ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2024/7/29

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ    ᠵᠠᠰᠠᠭ ᠤᠨ    ᠣᠷᠳᠣᠨ ᠤ    ᠵᠠᠷᠯᠢᠭ

265 ᠳ᠋ᠤᠭᠠᠷ ᠲᠣᠭᠠᠲᠤ


      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠷᠭ᠎ᠠ ︾ ᠶᠢ ᠨᠢᠭᠡᠨᠲᠡ 2024 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ 2024 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

            ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ   ᠸᠠᠩ ᠯᠢ ᠰᠢᠶᠠ

            2024 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ

      

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ

ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠷᠭ᠎ᠠ

      

      ᠨᠢᠭᠡᠳᠦᠭᠡᠷ ᠵᠦᠢᠯ  ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠭᠠᠯ ᠤᠨ ᠠᠶᠤᠯ ᠢ ᠡᠰᠡᠷᠭᠦᠴᠡᠨ ᠬᠤᠷᠢᠭᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠳᠦᠷᠢᠮ ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃

      ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠣᠲᠣᠷᠠᠬᠢ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠪᠠᠶᠢᠭᠤᠯᠬᠤ᠂ ᠬᠡᠷᠡᠭᠯᠡᠬᠦ᠂ ᠠᠷᠠᠴᠢᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃

      ᠭᠤᠷᠪᠠᠳᠤᠭᠠᠷ ᠵᠦᠢᠯ  ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠬᠡᠷᠡᠭᠲᠡᠢ᠃

      ᠳᠥᠷᠪᠡᠳᠦᠭᠡᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠳᠤ ᠭᠠᠯ ᠰᠡᠷᠭᠡᠶᠢᠯᠡᠵᠦ ᠤᠨᠲᠠᠷᠠᠭᠠᠬᠤ ᠥᠷᠲᠡᠭᠡ᠂ ᠭᠠᠯ ᠤᠨᠲᠠᠷᠠᠭᠠᠬᠤ ᠳᠤ ᠤᠰᠤ ᠬᠠᠩᠭᠠᠬᠤ ᠪᠡᠯᠡᠳᠬᠡᠮᠵᠢ᠂ ᠭᠠᠯ ᠤᠨᠲᠠᠷᠠᠭᠠᠬᠤ ᠴᠢᠮᠡᠭᠡ ᠬᠤᠯᠪᠣᠭᠠᠨ ᠤ ᠪᠡᠯᠡᠳᠬᠡᠮᠵᠢ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ᠂ ᠭᠠᠯ ᠤᠨᠲᠠᠷᠠᠭᠠᠬᠤ ᠪᠣᠯᠪᠠᠰᠤᠷᠠᠯ ᠤᠨ ᠰᠠᠭᠤᠷᠢᠨ ᠭᠠᠵᠠᠷ᠂ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠨᠥᠭᠡᠴᠡᠯᠡᠬᠦ ᠰᠠᠭᠤᠷᠢᠨ ᠭᠠᠵᠠᠷ ᠵᠡᠷᠭᠡ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠪᠡᠯᠡᠳᠬᠡᠮᠵᠢ ᠪᠠᠭᠲᠠᠨ᠎ᠠ᠃

      ᠲᠠᠪᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠳᠣᠲᠣᠷᠠᠬᠢ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠤᠰ ᠱᠠᠲᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠪᠠᠨ ᠣᠷᠣᠭᠤᠯᠵᠤ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠤᠳ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃

      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠠᠴᠠ ᠲᠥᠯᠥᠪᠵᠢᠭᠦᠯᠵᠦ ᠪᠦᠲᠦᠭᠡᠨ ᠪᠠᠶᠢᠭᠤᠯᠤᠭᠰᠠᠨ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠠᠷᠠᠴᠢᠯᠠᠬᠤ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠪᠠᠨ ᠣᠷᠣᠭᠤᠯᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶᠡᠨ ᠳᠤ ᠬᠠᠷᠢᠶᠠᠯᠠᠭᠳᠠᠪᠠᠯ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠪᠠᠨ ᠣᠷᠣᠭᠤᠯᠬᠤ ᠬᠡᠷᠡᠭᠲᠡᠢ᠃

      ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ ᠵᠠᠰᠠᠭ ᠵᠠᠬᠢᠷᠭᠠᠨ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠴᠢᠮᠡᠭᠡ ᠬᠤᠯᠪᠣᠭᠠᠨ ᠤ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠢ ᠲᠤᠰ ᠲᠤᠰ ᠤᠨ ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠤᠳ ᠢ ᠰᠠᠶᠢᠲᠤᠷ ᠬᠢᠬᠦ ᠬᠡᠷᠡᠭᠲᠡᠢ᠃

      ᠳᠣᠯᠣᠳᠤᠭᠠᠷ ᠵᠦᠢᠯ  ᠤᠰᠤ ᠬᠠᠩᠭᠠᠬᠤ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ ᠨᠢ ᠲᠤᠬᠠᠶᠢᠯᠠᠭᠰᠠᠨ ᠠᠵᠢᠯ ᠤᠨ ᠬᠡᠪᠴᠢᠶᠡᠨ ᠳᠤ ᠪᠠᠨ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠬᠤ ᠪᠠ ᠠᠷᠠᠴᠢᠯᠠᠬᠤ ᠠᠵᠢᠯ ᠢ ᠰᠠᠶᠢᠲᠤᠷ ᠬᠢᠵᠦ᠂ ᠲᠡᠭᠦᠨ ᠤ ᠪᠦᠷᠢᠨ ᠪᠦᠲᠦᠨ ᠪᠥᠭᠡᠳ ᠦᠢᠯᠡᠳᠦᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃

      ᠨᠠᠢᠮᠠᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠬᠤᠲᠠ ᠶᠢᠨ ᠲᠣᠭᠠᠵᠢᠭᠤᠯᠤᠭᠰᠠᠨ ᠬᠠᠮᠢᠶᠠᠷᠤᠯᠲᠠ ᠳᠤ ᠣᠷᠣᠭᠤᠯᠵᠤ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠰᠢᠨᠵᠢᠯᠡᠬᠦ ᠤᠬᠠᠭᠠᠨ ᠤ ᠰᠤᠳᠤᠯᠤᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠵᠣᠷᠢᠭᠵᠢᠭᠤᠯᠤᠨ ᠳᠡᠮᠵᠢᠵᠦ᠂ ᠲᠡᠷᠢᠭᠦᠨ ᠤ ᠮᠡᠷᠭᠡᠵᠢᠯ ᠪᠠ ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯ ᠤᠨ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃

      ᠶᠢᠰᠦᠳᠦᠭᠡᠷ ᠵᠦᠢᠯ  ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠣᠷᠣᠭᠤᠯᠵᠤ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠯᠤᠭ᠎ᠠ ᠵᠡᠷᠭᠡ ᠪᠠᠷ ᠬᠥᠭᠵᠢᠭᠦᠯᠦᠨ᠂ ᠤᠯᠤᠰ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃

      ᠬᠤᠲᠠ ᠶᠢᠨ ᠶᠠᠪᠤᠳᠠᠯ ᠤᠨ ᠭᠠᠯ ᠤᠨᠲᠠᠷᠠᠭᠠᠭᠤᠯ᠂ ᠭᠠᠯ ᠰᠡᠷᠭᠡᠶᠢᠯᠡᠵᠦ ᠤᠨᠲᠠᠷᠠᠭᠠᠬᠤ ᠤᠰᠤᠨ ᠲᠣᠭᠤᠷᠤᠤ ᠶᠢ ᠬᠤᠲᠠ ᠶᠢᠨ ᠶᠠᠪᠤᠳᠠᠯ ᠤᠨ ᠤᠰᠤ ᠬᠠᠩᠭᠠᠬᠤ ᠬᠤᠭᠤᠯᠠᠢ ᠲᠣᠣᠷ ᠯᠤᠭ᠎ᠠ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠵᠢᠷᠤᠭᠯᠠᠵᠤ᠂ ᠵᠡᠷᠭᠡ ᠪᠠᠷ ᠪᠠᠶᠢᠭᠤᠯᠵᠤ᠂ ᠵᠡᠷᠭᠡ ᠪᠠᠷ ᠬᠡᠷᠡᠭᠯᠡᠬᠦ ᠬᠡᠷᠡᠭᠲᠡᠢ᠃

      ᠠᠷᠪᠠᠳᠤᠭᠠᠷ ᠵᠦᠢᠯ  ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠬᠦᠷᠦᠯᠴᠡᠬᠦ ᠦᠭᠡᠢ ᠪᠤᠶᠤ ᠪᠣᠳᠠᠲᠤ ᠬᠡᠷᠡᠭᠴᠡᠭᠡ ᠳᠤ ᠲᠣᠬᠢᠷᠠᠬᠤ ᠦᠭᠡᠢ ᠪᠣᠯ ᠨᠡᠮᠡᠵᠦ ᠪᠠᠶᠢᠭᠤᠯᠬᠤ᠂ ᠥᠭᠡᠷᠡᠴᠢᠯᠡᠵᠦ ᠪᠠᠶᠢᠭᠤᠯᠬᠤ᠂ ᠲᠥᠬᠦᠷᠵᠢᠭᠦᠯᠬᠦ ᠪᠤᠶᠤ ᠬᠠᠷᠠᠭᠠᠯᠵᠠᠭᠰᠠᠨ ᠮᠡᠷᠭᠡᠵᠢᠯ ᠤᠨ ᠥᠭᠡᠷᠡᠴᠢᠯᠡᠯᠲᠡ ᠬᠢᠬᠦ ᠬᠡᠷᠡᠭᠲᠡᠢ᠃

      ᠠᠷᠪᠠᠨ ᠨᠢᠭᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠥᠷᠲᠡᠭᠡ ᠪᠠᠶᠢᠭᠤᠯᠤᠨ᠂ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠭᠠᠯ ᠰᠡᠷᠭᠡᠶᠢᠯᠡᠵᠦ ᠤᠨᠲᠠᠷᠠᠭᠠᠬᠤ ᠲᠣᠨᠤᠭ ᠲᠥᠬᠦᠭᠡᠷᠦᠮᠵᠢ ᠪᠠ ᠪᠣᠯᠪᠠᠰᠤᠷᠠᠯ ᠤᠨ ᠪᠡᠯᠡᠳᠬᠡᠮᠵᠢ ᠲᠣᠬᠢᠷᠠᠭᠤᠯᠬᠤ ᠬᠡᠷᠡᠭᠲᠡᠢ᠃

      ᠠᠷᠪᠠᠨ ᠬᠤᠶᠠᠳᠤᠭᠠᠷ ᠵᠦᠢᠯ  ᠬᠤᠳᠠ ᠪᠠ ᠠᠵᠤ ᠦᠢᠯᠡᠰ ᠲᠥᠪᠯᠡᠷᠡᠭᠰᠡᠨ ᠲᠣᠭᠤᠷᠢᠭ ᠨᠢ ᠪᠠᠷᠢᠮᠵᠢᠶ᠎ᠠ ᠶᠣᠰᠣᠭᠠᠷ ᠬᠤᠳᠠ ᠶᠢᠨ ᠶᠠᠪᠤᠳᠠᠯ ᠤᠨ ᠭᠠᠯ ᠤᠨᠲᠠᠷᠠᠭᠠᠭᠤᠯ ᠲᠣᠬᠢᠷᠠᠭᠤᠯᠬᠤ ᠬᠡᠷᠡᠭᠲᠡᠢ᠃

      ᠲᠠᠷᠢᠶᠠᠯᠠᠬᠤ ᠮᠠᠯᠵᠢᠬᠤ ᠣᠷᠣᠨ ᠳᠤ ᠦᠢᠯᠡᠳᠪᠦᠷᠢᠯᠡᠯ ᠠᠮᠢᠳᠤᠷᠠᠯ ᠤᠨ ᠤᠰᠤ ᠬᠠᠩᠭᠠᠬᠤ ᠬᠤᠭᠤᠯᠠᠢ ᠲᠣᠣᠷ ᠲᠣᠬᠢᠷᠠᠭᠤᠯᠤᠭᠰᠠᠨ ᠪᠣᠯ ᠭᠡᠷ ᠤᠨ ᠭᠠᠳᠠᠨᠠᠬᠢ ᠣᠯᠠᠨ ᠨᠡᠶᠢᠲᠡ ᠶᠢᠨ ᠭᠠᠯ ᠤᠨᠲᠠᠷᠠᠭᠠᠭᠤᠯ ᠪᠤᠶᠤ ᠭᠠᠯ ᠰᠡᠷᠭᠡᠶᠢᠯᠡᠵᠦ ᠤᠨᠲᠠᠷᠠᠭᠠᠬᠤ ᠤᠰᠤᠨ ᠲᠣᠭᠤᠷᠤᠤ ᠲᠣᠬᠢᠷᠠᠭᠤᠯᠬᠤ ᠬᠡᠷᠡᠭᠲᠡᠢ︔ ᠦᠢᠯᠡᠳᠪᠦᠷᠢᠯᠡᠯ ᠠᠮᠢᠳᠤᠷᠠᠯ ᠤᠨ ᠤᠰᠤ ᠬᠠᠩᠭᠠᠬᠤ ᠬᠤᠭᠤᠯᠠᠢ ᠲᠣᠣᠷ ᠲᠣᠬᠢᠷᠠᠭᠤᠯᠤᠭᠰᠠᠨ ᠦᠭᠡᠢ ᠪᠣᠯ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠴᠥᠭᠦᠷᠥᠮ ᠪᠠᠶᠢᠭᠤᠯᠬᠤ᠂ ᠮᠠᠰᠢᠨ ᠬᠤᠳᠳᠤᠭ ᠢ ᠥᠭᠡᠷᠡᠴᠢᠯᠡᠬᠦ ᠪᠤᠶᠤ ᠪᠠᠶᠢᠭᠠᠯᠢ ᠶᠢᠨ ᠤᠰᠤᠨ ᠰᠤᠷᠪᠤᠯᠵᠢ ᠶᠢ ᠠᠰᠢᠭᠯᠠᠬᠤ ᠵᠡᠷᠭᠡ ᠠᠷᠭ᠎ᠠ ᠮᠠᠶ᠋ᠢᠭ ᠢᠶᠠᠷ᠂ ᠭᠠᠯ ᠰᠡᠷᠭᠡᠶᠢᠯᠡᠵᠦ ᠤᠨᠲᠠᠷᠠᠭᠠᠬᠤ ᠳᠤ ᠤᠰᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃

      ᠠᠷᠪᠠᠨ ᠭᠤᠷᠪᠠᠳᠤᠭᠠᠷ ᠵᠦᠢᠯ  ᠤᠰᠤ ᠬᠠᠩᠭᠠᠬᠤ ᠬᠤᠭᠤᠯᠠᠢ ᠲᠣᠣᠷ ᠢ ᠪᠦᠲᠦᠭᠡᠨ ᠪᠠᠶᠢᠭᠤᠯᠬᠤ᠂ ᠥᠭᠡᠷᠡᠴᠢᠯᠡᠬᠦ ᠦᠶ᠎ᠡ ᠳᠤ᠂ ᠪᠦᠲᠦᠭᠡᠨ ᠪᠠᠶᠢᠭᠤᠯᠬᠤ ᠨᠢᠭᠡᠴᠢ ᠨᠢ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠱᠠᠭᠠᠷᠳᠠᠯᠭ᠎ᠠ ᠶᠣᠰᠣᠭᠠᠷ᠂ ᠬᠤᠳᠠ ᠶᠢᠨ ᠶᠠᠪᠤᠳᠠᠯ ᠤᠨ ᠭᠠᠯ ᠤᠨᠲᠠᠷᠠᠭᠠᠭᠤᠯ᠂ ᠭᠠᠯ ᠰᠡᠷᠭᠡᠶᠢᠯᠡᠵᠦ ᠤᠨᠲᠠᠷᠠᠭᠠᠬᠤ ᠤᠰᠤᠨ ᠲᠣᠭᠤᠷᠤᠤ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠳᠤ ᠤᠰᠤ ᠬᠠᠩᠭᠠᠬᠤ ᠪᠡᠯᠡᠳᠬᠡᠮᠵᠢ ᠶᠢ ᠨᠢᠭᠡᠳᠦᠯᠲᠡᠢ ᠪᠠᠶᠢᠭᠤᠯᠬᠤ ᠬᠡᠷᠡᠭᠲᠡᠢ᠃ ᠤᠰᠤ ᠬᠠᠩᠭᠠᠬᠤ ᠬᠤᠭᠤᠯᠠᠢ ᠲᠣᠣᠷ ᠨᠢ ᠭᠠᠯ ᠰᠡᠷᠭᠡᠶᠢᠯᠡᠵᠦ ᠤᠨᠲᠠᠷᠠᠭᠠᠬᠤ ᠶᠢᠨ ᠤᠰᠤ ᠬᠡᠷᠡᠭᠯᠡᠬᠦ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯ᠂ ᠥᠭᠡᠷᠡᠴᠢᠯᠡᠬᠦ ᠪᠤᠶᠤ ᠭᠠᠯ ᠰᠡᠷᠭᠡᠶᠢᠯᠡᠵᠦ ᠤᠨᠲᠠᠷᠠᠭᠠᠬᠤ ᠴᠥᠭᠦᠷᠥᠮ ᠵᠡᠷᠭᠡ ᠤᠰᠤ ᠬᠠᠳᠠᠭᠠᠯᠠᠬᠤ ᠪᠡᠯᠡᠳᠬᠡᠮᠵᠢ ᠪᠠᠶᠢᠭᠤᠯᠬᠤ ᠬᠡᠷᠡᠭᠲᠡᠢ᠃

      ᠠᠷᠪᠠᠨ ᠳᠥᠷᠪᠡᠳᠦᠭᠡᠷ ᠵᠦᠢᠯ  ᠬᠤᠲᠠ ᠶᠢᠨ ᠵᠠᠮ ᠤᠨ ᠥᠷᠭᠡᠨ ᠤ ᠬᠡᠮᠵᠢᠶ᠎ᠡ᠂ ᠮᠤᠷᠤᠶᠢᠬᠤ ᠭᠠᠵᠠᠷ ᠤᠨ ᠷᠠᠳᠢᠤᠰ᠂ ᠬᠤᠭᠤᠰᠤᠨ ᠵᠠᠢ ᠶᠢᠨ ᠥᠨᠳᠥᠷ ᠤᠨ ᠬᠡᠮᠵᠢᠶ᠎ᠡ᠂ ᠳᠠᠭᠠᠭᠠᠴᠠ ᠪᠠ ᠲᠡᠷᠭᠡ ᠪᠤᠴᠠᠬᠤ ᠲᠠᠯᠠᠪᠠᠶ ᠵᠡᠷᠭᠡ ᠨᠢ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠵᠦ᠂ ᠭᠠᠯ ᠰᠡᠷᠭᠡᠶᠢᠯᠡᠵᠦ ᠤᠨᠲᠠᠷᠠᠭᠠᠬᠤ ᠲᠡᠷᠭᠡ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠵᠠᠮ ᠤᠨ ᠬᠡᠷᠡᠰᠬᠡ ᠵᠡᠷᠭᠡ ᠬᠠᠷᠰᠢ ᠲᠣᠬᠢᠷᠠᠭᠤᠯᠤᠭᠰᠠᠨ ᠵᠠᠮ ᠳᠤ ᠭᠠᠯ ᠰᠡᠷᠭᠡᠶᠢᠯᠡᠵᠦ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠤᠷᠢᠳᠴᠢᠯᠠᠨ ᠦᠯᠡᠳᠡᠭᠡᠬᠦ ᠬᠡᠷᠡᠭᠲᠡᠢ᠃

      ᠣᠨᠴᠠᠭᠠᠢ ᠬᠡᠷᠡᠭᠴᠡᠭᠡ ᠠᠴᠠ ᠪᠣᠯᠵᠤ ᠥᠨᠳᠥᠷ ᠤᠨ ᠬᠡᠮᠵᠢᠶ᠎ᠡ ᠶᠢ ᠬᠢᠵᠠᠭᠠᠷᠯᠠᠬᠤ᠂ ᠥᠷᠭᠡᠨ ᠤ ᠬᠡᠮᠵᠢᠶ᠎ᠡ ᠶᠢ ᠬᠢᠵᠠᠭᠠᠷᠯᠠᠬᠤ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠲᠡᠷᠭᠡ ᠶᠢᠨ ᠨᠡᠪᠲᠡᠷᠡᠬᠦ ᠶᠢ ᠨᠥᠯᠥᠭᠡᠯᠡᠵᠦ ᠮᠡᠳᠡᠬᠦ ᠵᠠᠮ ᠤᠨ ᠬᠡᠰᠡᠭ ᠲᠤ᠂ ᠵᠠᠮ ᠢ ᠪᠦᠲᠦᠭᠡᠨ ᠪᠠᠶᠢᠭᠤᠯᠬᠤ ᠪᠠ ᠠᠷᠠᠴᠢᠯᠠᠵᠤ ᠬᠠᠮᠢᠶᠠᠷᠬᠤ ᠨᠢᠭᠡᠴᠢ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠠᠯ ᠰᠡᠷᠭᠡᠶᠢᠯᠡᠵᠦ ᠤᠨᠲᠠᠷᠠᠭᠠᠬᠤ ᠲᠡᠷᠭᠡ ᠶᠢᠨ ᠲᠦᠷᠭᠡᠨ ᠨᠡᠪᠲᠡᠷᠡᠬᠦ ᠶᠢ ᠪᠠᠲᠤᠯᠠᠬᠤ ᠬᠡᠷᠡᠭᠲᠡᠢ᠃

      ᠠᠷᠪᠠᠨ ᠲᠠᠪᠤᠳᠤᠭᠠᠷ ᠵᠦᠢᠯ  ᠬᠤᠳᠠᠯᠳᠤᠭᠠᠨ ᠤ ᠶᠠᠪᠠᠭᠠᠨ ᠵᠡᠭᠡᠯᠢ᠂ ᠭᠡᠷ ᠤᠨ ᠭᠠᠳᠠᠨᠠᠬᠢ ᠴᠤᠭᠯᠠᠭ᠎ᠠ ᠮᠠᠶᠢᠮᠠᠢ ᠶᠢᠨ ᠵᠠᠬ᠎ᠠ ᠵᠡᠷᠭᠡ ᠣᠯᠠᠨ ᠨᠡᠶᠢᠲᠡ ᠶᠢᠨ ᠲᠠᠯᠠᠪᠤᠷ ᠪᠠ ᠣᠷᠣᠨ ᠰᠠᠭᠤᠴᠠ ᠶᠢᠨ ᠲᠣᠭᠤᠷᠢᠭ ᠨᠢ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠶᠣᠰᠣᠭᠠᠷ ᠭᠠᠯ ᠰᠡᠷᠭᠡᠶᠢᠯᠡᠵᠦ ᠤᠨᠲᠠᠷᠠᠭᠠᠬᠤ ᠲᠡᠷᠭᠡ ᠨᠡᠪᠲᠡᠷᠡᠬᠦ ᠵᠠᠮ ᠪᠠᠶᠢᠭᠤᠯᠬᠤ ᠶᠢᠨ ᠬᠠᠮᠲᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃

      ᠠᠷᠪᠠᠨ ᠵᠢᠷᠭᠤᠳᠤᠭᠠᠷ ᠵᠦᠢᠯ  ᠭᠠᠯ ᠰᠡᠷᠭᠡᠶᠢᠯᠡᠵᠦ ᠤᠨᠲᠠᠷᠠᠭᠠᠬᠤ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠨᠢ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃

      ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠢᠯᠤᠭᠤᠳᠬᠤ ᠲᠥᠪ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠮᠢ ᠠᠬᠤᠢ ᠣᠷᠴᠢᠨ ᠲᠣᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠢ ᠰᠢᠭᠤᠢ ᠪᠠ ᠨᠤᠲᠤᠭ ᠪᠡᠯᠴᠢᠭᠡᠷ᠂ ᠴᠠᠭ ᠠᠭᠤᠷ᠂ ᠲᠡᠮᠦᠷ ᠵᠠᠮ᠂ ᠠᠷᠠᠳ ᠤᠨ ᠠᠭᠠᠷ ᠠᠶᠠᠯᠠᠯ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠡᠮᠴᠢᠯᠡᠭᠡᠨ ᠤ ᠲᠦᠷᠭᠡᠨ ᠠᠪᠤᠷᠠᠯᠳᠠ ᠬᠢᠬᠦ ᠵᠡᠷᠭᠡ ᠰᠠᠯᠠᠭ᠎ᠠ ᠮᠥᠴᠢᠷ ᠪᠠ ᠨᠢᠭᠡᠴᠢ ᠯᠦᠭᠡ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠲᠣᠬᠢᠷᠠᠭᠤᠯᠤᠯᠲᠠ ᠶᠢᠨ ᠴᠢᠮᠡᠭᠡ ᠬᠤᠯᠪᠣᠭᠠᠨ ᠤ ᠲᠤᠰᠬᠠᠢ ᠱᠤᠭᠤᠮ ᠭᠠᠷᠭᠠᠬᠤ ᠬᠡᠷᠡᠭᠲᠡᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠬᠠᠮᠵᠢᠯᠴᠠᠬᠤ ᠬᠡᠷᠡᠭᠲᠡᠢ᠃

      ᠠᠷᠪᠠᠨ ᠳᠣᠯᠣᠳᠤᠭᠠᠷ ᠵᠦᠢᠯ  ᠴᠢᠮᠡᠭᠡ ᠬᠤᠯᠪᠣᠭᠠᠨ ᠤ ᠠᠵᠢᠯᠯᠠᠬᠤ ᠨᠢᠭᠡᠴᠢ ᠨᠢ ᠭᠠᠯ ᠰᠡᠷᠭᠡᠶᠢᠯᠡᠵᠦ ᠤᠨᠲᠠᠷᠠᠭᠠᠬᠤ ᠴᠢᠮᠡᠭᠡ ᠬᠤᠯᠪᠣᠭᠠᠨ ᠤ ᠲᠤᠰᠬᠠᠢ ᠬᠡᠷᠡᠭᠯᠡᠬᠦ ᠱᠤᠭᠤᠮ ᠢ ᠪᠦᠲᠦᠭᠡᠨ ᠪᠠᠶᠢᠭᠤᠯᠬᠤ ᠪᠠ ᠠᠷᠠᠴᠢᠯᠠᠵᠤ ᠬᠠᠮᠠᠭᠠᠯᠠᠬᠤ ᠶᠢ ᠬᠠᠷᠢᠭᠤᠴᠠᠵᠤ᠂ ᠭᠠᠯ ᠰᠡᠷᠭᠡᠶᠢᠯᠡᠵᠦ ᠤᠨᠲᠠᠷᠠᠭᠠᠬᠤ ᠴᠢᠮᠡᠭᠡ ᠬᠤᠯᠪᠣᠭᠠᠨ ᠤ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠵᠤ᠂ ᠭᠠᠯ ᠰᠡᠷᠭᠡᠶᠢᠯᠡᠵᠦ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠬᠠᠮᠢᠶ᠎ᠠ ᠪᠦᠬᠦᠢ ᠮᠡᠷᠭᠡᠵᠢᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃

      ᠷᠠᠳᠢᠣ᠋ ᠬᠠᠮᠢᠶᠠᠷᠤᠯᠲᠠ ᠶᠢᠨ ᠪᠠᠶᠢᠭᠤᠯᠤᠮᠵᠢ ᠨᠢ ᠭᠠᠯ ᠰᠡᠷᠭᠡᠶᠢᠯᠡᠵᠦ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠳᠠᠪᠲᠠᠮᠵᠢ ᠬᠡᠷᠡᠭᠯᠡᠬᠦ ᠬᠡᠷᠡᠭᠴᠡᠭᠡ ᠶᠢ ᠪᠠᠲᠤᠯᠠᠵᠤ᠂ ᠭᠠᠯ ᠰᠡᠷᠭᠡᠶᠢᠯᠡᠵᠦ ᠤᠨᠲᠠᠷᠠᠭᠠᠬᠤ ᠷᠠᠳᠢᠣ᠋ ᠬᠤᠯᠪᠣᠭᠠᠨ ᠤ ᠳᠠᠪᠲᠠᠮᠵᠢ ᠶᠢ ᠬᠢᠨᠠᠨ ᠰᠢᠨᠵᠢᠵᠦ ᠬᠠᠮᠠᠭᠠᠯᠠᠬᠤ ᠪᠠᠨ ᠴᠢᠩᠭᠠᠳᠬᠠᠨ᠂ ᠭᠠᠯ ᠰᠡᠷᠭᠡᠶᠢᠯᠡᠵᠦ ᠤᠨᠲᠠᠷᠠᠭᠠᠬᠤ ᠳᠠᠪᠲᠠᠮᠵᠢ ᠶᠢᠨ ᠬᠤᠳᠬᠤᠷᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃

      ᠠᠷᠪᠠᠨ ᠨᠠᠢᠮᠠᠳᠤᠭᠠᠷ ᠵᠦᠢᠯ  ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠪᠠ ᠠᠷᠠᠴᠢᠯᠠᠵᠤ ᠬᠠᠮᠢᠶᠠᠷᠬᠤ ᠨᠢᠭᠡᠴᠢ ᠨᠢ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠳᠤ ᠢᠯᠡ ᠦᠵᠡᠭᠳᠡᠬᠦ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠡᠮᠳᠡᠭ ᠲᠠᠯᠪᠢᠬᠤ ᠬᠡᠷᠡᠭᠲᠡᠢ᠃

      ᠠᠷᠪᠠ ᠶᠢᠰᠦᠳᠦᠭᠡᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠡᠪᠳᠡᠬᠦ᠂ ᠰᠢᠯᠵᠢᠭᠦᠯᠵᠦ ᠬᠡᠷᠡᠭᠯᠡᠬᠦ ᠪᠤᠶᠤ ᠳᠤᠷ᠎ᠠ ᠪᠠᠷ ᠡᠪᠳᠡᠯᠡᠵᠦ ᠬᠠᠶᠠᠬᠤ᠂ ᠬᠡᠷᠡᠭᠯᠡᠬᠦ ᠶᠢ ᠨᠢ ᠵᠣᠭᠰᠣᠭᠠᠵᠤ ᠪᠣᠯᠬᠤ ᠦᠭᠡᠢ᠂ ᠭᠠᠯ ᠤᠨᠲᠠᠷᠠᠭᠠᠭᠤᠯ᠂ ᠭᠠᠯ ᠰᠡᠷᠭᠡᠶᠢᠯᠡᠵᠦ ᠤᠨᠲᠠᠷᠠᠭᠠᠬᠤ ᠤᠰᠤᠨ ᠲᠣᠭᠤᠷᠤᠤ ᠶᠢ ᠳᠠᠷᠤᠵᠤ ᠪᠤᠯᠠᠬᠤ᠂ ᠬᠦᠷᠢᠶᠡᠯᠡᠨ ᠡᠵᠡᠯᠡᠬᠦ᠂ ᠬᠠᠯᠬᠠᠯᠠᠬᠤ ᠪᠤᠶᠤ ᠭᠠᠯ ᠰᠡᠷᠭᠡᠶᠢᠯᠡᠬᠦ ᠣᠷᠣᠨ ᠵᠠᠢ ᠶᠢ ᠡᠵᠡᠯᠡᠵᠦ ᠪᠣᠯᠬᠤ ᠦᠭᠡᠢ᠂ ᠲᠠᠷᠬᠠᠭᠠᠬᠤ ᠵᠠᠮ᠂ ᠠᠮᠤᠷ ᠲᠦᠪᠰᠢᠨ ᠭᠠᠷᠴᠠ᠂ ᠭᠠᠯ ᠰᠡᠷᠭᠡᠶᠢᠯᠡᠵᠦ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠡᠵᠡᠯᠡᠵᠦ᠂ ᠪᠥᠭᠯᠡᠵᠦ᠂ ᠪᠢᠲᠡᠭᠦᠮᠵᠢᠯᠡᠵᠦ ᠪᠣᠯᠬᠤ ᠦᠭᠡᠢ᠂ ᠭᠠᠯ ᠰᠡᠷᠭᠡᠶᠢᠯᠡᠵᠦ ᠤᠨᠲᠠᠷᠠᠭᠠᠬᠤ ᠴᠢᠮᠡᠭᠡ ᠬᠤᠯᠪᠣᠭ᠎ᠠ ᠶᠢ ᠬᠠᠷᠰᠢᠯᠠᠵᠤ ᠪᠣᠯᠬᠤ ᠦᠭᠡᠢ᠃

      ᠵᠠᠮ ᠵᠠᠰᠠᠬᠤ᠂ ᠤᠰᠤ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠬᠦ ᠵᠢᠴᠢ ᠴᠢᠮᠡᠭᠡ ᠬᠤᠯᠪᠣᠭ᠎ᠠ᠂ ᠴᠠᠬᠢᠯᠭᠠᠨ ᠬᠠᠩᠭᠠᠬᠤ ᠤᠲᠠᠰᠤ ᠱᠤᠭᠤᠮ ᠢ ᠰᠡᠯᠪᠢᠨ ᠵᠠᠰᠠᠬᠤ ᠵᠡᠷᠭᠡ ᠠᠴᠠ ᠪᠣᠯᠵᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠵᠦ ᠮᠡᠳᠡᠬᠦ ᠳᠤ ᠬᠥᠷᠪᠡᠯ᠂ ᠬᠤᠯᠪᠣᠭᠳᠠᠯ ᠪᠦᠬᠦᠢ ᠨᠢᠭᠡᠴᠢ ᠨᠢ 24 ᠴᠠᠭ ᠤᠨ ᠡᠮᠦᠨ᠎ᠡ ᠲᠤᠬᠠᠢ ᠶᠢᠨ ᠭᠠᠵᠠᠷ ᠤᠨ ᠭᠠᠯ ᠰᠡᠷᠭᠡᠶᠢᠯᠡᠵᠦ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠮᠡᠳᠡᠭᠳᠡᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠭᠠᠬᠤ ᠬᠠᠷᠠᠭᠠᠯᠵᠠᠭᠰᠠᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃

      ᠬᠤᠷᠢᠳᠤᠭᠠᠷ ᠵᠦᠢᠯ  ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠠᠷᠠᠴᠢᠯᠠᠵᠤ ᠬᠠᠮᠢᠶᠠᠷᠬᠤ ᠨᠢᠭᠡᠴᠢ ᠨᠢ ᠳᠣᠲᠣᠭᠠᠳᠤ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠠᠷᠢᠭᠤᠴᠠᠯᠭᠠᠲᠠᠨ ᠢᠶᠠᠨ ᠲᠣᠭᠲᠠᠭᠠᠵᠤ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠷᠢᠨ ᠪᠦᠲᠦᠨ ᠪᠥᠭᠡᠳ ᠦᠢᠯᠡᠳᠦᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃

      ᠬᠤᠷᠢᠨ ᠨᠢᠭᠡᠳᠦᠭᠡᠷ ᠵᠦᠢᠯ  ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠲᠤᠤᠷᠴᠢᠯᠠᠭᠰᠠᠨ ᠬᠠᠮᠢᠶᠠᠷᠤᠯᠲᠠ ᠶᠢᠨ ᠬᠡᠪᠴᠢᠶᠡᠨ ᠳᠤ ᠪᠠᠨ ᠣᠷᠣᠭᠤᠯᠵᠤ᠂ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠡᠪᠳᠡᠭᠳᠡᠭᠰᠡᠨ ᠢ ᠣᠯᠵᠤ ᠮᠡᠳᠡᠪᠡᠯ᠂ ᠠᠷᠠᠴᠢᠯᠠᠵᠤ ᠬᠠᠮᠢᠶᠠᠷᠬᠤ ᠨᠢᠭᠡᠴᠢ ᠳᠤ ᠮᠡᠳᠡᠭᠳᠡᠨ ᠵᠠᠰᠠᠭᠤᠯᠬᠤ ᠬᠡᠷᠡᠭᠲᠡᠢ᠃

      ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢ ᠬᠠᠮᠵᠢᠨ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠠᠷᠠᠴᠢᠯᠠᠵᠤ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠬᠤ ᠶᠢ ᠭᠠᠯ ᠠᠴᠠ ᠰᠡᠷᠭᠡᠶᠢᠯᠡᠬᠦ ᠠᠮᠤᠷ ᠲᠦᠪᠰᠢᠨ ᠤ ᠨᠡᠶᠢᠲᠡ ᠶᠢᠨ ᠭᠡᠷ᠎ᠡ ᠳᠤ ᠣᠷᠣᠭᠤᠯᠬᠤ ᠬᠡᠷᠡᠭᠲᠡᠢ᠃

      ᠬᠤᠷᠢᠨ ᠬᠤᠶᠠᠳᠤᠭᠠᠷ ᠵᠦᠢᠯ  ᠤᠰᠤ ᠬᠠᠩᠭᠠᠬᠤ ᠨᠢᠭᠡᠴᠢ ᠨᠢ ᠬᠤᠲᠠ ᠶᠢᠨ ᠶᠠᠪᠤᠳᠠᠯ ᠤᠨ ᠭᠠᠯ ᠤᠨᠲᠠᠷᠠᠭᠠᠭᠤᠯ᠂ ᠭᠠᠯ ᠰᠡᠷᠭᠡᠶᠢᠯᠡᠵᠦ ᠤᠨᠲᠠᠷᠠᠭᠠᠬᠤ ᠤᠰᠤᠨ ᠲᠣᠭᠤᠷᠤᠤ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠠᠷᠠᠴᠢᠯᠠᠵᠤ᠂ ᠠᠵᠢᠯᠯᠠᠭᠠᠨ ᠢ ᠠᠷᠠᠴᠢᠯᠠᠭᠰᠠᠨ ᠲᠡᠮᠳᠡᠭᠯᠡᠯ ᠪᠠᠶᠢᠭᠤᠯᠬᠤ ᠬᠡᠷᠡᠭᠲᠡᠢ᠃ ᠭᠠᠯ ᠤᠨ ᠠᠶᠤᠯ ᠭᠠᠷᠤᠭᠰᠠᠨ ᠲᠤᠬᠠᠢ ᠶᠢᠨ ᠭᠠᠵᠠᠷ ᠲᠤ ᠲᠦᠷ ᠴᠠᠭ ᠳᠠᠷᠤᠯᠲᠠ ᠥᠭᠴᠦ ᠤᠰᠤ ᠬᠠᠩᠭᠠᠬᠤ ᠴᠢᠬᠤᠯᠠ ᠲᠠᠢ ᠪᠣᠯ ᠬᠠᠮᠵᠢᠯᠴᠠᠬᠤ ᠬᠡᠷᠡᠭᠲᠡᠢ᠃

      ᠨᠢᠭᠡᠴᠢ ᠶᠢᠨ ᠥᠪᠡᠷ ᠢᠶᠠᠨ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠭᠠᠯ ᠰᠡᠷᠭᠡᠶᠢᠯᠡᠵᠦ ᠤᠨᠲᠠᠷᠠᠭᠠᠬᠤ ᠤᠰᠤ ᠬᠠᠩᠭᠠᠬᠤ ᠪᠡᠯᠡᠳᠬᠡᠮᠵᠢ ᠶᠢ ᠪᠠᠷᠢᠭᠤᠯᠤᠭᠰᠠᠨ ᠨᠢᠭᠡᠴᠢ ᠪᠤᠶᠤ ᠬᠡᠷᠡᠭᠯᠡᠵᠦ ᠪᠠᠶᠢᠭ᠎ᠠ ᠨᠢᠭᠡᠴᠢ ᠠᠴᠠ ᠬᠠᠷᠢᠭᠤᠴᠠᠨ ᠠᠷᠠᠴᠢᠯᠠᠨ᠎ᠠ᠃

      ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠥᠪᠡᠷ ᠢᠶᠠᠨ ᠪᠠᠶᠢᠭᠤᠯᠤᠭᠰᠠᠨ ᠭᠠᠯ ᠰᠡᠷᠭᠡᠶᠢᠯᠡᠵᠦ ᠤᠨᠲᠠᠷᠠᠭᠠᠬᠤ ᠤᠰᠤ ᠬᠠᠩᠭᠠᠬᠤ ᠪᠡᠯᠡᠳᠬᠡᠮᠵᠢ ᠶᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠴᠠ ᠬᠠᠷᠢᠭᠤᠴᠠᠨ ᠠᠷᠠᠴᠢᠯᠠᠨ᠎ᠠ᠃

      ᠭᠠᠯ ᠰᠡᠷᠭᠡᠶᠢᠯᠡᠵᠦ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠭᠠᠯ ᠰᠡᠷᠭᠡᠶᠢᠯᠡᠵᠦ ᠤᠨᠲᠠᠷᠠᠭᠠᠬᠤ ᠤᠰᠤ ᠬᠠᠩᠭᠠᠬᠤ ᠪᠡᠯᠡᠳᠬᠡᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠲᠤᠷᠰᠢᠨ ᠰᠢᠯᠭᠠᠵᠤ᠂ ᠰᠠᠭᠠᠳ ᠭᠡᠮ ᠢ ᠨᠢ ᠣᠯᠵᠤ ᠮᠡᠳᠡᠪᠡᠯ ᠴᠠᠭ ᠲᠤᠬᠠᠢ ᠳᠤ ᠨᠢ ᠬᠤᠯᠪᠣᠭᠳᠠᠯ ᠪᠦᠬᠦᠢ ᠨᠢᠭᠡᠴᠢ ᠳᠤ ᠮᠡᠳᠡᠭᠳᠡᠨ ᠠᠷᠢᠯᠭᠠᠬᠤ ᠬᠡᠷᠡᠭᠲᠡᠢ᠃

      ᠬᠤᠷᠢᠨ ᠭᠤᠷᠪᠠᠳᠤᠭᠠᠷ ᠵᠦᠢᠯ  ᠤᠰᠤ ᠬᠠᠩᠭᠠᠬᠤ ᠨᠢᠭᠡᠴᠢ ᠨᠢ ᠤᠰᠤ ᠬᠠᠩᠭᠠᠬᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠ ᠭᠠᠯ ᠰᠡᠷᠭᠡᠶᠢᠯᠡᠵᠦ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠬᠤᠲᠠ ᠶᠢᠨ ᠶᠠᠪᠤᠳᠠᠯ ᠤᠨ ᠭᠠᠯ ᠤᠨᠲᠠᠷᠠᠭᠠᠭᠤᠯ ᠪᠠ ᠭᠠᠯ ᠰᠡᠷᠭᠡᠶᠢᠯᠡᠵᠦ ᠤᠨᠲᠠᠷᠠᠭᠠᠬᠤ ᠤᠰᠤᠨ ᠲᠣᠭᠤᠷᠤᠤ ᠪᠠᠶᠢᠷᠢᠯᠠᠭᠤᠯᠤᠭᠰᠠᠨ ᠭᠠᠵᠠᠷ᠂ ᠲᠦᠷᠦᠯ ᠬᠡᠯᠪᠡᠷᠢ᠂ ᠲᠤᠭ᠎ᠠ ᠬᠡᠮᠵᠢᠶ᠎ᠡ᠂ ᠲᠠᠷᠬᠠᠯᠲᠠ ᠶᠢᠨ ᠵᠢᠷᠤᠭ ᠪᠠ ᠪᠠᠷᠢᠮᠵᠢᠶ᠎ᠠ᠂ ᠤᠰᠤ ᠬᠠᠩᠭᠠᠬᠤ ᠬᠤᠭᠤᠯᠠᠢ ᠶᠢᠨ ᠳ᠋ᠢᠶᠠᠮᠧᠲᠷ᠂ ᠳᠠᠷᠤᠯᠲᠠ ᠵᠡᠷᠭᠡ ᠮᠠᠲ᠋ᠧᠷᠢᠶᠠᠯ ᠢ ᠬᠠᠩᠭᠠᠬᠤ ᠶᠢᠨ ᠬᠠᠮᠲᠤ ᠵᠢᠯ ᠪᠦᠷᠢ ᠨᠢᠭᠡ ᠤᠳᠠᠭ᠎ᠠ ᠰᠢᠨᠡᠳᠬᠡᠬᠦ ᠬᠡᠷᠡᠭᠲᠡᠢ᠃

      ᠬᠤᠷᠢᠨ ᠳᠥᠷᠪᠡᠳᠦᠭᠡᠷ ᠵᠦᠢᠯ  ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠨᠢᠭᠡᠴᠢ ᠨᠢ ᠭᠠᠯ ᠰᠡᠷᠭᠡᠶᠢᠯᠡᠵᠦ ᠤᠨᠲᠠᠷᠠᠭᠠᠬᠤ ᠲᠡᠷᠭᠡ ᠨᠡᠪᠲᠡᠷᠡᠬᠦ ᠵᠠᠮ ᠤᠨ ᠡᠵᠡᠯᠡᠵᠦ ᠬᠡᠷᠡᠭᠯᠡᠭᠳᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠲᠡᠷᠭᠡ ᠵᠣᠭᠰᠣᠭᠠᠵᠤ ᠵᠠᠮ ᠡᠵᠡᠯᠡᠭᠡᠳ ᠭᠠᠯ ᠰᠡᠷᠭᠡᠶᠢᠯᠡᠵᠦ ᠤᠨᠲᠠᠷᠠᠭᠠᠬᠤ ᠲᠡᠷᠭᠡ ᠨᠡᠪᠲᠡᠷᠡᠬᠦ ᠶᠢ ᠬᠠᠷᠰᠢᠯᠠᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤ ᠨᠢ ᠨᠡᠪᠲᠡᠷᠡᠭᠦᠯᠬᠦ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢ ᠬᠠᠪᠰᠤᠷᠤᠨ ᠵᠠᠮ ᠢ ᠨᠡᠪᠲᠡᠷᠡᠭᠦᠯᠬᠦ ᠬᠡᠷᠡᠭᠲᠡᠢ᠃

      ᠬᠤᠷᠢᠨ ᠲᠠᠪᠤᠳᠤᠭᠠᠷ ᠵᠦᠢᠯ  ᠣᠷᠣᠨ ᠰᠠᠭᠤᠴᠠ ᠶᠢᠨ ᠠᠳᠠᠯ ᠠᠬᠤᠢ ᠶᠢᠨ ᠦᠢᠯᠡᠴᠢᠯᠡᠭᠴᠢ ᠨᠢ ᠬᠠᠮᠢᠶᠠᠷᠤᠯᠲᠠ ᠶᠢᠨ ᠣᠷᠣᠨ ᠪᠦᠰᠡ ᠳᠠᠬᠢ ᠭᠠᠯ ᠰᠡᠷᠭᠡᠶᠢᠯᠡᠵᠦ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠪᠠᠶᠢᠩᠭᠤ ᠲᠣᠭᠤᠷᠢᠨ ᠪᠠᠶᠢᠴᠠᠭᠠᠵᠤ᠂ ᠭᠠᠯ ᠰᠡᠷᠭᠡᠶᠢᠯᠡᠵᠦ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠡᠵᠡᠯᠡᠵᠦ ᠬᠡᠷᠡᠭᠯᠡᠭᠰᠡᠨ ᠢ ᠣᠯᠵᠤ ᠮᠡᠳᠡᠪᠡᠯ᠂ ᠢᠳᠬᠠᠵᠤ᠂ ᠬᠤᠷᠢᠭᠯᠠᠬᠤ ᠬᠡᠷᠡᠭᠲᠡᠢ︔ ᠢᠳᠬᠠᠵᠤ᠂ ᠬᠤᠷᠢᠭᠯᠠᠭᠠᠳ ᠦᠢᠯᠡᠳᠦᠯ ᠭᠠᠷᠬᠤ ᠦᠭᠡᠢ ᠪᠣᠯ ᠴᠠᠭ ᠲᠤᠬᠠᠢ ᠳᠤ ᠨᠢ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃

      ᠣᠷᠣᠨ ᠰᠠᠭᠤᠴᠠ ᠶᠢᠨ ᠠᠳᠠᠯ ᠠᠬᠤᠢ ᠶᠢ ᠥᠮᠴᠢᠲᠡᠨ ᠥᠪᠡᠷᠲᠡᠭᠡᠨ ᠬᠠᠮᠢᠶᠠᠷᠴᠤ ᠪᠠᠶᠢᠪᠠᠯ᠂ ᠥᠮᠴᠢᠲᠡᠨ ᠤ ᠬᠤᠷᠠᠯ᠂ ᠥᠮᠴᠢᠲᠡᠨ ᠤ ᠵᠥᠪᠯᠡᠯ ᠨᠢ ᠡᠮᠦᠨᠡᠬᠢ ᠪᠠᠳᠠᠭ ᠤᠨ ᠲᠣᠭᠲᠠᠭᠠᠯ ᠢᠶᠠᠷ ᠯᠠᠪᠯᠠᠯᠲᠠ ᠪᠣᠯᠭᠠᠨ ᠭᠠᠯ ᠰᠡᠷᠭᠡᠶᠢᠯᠡᠵᠦ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠠᠷᠠᠴᠢᠯᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ︔ ᠣᠷᠣᠨ ᠰᠠᠭᠤᠴᠠ ᠶᠢᠨ ᠠᠳᠠᠯ ᠠᠬᠤᠢ ᠶᠢᠨ ᠬᠠᠮᠢᠶᠠᠷᠤᠯᠲᠠ ᠶᠢᠨ ᠭᠤᠣᠯ ᠴᠣᠭᠴᠠ ᠪᠠᠶᠢᠬᠤ ᠦᠭᠡᠢ ᠪᠣᠯ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠠᠳᠠᠯ ᠠᠬᠤᠢ ᠶᠢᠨ ᠬᠡᠷᠡᠭᠯᠡᠭᠴᠢ ᠶᠢᠨ ᠬᠠᠤᠯᠢ ᠶᠣᠰᠣᠭᠠᠷ ᠵᠣᠬᠢᠶᠠᠨ ᠪᠠᠶᠢᠭᠤᠯᠤᠭᠰᠠᠨ ᠠᠳᠠᠯ ᠠᠬᠤᠢ ᠶᠢᠨ ᠬᠠᠮᠢᠶᠠᠷᠤᠯᠲᠠ ᠶᠢᠨ ᠵᠥᠪᠯᠡᠯ ᠨᠢ ᠡᠮᠦᠨᠡᠬᠢ ᠪᠠᠳᠠᠭ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠭᠠᠯ ᠰᠡᠷᠭᠡᠶᠢᠯᠡᠵᠦ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠠᠷᠠᠴᠢᠯᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃

      ᠬᠤᠷᠢᠨ ᠵᠢᠷᠭᠤᠳᠤᠭᠠᠷ ᠵᠦᠢᠯ  ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠢ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠡᠳᠦᠷ ᠲᠤᠲᠤᠮ ᠤᠨ ᠬᠢᠨᠠᠨ ᠪᠠᠶᠢᠴᠠᠭᠠᠬᠤ ᠪᠠ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ ᠬᠡᠷᠡᠭᠲᠡᠢ᠃

      ᠬᠤᠷᠢᠨ ᠳᠣᠯᠣᠳᠤᠭᠠᠷ ᠵᠦᠢᠯ  ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢ ᠡᠪᠳᠡᠬᠦ ᠦᠢᠯᠡ ᠠᠵᠢᠯᠯᠠᠭ᠎ᠠ ᠶᠢ ᠬᠤᠷᠢᠭᠯᠠᠬᠤ ᠪᠤᠶᠤ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠵᠠᠭᠠᠯᠳᠤᠬᠤ᠂ ᠢᠯᠡᠴᠢᠯᠡᠨ ᠮᠡᠳᠡᠭᠦᠯᠬᠦ ᠡᠷᠬᠡ ᠲᠠᠢ᠃ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠭᠠᠯᠳᠤᠯᠭ᠎ᠠ᠂ ᠢᠯᠡᠴᠢᠯᠡᠵᠦ ᠮᠡᠳᠡᠭᠦᠯᠬᠦ ᠶᠢ ᠬᠦᠯᠢᠶᠡᠨ ᠠᠪᠤᠭᠰᠠᠨ ᠤ ᠳᠠᠷᠠᠭ᠎ᠠ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃

      ᠬᠤᠷᠢᠨ ᠨᠠᠢᠮᠠᠳᠤᠭᠠᠷ ᠵᠦᠢᠯ  ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠦ ᠤᠨᠲᠠᠷᠠᠭᠠᠬᠤ ᠬᠠᠤᠯᠢ ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠤᠨᠲᠠᠷᠠᠭᠠᠬᠤ ᠳᠦᠷᠢᠮ ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠢ ᠰᠢᠢᠳᠬᠡᠵᠦ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃

      ᠬᠤᠷᠢ ᠶᠢᠰᠦᠳᠦᠭᠡᠷ ᠵᠦᠢᠯ  ᠣᠯᠠᠨ ᠨᠡᠶᠢᠲᠡ ᠶᠢᠨ ᠭᠠᠯ ᠰᠡᠷᠭᠡᠶᠢᠯᠡᠵᠦ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠬᠤ᠂ ᠬᠡᠷᠡᠭᠯᠡᠬᠦ᠂ ᠠᠷᠠᠴᠢᠯᠠᠬᠤ ᠪᠠ ᠬᠢᠨᠠᠨ ᠬᠠᠮᠢᠶᠠᠷᠬᠤ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠣᠯ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠣᠯᠭᠤᠨ᠎ᠠ︔ ᠶᠠᠯ᠎ᠠ ᠳᠤ ᠬᠥᠷᠥᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃

      ᠭᠤᠴᠢᠳᠤᠭᠠᠷ ᠵᠦᠢᠯ  ᠲᠣᠰ ᠠᠷᠭ᠎ᠠ ᠶᠢ 2024 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃


      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

      2024 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ