ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/7/26

      7 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ ᠲᠥᠪ ᠤᠨ ᠤᠳᠤᠷᠢᠳᠬᠤ ᠨᠥᠬᠦᠳ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠣᠳᠣᠬᠠᠨ ᠳᠤ ᠶᠠᠭ ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾᠋ ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠦᠶᠡᠷ ᠤᠨ ᠬᠤᠭᠤᠴᠠᠭ᠎ᠠ᠂ ᠵᠣᠨ ᠤ ᠠᠮᠠᠷᠠᠯᠲᠠ᠂ ᠠᠮᠠᠷᠠᠯᠲᠠ ᠶᠢᠨ ᠬᠤᠭᠤᠴᠠᠭ᠎ᠠ ᠳᠠᠪᠬᠤᠴᠠᠵᠤ᠂ ᠬᠥᠮᠥᠰ ᠤᠨ ᠰᠢᠯᠵᠢᠯᠲᠡ᠂ ᠪᠠᠷᠠᠭᠠᠨ ᠤ ᠭᠦᠢᠯᠭᠡᠭᠡ᠂ ᠨᠠᠭᠠᠰᠢ ᠴᠠᠭᠠᠰᠢ ᠶᠠᠪᠤᠬᠤ ᠲᠡᠷᠭᠡ ᠣᠯᠠᠰᠢᠷᠠᠵᠠᠢ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠲᠡᠪᠴᠢᠵᠦ᠂ ᠳᠠᠶᠢᠯᠠᠯᠳᠤᠭᠠᠨ ᠬᠢᠬᠦ ᠪᠠᠶᠢᠳᠠᠯ ᠢᠶᠠᠨ ᠪᠠᠲᠤᠯᠠᠵᠤ᠂ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠨᠠᠷᠢᠯᠢᠭ ᠣᠨᠣᠪᠴᠢᠲᠠᠶ ᠪᠠᠷ ᠤᠷᠢᠳᠴᠢᠯᠠᠨ ᠰᠡᠷᠡᠮᠵᠢᠯᠡᠭᠦᠯᠵᠦ᠂ ᠡᠷᠡᠰ ᠰᠢᠭᠤᠷᠬᠠᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ᠂ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠠᠵᠤ ᠦᠢᠯᠡᠳᠪᠦᠷᠢ ᠠᠷᠠᠯᠵᠢᠶ᠎ᠠ᠂ ᠵᠢᠭᠤᠯᠴᠢᠯᠠᠯ᠂ ᠬᠤᠲᠠ ᠶᠢᠨ ᠶᠠᠪᠤᠳᠠᠯ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠠᠴᠠ ᠨᠦᠭᠦᠭᠡ ᠶᠢ ᠵᠦᠢᠴᠢᠯᠡᠨ ᠮᠡᠳᠡᠵᠦ ᠪᠠᠶᠢᠭᠠᠳ ᠵᠢᠭᠰᠠᠭᠠᠨ ᠪᠠᠶᠢᠴᠠᠭᠠᠵᠤ᠂ ᠲᠦᠭᠰᠢᠭᠦᠷᠢ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠳᠡᠳ᠋ ᠲᠡᠷᠢᠭᠦᠯᠡᠭᠴᠢ ᠨᠠᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠪᠠᠲᠤ ᠡᠵᠡᠮᠳᠡᠨ ᠪᠣᠳᠠᠲᠠᠢ ᠠᠳᠬᠤᠵᠤ᠂ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠣᠬᠢᠷᠠᠭᠤᠯᠤᠯᠲᠠ ᠪᠠᠨ ᠴᠢᠩᠭᠠᠳᠬᠠᠵᠤ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠤᠬᠠᠭᠤᠯᠭ᠎ᠠ ᠬᠥᠮᠦᠵᠢᠯ ᠢ ᠶᠡᠭᠡ ᠬᠦᠴᠦ ᠣᠷᠣᠭᠤᠯᠤᠨ ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ᠂ ᠪᠠᠴᠢᠮ ᠪᠠᠶᠢᠳᠠᠯ ᠢ ᠠᠷᠭᠠᠴᠠᠨ ᠠᠶᠤᠯ ᠠᠴᠠ ᠵᠠᠶᠢᠯᠠᠬᠤ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ︽ᠬᠥᠮᠥᠨ ᠪᠦᠭᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠭᠦᠨ ᠪᠠᠴᠢᠮ ᠪᠠᠶᠢᠳᠠᠯ ᠢ ᠠᠷᠭᠠᠴᠠᠵᠤ ᠲᠡᠶᠢᠯᠭᠦ︾ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ 2023 ᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠵᠤ᠂ ᠤᠯᠤᠰ ᠲᠥᠷᠥ ᠶᠢ ᠡᠷᠭᠢᠮᠯᠡᠭᠦ ᠥᠨᠳᠥᠷᠴᠡ ᠠᠴᠠ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠲᠢᠩᠬᠢᠮ ᠲᠣᠪᠴᠢᠶ᠎ᠠ ᠪᠣᠯᠣᠨ ᠠᠶᠢᠮᠠᠭ ᠬᠤᠲᠠ᠂ ᠬᠤᠰᠢᠭᠤ ᠰᠢᠶᠠᠨ ᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠴᠠᠭ ᠲᠤᠨᠢ ᠪᠡᠶᠡᠯᠡᠭᠦᠯᠬᠦ ᠬᠡᠷᠡᠭᠲᠡᠢ᠃ ᠱᠠᠯᠠᠪᠳᠠᠭᠤᠯᠤᠨ ᠬᠠᠪᠰᠤᠷᠬᠤ᠂ ᠱᠠᠯᠠᠪᠳᠠᠭᠤᠯᠤᠨ ᠭᠦᠢᠴᠡᠳᠬᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠦᠷᠦᠯ ᠵᠦᠢᠯ ᠢ ᠬᠢᠨᠠᠨ ᠬᠠᠷᠭᠤᠭᠤᠯᠬᠤ ᠪᠠ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠷᠪᠢᠴᠢ ᠭᠠᠮᠲᠠᠢ ᠠᠮᠢᠳᠤᠷᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠯᠵᠢᠭᠦᠯᠦᠨ ᠥᠭᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠭᠦ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠶᠢ ᠬᠡᠷᠡᠭᠯᠡᠨ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ ᠳᠡᠭᠡᠨ ᠨᠡᠩ ᠴᠢᠳᠠᠮᠠᠭᠠᠢ ᠪᠠᠶᠢᠵᠤ᠂ ᠳᠦᠷᠢᠮ ᠲᠣᠭᠲᠠᠭᠠᠯ ᠲᠣᠭᠲᠠᠭᠠᠬᠤ ᠪᠠᠷ ᠳᠠᠮᠵᠢᠭᠤᠯᠤᠨ ᠬᠠᠨᠳᠤᠯᠭᠠᠲᠤ ᠴᠢᠨᠠᠷᠲᠠᠢ ᠪᠠᠷ ᠠᠯᠳᠠᠭᠳᠠᠯ ᠭᠠᠷᠬᠤ ᠶᠢ ᠬᠤᠷᠢᠭᠯᠠᠨ᠂ ᠲᠣᠭᠲᠠᠴᠠ ᠶᠢ ᠪᠦᠷᠢᠨᠰᠢᠭᠦᠯᠵᠦ᠂ ᠨᠢᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠲᠠᠮᠵᠢᠵᠤ ᠨᠢᠭᠡ ᠬᠦᠷᠢᠶ᠎ᠡ ᠶᠢ ᠵᠢᠷᠤᠮᠵᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠠᠵᠢᠯ ᠵᠡᠷᠭᠡ ᠵᠦᠢᠯᠡᠰ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ