠᠢ ᠵᠢᠴᠢ ᠡᠷᠭᠢᠨ ᠲᠣᠭᠤᠷᠢᠨ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠭᠤᠣᠯ ᠮᠥᠷᠡᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠳᠤᠨ ᠭᠤᠣᠯ ᠳᠤ ᠤᠷᠤᠰᠤᠨ ᠣᠷᠣᠬᠤ ᠰᠠᠯᠪᠤᠷᠢ ᠤᠷᠤᠰᠬᠠᠯ ᠤᠨ ᠴᠢᠨᠠᠷ ᠢ ᠨᠢ ᠰᠠᠶᠢᠵᠢᠷᠠᠭᠤᠯᠬᠤ ᠦᠷ᠎ᠡ ᠪᠦᠲᠦᠭᠡᠯ ᠪᠠ ᠬᠠᠷ᠎ᠠ ᠦᠮᠡᠬᠡᠢ ᠤᠰᠤᠨ ᠴᠣᠭᠴᠠ ᠶᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢ ᠭᠦᠨᠵᠡᠭᠡᠢ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠵᠠᠰᠠᠬᠤ ᠪᠠ ᠠᠮᠢ ᠠᠬᠤᠢ ᠶᠢ ᠰᠡᠷᠭᠦᠭᠡᠬᠦ ᠶᠢ ᠠᠬᠢᠭᠤᠯᠤᠨ᠎ᠠ᠃ ᠠᠮᠤᠷ ᠲᠦᠪᠰᠢᠨ ᠢᠶᠠᠷ ᠠᠰᠢᠭᠯᠠᠬᠤ ᠲᠥᠷᠥᠯ ᠤᠨ᠂ ᠴᠢᠩᠭ᠎ᠠ ᠬᠠᠮᠢᠶᠠᠷᠤᠨ ᠡᠵᠡᠮᠳᠡᠬᠦ ᠲᠥᠷᠥᠯ ᠤᠨ ᠲᠠᠷᠢᠶᠠᠯᠠᠬᠤ ᠭᠠᠵᠠᠷ ᠢ ᠬᠠᠮᠢᠶᠠᠷᠤᠨ ᠡᠵᠡᠮᠳᠡᠬᠦ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠥᠯᠥᠨ ᠪᠣᠶᠢᠷ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ ᠵᠡᠷᠭᠡ ᠭᠠᠵᠠᠷ ᠣᠷᠣᠨ ᠤ ᠠᠮᠢ ᠠᠬᠤᠢ ᠶᠢᠨ ᠪᠦᠲᠦᠭᠡᠭᠳᠡᠭᠦᠨ ᠤ ᠦᠨ᠎ᠡ ᠥᠷᠳᠡᠭ ᠢ ᠢᠯᠡᠷᠡᠭᠦᠯᠬᠦ ᠲᠣᠭᠲᠠᠴᠠ ᠶᠢ ᠰᠦᠪᠡᠭᠴᠢᠯᠡᠬᠦ ᠶᠢ ᠨᠢ ᠳᠡᠮᠵᠢᠨ᠎ᠡ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠵᠤ᠂ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃

      ︵ᠭᠤᠷᠪᠠ︶ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠣᠷᠴᠢᠯᠳᠤᠭᠤᠯᠵᠤ ᠥᠨᠳᠥᠷ ᠪᠦᠲᠦᠮᠵᠢ ᠲᠠᠢ ᠪᠠᠷ ᠠᠰᠢᠭᠯᠠᠬᠤ ᠶᠢ ᠴᠢᠩᠭᠠᠳᠬᠠᠨ᠎ᠠ᠃ ︽ᠲᠠᠪᠤ ᠶᠢ ᠲᠤᠶᠢᠯᠪᠤᠷᠢᠲᠠᠢ ᠰᠢᠢᠳᠪᠦᠷᠢᠯᠡᠬᠦ︾ ᠠᠵᠢᠯᠯᠠᠭᠠᠨ ᠢ ᠭᠦᠨᠵᠡᠭᠡᠶᠢᠷᠡᠭᠦᠯᠦᠨ ᠥᠷᠭᠡᠳᠭᠡᠨ᠎ᠡ᠃ ︽ᠤᠰᠤ ᠪᠠᠷ ᠳᠥᠷᠪᠡ ᠶᠢ ᠲᠣᠭᠲᠠᠭᠠᠬᠤ︾ ᠶᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠵᠢᠯ ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 196.3 ᠳ᠋ᠦᠩᠰᠢᠭᠤᠷ ᠺᠦᠪ ᠮᠧᠲᠷ ᠤᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠦᠷᠢᠭ ᠪᠦᠷᠢ ᠶᠢᠨ ᠤᠯᠤᠰ ᠤᠨ ᠳᠣᠲᠣᠭᠠᠳᠤᠬᠢ ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠪᠦᠷᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠤᠨ ᠤᠰᠤ ᠬᠡᠷᠡᠭᠯᠡᠬᠦ ᠬᠡᠮᠵᠢᠶ᠎ᠡ ᠶᠢ ᠲᠣᠰ ᠲᠣᠰ 2020 ᠣᠨ ᠤ ᠬᠢ ᠠᠴᠠ 9% ᠪᠠ 10% ᠪᠠᠷ ᠪᠠᠭᠤᠷᠠᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠢ ᠠᠰᠢᠭᠯᠠᠬᠤ ᠢᠯᠡᠳᠬᠡᠮᠵᠢ ᠲᠤᠭ᠎ᠠ ᠶᠢ 0.582 ᠪᠣᠯᠲᠠᠯ᠎ᠠ ᠳᠡᠭᠡᠭᠰᠢᠯᠡᠭᠦᠯᠦᠨ᠂ ᠲᠠᠷᠢᠶᠠᠯᠠᠩ ᠤᠨ ᠤᠰᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠦᠭᠰᠡᠨ ᠲᠠᠯᠠᠪᠠᠢ ᠶᠢ 4747 ᠲᠦᠮᠡᠨ ᠮᠦ ᠳᠤ ᠬᠦᠷᠭᠡᠵᠦ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ ᠥᠪᠥᠷ ᠮᠣᠩᠭᠤᠯ ᠤᠨ ᠰᠠᠯᠪᠤᠷᠢ ᠱᠤᠭᠤᠮ ᠤᠨ ᠤᠰᠤᠨ ᠬᠠᠩᠭᠠᠯᠭ᠎ᠠ ᠵᠡᠷᠭᠡ ᠤᠰᠤᠨ ᠲᠣᠣᠷ ᠤᠨ ᠭᠤᠣᠯᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠬᠤ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ︽ᠬᠥᠨᠳᠡᠶᠢᠷᠡᠭᠰᠡᠨ ᠲᠣᠰᠬᠤᠨ︾ ᠤ ᠵᠠᠰᠠᠯᠲᠠ ᠪᠠ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠤ ᠣᠷᠣᠭᠤᠯᠬᠤ ᠶᠢ ᠠᠬᠢᠭᠤᠯᠤᠨ᠂ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠭᠰᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ 1.4 ᠲᠦᠮᠡᠨ ᠮᠦ᠂ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠲᠥᠷᠥᠯ ᠵᠦᠢᠯ ᠢ 25 ᠲᠦᠮᠡᠨ ᠮᠦ ᠪᠡᠶᠡᠯᠡᠭᠦᠯᠵᠦ᠂ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠳᠣᠲᠣᠷᠠᠬᠢ ᠰᠢᠨ᠎ᠡ ᠪᠠᠷ ᠨᠡᠮᠡᠭᠳᠡᠭᠦᠯᠦᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠢ ᠪᠥᠬᠦᠨ ᠢ ︽ᠪᠠᠷᠢᠮᠵᠢᠶᠠᠲᠤ ᠭᠠᠵᠠᠷ︾ ᠢᠶᠠᠷ ᠬᠠᠩᠭᠠᠬᠤ ᠶᠢ ᠪᠡᠶᠡᠯᠡᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠮᠦ ᠪᠦᠷᠢ ᠶᠢᠨ ᠪᠡᠯᠡ ᠣᠷᠤᠭᠤᠯᠤᠯᠲᠠ᠂ ᠦᠢᠯᠡᠳᠪᠦᠷᠢᠯᠡᠯ ᠤᠨ ᠥᠷᠳᠡᠭ᠂ ᠭᠠᠶᠢᠯᠢ ᠲᠠᠲᠠᠪᠤᠷᠢ ᠶᠢ ᠲᠣᠰ ᠪᠦᠷᠢ 2%᠂ 3%᠂ ᠪᠠ 4% ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠣᠷᠴᠢᠯ ᠠᠵᠤ ᠦᠢᠯᠡᠰ ᠢ ᠬᠥᠭᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠤᠯᠠᠷᠢᠭᠤᠯᠤᠨ ᠠᠰᠢᠭᠯᠠᠬᠤ ᠶᠢ ᠠᠬᠢᠭᠤᠯᠤᠨ᠎ᠠ᠃

      ︵ᠳᠥᠷᠪᠡ︶ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠪᠠᠲᠤᠲᠠᠢ ᠠᠬᠢᠭᠤᠯᠤᠨ᠎ᠠ᠃ ᠡᠨᠧᠷᠭᠢ ᠶᠢᠨ ᠬᠤᠷᠣᠭᠳᠠᠯ ᠤᠨ ᠬᠤᠶᠠᠷ ᠢ ᠬᠢᠵᠠᠭᠠᠷᠯᠠᠵᠤ ᠪᠠᠶᠢᠭᠰᠠᠨ ᠠᠴᠠ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠶᠢᠨ ᠬᠤᠶᠠᠷ ᠢ ᠬᠢᠵᠠᠭᠠᠷᠯᠠᠬᠤ ᠲᠡᠶᠢᠰᠢ ᠬᠤᠪᠢᠷᠠᠭᠤᠯᠬᠤ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠠᠬᠢᠭᠤᠯᠤᠨ᠂ ︽1+N+X︾ ᠤᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠪᠤᠭᠤᠲᠤ ᠬᠤᠲᠠ᠂ ᠣᠷᠳᠣᠰ ᠬᠤᠲᠠ ᠪᠠ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠤᠯᠤᠰ ᠤᠨ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ︽ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ ᠠᠷᠪᠠᠨ ᠬᠤᠶᠠᠷ ᠶᠡᠭᠡ ᠠᠵᠢᠯᠯᠠᠭᠠᠨ︾ ᠢ ᠲᠥᠯᠥᠪᠯᠡᠭᠡ ᠲᠠᠢ ᠪᠠᠷ ᠠᠯᠬᠤᠮ ᠳᠠᠷᠠᠭ᠎ᠠ ᠬᠤᠪᠢᠶᠠᠨ ᠠᠬᠢᠭᠤᠯᠵᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠳᠬᠡᠨ ᠴᠣᠭᠴᠠᠯᠠᠵᠤ᠂ ᠰᠢᠨ᠎ᠡ ᠲᠥᠷᠥᠯ ᠵᠦᠢᠯ ᠳᠤ ᠥᠨᠳᠥᠷ ᠬᠠᠷᠢᠴᠠᠯᠳᠤ ᠪᠣᠬᠢᠷᠲᠤᠯ ᠦᠭᠡᠢ ᠴᠠᠬᠢᠯᠭᠠᠨ ᠢ ᠬᠡᠷᠡᠭᠯᠡᠬᠦ᠂ ᠡᠨᠧᠷᠭᠢ ᠶᠡᠭᠡ ᠠᠴᠢᠶᠠᠯᠠᠬᠤ ᠳᠠᠭᠠᠭᠠᠴᠠ ᠲᠠᠢ ᠬᠠᠳᠠᠭᠠᠯᠠᠯᠲᠠ ᠶᠢ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠤᠨ᠎ᠠ᠃

      ᠵᠢᠷᠭᠤᠭ᠎ᠠ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠥᠨᠳᠥᠷ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠬᠡᠯᠪᠡᠷᠢ ᠶᠢᠨ ᠡᠨᠧᠷᠭᠢ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ

      ᠤᠯᠤᠰ ᠤᠨ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠡᠭᠦᠷᠭᠡ ᠶᠢ ᠯᠠᠪᠳᠠᠭᠤᠨ ᠡᠭᠦᠷᠬᠡᠯᠡᠵᠦ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠪᠥᠬᠦ ᠬᠦᠴᠦᠨ ᠢᠶᠠᠷ ᠰᠠᠶᠢᠲᠤᠷ ᠬᠥᠭᠵᠢᠭᠦᠯᠦᠨ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠨ ᠴᠢᠩᠭᠠᠳᠬᠠᠵᠤ᠂ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠬᠦᠴᠦᠨ ᠲᠡᠭᠦᠯᠳᠡᠷ ᠪᠦᠲᠦᠭᠡᠨ ᠪᠠᠶᠢᠭᠤᠯᠤᠨ᠎ᠠ᠃

      ︵ᠨᠢᠭᠡ︶ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠤᠨ᠎ᠠ᠃ 700 ᠲᠦᠮᠡᠨ ᠺᠢᠯᠣᠸᠠᠲ ᠤᠨ ᠬᠤᠰᠢᠭᠤᠴᠢ ᠢᠨᠵᠧᠨᠧᠷᠢᠩ ᠢ ᠪᠠᠷᠢᠯᠭ᠎ᠠ ᠡᠬᠢᠯᠡᠭᠦᠯᠦᠨ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 4000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ ᠶᠢ 1.37 ᠳ᠋ᠦᠩᠰᠢᠭᠤᠷ ᠺᠢᠯᠣᠸᠠᠲ ᠠᠴᠠ ᠳᠠᠪᠠᠭᠤᠯᠬᠤ ᠪᠠᠷ ᠴᠢᠷᠮᠠᠶᠢᠨ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠬᠤ ᠶᠢ ᠵᠢᠯ ᠤᠷᠢᠳᠴᠢᠯᠠᠨ ᠪᠡᠶᠡᠯᠡᠭᠦᠯᠦᠨ᠎ᠡ᠃ ᠰᠢᠨ᠎ᠡ ᠡᠨᠧᠷᠭᠢ ᠶᠢ ᠲᠤᠬᠠᠢ ᠶᠢᠨ ᠭᠠᠵᠠᠷ ᠲᠤ ᠪᠠᠨ ᠪᠠᠭᠲᠠᠭᠠᠨ ᠰᠢᠩᠭᠡᠭᠡᠬᠦ ᠶᠢ ᠶᠡᠭᠡ ᠪᠠᠷ ᠠᠬᠢᠭᠤᠯᠤᠨ᠂ ︽ᠰᠢᠨ᠎ᠡ ᠡᠨᠧᠷᠭᠢ +︾ ᠵᠠᠬ᠎ᠠ ᠳᠡᠯᠭᠡᠭᠦᠷᠴᠢᠯᠡᠭᠰᠡᠨ ᠬᠡᠷᠡᠭᠯᠡᠭᠡᠨ ᠤ ᠪᠠᠶᠢᠳᠠᠯ ᠢ ᠨᠡᠩ ᠣᠯᠠᠨ ᠰᠤᠳᠤᠯᠤᠨ ᠭᠠᠷᠭᠠᠵᠤ᠂ ᠰᠢᠨ᠎ᠡ ᠡᠨᠧᠷᠭᠢ ᠶᠢ ᠪᠠᠭᠲᠠᠭᠠᠨ ᠰᠢᠩᠭᠡᠭᠡᠬᠦ ᠶᠡᠷᠦᠩᠬᠡᠢ ᠬᠡᠮᠵᠢᠶ᠎ᠡ ᠪᠠ ᠬᠠᠷᠢᠴᠠᠯ ᠤᠨ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠦᠨ᠎ᠡ᠃ ᠤᠯᠤᠰ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠴᠣᠭᠴᠠᠯᠠᠵᠤ᠂ ᠰᠢᠨ᠎ᠡ ᠡᠨᠧᠷᠭᠢ ᠶᠢᠨ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠤᠨ᠂ ᠨᠡᠭᠦᠷᠡᠰᠦ ᠪᠠᠷ ᠳᠡᠭᠡᠳᠦ ᠳᠡᠰ ᠤᠨ ᠬᠢᠮᠢ ᠶᠢᠨ ᠦᠢᠯᠡᠳᠭᠦᠨ ᠦᠢᠯᠡᠳᠬᠦ᠂ ᠨᠡᠭᠦᠷᠡᠰᠦ ᠪᠠᠷ ᠳᠡᠭᠡᠳᠦ ᠳᠡᠰ ᠤᠨ ᠨᠡᠭᠦᠷᠡᠰᠦᠨ ᠤ ᠮᠠᠲ᠋ᠧᠷᠢᠶᠠᠯ ᠦᠢᠯᠡᠳᠬᠦ ᠵᠡᠷᠭᠡ ᠮᠡᠷᠭᠡᠵᠢᠯ ᠳᠤ ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠨᠡᠭᠦᠷᠡᠰᠦ ᠪᠠᠷ ᠲᠣᠰᠣ ᠦᠢᠯᠡᠳᠬᠦ ᠭᠠᠷᠤᠯᠲᠠ ᠶᠢ 110 ᠲᠦᠮᠡᠨ ᠲᠣᠨ ᠣᠷᠴᠢᠮ ᠳᠤ ᠲᠣᠭᠲᠠᠪᠤᠷᠢᠵᠢᠭᠤᠯᠤᠨ᠂ ᠨᠡᠭᠦᠷᠡᠰᠦ ᠪᠠᠷ ᠬᠡᠢ ᠦᠢᠯᠡᠳᠬᠦ ᠭᠠᠷᠤᠯᠲᠠ ᠶᠢ 33 ᠳ᠋ᠦᠩᠰᠢᠭᠤᠷ ᠺᠦᠪ ᠮᠧᠲᠷ ᠠᠴᠠ ᠳᠡᠭᠡᠭᠰᠢ ᠳᠤ ᠬᠦᠷᠦᠭᠦᠯᠦᠨ᠎ᠡ᠃

      ︵ᠬᠤᠶᠠᠷ︶ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠭᠦᠷᠡᠰᠦ ᠦᠢᠯᠡᠳᠪᠦᠷᠢᠯᠡᠬᠦ ᠴᠢᠳᠠᠪᠤᠷᠢ ᠶᠢ ᠶᠡᠷᠦᠩᠬᠡᠢ ᠳᠤ ᠪᠠᠨ ᠲᠣᠭᠲᠠᠪᠤᠷᠢᠲᠠᠢ ᠪᠠᠶᠢᠯᠭᠠᠵᠤ᠂ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠭᠡᠨ᠂ ᠲᠣᠰᠣ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠬᠦ ᠪᠠ ᠨᠡᠮᠡᠵᠦ ᠨᠦᠬᠡᠴᠡᠯᠡᠨ ᠭᠠᠷᠤᠯᠲᠠ ᠶᠢ ᠨᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ᠂ ᠨᠡᠭᠦᠷᠡᠰᠦᠨ ᠤ ᠭᠠᠷᠤᠯᠲᠠ ᠶᠢ 12 ᠳ᠋ᠦᠩᠰᠢᠭᠤᠷ ᠲᠣᠨ ᠣᠷᠴᠢᠮ ᠳᠤ ᠲᠣᠭᠲᠠᠪᠤᠷᠢᠵᠢᠭᠤᠯᠬᠤ᠂ ᠲᠦᠭᠦᠬᠡᠢ ᠴᠢᠯᠠᠭᠤᠨ ᠲᠣᠰᠣᠨ ᠤ ᠭᠠᠷᠤᠯᠲᠠ ᠶᠢ 300 ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠭᠠᠷᠤᠯᠲᠠ ᠶᠢ 310 ᠳ᠋ᠦᠩᠰᠢᠭᠤᠷ ᠺᠦᠪ ᠮᠧᠲᠷ ᠣᠷᠴᠢᠮ ᠳᠤ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠨ᠎ᠠ᠃ ᠨᠢᠭᠡᠨᠲᠡ ᠬᠠᠷᠭᠤᠭᠤᠯᠤᠨ ᠵᠥᠪᠰᠢᠶᠡᠷᠡᠭᠦᠯᠦᠭᠰᠡᠨ ᠨᠡᠭᠦᠷᠡᠰᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ ᠪᠠ ᠰᠢᠨ᠎ᠡ ᠡᠨᠧᠷᠭᠢ ᠶᠢᠨ ᠪᠠᠭᠲᠠᠭᠠᠨ ᠰᠢᠩᠭᠡᠭᠡᠬᠦ ᠶᠢ ᠠᠬᠢᠭᠤᠯᠬᠤ ᠨᠢᠭᠡ ᠪᠦᠯᠦᠭ ᠨᠡᠭᠦᠷᠡᠰᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠰᠢᠨ᠎ᠡ ᠪᠠᠷ ᠪᠠᠶᠢᠷᠢᠰᠢᠭᠤᠯᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ︽ᠳᠥᠷᠪᠡᠨ ᠬᠥᠨᠳᠡᠯᠡᠨ ᠲᠠᠪᠤᠨ ᠭᠤᠯᠳᠤ︾᠂ ᠥᠪᠥᠷ ᠮᠣᠩᠭᠤᠯ ᠤᠨ ᠵᠡᠭᠦᠨ ᠬᠡᠰᠡᠭ ᠤᠨ ︽ᠬᠤᠶᠠᠷ ᠭᠤᠯᠳᠤ ᠨᠠᠢᠮᠠᠨ ᠬᠥᠨᠳᠡᠯᠡᠨ︾ ᠴᠠᠬᠢᠯᠭᠠᠨ ᠬᠦᠴᠦᠨ ᠤ ᠲᠣᠣᠷ ᠤᠨ ᠭᠤᠣᠯ ᠪᠣᠯᠬᠤ ᠲᠣᠣᠷᠯᠢᠭ ᠪᠦᠲᠦᠴᠡ ᠶᠢ ᠲᠦᠷᠭᠡᠳᠬᠡᠨ ᠪᠠᠶᠢᠭᠤᠯᠵᠤ᠂ ᠪᠠᠲᠤ ᠪᠠᠬᠢ ᠪᠥᠭᠡᠳ ᠤᠶᠠᠬᠠᠨ ᠴᠠᠬᠢᠯᠭᠠᠨ ᠬᠦᠴᠦᠨ ᠤ ᠲᠣᠣᠷ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠨᠡᠪᠲᠡᠷᠡᠯ ᠵᠠᠮ᠂ ᠪᠣᠬᠢᠷᠲᠤᠯ ᠦᠭᠡᠢ ᠴᠠᠬᠢᠯᠭᠠᠨ ᠢ ᠪᠠᠭᠲᠠᠭᠠᠨ ᠰᠢᠩᠭᠡᠭᠡᠬᠦ ᠲᠤᠰᠬᠠᠢ ᠱᠤᠭᠤᠮ᠂ ᠡᠨᠧᠷᠭᠢ ᠨᠦᠬᠡᠴᠡᠯᠡᠬᠦ ᠵᠢᠱᠢᠶ᠎ᠡ ᠦᠵᠡᠭᠦᠯᠬᠦ ᠲᠥᠷᠥᠯ ᠵᠦᠢᠯ ᠵᠡᠷᠭᠡ ᠴᠢᠩᠭᠠᠳᠬᠠᠨ ᠪᠠᠶᠢᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 2.5 ᠳ᠋ᠦᠩᠰᠢᠭᠤᠷ ᠺᠢᠯᠣᠸᠠᠲ ᠢ ᠰᠢᠪᠲᠤᠯᠵᠤ᠂ ᠴᠠᠬᠢᠯᠭᠠᠨ ᠭᠠᠷᠭᠠᠬᠤ ᠬᠡᠮᠵᠢᠶ᠎ᠡ 7740 ᠳ᠋ᠦᠩᠰᠢᠭᠤᠷ ᠺᠢᠯᠣᠸᠠᠲ ᠴᠠᠭ ᠲᠤ ᠬᠦᠷᠭᠡᠵᠦ᠂ ᠭᠠᠳᠠᠭᠰᠢ ᠴᠠᠬᠢᠯᠭᠠᠨ ᠳᠠᠮᠵᠢᠭᠤᠯᠬᠤ ᠬᠡᠮᠵᠢᠶ᠎ᠡ ᠶᠢ 3180 ᠺᠢᠯᠣᠸᠠᠲ ᠴᠠᠭ ᠲᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠡ᠃

      ︵ᠭᠤᠷᠪᠠ︶ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠨ᠎ᠠ᠃ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ ᠲᠠᠯ᠎ᠠ ᠪᠠᠷ ᠰᠢᠪᠲᠤᠯᠤᠯᠲᠠ ᠲᠠᠢ ᠪᠣᠯᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭᠠᠨ ᠢ ᠪᠥᠬᠦ ᠲᠠᠯ᠎ᠠ ᠪᠠᠷ ᠥᠷᠨᠢᠭᠦᠯᠦᠨ᠂ ᠠᠭᠤᠷᠬᠠᠢ ᠶᠢᠨ ᠦᠢᠯᠡᠰ ᠤᠨ ᠡᠷᠬᠡ ᠶᠢ ᠵᠠᠬ᠎ᠠ ᠳᠡᠯᠭᠡᠭᠦᠷᠴᠢᠯᠡᠨ ᠲᠦᠯᠦᠪᠦᠷᠢᠲᠡᠢ ᠰᠢᠯᠵᠢᠭᠦᠯᠬᠦ ᠶᠢ ᠠᠬᠢᠭᠤᠯᠤᠨ᠎ᠠ᠃ ᠬᠤᠪᠣᠷ ᠰᠢᠷᠣᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠬᠠᠮᠠᠭᠠᠯᠠᠬᠤ ᠴᠢᠨᠠᠷᠲᠠᠢ ᠪᠠᠷ ᠨᠡᠭᠡᠭᠡᠬᠦ᠂ ᠴᠢᠨᠠᠷᠵᠢᠭᠤᠨ ᠠᠰᠢᠭᠯᠠᠬᠤ᠂ ᠵᠢᠷᠤᠮᠵᠢᠭᠤᠨ ᠬᠠᠮᠢᠶᠠᠷᠬᠤ ᠪᠠᠨ ᠴᠢᠩᠭᠠᠳᠬᠠᠵᠤ᠂ ᠪᠥᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠥᠬᠦ ᠪᠥᠮᠪᠥᠷᠴᠡᠭ ᠲᠤ ᠲᠡᠷᠢᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠲᠦᠷᠭᠡᠳᠭᠡᠨ ᠪᠦᠲᠦᠭᠡᠨ ᠪᠠᠶᠢᠭᠤᠯᠵᠤ᠂ ᠪᠠᠶᠠᠬᠤᠪᠤᠭ᠎ᠠ ᠠᠭᠤᠷᠬᠠᠢ ᠶᠢᠨ ᠰᠢᠰᠲ᠋ᠧᠮ ᠤᠨ ᠴᠢᠨᠠᠷᠲᠠᠢ ᠬᠠᠶᠢᠨ ᠰᠢᠨᠵᠢᠯᠲᠡ ᠶᠢ ᠰᠠᠶᠢᠲᠤᠷ ᠬᠢᠵᠦ᠂ ᠪᠠᠶᠢᠩᠭᠤ ᠰᠣᠷᠢᠨᠵᠢᠨ ᠮᠠᠲ᠋ᠧᠷᠢᠶᠠᠯ ᠢᠶᠠᠷ ᠬᠥᠲᠥᠴᠢ ᠪᠣᠯᠭᠠᠭᠰᠠᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠪᠠ ᠬᠤᠪᠣᠷ ᠰᠢᠷᠣᠢ ᠶᠢᠨ ᠪᠠᠶᠢᠩᠭᠤ ᠰᠣᠷᠢᠨᠵᠢᠨ ᠴᠠᠬᠢᠯᠭᠠᠨ ᠮᠠᠰᠢᠨ ᠢᠶᠠᠷ ᠭᠤᠣᠯᠯᠠᠭᠤᠯᠤᠭᠰᠠᠨ ᠬᠤᠪᠣᠷ ᠰᠢᠷᠣᠢ ᠶᠢᠨ ᠦᠵᠦᠭᠦᠷ ᠬᠡᠷᠡᠭᠯᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ︽ᠬᠤᠪᠣᠷ ᠰᠢᠷᠣᠢ +︾ ᠬᠡᠷᠡᠭᠯᠡᠭᠡᠨ ᠤ ᠬᠦᠷᠢᠶ᠎ᠡ ᠶᠢ ᠥᠷᠭᠡᠳᠭᠡᠵᠦ᠂ ᠪᠥᠬᠦ ᠤᠯᠤᠰ ᠤᠨ ᠨᠢᠭᠡᠳᠦᠯᠲᠡᠢ ᠬᠤᠪᠣᠷ ᠰᠢᠷᠣᠢ ᠶᠢᠨ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃

      ᠳᠣᠯᠤᠭ᠎ᠠ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ

      ᠶᠡᠭᠡ ᠲᠠᠷᠢᠶᠠᠯᠠᠩ ᠤᠨ ᠦᠵᠡᠯᠲᠡ᠂ ᠶᠡᠭᠡ ᠢᠳᠡᠭᠡᠨ ᠤ ᠦᠵᠡᠯᠲᠡ ᠶᠢ ᠪᠣᠢ ᠪᠣᠯᠭᠠᠨ᠂ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠲᠣᠭᠲᠠᠭᠤᠨ ᠠᠮᠤᠷ ᠲᠦᠪᠰᠢᠨ ᠴᠢᠨᠠᠷ ᠰᠠᠶᠢᠲᠠᠢ ᠬᠠᠩᠭᠠᠯᠭ᠎ᠠ ᠶᠢ ᠦᠨᠡᠨ ᠬᠦ ᠪᠠᠲᠤᠯᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠭᠠᠷᠤᠯᠲᠠ ᠶᠡᠬᠡᠲᠡᠢ ᠴᠢᠨᠠᠷ ᠰᠠᠶᠢᠲᠠᠢ ᠪᠣᠯᠭᠠᠨ ᠪᠦᠲᠦᠭᠡᠨ ᠪᠠᠶᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠠᠰᠢᠭᠯᠠᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠴᠢᠷᠮᠠᠶᠢᠨ ᠨᠡᠮᠡᠭᠳᠡᠭᠦᠯᠦᠨ᠎ᠡ᠃

      ︵ᠨᠢᠭᠡ︶ ︽ᠠᠮᠤ ᠪᠤᠳᠠᠭ᠎ᠠ᠂ ᠭᠠᠵᠠᠷ ᠰᠢᠷᠣᠢ᠂ ᠤᠰᠤ︾ ᠶᠢᠨ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ ᠠᠮᠤ ᠪᠤᠳᠠᠭ᠎ᠠ᠂ ᠰᠢᠷ᠎ᠠ ᠪᠤᠷᠴᠠᠭ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠠᠮᠤ ᠪᠤᠳᠠᠭ᠎ᠠ ᠢᠳᠡᠰᠢᠨ ᠲᠣᠰᠣ ᠵᠡᠷᠭᠡ ᠭᠤᠣᠯ ᠪᠣᠯᠬᠤ ᠲᠠᠷᠢᠮᠠᠯ ᠢ ᠶᠡᠭᠡ ᠲᠠᠯᠠᠪᠠᠢ ᠪᠠᠷ ᠨᠢᠭᠡᠴᠢ ᠤᠨᠠᠯᠲᠠ ᠶᠢ ᠨᠢ ᠳᠡᠭᠡᠭᠰᠢᠯᠡᠭᠦᠯᠬᠦ ᠶᠢ ᠠᠬᠢᠭᠤᠯᠤᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠳᠠᠷᠠᠭ᠎ᠠ ᠳᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠴᠡᠭ᠂ ᠬᠤᠵᠢᠷᠯᠢᠭ ᠭᠠᠵᠠᠷ ᠵᠡᠷᠭᠡ ᠲᠠᠷᠢᠶᠠᠯᠠᠬᠤ ᠭᠠᠵᠠᠷ ᠤᠨ ᠨᠦᠬᠡᠴᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠥᠨᠳᠥᠷ ᠪᠦᠲᠦᠮᠵᠢᠲᠡᠢ ᠪᠠᠷ ᠠᠰᠢᠭᠯᠠᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ ᠰᠢᠨ᠎ᠡ ᠪᠠᠷ ᠪᠠᠶᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠳᠠᠷᠠᠭᠠᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠬᠠᠷ᠎ᠠ ᠬᠥᠷᠥᠰᠥᠲᠦ ᠭᠠᠵᠠᠷ ᠰᠢᠷᠣᠢ ᠶᠢ ᠬᠠᠮᠠᠭᠠᠯᠠᠬᠤ ᠢᠨᠵᠧᠨᠧᠷᠢᠩ ᠢ 900 ᠲᠦᠮᠡᠨ ᠮᠦ ᠬᠡᠷᠡᠭᠵᠢᠭᠦᠯᠦᠨ᠎ᠡ᠃ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠤᠰᠤ ᠠᠷᠪᠢᠯᠠᠬᠤ ᠴᠢᠳᠠᠪᠤᠷᠢ ᠶᠢ 2 ᠳ᠋ᠦᠩᠰᠢᠭᠤᠷ ᠺᠦᠪ ᠮᠧᠲᠷ ᠰᠢᠨ᠎ᠡ ᠪᠠᠷ ᠨᠡᠮᠡᠭᠳᠡᠭᠦᠯᠵᠦ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠬᠡᠮᠵᠢᠶ᠎ᠡ ᠶᠢ 10 ᠳ᠋ᠦᠩᠰᠢᠭᠤᠷ ᠺᠦᠪ ᠮᠧᠲᠷ ᠤᠨ ᠳᠣᠲᠣᠷ᠎ᠠ ᠬᠢᠵᠠᠭᠠᠷᠯᠠᠬᠤ ᠶᠢ ᠦᠨᠡᠨ ᠬᠦ ᠪᠠᠲᠤᠯᠠᠨ᠎ᠠ᠃ ᠪᠡᠯᠡᠳᠭᠡᠮᠵᠢᠲᠦ ᠲᠠᠷᠢᠶᠠᠯᠠᠩ ᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠨ᠂ ᠪᠡᠯᠡᠳᠭᠡᠮᠵᠢᠲᠦ ᠲᠠᠷᠢᠶᠠᠯᠠᠩ ᠢ 24 ᠲᠦᠮᠡᠨ ᠮᠦ ᠰᠢᠨ᠎ᠡ ᠪᠠᠷ ᠪᠠᠶᠢᠭᠤᠯᠵᠤ᠂ 500 ᠮᠦ ᠠᠴᠠ ᠳᠡᠭᠡᠭᠰᠢᠬᠢ ᠪᠡᠯᠡᠳᠭᠡᠮᠵᠢᠲᠦ ᠲᠠᠷᠢᠶᠠᠯᠠᠩ ᠤᠨ ᠪᠠᠷᠢᠮᠵᠢᠶᠠᠵᠢᠭᠤᠯᠤᠭᠰᠠᠨ ᠬᠦᠷᠢᠶᠡᠯᠡᠩ ᠲᠣᠭᠤᠷᠢᠭ ᠢ 11 ᠪᠠᠶᠢᠭᠤᠯᠤᠨ᠎ᠠ᠃ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠬᠦᠷᠢᠶᠡᠯᠡᠩ ᠪᠠ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠰᠦᠯᠵᠢᠶᠡᠨ ᠳᠡᠭᠡᠷᠡᠬᠢ ᠨᠡᠷᠡᠲᠦ ᠲᠡᠮᠳᠡᠭ ᠤᠨ ᠬᠤᠰᠢᠭᠤᠴᠢ ᠳᠡᠯᠭᠡᠭᠦᠷ ᠢ ᠲᠣᠰ ᠲᠣᠰ 100 ᠡᠭᠦᠳᠦᠨ ᠪᠠᠶᠢᠭᠤᠯᠤᠨ᠎ᠠ᠃

      ︵ᠬᠤᠶᠠᠷ︶ ︽ᠮᠢᠬ᠎ᠠ᠂ ᠰᠦ᠂ ᠡᠪᠡᠰᠦ︾ ᠶᠢᠨ ᠦᠢᠯᠡᠳᠪᠦᠷᠢᠯᠡᠯ ᠤᠨ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠨ᠂ ᠵᠠᠭᠤᠨ ᠲᠦᠮᠡᠨ ᠠᠯᠠᠰᠢᠨ ᠦᠬᠡᠷ ᠢ ᠪᠣᠷᠳᠣᠨ ᠪᠣᠶᠢᠵᠢᠭᠤᠯᠬᠤ ᠶᠢ ᠥᠷᠨᠢᠭᠦᠯᠵᠦ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ 200 ᠥᠭᠡᠷᠡᠴᠢᠯᠡᠨ ᠰᠢᠨᠡᠳᠭᠡᠵᠦ ᠳᠡᠭᠡᠭᠰᠢᠯᠡᠭᠦᠯᠦᠨ᠂ ᠮᠢᠬᠠᠨ ᠤ ᠲᠥᠷᠥᠯ ᠤᠨ ᠭᠠᠷᠤᠯᠲᠠ ᠶᠢ 300 ᠲᠦᠮᠡᠨ ᠲᠣᠨ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠃ ᠰᠦ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠬᠦᠴᠦᠨ ᠤ ᠳᠡᠭᠡᠭᠰᠢᠯᠡᠯᠲᠡ ᠶᠢ ᠪᠦᠬᠦᠶᠢᠯᠡ ᠰᠢᠶᠠᠨ ᠢᠶᠠᠷ ᠨᠢ ᠠᠬᠢᠭᠤᠯᠬᠤ ᠲᠥᠷᠥᠯ ᠵᠦᠢᠯ ᠢ ᠬᠡᠷᠡᠭᠵᠢᠭᠦᠯᠦᠨ᠂ ᠠᠩᠬᠠᠨ ᠤ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠯᠠᠬᠤ ᠡᠭᠦᠯᠳᠡᠷ ᠪᠣᠶᠢᠵᠢᠭᠤᠯᠬᠤ ᠲᠠᠯᠠᠪᠠᠢ ᠶᠢ ᠡᠭᠦᠳᠦᠨ ᠪᠠᠶᠢᠭᠤᠯᠬᠤ ᠪᠠᠨ ᠲᠦᠷᠭᠡᠳᠭᠡᠵᠦ᠂ ᠰᠦ ᠶᠢᠨ ᠭᠠᠷᠤᠯᠲᠠ 800 ᠲᠦᠮᠡᠨ ᠲᠣᠨ ᠢ ᠰᠢᠪᠲᠤᠯᠬᠤ᠂ ᠰᠦ ᠰᠠᠭᠠᠯᠢ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠪᠦᠷᠢᠯᠡᠯ ᠤᠨ ᠥᠷᠳᠡᠭ 2500 ᠳ᠋ᠦᠩᠰᠢᠭᠤᠷ ᠲᠥᠭᠦᠷᠢᠭ ᠢ ᠰᠢᠪᠲᠤᠯᠬᠤ ᠪᠠᠷ ᠬᠦᠴᠦᠯᠡᠨ ᠴᠢᠷᠮᠠᠶᠢᠨ᠎ᠠ᠃ ᠬᠠᠰᠢᠶᠠᠯᠠᠨ ᠲᠡᠵᠢᠭᠡᠬᠦ ᠶᠢ ᠶᠡᠭᠡ ᠪᠠᠷ ᠬᠥᠭᠵᠢᠭᠦᠯᠦᠨ᠂ ᠠᠷᠪᠠᠨ ᠨᠡᠶᠢᠲᠡᠯᠢᠭ ᠬᠡᠪ ᠵᠠᠭᠪᠤᠷ ᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠳᠡᠯᠭᠡᠷᠡᠭᠦᠯᠵᠦ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠲᠠᠯ᠎ᠠ ᠨᠤᠲᠤᠭ ᠤᠨ ᠳᠠᠭᠠᠭᠠᠴᠠ ᠠᠴᠠ ᠨᠢ ᠬᠡᠲᠦᠷᠡᠭᠦᠯᠦᠨ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠲᠡᠵᠢᠭᠡᠯ ᠡᠪᠡᠰᠦ ᠲᠡᠵᠢᠭᠡᠯ ᠪᠣᠷᠳᠣᠭᠠᠨ ᠤ ᠬᠠᠩᠭᠠᠯᠭ᠎ᠠ ᠶᠢ ᠨᠡᠮᠡᠭᠳᠡᠭᠦᠯᠵᠦ᠂ ᠬᠥᠮᠥᠨ ᠤ ᠬᠦᠴᠦ ᠪᠠᠷ ᠲᠡᠵᠢᠭᠡᠯ ᠡᠪᠡᠰᠦ ᠲᠠᠷᠢᠬᠤ ᠲᠠᠯᠠᠪᠠᠢ 2000 ᠲᠦᠮᠡᠨ ᠮᠦ ᠶᠢ ᠰᠢᠪᠲᠤᠯᠤᠨ᠎ᠠ᠃

      ︵ᠭᠤᠷᠪᠠ︶ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠲᠥᠷᠥᠯ ᠤᠨ ᠬᠦᠴᠦᠨ ᠵᠦᠢᠯ ᠤᠨ ᠬᠤᠣᠰ ᠴᠢᠭᠯᠡᠯ ᠢᠶᠠᠷ ᠡᠷᠭᠢᠯᠳᠦᠬᠦ ᠶᠢ ᠠᠬᠢᠭᠤᠯᠤᠨ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠠᠭᠤᠰᠤᠯᠴᠠᠨ ᠬᠥᠭᠵᠢᠭᠰᠡᠨ ᠰᠢᠨ᠎ᠡ ᠪᠠᠶᠢᠷᠢᠰᠢᠯ ᠢ ᠪᠦᠷᠢᠯᠳᠦᠭᠦᠯᠦᠨ᠎ᠡ᠃ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠢ ᠬᠢᠨᠠᠨ ᠰᠢᠨᠵᠢᠬᠦ ᠪᠠ ᠬᠠᠪᠰᠤᠷᠤᠨ ᠲᠡᠳᠭᠦᠬᠦ ᠲᠣᠭᠲᠠᠴᠠ ᠶᠢ ᠪᠠᠷᠢᠮᠲᠠᠯᠠᠬᠤ ᠪᠠ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢᠨ ᠬᠡᠪᠴᠢᠶ᠎ᠡ ᠶᠢ 19.6 ᠲᠦᠮᠡᠨ ᠬᠥᠮᠥᠨ ᠣᠷᠴᠢᠮ ᠳᠤ ᠲᠣᠭᠲᠠᠪᠤᠷᠢᠵᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠭᠦᠬᠦ ᠬᠤᠰᠢᠭᠤ ᠰᠢᠶᠠᠨ ᠪᠠ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠣᠬᠢᠷᠠᠭᠤᠯᠬᠤ ᠣᠷᠣᠨ ᠲᠣᠭᠤᠷᠢᠭ ᠢᠶᠠᠷ ᠭᠤᠣᠯᠳᠠᠯᠭ᠎ᠠ ᠪᠣᠯᠭᠠᠵᠤ᠂ 65% ᠠᠴᠠ ᠳᠡᠭᠡᠭᠰᠢᠬᠢ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠵᠣᠯᠭᠠᠭᠤᠯᠤᠯᠲᠠ ᠶᠢᠨ ᠪᠡᠯᠡ ᠮᠥᠩᠭᠦ ᠶᠢ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠳᠤ ᠬᠡᠷᠡᠭᠯᠡᠨ᠎ᠡ᠃ ᠠᠵᠤ ᠲᠥᠷᠥᠵᠦ ᠠᠮᠢᠳᠤᠷᠠᠬᠤ ᠳᠤ ᠲᠣᠬᠢᠷᠠᠮᠵᠢᠲᠠᠢ ᠡᠶ᠎ᠡ ᠨᠠᠶᠢᠷᠠᠮᠳᠠᠭᠤ ᠭᠤᠶᠣ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ︽ᠬᠥᠳᠡᠭᠡ ᠲᠣᠰᠬᠤᠨ ᠢ ᠠᠯᠳᠠᠷᠰᠢᠭᠤᠯᠬᠤ ᠠᠵᠢᠯᠯᠠᠭᠠᠨ︾ ᠢ ᠥᠷᠨᠢᠭᠦᠯᠦᠨ᠂ ᠣᠷᠣᠰᠢᠨ ᠠᠮᠢᠳᠤᠷᠠᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠣᠷᠣᠨ ᠤ ᠵᠠᠰᠠᠭ ᠵᠠᠬᠢᠷᠭᠠᠨ ᠤ ᠲᠣᠰᠬᠤᠨ ᠳᠤ ᠴᠠᠬᠢᠯᠭᠠᠨ ᠨᠡᠪᠲᠡᠷᠡᠭᠦᠯᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠂ ᠲᠠᠷᠢᠶᠠᠯᠠᠬᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭᠠᠨ ᠤ ᠪᠦᠷᠬᠦᠭᠦᠯᠬᠦ ᠨᠣᠷᠮ᠎ᠠ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ ᠶᠢ ᠲᠣᠰ ᠲᠣᠰ 80% ᠠᠴᠠ ᠳᠡᠭᠡᠭᠰᠢ ᠪᠠ 34% ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠵᠤ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠭᠡᠮᠵᠢ ᠶᠢ ᠪᠦᠷᠢᠳᠦᠭᠦᠯᠦᠭᠰᠡᠨ ᠪᠠᠶᠢᠭᠤᠯᠤᠮᠵᠢᠲᠤ ᠪᠠᠯᠭᠠᠰᠤ ᠶᠢ 50% ᠠᠴᠠ ᠳᠡᠭᠡᠭᠰᠢ ᠳᠤ ᠬᠦᠷᠭᠡᠵᠦ᠂ ᠲᠠᠷᠢᠶᠠᠯᠠᠬᠤ ᠮᠠᠯᠵᠢᠬᠤ ᠣᠷᠣᠨ ᠤ ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠢ 5.5 ᠲᠦᠮᠡ ᠰᠢᠨ᠎ᠡ ᠪᠠᠷ ᠪᠠᠶᠢᠭᠤᠯᠤᠨ᠎ᠠ᠃

      ᠨᠠᠢᠮᠠ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ

      ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ ᠣᠷᠣᠵᠤ᠂ ᠤᠯᠤᠰ ᠤᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠶᠢ ᠴᠣᠭᠴᠠᠯᠠᠬᠤ᠂ ᠨᠡᠭᠡᠭᠡᠯᠲᠡ ᠶᠢᠨ ᠲᠠᠪᠴᠠᠩ ᠤᠨ ᠴᠢᠳᠠᠪᠤᠷᠢ ᠳᠡᠰ ᠢ ᠨᠢ ᠳᠡᠭᠡᠭᠰᠢᠯᠡᠭᠦᠯᠬᠦ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠦᠷ᠎ᠡ ᠠᠰᠢᠭ ᠢ ᠳᠡᠭᠡᠭᠰᠢᠯᠡᠭᠦᠯᠦᠨ ᠪᠠᠭᠲᠠᠭᠠᠮᠵᠢ ᠶᠢ ᠨᠢ ᠥᠷᠭᠡᠳᠭᠡᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠳᠣᠲᠣᠭᠠᠳᠤ ᠭᠠᠳᠠᠭᠠᠳᠤ ᠨᠡᠭᠡᠭᠡᠯᠲᠡ ᠨᠡᠩ ᠶᠡᠭᠡ ᠠᠬᠢᠯᠲᠠ ᠲᠠᠢ ᠪᠣᠯᠬᠤ ᠶᠢ ᠠᠬᠢᠭᠤᠯᠤᠨ᠎ᠠ᠃

      ︵ᠨᠢᠭᠡ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠨ᠂ ᠴᠢᠯᠦᠭᠡᠲᠦ ᠠᠷᠠᠯᠵᠢᠶᠠᠨ ᠤ ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠡᠭᠦᠷᠭᠡ ᠶᠢᠨ ᠲᠣᠳᠣᠷᠬᠠᠢ ᠬᠠᠭᠤᠳᠠᠰᠤ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠭᠤᠶᠤᠴᠢᠯᠠᠨ ᠪᠠᠶᠢᠭᠤᠯᠬᠤ ᠠᠵᠢᠯ ᠢ ᠮᠥᠨ ᠴᠢᠨᠠᠷ ᠤᠨ ᠠᠬᠢᠯᠲᠠ ᠲᠠᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠭᠴᠢ ᠬᠦᠴᠦᠨ ᠢ ᠲᠦᠷᠭᠡᠯᠡᠨ ᠪᠣᠶᠢᠵᠢᠭᠤᠯᠵᠤ᠂ ᠰᠢᠶᠠᠨ ᠤ ᠬᠡᠪᠴᠢᠶᠠᠨ ᠤ ᠭᠠᠳᠠᠭᠠᠳᠤ ᠠᠵᠤ ᠠᠬᠤᠢ ᠠᠷᠠᠯᠵᠢᠶ᠎ᠡ ᠶᠢ ᠪᠠᠶᠢᠬᠤ ᠦᠭᠡᠢ ᠪᠠᠶᠢᠭᠰᠠᠨ ᠠᠴᠠ ᠬᠡᠮᠵᠢᠶ᠎ᠡ ᠶᠢ ᠨᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯ ᠢ ᠠᠬᠢᠭᠤᠯᠤᠨ᠂ ᠤᠯᠠᠭᠠᠨᠴᠠᠪ ᠬᠤᠲᠠ ᠶᠢᠨ ᠤᠯᠤᠰ ᠤᠨ ᠭᠠᠳᠠᠭᠠᠳᠤ ᠠᠴᠠ ᠣᠷᠣᠭᠤᠯᠬᠤ ᠠᠷᠠᠯᠵᠢᠶ᠎ᠠ ᠶᠢ ᠠᠬᠢᠭᠤᠯᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠪᠠ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ ᠤ ᠱᠠᠲᠤᠯᠢᠭ ᠰᠢᠯᠵᠢᠯᠲᠡ ᠶᠢᠨ ᠭᠤᠣᠯᠳᠠᠯᠭ᠎ᠠ ᠲᠠᠢ ᠳᠠᠭᠠᠭᠠᠨ ᠠᠪᠬᠤ ᠭᠠᠵᠠᠷ ᠢ ᠪᠥᠬᠦ ᠬᠦᠴᠦᠨ ᠢᠶᠠᠷ ᠴᠣᠭᠴᠠᠯᠠᠬᠤ ᠶᠢ ᠳᠡᠮᠵᠢᠵᠦ᠂ ᠬᠥᠬᠡᠬᠤᠲᠠ ᠶᠢᠨ ᠤᠯᠤᠰ ᠤᠨ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢᠨ ᠰᠠᠭᠤᠷᠢᠨ ᠭᠠᠵᠠᠷ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ᠂ ᠮᠠᠨᠵᠤᠤᠷ ᠤᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠡᠭ ᠢ ᠠᠬᠢᠭᠤᠯᠤᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ 2100 ᠳ᠋ᠦᠩᠰᠢᠭᠤᠷ ᠲᠥᠭᠦᠷᠢᠭ ᠢ ᠰᠢᠪᠲᠤᠯᠵᠤ᠂ 10% ᠠᠴᠠ ᠳᠡᠭᠡᠭᠰᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠠᠶᠢᠷᠢᠯᠠᠯ ᠳᠡᠰ ᠳᠡᠪᠰᠢᠭᠦᠯᠬᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠶᠢ 300 ᠳ᠋ᠦᠩᠰᠢᠭᠤᠷ ᠲᠥᠭᠦᠷᠢᠭ ᠲᠤ ᠬᠦᠷᠦᠭᠦᠯᠦᠨ᠂ 20% ᠪᠠᠷ ᠨᠡᠮᠡᠭᠳᠡᠭᠦᠯᠬᠦ ᠶᠢ ᠠᠬᠢᠭᠤᠯᠤᠨ᠎ᠠ᠃ ᠣᠶᠤᠨᠴᠢ ᠪᠣᠭᠤᠮᠲᠠ᠂ ᠣᠶᠤᠨᠴᠢ ᠬᠢᠯᠢ ᠶᠢᠨ ᠪᠣᠭᠤᠮᠲᠠ ᠶᠢᠨ ᠪᠠᠶᠢᠭᠤᠯᠤᠯᠲᠠ ᠶᠢ ᠠᠬᠢᠭᠤᠯᠵᠤ᠂ ︽ᠳᠠᠩ ᠴᠣᠩᠬᠤᠪᠴᠢ︾ ᠶᠢ ᠳᠡᠯᠭᠡᠷᠡᠭᠦᠯᠦᠨ ᠬᠡᠷᠡᠭᠯᠡᠬᠦ ᠡᠷᠴᠢᠮ ᠢᠶᠠᠨ ᠴᠢᠩᠭᠠᠷᠠᠭᠤᠯᠤᠨ᠂ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠶᠢ 1.2 ᠳ᠋ᠦᠩᠰᠢᠭᠤᠷ ᠲᠣᠨ ᠳᠤ ᠬᠦᠷᠦᠭᠦᠯᠵᠦ᠂ 12% ᠣᠷᠴᠢᠮ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠦᠷ᠎ᠡ ᠠᠰᠢᠭ ᠢ ᠳᠡᠭᠡᠭᠰᠢᠯᠡᠭᠦᠯᠦᠨ ᠪᠠᠭᠲᠠᠭᠠᠮᠵᠢ ᠪᠠᠨ ᠥᠷᠭᠡᠳᠭᠡᠬᠦ ᠠᠵᠢᠯ ᠢ ᠰᠠᠶᠢᠲᠤᠷ ᠠᠳᠬᠤᠵᠤ᠂ ᠣᠷᠣᠨ ᠠᠴᠠ ᠡᠬᠢᠯᠡᠵᠦ ᠠᠶᠠᠯᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃

      ︵ᠬᠤᠶᠠᠷ︶ ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠥᠪᠥᠷ ᠮᠣᠩᠭᠤᠯ ᠤᠨ ᠵᠡᠭᠦᠨ ᠬᠡᠰᠡᠭ ᠢ ᠮᠠᠨᠳᠤᠭᠤᠯᠤᠨ ᠬᠥᠭᠵᠢᠭᠦᠯᠬᠦ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ ᠶᠢ ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ ᠰᠢᠯᠵᠢᠯᠲᠡ ᠶᠢ ᠳᠠᠭᠠᠭᠠᠨ ᠠᠪᠴᠤ ᠵᠠᠯᠭᠠᠭᠤᠯᠬᠤ ᠶᠢᠨ ᠵᠢᠱᠢᠶ᠎ᠡ ᠦᠵᠡᠭᠦᠯᠬᠦ ᠣᠷᠣᠨ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠵᠡᠭᠦᠨ ᠬᠡᠰᠡᠭ ᠤᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠩᠭᠠᠨ ᠠᠶᠢᠮᠠᠭ ᠲᠠᠬᠢ ᠤᠯᠤᠰ ᠤᠨ ᠣᠳᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠤᠨ᠂ ᠤᠯᠠᠭᠠᠨᠬᠠᠳᠠ ᠬᠤᠲᠠ ᠶᠢᠨ ᠵᠡᠰ ᠤᠨ ᠪᠦᠯᠦᠭ ᠤᠨ ᠰᠢᠨ᠎ᠡ ᠮᠠᠲ᠋ᠧᠷᠢᠶᠠᠯ ᠪᠠ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠤᠨ ᠬᠥᠩᠭᠡᠨᠴᠠᠭᠠᠨ ᠤ ᠪᠦᠯᠦᠭ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠥᠯᠥᠨ ᠪᠣᠶᠢᠷ ᠵᠡᠷᠭᠡ ᠤᠯᠤᠰ ᠤᠨ ᠴᠠᠰᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠢ ᠡᠭᠦᠳᠦᠨ ᠪᠠᠶᠢᠭᠤᠯᠵᠤ᠂ ᠮᠠᠨᠵᠤᠤᠷ᠂ ᠡᠷᠢᠶᠡᠨ ᠬᠤᠲᠠ ᠶᠢᠨ ᠶᠡᠷᠦᠩᠬᠡᠶᠢᠯᠡᠭᠰᠡᠨ ᠬᠦᠢᠰᠦ ᠬᠢᠯᠢ ᠶᠢᠨ ᠪᠣᠭᠤᠮᠲᠠ ᠶᠢ ᠬᠦᠴᠦ ᠪᠠᠨ ᠲᠥᠪᠯᠡᠷᠡᠭᠦᠯᠦᠨ ᠴᠣᠭᠴᠠᠯᠠᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠠᠷᠠᠭᠤᠨ ᠬᠡᠰᠡᠭ ᠤᠨ ᠭᠠᠵᠠᠷ ᠣᠷᠣᠨ ᠤ ᠵᠣᠷᠢᠭᠵᠢᠭᠤᠯᠬᠤ ᠲᠥᠷᠥᠯ ᠤᠨ ᠠᠵᠤ ᠦᠢᠯᠡᠰ ᠤᠨ ᠭᠠᠷᠴᠠᠭ ᠢ ᠲᠣᠬᠢᠷᠠᠭᠤᠯᠬᠤ ᠬᠠᠮᠵᠢᠯᠴᠠᠭᠠᠨ ᠤ ᠠᠵᠢᠯ ᠢ ᠰᠠᠶᠢᠲᠤᠷ ᠬᠢᠨ᠎ᠡ᠃ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠬᠠᠳᠤᠨ ᠭᠤᠣᠯ ᠤᠨ ᠶᠡᠭᠡ ᠬᠠᠮᠠᠭᠠᠯᠠᠯᠲᠠ ᠶᠡᠭᠡ ᠵᠠᠰᠠᠯᠲᠠ ᠳᠤ ᠰᠢᠨ᠎ᠡ ᠦᠷ᠎ᠡ ᠠᠰᠢᠭ ᠲᠠᠢ ᠪᠣᠯᠭᠠᠬᠤ ᠪᠠᠷ ᠴᠢᠷᠮᠠᠶᠢᠨ᠎ᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠪᠦᠯᠦᠭᠵᠢᠯ ᠢ ᠲᠦᠷᠭᠡᠳᠭᠡᠨ ᠪᠦᠲᠦᠭᠡᠨ ᠪᠠᠶᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠵᠤ᠂ ᠬᠥᠬᠡᠬᠤᠲᠠ ᠪᠤᠭᠤᠲᠤ ᠶᠢ ᠨᠢᠭᠡ ᠬᠤᠲᠠᠵᠢᠭᠤᠯᠤᠨ ᠬᠥᠭᠵᠢᠭᠦᠯᠬᠦ ᠶᠢ ᠳᠡᠮᠵᠢᠨ᠎ᠡ᠃

      ︵ᠭᠤᠷᠪᠠ︶ ᠣᠷᠣᠨ ᠪᠦᠰᠡ ᠶᠢᠨ ᠬᠤᠭᠤᠷᠣᠨᠳᠤᠬᠢ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠠᠨ ᠤ ᠬᠥᠭᠵᠢᠯᠲᠡ ᠳᠤ ᠢᠳᠡᠪᠬᠢᠲᠡᠢ ᠠᠭᠤᠰᠤᠯᠴᠠᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠦᠷᠭᠦᠯᠵᠢᠯᠡᠨ ᠠᠬᠢᠭᠤᠯᠤᠨ᠎ᠠ᠃ ᠭᠤᠸᠠᠩᠳᠦ᠋ᠩ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠥᠷ ᠮᠣᠩᠭᠤᠯ ᠬᠥᠬᠡᠨᠠᠭᠤᠷ᠂ ᠥᠪᠥᠷ ᠮᠣᠩᠭᠤᠯ ᠭᠠᠨᠰᠦ᠂ ᠥᠪᠥᠷ ᠮᠣᠩᠭᠤᠯ ᠱᠠᠨᠰᠢ᠂ ᠱᠠᠩᠬᠠᠢ ᠥᠪᠥᠷ ᠮᠣᠩᠭᠤᠯ ᠤᠨ ᠵᠥᠪᠯᠡᠯᠴᠡᠭᠡᠷ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠬᠡᠯᠡᠯᠴᠡᠭᠡ᠂ ᠳᠡᠯᠡᠬᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ ᠰᠢᠶᠠᠩᠭᠠᠩ ᠣᠣᠮᠧᠨ ᠤ ᠠᠵᠤ ᠠᠬᠤᠢ ᠠᠷᠠᠯᠵᠢᠶᠠᠨ ᠤ ᠠᠵᠢᠯᠯᠠᠭ᠎ᠠ ᠶᠢᠨ ᠭᠠᠷᠠᠭ ᠵᠡᠷᠭᠡ ᠥᠨᠳᠥᠷ ᠴᠢᠳᠠᠪᠤᠷᠢ ᠳᠡᠰ ᠤᠨ ᠬᠤᠳᠠᠯᠳᠤᠭᠠᠴᠢᠨ ᠤᠷᠢᠬᠤ ᠲᠠᠪᠴᠠᠩ ᠢ ᠦᠷᠭᠦᠯᠵᠢᠯᠡᠨ ᠰᠠᠶᠢᠲᠤᠷ ᠡᠷᠬᠢᠯᠡᠨ᠂ ᠠᠵᠤ ᠦᠢᠯᠡᠰ ᠤᠨ ᠬᠡᠯᠬᠢᠶᠡᠨ ᠤ ᠲᠤᠰᠬᠠᠢ ᠰᠡᠳᠦᠪ ᠢᠶᠠᠷ ᠬᠤᠳᠠᠯᠳᠤᠭᠠᠴᠢᠨ ᠤᠷᠢᠬᠤ ᠵᠡᠷᠭᠡ ︽ᠪᠡᠯᠡ ᠣᠷᠤᠭᠤᠯᠤᠯᠲᠠ ᠶᠢᠨ ᠥᠪᠥᠷ ᠮᠣᠩᠭᠤᠯ︾ ᠰᠢᠷᠢᠰ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠥᠷᠨᠢᠭᠦᠯᠵᠦ᠂ ᠵᠥᠪᠯᠡᠯᠴᠡᠭᠡᠷ ᠲᠣᠬᠢᠷᠠᠭᠰᠠᠨ ᠲᠥᠷᠥᠯ ᠵᠦᠢᠯ ᠢ ᠪᠣᠳᠠᠲᠠᠶᠢᠵᠢᠭᠤᠯᠵᠤ ᠮᠥᠷᠳᠡᠨ ᠳᠠᠭᠠᠬᠤ ᠦᠢᠯᠡᠴᠢᠯᠡᠭᠡ ᠪᠠᠨ ᠴᠢᠩᠭᠠᠳᠬᠠᠨ᠂ ᠪᠥᠬᠦ ᠵᠢᠯ ᠳᠤ ᠡᠯ᠎ᠡ ᠲᠥᠷᠥᠯ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ 150 ᠲᠠᠯᠠᠪᠠᠢ ᠣᠷᠴᠢᠮ ᠥᠷᠨᠢᠭᠦᠯᠵᠦ᠂ ᠠᠵᠤ ᠦᠢᠯᠡᠰ ᠤᠨ ᠬᠡᠯᠬᠢᠶᠡᠨ ᠳᠤ ᠳᠤᠲᠠᠭᠤᠳᠠᠯ ᠲᠠᠢ ᠬᠠᠷᠠᠯᠲᠠᠲᠤ ᠠᠵᠤ ᠠᠬᠤᠶᠢᠯᠠᠯ ᠢ 1000 ᠠᠴᠠ ᠳᠡᠭᠡᠭᠰᠢ ᠵᠣᠬᠢᠶᠠᠨ ᠪᠠᠶᠢᠭᠤᠯᠤᠨ ᠵᠣᠯᠭᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠤᠯᠤᠰ ᠤᠨ ᠳᠣᠲᠣᠭᠠᠳᠤᠬᠢ ᠪᠣᠳᠠᠲᠠᠶᠢᠵᠢᠭᠰᠠᠨ ᠪᠡᠯᠡ ᠮᠥᠩᠭᠦ ᠶᠢ 5500 ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠢ ᠪᠠᠶᠢᠯᠭᠠᠬᠤ ᠪᠠᠷ ᠴᠢᠷᠮᠠᠶᠢᠨ᠎ᠠ᠃

      ᠶᠢᠰᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠳᠤᠯᠠᠭᠠᠯᠠᠭ᠎ᠠ ᠶᠢᠨ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠦᠨ᠎ᠡ

      ᠴᠢᠳᠠᠯ ᠢᠶᠠᠷ ᠢᠶᠠᠨ ᠴᠢᠷᠮᠠᠶᠢᠨ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠳᠤᠯᠠᠭᠠᠯᠠᠭ᠎ᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ ᠢ ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠣᠨᠣᠪᠴᠢᠲᠠᠢ ᠪᠠᠲᠤᠲᠠᠢ ᠪᠠᠲᠤᠯᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃

      ︵ᠨᠢᠭᠡ︶ ᠣᠯᠠᠨ ᠲᠦᠮᠡᠨ ᠤ ᠠᠮᠢᠳᠤᠷᠠᠯ ᠤᠨ ᠣᠷᠴᠢᠨ ᠨᠦᠭᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠪᠡᠯᠡ ᠮᠥᠩᠭᠦᠨ ᠤ ᠣᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠳᠤᠯᠠᠭᠠᠯᠠᠭ᠎ᠠ ᠬᠠᠩᠭᠠᠬᠤ ᠢᠯᠴᠢ ᠬᠠᠩᠭᠠᠬᠤ ᠰᠢᠨ᠎ᠡ ᠬᠡᠯᠪᠡᠷᠢ ᠶᠢᠨ ᠣᠶᠤᠨᠲᠤ ᠵᠠᠭᠪᠤᠷ ᠢ ᠪᠠᠶᠢᠭᠤᠯᠬᠤ ᠪᠠᠷ ᠰᠦᠪᠡᠭᠴᠢᠯᠡᠵᠦ᠂ ᠰᠢᠲᠠᠮᠠᠬᠠᠢ ᠬᠡᠢ᠂ ᠤᠰᠤ ᠬᠠᠩᠭᠠᠵᠤ ᠭᠠᠳᠠᠭᠰᠢᠯᠠᠭᠤᠯᠬᠤ᠂ ᠢᠯᠴᠢ ᠬᠠᠩᠭᠠᠬᠤ ᠬᠤᠭᠤᠯᠠᠢ ᠭᠤᠤᠷᠰᠤ ᠶᠢᠨ ᠲᠣᠣᠷ ᠢ 1500 ᠺᠢᠯᠣᠮᠧᠲᠷ ᠰᠢᠨᠡᠳᠭᠡᠵᠦ ᠥᠭᠡᠷᠡᠴᠢᠯᠡᠨ ᠰᠠᠶᠢᠵᠢᠷᠠᠭᠤᠯᠤᠨ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ ︵ᠲᠠᠰᠤᠯᠭ᠎ᠠ︶ ᠪᠠᠶᠢᠭᠤᠯᠵᠤ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185᠂ ᠬᠤᠲᠠ ᠪᠠᠯᠭᠠᠰᠤᠨ ᠤ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ 1500 ᠢᠵᠢ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3419 ᠡᠷᠦᠬᠡ ᠥᠭᠡᠷᠡᠴᠢᠯᠡᠨ ᠰᠢᠨᠡᠳᠭᠡᠵᠦ᠂ 1.3 ᠲᠦᠮᠡᠨ ᠡᠷᠦᠬᠡ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠭᠡᠬᠦ ᠶᠢ ᠪᠡᠶᠡᠯᠡᠭᠦᠯᠵᠦ᠂ ᠬᠥᠬᠡᠬᠤᠲᠠ ᠶᠢ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠲᠥᠯᠥᠪᠵᠢᠭᠦᠯᠦᠨ ᠪᠠᠶᠢᠭᠤᠯᠬᠤ ᠪᠠ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠨ ᠰᠢᠨᠡᠳᠭᠡᠬᠦ ᠶᠢ ᠳᠡᠮᠵᠢᠬᠦ ᠬᠤᠲᠠ ᠳᠤ ᠵᠢᠭᠰᠠᠭᠠᠬᠤ ᠪᠠᠷ ᠴᠢᠷᠮᠠᠶᠢᠨ᠎ᠠ᠃ ᠲᠥᠷᠥᠯ ᠬᠤᠪᠢᠶᠠᠨ ᠡᠮᠬᠢ ᠳᠠᠷᠠᠭ᠎ᠠ ᠲᠠᠢ ᠪᠠᠷ ᠨᠢᠭᠡ ᠪᠦᠯᠦᠭ ᠬᠤᠲᠠ ᠶᠢᠨ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠱᠣᠩ ᠢ ᠪᠠᠶᠢᠭᠤᠯᠤᠨ᠂ ᠲᠡᠷᠭᠡᠨ ᠵᠣᠭᠰᠣᠭᠠᠯ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃

      ︵ᠬᠤᠶᠠᠷ︶ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠥᠭᠡᠷᠡᠴᠢᠯᠡᠯᠲᠡ ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠪᠥᠬᠦ ᠤᠯᠤᠰ ᠤᠨ ᠨᠢᠭᠡᠳᠦᠯᠲᠡᠢ ᠲᠥᠯᠥᠪᠯᠡᠬᠦ ᠪᠠ ᠬᠦᠴᠢᠷᠳᠡᠯᠲᠡᠢ ᠬᠥᠮᠥᠰ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠰᠦᠢᠳᠬᠡᠯ ᠢ ᠣᠷᠣᠯᠠᠨ ᠲᠤᠰᠢᠶᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠶᠢ 1769 ᠲᠦᠮᠡᠨ ᠬᠥᠮᠥᠨ ᠳᠤ ᠬᠦᠷᠦᠭᠦᠯᠦᠨ᠎ᠡ᠃ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠰᠢᠨᠵᠢᠯᠲᠡ ᠶᠢ ᠴᠢᠩᠭᠠᠳᠬᠠᠵᠤ᠂ ᠳᠡᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠂ ᠰᠠᠭᠤᠭᠠᠯᠢ ᠠᠷᠠᠳ ᠤᠨ ᠣᠷᠣᠯᠭ᠎ᠠ ᠶᠢ ᠴᠢᠷᠮᠠᠶᠢᠨ ᠨᠡᠮᠡᠭᠳᠡᠭᠦᠯᠵᠤ᠂ ᠬᠥᠳᠡᠯᠮᠦᠷᠢ ᠶᠢᠨ ᠬᠠᠷᠢᠴᠠᠭ᠎ᠠ ᠶᠢᠨ ᠵᠠᠰᠠᠯᠲᠠ ᠶᠢᠨ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠦᠨᠡᠨ ᠬᠦ ᠪᠥᠬᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ᠪᠤᠶᠤ ᠳᠠᠪᠠᠭᠤᠯᠤᠨ᠎ᠠ᠃ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠵᠦ᠂ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ 170᠂ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠳᠡᠭᠡ ᠶᠢ 1500 ᠪᠠᠷᠢᠯᠭ᠎ᠠ ᠡᠬᠢᠯᠡᠭᠦᠯᠦᠨ ᠪᠠᠶᠢᠭᠤᠯᠵᠤ᠂ ᠨᠦᠭᠦᠴᠡᠯ ᠲᠠᠢ ᠭᠠᠵᠠᠷ ᠣᠷᠣᠨ ᠤ ᠨᠠᠰᠤᠲᠠᠶᠢᠴᠤᠳ ᠤᠨ ᠬᠤᠭᠤᠯᠠ ᠪᠤᠳᠠᠭ᠎ᠠ ᠳᠤ ᠲᠤᠰᠠᠯᠠᠮᠵᠢ ᠦᠵᠡᠭᠦᠯᠬᠦ ᠦᠢᠯᠡᠴᠢᠯᠡᠭᠡ ᠶᠢ ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠲᠣᠳᠣᠷᠬᠠᠢ ᠬᠠᠭᠤᠳᠠᠰᠤᠨ ᠳᠤ ᠣᠷᠣᠭᠤᠯᠬᠤ ᠶᠢ ᠨᠢ ᠠᠬᠢᠭᠤᠯᠤᠨ᠎ᠠ᠃

      ︵ᠭᠤᠷᠪᠠ︶ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠤᠷᠭᠠᠨ ᠬᠥᠮᠥᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢᠨ ᠠᠵᠢᠯᠯᠠᠭᠠᠨ ᠤ ᠲᠥᠰᠥᠯ ᠢ ᠨᠡᠶᠢᠲᠡᠯᠡᠵᠦ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠭᠤᠷᠠᠢ ᠭᠤᠭᠴᠤᠭ᠎ᠠ ᠶᠢ ᠥᠭᠡᠷᠡᠴᠢᠯᠡᠨ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠦᠨ᠂ ᠬᠤᠪᠣᠷ ᠰᠢᠷᠣᠢ᠂ ᠰᠦ ᠰᠠᠭᠠᠯᠢ ᠶᠢᠨ ᠦᠢᠯᠡᠰ᠂ ᠰᠢᠨ᠎ᠡ ᠡᠨᠧᠷᠭᠢ ᠵᠡᠷᠭᠡ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠲᠦᠷᠭᠡᠳᠭᠡᠨ ᠪᠠᠶᠢᠭᠤᠯᠵᠤ᠂ ᠦᠢᠯᠡᠳᠪᠦᠷᠢᠯᠡᠬᠦ ᠵᠢᠭᠠᠨ ᠰᠤᠷᠭᠠᠬᠤ ᠶᠢ ᠠᠭᠤᠰᠤᠯᠴᠠᠭᠤᠯᠤᠭᠰᠠᠨ ᠬᠡᠯᠪᠡᠷᠢ ᠶᠢᠨ ᠠᠵᠤ ᠠᠬᠤᠶᠢᠯᠠᠯ ᠢ 50 ᠪᠣᠶᠢᠵᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠤᠨ ᠬᠠᠩᠭᠠᠯᠭ᠎ᠠ ᠶᠢ ᠦᠷᠭᠦᠯᠵᠢᠯᠡᠨ ᠥᠷᠭᠡᠳᠭᠡᠵᠦ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠴᠡᠴᠡᠷᠯᠢᠭ ᠲᠤ ᠣᠷᠣᠬᠤ ᠨᠣᠷᠮ᠎ᠠ ᠪᠠ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠪᠦᠷᠬᠦᠭᠦᠯᠬᠦ ᠨᠣᠷᠮ᠎ᠠ ᠶᠢ 90% ᠪᠠ 88% ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠠᠯᠪᠠᠨ ᠠᠴᠠ ᠡᠷᠬᠢᠯᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠮᠨᠡᠯᠭᠡ ᠳᠤ ᠰᠠᠭᠤᠬᠤ ᠣᠷᠣ ᠶᠢᠨ ᠭᠠᠷᠳᠠᠮ ᠢ ᠭᠦᠢᠴᠡᠳᠭᠡᠬᠦ ᠡᠮᠴᠢᠯᠡᠭᠡᠨ ᠤ ᠲᠤᠷᠰᠢᠯᠲᠠ ᠶᠢᠨ ᠴᠡᠭ ᠢ ᠥᠷᠨᠢᠭᠦᠯᠦᠨ᠂ ᠨᠢᠷᠠᠢ ᠬᠡᠦᠬᠡᠳ ᠤᠨ ᠣᠷᠣ ᠶᠢ 1.5 ᠲᠦᠮᠡ ᠰᠢᠨ᠎ᠡ ᠪᠠᠷ ᠨᠡᠮᠡᠭᠳᠡᠭᠦᠯᠦᠨ᠎ᠡ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠂ ᠬᠢᠲᠠᠳ ︵ᠮᠣᠩᠭᠤᠯ︶ ᠠᠨᠠᠭᠠᠬᠤ ᠤᠬᠠᠭᠠᠨ ᠤ ᠡᠮᠴᠢᠯᠡᠭᠡᠨ ᠤ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠢ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠡᠮᠴᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠴᠡᠴᠡᠷᠯᠢᠭ ᠢ 20᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ 6 ᠰᠢᠨ᠎ᠡ ᠪᠠᠷ ᠪᠠᠶᠢᠭᠤᠯᠬᠤ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠨ᠎ᠡ᠃ ᠡᠮᠡᠭᠲᠡᠶᠢᠴᠦᠳ ᠬᠡᠦᠬᠡᠳ ᠪᠠᠭᠠᠴᠤᠳ ᠤᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠬᠡᠦᠬᠡᠳ ᠪᠠᠭᠠᠴᠤᠳ ︵ᠬᠡᠦᠬᠡᠳ ᠪᠠᠭᠠᠴᠤᠳ ᠢ ᠬᠠᠮᠠᠭᠠᠯᠠᠬᠤ︶ ᠤᠨ ᠭᠡᠷ ᠢ 50 ᠰᠢᠨ᠎ᠡ ᠪᠠᠷ ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ ᠨᠠᠰᠤᠨ ᠳᠤ ᠦᠯᠦ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠢ 7 ᠪᠠᠶᠢᠭᠤᠯᠤᠨ᠎ᠠ᠃

      ᠠᠷᠪᠠ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠎ᠡ

      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢᠶᠠᠨ ᠪᠠᠲᠤ ᠴᠢᠩᠭ᠎ᠠ ᠡᠵᠡᠮᠰᠢᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠯᠢ ᠬᠢᠵᠠᠭᠠᠷ ᠤᠨ ᠪᠠᠲᠤ ᠲᠣᠭᠲᠠᠭᠤᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠠᠬᠢᠭᠤᠯᠤᠨ᠎ᠠ᠃

      ︵ᠨᠢᠭᠡ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠦᠢᠯᠡᠰ ᠢ ᠪᠥᠬᠦ ᠲᠠᠯ᠎ᠠ ᠪᠠᠷ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠢᠶᠠᠨ ᠪᠣᠯᠭᠠᠬᠤ ᠶᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠤᠨ ᠳᠤᠮᠳᠠ ᠪᠠᠨ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠭ᠎ᠠ ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠪᠠᠷ ᠴᠢᠷᠮᠠᠶᠢᠨ᠎ᠠ᠃ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨ ᠤ ᠬᠥᠮᠥᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠥᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠬᠥᠮᠥᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠢ ᠰᠤᠳᠤᠯᠬᠤ ᠪᠠᠨ ᠴᠢᠩᠭᠠᠳᠬᠠᠵᠤ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭᠠᠨ ᠤ ︽ᠭᠤᠷᠪᠠᠨ ᠵᠦᠢᠯ ᠤᠨ ᠲᠥᠯᠥᠪᠯᠡᠭᠡ︾ ᠶᠢ ᠬᠡᠷᠡᠭᠵᠢᠭᠦᠯᠦᠨ᠎ᠡ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭᠠᠨ ᠤ ᠲᠥᠪ ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠢ ᠥᠷᠨᠢᠭᠦᠯᠦᠨ᠂ ᠬᠢᠯᠢ ᠬᠢᠵᠠᠭᠠᠷ ᠣᠷᠣᠨ ᠤ ︽ᠳᠥᠷᠪᠡᠨ ᠬᠠᠮᠲᠤ ᠪᠠᠷ ᠪᠠᠶᠢᠬᠤ︾ ᠤᠷᠳᠤ ᠬᠤᠩᠬᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠮᠠᠷᠠᠲᠤ ᠬᠢᠯᠢ ᠶᠢᠨ ᠰᠣᠶᠣᠯ ᠢ ᠤᠬᠠᠭᠤᠯᠤᠨ ᠲᠠᠶᠢᠯᠪᠤᠷᠢᠯᠠᠬᠤ ᠶᠢᠨ ᠲᠣᠭᠤᠷᠢᠨ ᠳᠤ᠂ ᠪᠥᠬᠦ ᠤᠯᠤᠰ ᠤᠨ ᠤᠯᠠᠭᠠᠨᠮᠥ᠋ᠴᠢᠷ ᠤᠨ ᠦᠵᠡᠭᠦᠯᠭᠡ ᠶᠢᠨ ᠲᠣᠭᠯᠠᠯᠲᠠ᠂ ︽ᠵᠠᠭᠤᠨ ᠪᠦᠯᠬᠦᠮ ᠮᠢᠩᠭᠠᠨ ᠲᠠᠯᠠᠪᠤᠷ︾ ᠦᠨᠳᠦᠰᠦᠨ ᠱᠠᠲᠤᠨ ᠳᠤ ᠪᠠᠭᠤᠵᠤ ᠲᠣᠭᠯᠠᠯᠲᠠ ᠭᠠᠷᠭᠠᠬᠤ ᠵᠡᠷᠭᠡ ᠲᠣᠭᠯᠠᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃

      ︵ᠬᠤᠶᠠᠷ︶ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠡᠷᠴᠢᠮ ᠢᠶᠠᠨ ᠴᠢᠩᠭᠠᠷᠠᠭᠤᠯᠤᠨ᠂ ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠲᠠᠢ ᠵᠣᠬᠢᠴᠠᠯᠳᠤᠭᠰᠠᠨ ᠵᠠᠰᠠᠭ ᠤᠨ ᠣᠷᠳᠣᠨ ᠤ ᠥᠷᠢ ᠥᠭᠴᠡᠭᠡ ᠶᠢ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠪᠡᠯᠡ ᠲᠣᠬᠢᠷᠠᠭᠤᠯᠬᠤ ᠲᠠᠪᠴᠠᠩ ᠤᠨ ᠥᠷᠢ ᠥᠭᠴᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠡᠯᠡ ᠲᠣᠬᠢᠷᠠᠭᠤᠯᠬᠤ ᠲᠠᠪᠴᠠᠩ ᠤᠨ ᠦᠯᠡᠳᠡᠭᠳᠡᠯ ᠥᠷᠢ ᠥᠭᠴᠡᠭᠡ ᠶᠢᠨ ᠬᠡᠪᠴᠢᠶ᠎ᠡ ᠶᠢ ᠠᠯᠬᠤᠮ ᠳᠠᠷᠠᠭᠠᠯᠠᠨ ᠪᠠᠭᠠᠰᠬᠠᠵᠤ᠂ ᠪᠡᠯᠡ ᠲᠣᠬᠢᠷᠠᠭᠤᠯᠬᠤ ᠲᠠᠪᠴᠠᠩ ᠤᠨ ᠲᠤᠭ᠎ᠠ ᠬᠡᠮᠵᠢᠶ᠎ᠡ ᠶᠢ ᠲᠥᠯᠥᠪᠯᠡᠭᠡ ᠶᠣᠰᠣᠭᠠᠷ ᠪᠠᠭᠠᠰᠬᠠᠨ᠂ ᠪᠡᠯᠡ ᠲᠣᠬᠢᠷᠠᠭᠤᠯᠬᠤ ᠲᠠᠪᠴᠠᠩ ᠤᠨ ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ︽ᠭᠤᠷᠪᠠ ᠶᠢ ᠪᠠᠲᠤᠯᠠᠬᠤ︾ ᠶᠢ ᠠᠵᠢᠯᠯᠠᠭᠤᠯᠬᠤ ᠤᠷᠳᠤ ᠬᠤᠭᠤᠴᠠᠭᠠᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠤᠰᠢᠭᠤ ᠰᠢᠶᠠᠨ ᠤ ᠱᠠᠲᠤᠨ ᠤ ︽ᠭᠤᠷᠪᠠ ᠶᠢ ᠪᠠᠲᠤᠯᠠᠬᠤ︾ ᠲᠥᠰᠥᠪ ᠤᠨ ᠪᠠᠲᠤᠯᠠᠪᠠᠰᠤ ᠵᠣᠬᠢᠬᠤ ᠶᠢ ᠨᠢ ᠪᠥᠬᠦᠨ ᠢ ᠪᠠᠲᠤᠯᠠᠬᠤ ᠶᠢ ᠦᠨᠡᠨ ᠬᠦ ᠪᠠᠲᠤᠯᠠᠨ᠎ᠠ᠃ ᠡᠳ᠋ ᠤᠨ ᠵᠠᠰᠠᠭ ᠤᠨ ᠲᠦᠷ ᠥᠭᠬᠦ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠂ ᠲᠦᠷ ᠥᠭᠬᠦ ᠮᠥᠩᠭᠦ ᠶᠢᠨ ᠦᠯᠡᠳᠡᠪᠦᠷᠢ ᠲᠤᠭ᠎ᠠ ᠶᠢᠨ ᠵᠠᠷᠤᠯᠭ᠎ᠠ ᠳᠤ ᠡᠵᠡᠯᠡᠬᠦ ᠬᠠᠷᠢᠴᠠᠯ ᠨᠢ 10% ᠠᠴᠠ ᠳᠠᠪᠠᠭᠰᠠᠨ ᠭᠠᠵᠠᠷ ᠣᠷᠣᠨ ᠳᠤ ᠰᠢᠨ᠎ᠡ ᠪᠠᠷ ᠨᠡᠮᠡᠭᠳᠡᠭᠦᠯᠦᠭᠰᠡᠨ ᠲᠦᠷ ᠥᠭᠬᠦ ᠮᠥᠩᠭᠦ ᠶᠢᠨ ᠳᠡᠰ ᠳᠡᠪᠰᠢᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ᠂ ᠪᠣᠳᠠᠲᠠᠢ ᠥᠭᠭᠦᠭᠰᠡᠨ ᠪᠡᠯᠡ ᠮᠥᠩᠭᠦ ᠶᠢ ᠬᠢᠨᠠᠨ ᠬᠠᠷᠭᠤᠭᠤᠯᠬᠤ ᠬᠠᠮᠢᠶᠠᠷᠤᠯᠲᠠ ᠪᠠᠨ ᠴᠢᠩᠭᠠᠳᠬᠠᠨ᠂ ᠰᠢᠨ᠎ᠡ ᠪᠠᠷ ᠨᠡᠮᠡᠭᠳᠡᠭᠦᠯᠦᠭᠰᠡᠨ ᠵᠢᠭᠡᠯᠡᠯᠭᠡ ᠶᠢᠨ ᠮᠥᠩᠭᠦ ᠶᠢ ᠬᠢᠨᠠᠨ ᠵᠥᠪᠰᠢᠶᠡᠷᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠰᠢ ᠵᠢᠭᠡᠯᠡᠭᠦᠯᠦᠭᠰᠡᠨ ᠮᠥᠩᠭᠦ ᠶᠢ ᠨᠠᠰᠤᠨ ᠲᠤᠷᠰᠢᠲᠠ ᠬᠠᠷᠢᠭᠤᠴᠠᠬᠤ ᠳᠦᠷᠢᠮ ᠢ ᠪᠠᠶᠢᠭᠤᠯᠤᠨ᠎ᠠ᠃

      ︵ᠭᠤᠷᠪᠠ︶ ᠭᠤᠣᠯᠳᠠᠯᠭ᠎ᠠ ᠲᠠᠢ ᠬᠦᠷᠢᠶᠠᠨ ᠳᠠᠬᠢ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ ᠪᠠᠷ ᠰᠡᠷᠭᠡᠶᠢᠯᠡᠨ ᠠᠷᠢᠯᠭᠠᠨ᠎ᠠ᠃ ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠡᠭᠦᠰᠭᠡᠬᠦ ᠬᠤᠷᠢᠭ᠎ᠠ ᠱᠤᠭᠤᠮ ᠢ ᠪᠠᠲᠤ ᠰᠠᠬᠢᠨ᠂ ᠳᠤᠮᠳᠠ ᠵᠢᠵᠢᠭ ᠪᠠᠩᠬᠢ ᠶᠢᠨ ᠲᠦᠭᠰᠢᠭᠦᠷᠢ ᠶᠢ ᠰᠢᠢᠳᠪᠦᠷᠢᠯᠡᠬᠦ᠂ ᠬᠥᠷᠥᠩᠭᠡ ᠶᠢ ᠨᠥᠬᠦᠪᠦᠷᠢᠯᠡᠬᠦ ᠪᠠ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠯᠠᠪᠳᠠᠭᠤᠨ ᠲᠣᠬᠢᠲᠠᠢ ᠠᠬᠢᠭᠤᠯᠵᠤ᠂ ᠬᠠᠤᠯᠢ ᠶᠢᠨ ᠡᠷᠬᠡᠲᠡᠨ ᠢ ᠨᠢᠭᠡᠳᠦᠭᠦᠯᠦᠭᠰᠡᠨ ᠥᠪᠥᠷ ᠮᠣᠩᠭᠤᠯ ᠤᠨ ᠲᠠᠷᠢᠶᠠᠯᠠᠩ ᠬᠤᠳᠠᠯᠳᠤᠭᠠᠨ ᠤ ᠪᠠᠩᠬᠢ ᠶᠢ ᠪᠠᠶᠢᠭᠤᠯᠤᠨ᠂ ᠵᠠᠬ᠎ᠠ ᠳᠤ ᠭᠠᠷᠤᠭᠰᠠᠨ ᠺᠣᠮᠫᠠᠨᠢ ᠶᠢᠨ ᠰᠲ᠋ᠣᠺ ᠢᠶᠠᠷ ᠳᠠᠨᠵᠢᠯᠠᠵᠤ ᠬᠥᠮᠥᠷᠭᠡ ᠲᠡᠭᠰᠢᠯᠡᠬᠦ ᠲᠦᠭᠰᠢᠭᠦᠷᠢ ᠪᠠ ᠵᠢᠭᠡᠯᠡᠯᠭᠡ ᠲᠠᠯᠪᠢᠭᠰᠠᠨ ᠠᠵᠤ ᠠᠬᠤᠶᠢᠯᠠᠯ ᠤᠨ ᠭᠡᠷ᠎ᠡ ᠠᠴᠠ ᠪᠠᠨ ᠵᠥᠷᠢᠴᠡᠬᠦ ᠲᠦᠭᠰᠢᠭᠦᠷᠢ ᠶᠢ ᠬᠦᠴᠦᠯᠡᠨ ᠠᠷᠢᠯᠭᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠢᠳᠡᠪᠬᠢᠲᠡᠢ ᠯᠠᠪᠳᠠᠭᠤᠨ ᠲᠣᠬᠢᠲᠠᠢ ᠠᠷᠢᠯᠭᠠᠵᠤ᠂ ᠠᠳᠠᠯᠢ ᠪᠤᠰᠤ ᠥᠮᠴᠢᠯᠡᠯᠲᠦ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠵᠦᠢ ᠵᠣᠬᠢᠰᠲᠠᠢ ᠬᠡᠷᠡᠭᠴᠡᠭᠡ ᠳᠤ ᠠᠳᠠᠯᠢ ᠲᠡᠭᠰᠢ ᠪᠠᠷ ᠬᠠᠨᠳᠤᠵᠤ᠂ ᠪᠠᠲᠤᠯᠠᠨ ᠲᠤᠰᠢᠶᠠᠬᠤ ᠠᠰᠠᠷ ᠤᠨ ᠡᠭᠦᠷᠭᠡ ᠶᠢ 2.5 ᠲᠦᠮᠡᠨ ᠢᠵᠢ ᠪᠡᠶᠡᠯᠡᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠬᠢᠵᠢᠭᠦᠯᠦᠨ᠂ ᠠᠶᠤᠯ ᠦᠭᠡᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭᠠᠨ ᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠶᠢᠨ ᠦᠢᠯᠡᠳᠭᠦᠨ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠠᠨ ᠳᠠᠬᠢ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ ᠶᠢ ᠴᠢᠩᠭᠠᠳᠬᠠᠨ᠂ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠣᠢ ᠰᠢᠭᠤᠢ ᠲᠠᠯ᠎ᠠ ᠨᠤᠲᠤᠭ ᠤᠨ ᠭᠠᠯ ᠲᠤᠶᠢᠮᠠᠷ ᠢ ᠰᠡᠷᠭᠡᠶᠢᠯᠡᠵᠦ ᠤᠨᠲᠠᠷᠠᠭᠠᠬᠤ ᠵᠡᠷᠭᠡ ᠠᠵᠢᠯ ᠢ ᠰᠠᠶᠢᠲᠤᠷ ᠬᠢᠨ᠎ᠡ᠃ ᠢᠳᠡᠭᠡᠨ ᠤ ᠪᠠ ᠡᠮ ᠤᠨ ᠵᠦᠢᠯ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠬᠤ ᠪᠠ ᠬᠥᠭᠵᠢᠭᠦᠯᠦᠨ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠬᠦ ᠳᠦᠷᠢᠮ ᠢ ᠳᠡᠯᠭᠡᠷᠡᠭᠦᠯᠦᠨ ᠬᠡᠷᠡᠭᠵᠢᠭᠦᠯᠦᠨ᠎ᠡ᠃

      2024 ᠣᠨ ᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ ᠂ ᠡᠭᠦᠷᠭᠡ ᠬᠠᠲᠠᠭᠤ ᠪᠡᠷᠬᠡ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠵᠤ ᠂ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠢ ᠶᠢᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯ ᠢ ᠭᠦᠨᠵᠡᠭᠡᠢ ᠣᠶᠢᠯᠠᠭᠠᠵᠤ ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠷᠠᠭᠤᠯᠵᠤ ᠂ ᠥᠪᠡᠷ ᠤᠨ ᠠᠵᠢᠯ ᠤᠨ ᠲᠣᠭᠲᠠᠭᠠᠯᠲᠤ ᠴᠢᠨᠠᠷ ᠢᠶᠠᠷ ᠪᠠᠶᠢᠳᠠᠯ ᠤᠨ ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ ᠴᠢᠷᠮᠠᠶᠢᠨ ᠠᠷᠭᠠᠴᠠᠭᠠᠬᠤ ᠬᠡᠷᠡᠭᠲᠡᠢ᠃ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠂ ᠬᠤᠷᠳᠤᠴᠠ ᠪᠠ ᠴᠢᠨᠠᠷ ᠴᠢᠨᠰᠠᠭ᠎ᠠ ᠂ ᠬᠤᠷᠸ᠎ᠠ ᠲᠤᠭ᠎ᠠ ᠪᠠᠷᠢᠮᠲᠠ ᠪᠠ ᠬᠤᠮᠠᠬᠢ ᠲᠥᠷᠥᠭᠳᠡᠯ ᠂ ᠠᠵᠤ ᠠᠬᠤᠢ ᠶᠢ ᠬᠥᠭᠵᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠂ ᠬᠥᠭᠵᠢᠯᠲᠡ ᠪᠠ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠡᠵᠡᠮᠳᠡᠬᠦ ᠪᠠ ᠰᠢᠢᠳᠪᠦᠷᠢᠯᠡᠵᠦ ᠂ ᠭᠤᠣᠯ ᠵᠥᠷᠢᠴᠡᠯ ᠢ ᠠᠳᠬᠤᠨ ᠂ ᠪᠣᠭᠤᠮᠢ ᠬᠦᠯᠢᠶᠡᠰᠦᠯᠡᠯ ᠢ ᠰᠢᠪᠲᠤᠯᠵᠤ ᠂ ᠪᠠᠷᠠᠯᠠᠯᠬᠢᠯᠠᠨ ᠪᠠᠶᠢᠷᠢᠰᠢᠭᠤᠯᠬᠤ ᠶᠢ ᠴᠢᠬᠤᠯᠠᠴᠢᠯᠠᠨ ᠂ ᠨᠡᠮᠡᠯᠲᠡ ᠬᠠᠰᠤᠯᠲᠠ ᠦᠭᠡᠢ ᠪᠠᠷ ᠂ ᠡᠷᠡᠰ ᠰᠢᠭᠤᠷᠬᠠᠢ ᠪᠠᠷ ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠨ ᠂ ᠵᠣᠷᠢᠭᠲᠠᠢ ᠣᠷᠣᠯᠳᠤᠨ ᠴᠢᠳᠠᠮᠠᠭᠠᠢ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠨ ᠂ ᠭᠤᠣᠯ ᠰᠡᠳᠦᠪᠲᠦ ᠬᠥᠮᠥᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ ᠂ ᠭᠤᠣᠯᠳᠠᠯᠭ᠎ᠠ ᠲᠠᠢ ᠡᠭᠦᠷᠭᠡ ᠶᠢ ᠪᠣᠳᠠᠲᠠᠶᠢᠵᠢᠨ ᠨᠠᠶᠢᠳᠠᠪᠤᠷᠢᠵᠢᠬᠤ ᠶᠢ ᠦᠨᠡᠨ ᠬᠦ ᠪᠠᠲᠤᠯᠠᠨ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃

      ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ 

             2024 ᠤᠨ ᠤ 2 ᠳ᠋ᠤᠭᠠᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ