ᠥᠪᠥᠷ ᠮᠣᠩᠭᠤᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠪᠥᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠪᠠ
ᠨᠡᠶᠢᠲᠡᠯᠡᠭᠰᠡᠨ ᠴᠠᠭ᠄
2024/7/3


      ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠬᠠᠮᠤᠭ ᠤᠨ ᠰᠢᠨ᠎ᠡ ᠮᠡᠳᠡᠭᠡ᠄ ᠡᠨᠡ ᠵᠢᠯ ᠤᠨ 1 — 5 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2%᠎ ᠢᠶᠠᠷ ᠨᠡᠮᠡᠭᠳᠡᠵᠦ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢᠨ ᠳᠤᠮᠳᠠᠴᠢ ᠲᠦᠪᠰᠢᠨ ᠠᠴᠠ 1.0 ᠵᠠᠭᠤᠨ ᠤ ᠴᠡᠭ ᠥᠨᠳᠥᠷ ᠪᠣᠯᠪᠠ᠃

      ᠡᠨᠡ ᠵᠢᠯ ᠠᠴᠠ ᠨᠠᠭᠠᠰᠢ᠂ ᠪᠥᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠳ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠤᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠲᠦᠷᠭᠡᠳᠬᠡᠨ ᠠᠬᠢᠭᠤᠯᠵᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠲᠣᠭᠲᠠᠭᠤᠨ ᠨᠡᠮᠡᠭᠳᠡᠯ ᠢ ᠪᠠᠲᠤᠯᠠᠵᠤ᠂ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠪᠠ᠃

      ᠭᠤᠷᠪᠠᠨ ᠶᠡᠭᠡ ᠲᠦᠷᠦᠯ ᠤᠨ ᠠᠵᠤ ᠦᠢᠯᠡᠳᠪᠦᠷᠢ ᠶᠢᠨ ᠬᠠᠮᠵᠢᠯᠴᠠᠭᠰᠠᠨ ᠬᠥᠭᠵᠢᠯᠲᠡ ᠠᠴᠠ ᠦᠵᠡᠪᠡᠯ ᠂ 1 — 5 ᠳ᠋ᠤᠭᠠᠷ ᠰᠠᠷ᠎ᠠ ᠳᠤ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 11.4%᠎ ᠪᠠᠷ ᠨᠡᠮᠡᠭᠳᠡᠵᠦ ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠠᠴᠠ 4.2 ᠵᠠᠭᠤᠨ ᠤ ᠴᠡᠭ ᠥᠨᠳᠥᠷ ᠪᠣᠯᠪᠠ︔ ᠪᠥᠬᠦ ᠣᠷᠣᠨ ᠤ ᠴᠠᠬᠢᠯᠭᠠᠨ ᠬᠦᠴᠦᠨ ᠢᠯᠴᠢ ᠶᠢᠨ ᠬᠦᠴᠦᠨ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.8%᠎ ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 4.6 ᠵᠠᠭᠤᠨ ᠤ ᠴᠡᠭ ᠥᠨᠳᠥᠷ ᠪᠣᠯᠪᠠ︔ ᠪᠥᠬᠦ ᠣᠷᠣᠨ ᠤ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.3%᠎ ᠪᠠᠷ ᠨᠡᠮᠡᠭᠳᠡᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 37 ᠠᠵᠢᠯ ᠲᠥᠷᠥᠯ ᠤᠨ ᠳᠣᠲᠣᠷ᠎ᠠ᠂ 26 ᠠᠵᠢᠯ ᠲᠥᠷᠥᠯ ᠤᠨ ᠨᠡᠮᠡᠭᠳᠡᠯ ᠥᠷᠲᠡᠭ ᠨᠡᠮᠡᠭᠳᠡᠯ ᠢᠶᠠᠨ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 70.3% ᠪᠣᠯᠣᠨ᠎ᠠ᠃

      ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠠᠴᠠ ᠦᠵᠡᠪᠡᠯ᠂ 1 — 5 ᠳ᠋ᠤᠭᠠᠷ ᠰᠠᠷ᠎ᠠ ᠳᠤ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠨᠢᠳᠤᠨᠤᠨ ᠤ 4 ᠳ᠋ᠦ᠋ᠭᠡᠷ ᠰᠠᠷ᠎ᠠ ᠠᠴᠠ ᠨᠠᠭᠠᠰᠢᠬᠢ ᠬᠤᠶᠠᠷ ᠣᠷᠣᠨᠲᠤ ᠲᠣᠭᠠᠨ ᠤ ᠨᠡᠮᠡᠭᠳᠡᠯ ᠤᠨ ᠬᠠᠨᠳᠤᠰᠢ ᠶᠢ ᠦᠷᠭᠦᠯᠵᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ ᠠᠳᠠᠯᠢ ᠬᠤᠭᠤᠴᠠᠭᠠᠨ ᠤ ᠬᠢ ᠠᠴᠠ 51.3% ᠪᠠ 35.0%᠎ ᠪᠠᠷ ᠨᠡᠮᠡᠭᠳᠡᠵᠦ᠂ ᠲᠣᠰ ᠲᠣᠰ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ 44.1 ᠪᠠ 27.8 ᠵᠠᠭᠤᠨ ᠤ ᠴᠡᠭ ᠥᠨᠳᠥᠷ ᠪᠣᠯᠪᠠ ᠃ ᠰᠢᠨ᠎ᠡ ᠦᠢᠯᠡᠳᠬᠦᠨ ᠠᠴᠠ ᠦᠵᠡᠪᠡᠯ᠂ 1 — 5 ᠳ᠋ᠤᠭᠠᠷ ᠰᠠᠷ᠎ᠠ ᠳᠤ ᠪᠥᠬᠦ ᠣᠷᠣᠨ ᠤ ᠨᠡᠷᠡᠨ ᠡᠨᠧᠷᠭᠢ ᠶᠢᠨ ᠴᠡᠨᠡᠭ ᠦᠢᠯᠡᠳᠪᠦᠷᠢᠯᠡᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 16.5 ᠳᠠᠬᠢᠨ ᠨᠡᠮᠡᠭᠳᠡᠵᠦ᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠦᠢᠯᠡᠳᠪᠦᠷᠢᠯᠡᠭᠰᠡᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 62.1% ᠪᠠ 97.5%᠎ ᠪᠠᠷ ᠨᠡᠮᠡᠭᠳᠡᠵᠡᠢ᠃

      ᠡᠨᠧᠷᠭᠢ ᠶᠢᠨ ᠬᠠᠩᠭᠠᠯᠭ᠎ᠠ ᠠᠴᠠ ᠦᠵᠡᠪᠡᠯ᠂ 1 — 5 ᠳ᠋ᠤᠭᠠᠷ ᠰᠠᠷ᠎ᠠ ᠳᠤ ᠪᠥᠬᠦ ᠣᠷᠣᠨ ᠤ ᠨᠡᠭᠦᠷᠡᠰᠦ ᠮᠠᠯᠲᠠᠬᠤ ᠪᠠ ᠤᠭᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.2%᠎ ᠢᠶᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.3%᠎ ᠪᠠᠷ ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠳᠠᠶᠢᠴᠢᠯᠠᠨ ᠨᠡᠶᠢᠲᠡ 2.8 ᠵᠠᠭᠤᠨ ᠤ ᠴᠡᠭ ᠨᠡᠮᠡᠭᠳᠡᠪᠡ ᠃

      ᠠᠵᠢᠯ ᠲᠥᠷᠥᠯ ᠤᠨ ᠬᠥᠮᠥᠰ ᠤᠨ ᠵᠢᠭᠠᠵᠤ ᠭᠠᠷᠭᠠᠭᠰᠠᠨ ᠢᠶᠠᠷ᠂ ᠶᠡᠷᠦᠩᠬᠡᠢ ᠳᠤ ᠎ ᠨᠢ ᠠᠪᠴᠤ ᠦᠵᠡᠪᠡᠯ᠂ 1 — 5 ᠳ᠋ᠤᠭᠠᠷ ᠰᠠᠷ᠎ᠠ ᠳᠤ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠭᠰᠡᠨ ᠪᠣᠯᠪᠠᠴᠤ ᠮᠥᠨ ᠬᠦ ᠨᠡᠮᠡᠭᠳᠡᠯ ᠤᠨ ᠬᠥᠳᠡᠯᠭᠡᠬᠦ ᠬᠦᠴᠦᠨ ᠴᠢᠩᠭ᠎ᠠ ᠪᠤᠰᠤ ᠂ ᠪᠦᠲᠦᠮᠵᠢᠲᠦ ᠬᠡᠷᠡᠭᠴᠡᠭᠡ ᠬᠦᠷᠦᠯᠴᠡᠬᠦ ᠦᠭᠡᠢ᠂ ᠠᠵᠤ ᠠᠬᠤᠶᠢᠯᠠᠯ ᠤᠨ ᠡᠵᠡᠩᠨᠡᠯᠲᠡ ᠳᠤ ᠵᠣᠬᠢᠬᠤ ᠳᠠᠷᠤᠯᠲᠠ ᠲᠠᠢ ᠪᠠᠶᠢᠬᠤ ᠵᠡᠷᠭᠡ ᠠᠰᠠᠭᠤᠳᠠᠯ ᠲᠤᠯᠭᠠᠷᠠᠵᠤ ᠪᠠᠶᠢᠨ᠎ᠠ᠃ ᠳᠠᠷᠠᠭᠠᠴᠢ ᠪᠠᠷ ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢ ᠪᠠᠬᠢᠵᠢᠭᠦᠯᠬᠦ ᠬᠡᠷᠡᠭᠲᠡᠢ ᠭᠡᠵᠡᠢ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ