ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠢᠨᠵᠧᠨᠧᠷᠢᠩ ᠤᠨ ᠬᠢᠨᠠᠨ ᠵᠥᠪᠰᠢᠶᠡᠷᠡᠵᠦ ᠪᠦᠲᠦᠭᠡᠨ ᠪᠠᠶᠢᠭᠤᠯᠬᠤ ᠶᠢ ᠲᠦᠷᠭᠡᠳᠬᠡᠬᠦ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/7/3

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

             

ᠥᠪᠥᠷ ᠵᠠᠰᠠᠭ ᠠᠯᠪᠠᠨ ᠲᠠᠷᠬᠠᠭᠠᠭᠰᠠᠨ ﹇ 2024 ﹈ 6 ᠳ᠋ᠤᠭᠠᠷ ᠲᠣᠭᠠᠲᠤ

 

ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠢᠨᠵᠧᠨᠧᠷᠢᠩ ᠤᠨ

ᠬᠢᠨᠠᠨ ᠵᠥᠪᠰᠢᠶᠡᠷᠡᠵᠦ ᠪᠦᠲᠦᠭᠡᠨ ᠪᠠᠶᠢᠭᠤᠯᠬᠤ ᠶᠢ ᠲᠦᠷᠭᠡᠳᠬᠡᠬᠦ ᠠᠷᠭ᠎ᠠ ᠬᠡᠮᠵᠢᠶ᠎ᠡ

 ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ  ᠪᠠ 2024 ᠣᠨ ᠤ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ ︾ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠰᠢᠨ᠎ᠡ ᠡᠨᠧᠷᠭᠢ ᠶᠢᠨ ᠴᠢᠨᠠᠷ ᠰᠠᠶᠢᠲᠠᠢ ᠪᠦᠬᠦ ᠲᠠᠯ᠎ᠠ ᠪᠠᠷ ᠲᠡᠷᠢᠭᠦᠯᠡᠵᠦ ᠬᠥᠭᠵᠢᠬᠦ ᠶᠢ ᠠᠬᠢᠭᠤᠯᠵᠤ ᠂ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠦᠭᠦᠯᠡᠨ ᠴᠣᠭᠴᠠᠯᠠᠵᠤ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠲᠦᠷᠦᠯ ᠵᠦᠢᠯ ᠤᠨ ᠬᠢᠨᠠᠨ ᠵᠥᠪᠰᠢᠶᠡᠷᠡᠵᠦ ᠪᠦᠲᠦᠭᠡᠨ ᠪᠠᠶᠢᠭᠤᠯᠬᠤ ᠶᠢ ᠲᠦᠷᠭᠡᠳᠬᠡᠬᠦ ᠠᠷᠭ᠎ᠠ ᠬᠡᠮᠵᠢᠶ᠎ᠡ ᠨᠦᠭᠦᠳ ᠢ ᠳᠣᠣᠷᠠᠬᠢ ᠮᠡᠲᠦ ᠮᠡᠳᠡᠭᠳᠡᠶ᠎ᠡ ᠃

      ᠨᠢᠭᠡ ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠭᠦᠨᠴᠡ ᠶᠢ ᠲᠡᠬᠡᠭᠰᠢᠯᠡᠬᠦᠯᠬᠦ ᠬᠡᠷᠡᠭᠲᠡᠢ

      ᠰᠢᠨ᠎ᠡ ᠡᠨᠧᠷᠭᠢ ᠶᠢᠨ ᠲᠥᠷᠥᠯ ᠵᠦᠢᠯ ᠤᠨ ᠨᠤᠲᠠᠯᠠᠯᠲᠠ ᠶᠢᠨ ᠭᠦᠨᠴᠡ ᠂ ᠰᠢᠰᠲ᠋ᠧᠮ ᠤᠨ ᠲᠥᠰᠥᠯ ᠳᠤ ᠵᠠᠯᠭᠠᠨ ᠣᠷᠣᠭᠤᠯᠬᠤ ᠵᠢᠷᠤᠭ ᠲᠥᠯᠥᠪᠯᠡᠭᠡ ᠰᠤᠳᠤᠯᠤᠯ ᠤᠨ ᠮᠡᠳᠡᠭᠦᠯᠦᠯᠲᠡ ᠶᠢᠨ ᠭᠦᠨᠴᠡ ᠶᠢ ᠲᠣᠳᠣᠷᠬᠠᠶᠢᠯᠠᠵᠤ ᠂ ᠰᠢᠨ᠎ᠡ ᠡᠨᠧᠷᠭᠢ ᠪᠠ ᠲᠥᠬᠦᠷ ᠴᠠᠬᠢᠯᠭᠠᠨ ᠲᠣᠣᠷ ᠤᠨ ᠲᠥᠷᠥᠯ ᠵᠦᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ ᠃ ᠰᠢᠨ᠎ᠡ ᠡᠨᠧᠷᠭᠢ ᠶᠢᠨ ᠲᠥᠷᠥᠯ ᠵᠦᠢᠯ ᠢ ᠲᠥᠯᠦᠪᠵᠢᠭᠦᠯᠭᠡ ᠳᠤ ᠤᠷᠤᠭᠤᠯᠬᠤ ᠪᠠᠷ ᠭᠤᠶᠤᠴᠢᠯᠠᠨ ᠮᠡᠳᠡᠭᠦᠯᠬᠦ ᠠᠴᠠ ᠡᠮᠦᠨ᠎ᠡ ᠰᠣᠩᠭᠤᠬᠤ ᠪᠠᠷ ᠲᠥᠰᠥᠪᠯᠡᠵᠦ ᠪᠠᠶᠢᠭ᠎ᠠ ᠲᠠᠯᠠᠪᠤᠷ ᠤᠨ ᠬᠠᠶ᠋ᠢᠭ ᠢᠶᠠᠨ ᠨᠠᠶᠢᠳᠠᠪᠤᠷᠢᠵᠢᠭᠤᠯᠵᠤ ᠂ ᠰᠡᠷᠭᠡᠭ ᠬᠦᠴᠦᠨ ᠵᠦᠢᠯ ᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠬᠦ ᠶᠢᠨ ᠬᠠᠮᠲᠤ ᠬᠠᠮᠢᠶ᠎ᠠ ᠪᠦᠬᠦᠢ ᠳᠡᠮᠵᠢᠯᠭᠡ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠣᠯᠵᠤ ᠂ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠶᠢ ᠪᠡᠶᠡᠯᠡᠭᠦᠯᠬᠦ ᠪᠤᠶᠤ ᠪᠡᠯᠡ ᠣᠷᠣᠭᠤᠯᠤᠯᠲᠠ ᠶᠢ ᠨᠠᠶᠢᠳᠠᠪᠤᠷᠢᠵᠢᠭᠤᠯᠬᠤ ᠠᠮᠠᠯᠠᠯᠲᠠ ᠶᠢᠨ ᠪᠢᠴᠢᠭ ᠭᠠᠷᠭᠠᠨ ᠥᠭᠴᠦ ᠂ ᠴᠠᠬᠢᠯᠭᠠᠨ ᠲᠣᠣᠷ ᠤᠨ ᠠᠵᠤ ᠠᠬᠤᠶᠢᠯᠠᠯ ᠠᠴᠠ ᠭᠠᠷᠭᠠᠭᠰᠠᠨ ᠰᠢᠰᠲ᠋ᠧᠮ ᠳᠤ ᠵᠠᠯᠭᠠᠵᠤ ᠤᠷᠤᠭᠤᠯᠬᠤ ᠰᠠᠨᠠᠯ ᠢ ᠣᠯᠣᠭᠰᠠᠨ ᠪᠠᠶᠢᠬᠤ ᠬᠡᠷᠡᠭᠲᠡᠢ ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠂ ᠣᠷᠣᠨ ᠨᠤᠲᠤᠭ ᠤᠨ ᠡᠯ᠎ᠡ ᠱᠠᠲᠤᠨ ᠤ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠡᠯ᠎ᠡ ᠴᠠᠬᠢᠯᠭᠠᠨ ᠲᠣᠣᠷ ᠤᠨ ᠠᠵᠤ ᠠᠬᠤᠶᠢᠯᠠᠯ ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠬᠤᠶᠠᠷ ᠂ ᠰᠢᠨ᠎ᠡ ᠡᠨᠧᠷᠭᠢ ᠶᠢᠨ ᠲᠥᠷᠥᠯ ᠵᠦᠢᠯ ᠪᠠ ᠲᠣᠣᠷ ᠲᠤ ᠵᠠᠯᠭᠠᠬᠤ ᠢᠨᠵᠧᠨᠧᠷᠢᠩ ᠢ ᠵᠡᠷᠭᠡ ᠳᠤ ᠨᠢ ᠲᠥᠯᠦᠪᠵᠢᠭᠦᠯᠭᠡ ᠳᠤ ᠤᠷᠤᠭᠤᠯᠬᠤ ᠬᠡᠷᠡᠭᠲᠡᠢ   

      220 ᠺᠢᠯᠣᠸᠠᠲ ᠵᠢᠴᠢ ᠲᠡᠭᠦᠨ ᠠᠴᠠ ᠳᠣᠷᠣᠭᠰᠢᠬᠢ ᠶᠢ ᠲᠥᠬᠦᠷᠵᠢᠭᠦᠯᠦᠭᠰᠡᠨ ᠲᠣᠣᠷ ᠲᠤ ᠵᠠᠯᠭᠠᠬᠤ ᠢᠨᠵᠧᠨᠧᠷᠢᠩ ᠢ ᠰᠢᠨ᠎ᠡ ᠡᠨᠧᠷᠭᠢ ᠶᠢᠨ ᠲᠥᠷᠥᠯ ᠵᠦᠢᠯ   ᠯᠦᠭᠡ ᠵᠡᠷᠭᠡ ᠳᠤ ᠨᠢ ᠰᠡᠷᠭᠡᠭ ᠬᠦᠴᠦᠨ ᠵᠦᠢᠯ ᠢ ᠵᠢᠭᠰᠠᠭᠠᠨ ᠪᠠᠶᠢᠴᠠᠭᠠᠬᠤ ᠪᠠ ᠪᠣᠯᠣᠮᠵᠢᠲᠤ ᠴᠢᠨᠠᠷ ᠤᠨ ᠨᠤᠲᠠᠯᠠᠯᠲᠠ ᠬᠢᠬᠦ ᠶᠢ ᠪᠡᠶᠡᠯᠡᠭᠦᠯᠵᠦ ᠂ ᠰᠢᠨ᠎ᠡ ᠡᠨᠧᠷᠭᠢ ᠶᠢᠨ ᠲᠥᠷᠥᠯ ᠵᠦᠢᠯ ᠯᠦᠭᠡ ᠵᠡᠷᠭᠡ ᠳᠤ ᠨᠢ ︽ᠮᠡᠳᠡᠭᠦᠯᠦᠮᠡᠭᠴᠡ ᠠᠪᠤᠨ ᠵᠥᠪᠰᠢᠶᠡᠷᠡᠵᠦ ︾ ᠬᠠᠮᠲᠤ ᠪᠠᠷ ᠲᠥᠯᠦᠪᠵᠢᠭᠦᠯᠭᠡ ᠳᠤ ᠣᠷᠣᠭᠤᠯᠤᠨ᠎ᠠ ︔ ᠥᠪᠡᠷᠲᠡᠭᠡᠨ ᠵᠠᠰᠠᠬᠤ ᠣᠷᠣᠨ ᠤ ᠴᠣᠬᠤᠯᠠᠪᠤᠷᠢᠯᠠᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠤᠨ 500 ᠺᠢᠯᠣᠸᠠᠲ ᠢ ᠲᠥᠬᠦᠷᠵᠢᠭᠦᠯᠦᠭᠰᠡᠨ ᠲᠣᠣᠷ ᠲᠤ ᠵᠠᠯᠭᠠᠬᠤ ᠢᠨᠵᠧᠨᠧᠷᠢᠩ ᠢ ᠪᠣᠯ ᠰᠢᠨ᠎ᠡ ᠡᠨᠧᠷᠭᠢ ᠶᠢᠨ ᠲᠥᠷᠥᠯ ᠵᠦᠢᠯ ᠢ ᠲᠥᠯᠦᠪᠵᠢᠭᠦᠯᠭᠡ ᠳᠤ ᠣᠷᠣᠭᠤᠯᠤᠭᠰᠠᠨ ᠤ ᠳᠠᠷᠠᠭᠠᠬᠢ 30 ᠠᠵᠢᠯᠯᠠᠬᠤ ᠡᠳᠦᠷ ᠤᠨ ᠳᠣᠲᠣᠷ᠎ᠠ ᠲᠥᠯᠦᠪᠵᠢᠭᠦᠯᠭᠡ ᠳᠤ ᠤᠷᠤᠭᠤᠯᠬᠤ ᠪᠠᠷ ᠤᠯᠤᠰ ᠲᠤ ᠭᠤᠶᠤᠴᠢᠯᠠᠨ ᠮᠡᠳᠡᠭᠦᠯᠦᠨ᠎ᠡ ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠂ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠴᠠᠬᠢᠯᠭᠠᠨ ᠲᠣᠣᠷ ᠤᠨ ᠠᠵᠤ ᠠᠬᠤᠶᠢᠯᠠᠯ ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠭᠤᠷᠪᠠ ᠂ ᠲᠣᠣᠷ ᠲᠤ ᠵᠠᠯᠭᠠᠬᠤ ᠢᠨᠵᠧᠨᠧᠷᠢᠩ ᠢ ᠵᠡᠷᠭᠡ ᠳᠤ ᠨᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠣᠷᠣᠭᠤᠯᠬᠤ ᠶᠢ ᠠᠬᠢᠭᠤᠯᠬᠤ ᠬᠡᠷᠡᠭᠲᠡᠢ

      ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠬᠥᠭᠵᠢᠯᠲᠡ ᠶᠢᠨ ᠲᠥᠯᠦᠪᠵᠢᠭᠦᠯᠭᠡ ᠶᠢᠨ ᠲᠣᠬᠢᠷᠠᠭᠤᠯᠤᠯᠲᠠ ᠶᠢ ᠦᠨᠳᠦᠰᠦᠯᠡᠵᠦ ᠂ ᠴᠠᠬᠢᠯᠭᠠᠨ ᠲᠣᠣᠷ ᠤᠨ ᠠᠵᠤ ᠠᠬᠤᠶᠢᠯᠠᠯ ᠨᠢ ᠲᠥᠯᠦᠪᠵᠢᠭᠦᠯᠭᠡ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭᠠᠬᠢ 60 ᠡᠳᠦᠷ ᠤᠨ ᠳᠣᠲᠣᠷ᠎ᠠ ᠴᠠᠬᠢᠯᠭᠠᠨ ᠲᠣᠣᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠂ ᠴᠠᠬᠢᠯᠭᠠᠨ ᠬᠦᠴᠦᠨ ᠤ ᠳᠡᠭᠦᠵᠢᠯᠡᠭᠦᠷ ᠤᠲᠠᠰᠤ ᠱᠤᠭᠤᠮ ᠤᠨ ᠬᠤᠩᠭᠢᠯ ᠂ ᠴᠠᠬᠢᠯᠭᠠᠨ ᠳᠡᠭᠡᠰᠦᠨ ᠤ ᠨᠡᠪᠳᠡᠷᠡᠯ ᠵᠠᠮ ᠵᠡᠷᠭᠡ ᠣᠷᠣᠨ ᠵᠠᠢ ᠶᠢᠨ ᠡᠬᠢ ᠪᠠᠶᠠᠯᠢᠭ ᠤᠨ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠴᠤ ᠂ ᠴᠠᠬᠢᠯᠭᠠᠨ ᠬᠦᠴᠦᠨ ᠤ ᠪᠡᠯᠡᠳᠬᠡᠮᠵᠢ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠂ ᠠᠳᠠᠯᠢ ᠱᠠᠲᠤᠨ ᠤ ᠡᠨᠧᠷᠭᠢ ᠂ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠬᠠᠷᠭᠤᠭᠤᠯᠤᠭᠰᠠᠨ ᠤ ᠳᠠᠷᠠᠭ᠎ᠠ ᠂ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤ ᠰᠢᠶᠠᠨ ︵ ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠠᠳᠠᠯᠢ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠨᠠᠷᠢᠨ ᠲᠥᠯᠦᠪᠵᠢᠭᠦᠯᠭᠡ ᠳᠤ ᠣᠷᠣᠭᠤᠯᠤᠨ᠎ᠠ ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠴᠠᠬᠢᠯᠭᠠᠨ ᠲᠣᠣᠷ ᠤᠨ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠳᠥᠷᠪᠡ ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠦᠢᠴᠡᠳᠬᠡᠬᠦ ᠭᠠᠷᠳᠠᠮ ᠤᠨ ᠭᠤᠭᠴᠤᠭ᠎ᠠ ᠶᠢ ᠴᠥᠭᠡᠳᠬᠡᠬᠦ ᠬᠡᠷᠡᠭᠲᠡᠢ

      ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠲᠥᠷᠥᠯ ᠵᠦᠢᠯ ᠤᠨ ᠭᠠᠵᠠᠷ ᠬᠡᠷᠡᠭᠯᠡᠬᠦ ᠂ ᠣᠶ ᠰᠢᠭᠤᠢ ︵ ᠨᠤᠲᠤᠭ ᠪᠡᠯᠴᠢᠭᠡᠷ ︶ ᠬᠡᠷᠡᠭᠯᠡᠬᠦ ᠵᠡᠷᠭᠡ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠳᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ︽ᠵᠥᠪᠬᠡᠨ ᠨᠥᠬᠦᠪᠦᠷᠢᠯᠡᠨ ᠵᠠᠯᠠᠷᠠᠭᠤᠯᠬᠤ ᠠᠴᠠ ᠪᠢᠰᠢ ᠪᠤᠴᠠᠭᠠᠵᠤ ᠪᠣᠯᠬᠤ ᠦᠭᠡᠢ ︾᠂ ᠨᠥᠬᠦᠪᠦᠷᠢᠯᠡᠨ ᠵᠠᠯᠠᠷᠠᠭᠤᠯᠬᠤ ᠴᠢᠬᠤᠯᠠᠲᠠᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠨᠢᠭᠡ ᠯᠡ ᠤᠳᠠᠭ᠎ᠠ ᠳᠤ ᠮᠡᠳᠡᠭᠳᠡᠬᠦ ᠮᠥᠷᠲᠡᠭᠡᠨ ᠵᠥᠪᠬᠡᠨ ᠨᠢᠭᠡ ᠯᠡ ᠤᠳᠠᠭ᠎ᠠ ᠨᠥᠬᠦᠪᠦᠷᠢᠯᠡᠨ ᠵᠠᠯᠠᠷᠠᠭᠤᠯᠵᠤ ᠪᠣᠯᠣᠨ᠎ᠠ︔ ᠭᠤᠶᠤᠴᠢᠯᠠᠨ ᠮᠡᠳᠡᠭᠦᠯᠦᠭᠰᠡᠨ ᠨᠢᠭᠡᠴᠢ ᠨᠢᠭᠡ ᠯᠡ ᠤᠳᠠᠭ᠎ᠠ ᠳᠤ ᠨᠥᠬᠦᠪᠦᠷᠢᠯᠡᠨ ᠵᠠᠯᠠᠷᠠᠭᠤᠯᠬᠤ ᠬᠡᠷᠡᠭᠲᠡᠢ ᠃ ︵ᠬᠠᠷᠢᠭᠤᠴᠠᠯᠭᠠᠲᠤ  ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠂ ᠡᠯ᠎ᠡ ᠴᠠᠬᠢᠯᠭᠠᠨ ᠲᠣᠣᠷ ᠤᠨ ᠠᠵᠤ ᠠᠬᠤᠶᠢᠯᠠᠯ ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠲᠠᠪᠤ ᠂ ᠡᠮᠦᠨᠡᠬᠢ ᠬᠤᠭᠤᠴᠠᠭᠠᠨ ᠤ ᠭᠠᠷᠳᠠᠮ ᠢ ᠨᠡᠶᠢᠯᠡᠭᠦᠯᠵᠦ ᠬᠢᠨᠠᠨ ᠵᠥᠪᠰᠢᠶᠡᠷᠡᠬᠦ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ

      ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠲᠥᠷᠥᠯ ᠵᠦᠢᠯ ᠳᠤ ᠲᠡᠦᠬᠡ ᠶᠢᠨ ᠳᠤᠷᠠᠰᠬᠠᠯᠲᠤ ᠵᠦᠢᠯ ᠤᠨ ᠪᠠᠶᠢᠴᠠᠭᠠᠯᠲᠠ ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠦᠨᠡᠯᠡᠨ ᠵᠢᠱᠢᠯᠲᠡ ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠂ ᠦᠶᠡᠷ ᠤᠨ ᠨᠥᠯᠥᠭᠡᠨ ᠤ ᠦᠨᠡᠯᠡᠯᠲᠡ ᠂ ᠠᠭᠤᠷᠬᠠᠢ ᠶᠢᠨ ᠭᠠᠷᠤᠯᠲᠠ ᠶᠢᠨ ᠳᠠᠷᠤᠭᠳᠠᠯ ᠂ ᠠᠮᠢ ᠠᠬᠤᠢ ᠶᠢᠨ ᠤᠯᠠᠭᠠᠨ ᠱᠤᠭᠤᠮ ᠠᠴᠠ ᠵᠠᠶᠢᠯᠠᠵᠤ ᠪᠣᠯᠣᠰᠢ ᠦᠭᠡᠢ ᠴᠢᠨᠠᠷ ᠤᠨ ᠦᠨᠡᠯᠡᠯᠲᠡ ᠵᠡᠷᠭᠡ ᠡᠯ᠎ᠡ ᠲᠥᠷᠥᠯ ᠤᠨ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠳᠤ ᠪᠠᠨ᠂ ᠲᠥᠷᠥᠯ ᠵᠦᠢᠯ ᠤᠨ ᠨᠢᠭᠡᠴᠢ ᠶᠢᠨ ᠭᠤᠶᠤᠴᠢᠯᠠᠯ ᠢ ᠦᠨᠳᠦᠰᠦᠯᠡᠵᠦ ᠪᠠᠶᠢᠭᠠᠳ ᠨᠡᠶᠢᠯᠡᠭᠦᠯᠵᠦ ᠬᠢᠨᠠᠨ ᠵᠥᠪᠰᠢᠶᠡᠷᠡᠬᠦ ᠶᠢ ᠬᠡᠷᠡᠭᠵᠢᠭᠦᠯᠵᠦ ᠂ ᠬᠠᠮᠢᠶ᠎ᠠ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠂ ᠤᠯᠤᠰ ᠤᠨ ᠲᠥᠷᠥ ᠶᠢᠨ ᠪᠣᠳᠣᠯᠭ᠎ᠠ ᠳᠤ ᠲᠣᠭᠲᠠᠭᠠᠯ ᠲᠠᠢ ᠴᠢᠬᠤᠯᠠ ᠪᠢᠴᠢᠭ ᠮᠠᠲ᠋ᠧᠷᠢᠶᠠᠯ ᠠᠴᠠ ᠭᠠᠳᠠᠨ᠎ᠠ ᠂ ᠬᠠᠷᠢᠯᠴᠠᠨ ᠤᠷᠢᠳᠠᠴᠢ ᠵᠦᠢᠯ ᠪᠣᠯᠵᠤ ᠪᠣᠯᠬᠤ ᠦᠭᠡᠢ ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠵᠢᠷᠭᠤᠭ᠎ᠠ ᠂ ᠲᠦᠷᠦᠯ ᠵᠦᠢᠯ ᠳᠤ ᠬᠡᠷᠡᠭᠯᠡᠬᠦ ᠭᠠᠵᠠᠷ ᠢ ᠲᠤᠰᠢᠶᠠᠵᠤ ᠥᠭᠬᠦ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠬᠦ ᠬᠡᠷᠡᠭᠲᠡᠢ

       ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠲᠥᠷᠥᠯ ᠵᠦᠢᠯ ᠢ ᠬᠢᠨᠠᠨ ᠵᠥᠪᠰᠢᠶᠡᠷᠡᠭᠰᠡᠨ︵ᠪᠦᠷᠢᠳᠬᠡᠨ ᠳᠠᠩᠰᠠᠯᠠᠭᠰᠠᠨ ︶ ᠤ ᠳᠠᠷᠠᠭ᠎ᠠ ᠂ ᠬᠤᠰᠢᠭᠤ ᠰᠢᠶᠠᠨ ︵ ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ 45 ᠠᠵᠢᠯᠯᠠᠬᠤ ᠡᠳᠦᠷ ᠤᠨ ᠳᠣᠲᠣᠷ᠎ᠠ ᠭᠠᠵᠠᠷ ᠰᠢᠷᠣᠢ ᠶᠢ ᠬᠤᠳᠠᠯᠳᠤᠨ ᠠᠪᠴᠤ ᠨᠥᠭᠡᠴᠡᠯᠡᠬᠦ ᠂ ᠭᠠᠳᠠᠷᠭᠤ ᠶᠢᠨ ᠬᠠᠰᠢᠶ᠎ᠠ ᠬᠡᠷᠡᠮ ᠢ ᠠᠷᠢᠯᠭᠠᠬᠤ ᠂ ᠲᠡᠦᠬᠡ ᠶᠢᠨ ᠳᠤᠷᠠᠰᠬᠠᠯᠲᠤ ᠵᠦᠢᠯ ᠢ ᠬᠠᠶᠢᠨ ᠰᠢᠨᠵᠢᠬᠦ ᠵᠡᠷᠭᠡ ᠠᠵᠢᠯ ᠢ ᠪᠡᠶᠡᠯᠡᠭᠦᠯᠵᠦ ᠂ ︽ᠠᠬᠤᠶᠢᠯᠠᠭᠰᠠᠨ ᠭᠠᠵᠠᠷ ᠰᠢᠷᠣᠢ ᠬᠠᠩᠭᠠᠬᠤ ︾ ᠶᠢ ᠪᠡᠶᠡᠯᠡᠭᠦᠯᠦᠨ ᠂ ᠲᠥᠷᠥᠯ ᠵᠦᠢᠯ ᠤᠨ ᠨᠢᠭᠡᠴᠢ ᠠᠴᠠ ᠪᠡᠯᠡ ᠮᠥᠩᠭᠦᠨ ᠤ ᠪᠠᠲᠤᠯᠠᠭ᠎ᠠ ᠬᠠᠩᠭᠠᠬᠤ ᠬᠡᠷᠡᠭᠲᠡᠢ ᠃ ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠲᠥᠷᠥᠯ ᠵᠦᠢᠯ ᠨᠢ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠬᠡᠪᠴᠢᠶᠡᠨ ᠳᠣᠲᠣᠷ᠎ᠠ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠣᠯᠣᠭᠰᠠᠨ ᠪᠠᠶᠢᠪᠠᠯ ᠂ ᠨᠥᠬᠦᠴᠡᠯ ᠳᠤ ᠨᠡᠶᠢᠴᠡᠬᠦ ︵ ᠳᠥᠷᠪᠡᠨ ᠬᠢᠵᠠᠭᠠᠷ ᠨᠢ ᠲᠣᠳᠣᠷᠬᠠᠢ ᠂ ᠡᠷᠬᠡ ᠶᠢᠨ ᠬᠠᠷᠢᠶ᠎ᠠ ᠨᠢ ᠮᠠᠷᠭᠤᠯᠳᠤᠭᠠᠨ ᠦᠭᠡᠢ ᠂ ᠬᠠᠮᠢᠶ᠎ᠠ ᠪᠦᠬᠦᠢ ᠭᠠᠶᠢᠯᠢ ᠰᠦᠢᠳᠬᠡᠯ ᠢ ᠲᠤᠰᠢᠶᠠᠭᠰᠠᠨ ︶ ᠳᠤ ᠨᠢ ︽ᠭᠠᠵᠠᠷ ᠪᠠ ᠭᠡᠷᠡᠴᠢ ᠦᠨᠡᠮᠯᠡᠯ ᠢ ᠬᠠᠮᠲᠤ ᠲᠤᠰᠢᠶᠠᠬᠤ ︾ ᠶᠢ ᠪᠦᠬᠦ ᠲᠠᠯ᠎ᠠ ᠪᠠᠷ ᠶᠠᠪᠤᠭᠤᠯᠵᠤ ᠂ ᠭᠠᠵᠠᠷ ᠲᠤᠰᠢᠶᠠᠬᠤ ᠬᠢᠭᠡᠳ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠂ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠪᠢᠴᠢᠭ ᠢ ᠵᠡᠷᠭᠡ ᠳᠤ ᠨᠢ ᠭᠦᠢᠴᠡᠳᠬᠡᠬᠦ ᠶᠢ ᠪᠡᠶᠡᠯᠡᠭᠦᠯᠦᠨ᠎ᠡ ᠃ ︵ ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠴᠠᠬᠢᠯᠭᠠᠨ ᠲᠣᠣᠷ ᠤᠨ ᠠᠵᠤ ᠠᠬᠤᠶᠢᠯᠠᠯ ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠳᠣᠯᠤᠭ᠎ᠠ ᠂ ᠰᠢᠨ᠎ᠡ ᠡᠨᠧᠷᠭᠢ ᠂ ᠴᠠᠬᠢᠯᠭᠠᠨ ᠲᠣᠣᠷ ᠤᠨ ᠲᠥᠷᠥᠯ ᠵᠦᠢᠯ ᠤᠨ ᠭᠠᠵᠠᠷ ᠰᠢᠷᠣᠢ ᠶᠢᠨ ᠭᠠᠷᠳᠠᠮ ᠭᠦᠢᠴᠡᠳᠬᠡᠬᠦ ᠶᠢ ᠰᠢᠯᠢᠳᠡᠭᠵᠢᠭᠦᠯᠬᠦ ᠬᠡᠷᠡᠭᠲᠡᠢ

      ︽ᠴᠠᠬᠢᠯᠭᠠᠨ ᠲᠣᠣᠷ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠᠨ ᠤᠯᠠᠮ ᠨᠢᠭᠡ ᠠᠯᠬᠤᠮ ᠳᠥᠭᠦᠮᠴᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠥᠰᠥᠭ ﹇ 2022 ﹈ 55 ᠳ᠋ᠤᠭᠠᠷ ᠲᠣᠭᠠᠲᠤ ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢᠨ ᠨᠠᠶᠢᠳᠠᠪᠤᠷᠢᠵᠢᠨ ᠪᠣᠳᠠᠲᠠᠶᠢᠵᠢᠬᠤ ᠶᠢ ᠦᠷᠭᠦᠯᠵᠢᠯᠡᠨ ᠰᠠᠶᠢᠲᠤᠷ ᠠᠳᠬᠤᠵᠤ ᠂ ᠭᠠᠵᠠᠷ ᠰᠢᠷᠣᠢ ᠶᠢᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠬᠠᠤᠯᠢ ᠬᠡᠷᠡᠭᠵᠢᠭᠦᠯᠵᠦ ᠪᠠᠶᠢᠴᠠᠭᠠᠬᠤ ᠡᠷᠴᠢᠮ ᠢ ᠴᠢᠩᠭᠠᠷᠠᠭᠤᠯᠤᠨ ᠂ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ ᠶᠢᠨ ᠰᠠᠭᠤᠷᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠠᠷᠳᠠᠮ ᠢ ᠭᠦᠢᠴᠡᠳᠬᠡᠬᠦ ᠦᠷ᠎ᠡ ᠪᠦᠲᠦᠮᠵᠢ ᠶᠢ ᠲᠡᠬᠡᠭᠰᠢᠯᠡᠬᠦᠯᠦᠨ᠎ᠡ ᠃ ︵ ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠴᠠᠬᠢᠯᠭᠠᠨ ᠲᠣᠣᠷ ᠤᠨ ᠠᠵᠤ ᠠᠬᠤᠶᠢᠯᠠᠯ ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

       ᠨᠠᠢᠮᠠ ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠭᠠᠷᠳᠠᠮ ᠤᠨ ᠳᠦᠷᠢᠮ ᠢ  ᠨᠠᠶᠢᠳᠠᠪᠤᠷᠢᠵᠢᠭᠤᠯᠬᠤ ᠬᠡᠷᠡᠭᠲᠡᠢ

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢᠨ ᠬᠡᠷᠡᠭᠵᠢᠭᠦᠯᠬᠦ ᠠᠷᠭ᠎ᠠ ︾ ᠶᠢᠨ ᠱᠠᠭᠠᠷᠳᠠᠯᠭ᠎ᠠ ᠶᠣᠰᠣᠭᠠᠷ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠨᠢᠭᠡᠨᠲᠡ ᠢᠨᠵᠧᠨᠧᠷᠢᠩ ᠤᠨ ᠲᠥᠷᠥᠯ ᠵᠦᠢᠯ ᠤᠨ ᠪᠣᠯᠣᠮᠵᠢᠲᠤ ᠴᠢᠨᠠᠷ ᠤᠨ ᠰᠤᠳᠤᠯᠤᠯ ᠤᠨ ᠠᠭᠤᠯᠭ᠎ᠠ ᠪᠤᠯᠭᠠᠨᠨᠰᠠᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠳᠠᠭᠢᠵᠤ ᠠᠰᠲᠠᠭᠠᠨ ᠦᠨᠡᠯᠡᠨ ᠵᠢᠱᠢᠯᠲᠡ ᠬᠢᠬᠦ ᠦᠭᠡᠢ ᠃ ᠰᠢᠨ᠎ᠡ ᠡᠨᠧᠷᠭᠢ ᠪᠠ ᠴᠠᠬᠢᠯᠭᠠᠨ ᠤ ᠲᠣᠣᠷ ᠤᠨ ᠲᠥᠷᠥᠯ ᠵᠦᠢᠯ ᠤᠨ ᠪᠠᠶᠢᠭ᠎ᠠ ᠬᠤᠰᠢᠭᠤ ᠰᠢᠶᠠᠨ ︵ ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠲᠣᠭᠲᠠᠭᠠᠯ ᠶᠣᠰᠣᠭᠠᠷ ᠭᠠᠵᠠᠷ ᠰᠢᠷᠣᠢ ᠲᠠᠲᠠᠪᠤᠷᠢᠯᠠᠬᠤ ᠬᠢᠨᠠᠨ ᠵᠥᠪᠰᠢᠶᠡᠷᠡᠯ ᠢ ᠭᠤᠶᠤᠴᠢᠯᠠᠨ ᠮᠡᠳᠡᠭᠦᠯᠬᠦ ᠠᠴᠠ ᠡᠮᠦᠨ᠎ᠡ ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠵᠤ ᠪᠡᠶᠡᠯᠡᠭᠦᠯᠬᠦ ᠬᠡᠷᠡᠭᠲᠡᠢ ᠃ ︵ ᠬᠠᠷᠢᠭᠤᠴᠠᠯᠭᠠᠲᠤ ᠨᠢᠭᠡᠴᠢ ᠄ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠂ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠴᠠᠬᠢᠯᠭᠠᠨ ᠲᠣᠣᠷ ᠤᠨ ᠠᠵᠤ ᠠᠬᠤᠶᠢᠯᠠᠯ ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠶᠢᠰᠦ ᠂ ᠣᠢ ᠰᠢᠭᠤᠢ ᠨᠤᠲᠤᠭ ᠪᠡᠯᠴᠢᠭᠡᠷ ᠬᠡᠷᠡᠭᠯᠡᠬᠦ ᠭᠠᠷᠳᠠᠮ ᠢ ᠰᠢᠯᠢᠳᠡᠭᠵᠢᠭᠦᠯᠬᠦ ᠬᠡᠷᠡᠭᠲᠡᠢ

      ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠲᠥᠷᠥᠯ ᠵᠦᠢᠯ ᠤᠨ ᠣᠶ ᠰᠢᠭᠤᠢ ︵ ᠨᠤᠲᠤᠭ ᠪᠡᠯᠴᠢᠭᠡᠷ ︶ ᠶᠢ ᠲᠦᠷ ᠬᠡᠷᠡᠭᠯᠡᠬᠦ ᠭᠠᠷᠳᠠᠮ ᠢ ᠣᠶ ᠰᠢᠭᠤᠢ ︵ ᠨᠤᠲᠤᠭ ᠪᠡᠯᠴᠢᠭᠡᠷ ︶ ᠶᠢ ᠥᠨᠢᠳᠡ ᠬᠡᠷᠡᠭᠯᠡᠬᠦ ᠭᠠᠷᠳᠠᠮ ᠯᠤᠭ᠎ᠠ ᠵᠡᠷᠭᠡ ᠪᠠᠷ ᠭᠦᠢᠴᠡᠳᠬᠡᠬᠦ ᠬᠡᠷᠡᠭᠲᠡᠢ︔ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠣᠶ ᠰᠢᠭᠤᠢ ︵ ᠨᠤᠲᠤᠭ ᠪᠡᠯᠴᠢᠭᠡᠷ ︶ ᠶᠢ ᠬᠡᠷᠡᠭᠯᠡᠬᠦ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠬᠤ ᠪᠤᠶᠤ ᠬᠢᠨᠠᠨ ᠪᠠᠶᠢᠴᠠᠭᠠᠭᠰᠠᠨ ᠰᠠᠨᠠᠯ ᠭᠠᠷᠭᠠᠵᠤ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠪᠠᠨ ᠮᠡᠳᠡᠭᠦᠯᠬᠦ ᠬᠡᠷᠡᠭᠲᠡᠢ ᠃ ︵ ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠡᠯ᠎ᠡ ᠴᠠᠬᠢᠯᠭᠠᠨ ᠲᠣᠣᠷ ᠤᠨ ᠠᠵᠤ ᠠᠬᠤᠶᠢᠯᠠᠯ ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠠᠷᠪᠠ ᠂ ᠭᠠᠷᠳᠠᠮ ᠣᠷᠣᠯᠠᠨ ᠭᠦᠢᠴᠡᠳᠬᠡᠬᠦ ᠳᠦᠷᠢᠮ ᠢ ᠳᠡᠯᠭᠡᠷᠡᠭᠦᠯᠦᠨ ᠬᠡᠷᠡᠭᠵᠢᠭᠦᠯᠬᠦ ᠬᠡᠷᠡᠭᠲᠡᠢ

      ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠲᠥᠷᠥᠯ ᠵᠦᠢᠯ ᠨᠢ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠭᠠᠷᠳᠠᠮ ᠭᠦᠢᠴᠡᠳᠬᠡᠬᠦ ᠳᠤ ᠪᠠᠨ᠂ ᠬᠤᠰᠢᠭᠤ ᠰᠢᠶᠠᠨ ︵ ᠬᠤᠲᠠ ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠥᠷᠥᠯ ᠵᠦᠢᠯ ᠤᠨ  ᠨᠢᠭᠡᠴᠢ ᠶᠢ ᠬᠠᠪᠰᠤᠷᠤᠨ ᠬᠠᠮᠢᠶ᠎ᠠ ᠪᠦᠬᠦᠢ ᠡᠷᠬᠡᠲᠦ ᠬᠥᠮᠥᠨ ᠯᠦᠭᠡ ᠨᠥᠬᠦᠪᠦᠷᠢᠯᠡᠬᠦ ᠵᠥᠪᠯᠡᠯᠴᠡᠭᠡᠷ ᠲᠣᠭᠲᠠᠬᠤ ᠂ ᠣᠯᠠᠨ ᠨᠡᠶᠢᠲᠡ ᠶᠢᠨ ᠪᠠᠶᠢᠴᠠᠭᠠᠯᠲᠠ ᠶᠢᠨ ᠬᠦᠰᠦᠨᠦᠭᠲᠦ ᠳᠤ ᠭᠠᠷ ᠤᠨ ᠦᠰᠦᠭ ᠵᠢᠷᠤᠬᠤ ᠵᠡᠷᠭᠡ ᠠᠵᠢᠯ ᠳᠤ ᠬᠠᠷᠢᠭᠤᠴᠠᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠴᠠᠬᠢᠯᠭᠠᠨ ᠤ ᠲᠣᠣᠷ ᠤᠨ ᠠᠵᠤ ᠠᠬᠤᠶᠢᠯᠠᠯ ᠂ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠠᠷᠪᠠᠨ ᠨᠢᠭᠡ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠠᠢ ᠲᠥᠬᠦᠷᠵᠢᠭᠰᠡᠨ ᠰᠠᠭᠤᠷᠢ ᠪᠣᠯᠬᠤ ᠠᠵᠢᠯ ᠢ ᠰᠠᠶᠢᠲᠤᠷ ᠬᠢᠬᠦ ᠬᠡᠷᠡᠭᠲᠡᠢ

      ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠲᠥᠷᠥᠯ ᠵᠦᠢᠯ ᠢ ᠠᠵᠢᠯ ᠡᠬᠢᠯᠡᠭᠦᠯᠬᠦ ᠠᠴᠠ ᠡᠮᠦᠨ᠎ᠡ ᠂ ᠬᠤᠰᠢᠭᠤ ᠰᠢᠶᠠᠨ ︵ ᠬᠤᠲᠠ ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠲᠠᠲᠠᠪᠤᠷᠢᠯᠠᠨ ᠡᠵᠡᠯᠡᠬᠦ ᠭᠠᠵᠠᠷ ᠂ ᠭᠡᠷ ᠪᠠᠶᠢᠰᠢᠩ ᠨᠡᠭᠦᠯᠭᠡᠬᠦ ᠂ ᠨᠡᠭᠦᠯᠭᠡᠨ ᠲᠥᠪᠬᠢᠨᠡᠭᠦᠯᠬᠦ ᠂ ᠳᠠᠷᠢᠭᠰᠠᠨ ᠲᠠᠷᠢᠮᠠᠯ ᠤᠨ ᠲᠥᠯᠥᠪᠦᠷᠢ ᠪᠠ ᠰᠠᠭᠠᠳ ᠲᠣᠳᠬᠠᠷ ᠢ ᠠᠷᠢᠯᠭᠠᠨ ᠰᠢᠢᠳᠪᠦᠷᠢᠯᠡᠬᠦ ᠵᠢᠴᠢ ᠢᠨᠵᠧᠨᠧᠷᠢᠩ ᠯᠦᠭᠡ ᠬᠤᠯᠪᠣᠭᠳᠠᠬᠤ ᠵᠠᠮ ᠬᠠᠷᠢᠯᠴᠠᠭ᠎ᠠ ᠵᠠᠮ ᠱᠤᠭᠤᠮ ᠂ ᠤᠰᠤ ᠬᠠᠩᠭᠠᠬᠤ ᠤᠰᠤ ᠵᠠᠯᠠᠬᠤ ᠵᠡᠷᠭᠡ ᠲᠥᠬᠦᠷ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠵᠦ ᠂ ᠲᠥᠷᠥᠯ ᠵᠦᠢᠯ ᠤᠨ ᠮᠡᠷᠭᠡᠵᠢᠯ ᠤᠨ ᠪᠤᠰᠤ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ︔ ᠵᠠᠪᠳᠤᠨ ᠵᠠᠶᠢᠯᠠᠵᠤ ᠵᠠᠪᠳᠤᠨ ᠲᠠᠷᠢᠬᠤ ᠂ ᠪᠠᠷᠢᠯᠭ᠎ᠠ ᠪᠠᠷᠢᠬᠤ ᠶᠢ ᠬᠠᠷᠰᠢᠯᠠᠬᠤ ᠵᠡᠷᠭᠡ ᠭᠡᠨᠡᠳᠲᠡ ᠶᠢᠨ ᠬᠡᠷᠡᠭ ᠢ ᠴᠠᠭ ᠲᠤᠬᠠᠢ ᠳᠤ ᠨᠢ ᠰᠢᠢᠳᠪᠦᠷᠢᠯᠡᠬᠦ ᠶᠢ  ᠬᠠᠷᠢᠭᠤᠴᠠᠬᠤ ᠬᠡᠷᠡᠭᠲᠡᠢ ᠃ ︵ ᠬᠠᠷᠢᠭᠤᠴᠠᠯᠭᠠᠲᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ ︶

      ᠠᠷᠪᠠᠨ ᠬᠤᠶᠠᠷ ᠂ ᠲᠥᠷᠥᠯ ᠵᠦᠢᠯ ᠢ ᠠᠬᠢᠭᠤᠯᠬᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ

      ᠡᠯ᠎ᠡ ᠠᠶᠢᠮᠠᠭ ᠬᠤᠲᠠ ᠨᠢ ᠰᠢᠨ᠎ᠡ ᠡᠨᠧᠷᠭᠢ ᠂ ᠴᠠᠬᠢᠯᠭᠠᠨ ᠲᠣᠣᠷ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ ᠂ ᠠᠵᠢᠯ ᠤᠨ ᠲᠤᠰᠬᠠᠢ ᠤᠳᠤᠷᠢᠳᠬᠤ ᠪᠠᠭ ᠪᠠᠶᠢᠭᠤᠯᠤᠨ ᠂ ᠲᠥᠷᠥᠯ ᠵᠦᠢᠯ ᠢ ᠨᠡᠶᠢᠯᠡᠭᠦᠯᠵᠦ ᠬᠢᠨᠠᠨ ᠵᠥᠪᠰᠢᠶᠡᠷᠡᠬᠦ ᠂ ᠳᠤᠲᠠᠭᠤ ᠶᠢ ᠭᠥᠯᠢᠶᠡᠨ ᠰᠢᠢᠳᠪᠦᠷᠢᠯᠡᠬᠦ ᠂ ᠳᠠᠭᠠᠭᠠᠴᠠ ᠰᠦᠯᠵᠢᠶ᠎ᠡ ᠶᠢ ᠬᠠᠮᠵᠢᠯᠴᠠᠭᠤᠯᠬᠤ ᠵᠡᠷᠭᠡ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠬᠤ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠂ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

      ᠠᠷᠪᠠᠨ ᠭᠤᠷᠪᠠ ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠬᠦᠴᠦᠯᠡᠨ ᠴᠢᠩᠭᠠᠳᠬᠠᠬᠤ ᠬᠡᠷᠡᠭᠲᠡᠢ

       ᠲᠥᠷᠥᠯ ᠵᠦᠢᠯ ᠢ ᠲᠥᠯᠦᠪᠵᠢᠭᠦᠯᠭᠡ ᠳᠤ ᠤᠷᠤᠭᠤᠯᠬᠤ ᠂ ᠬᠢᠨᠠᠨ ᠵᠥᠪᠰᠢᠶᠡᠷᠡᠬᠦ ᠂ ᠪᠦᠲᠦᠭᠡᠨ ᠪᠠᠶᠢᠭᠤᠯᠬᠤ ᠂ ᠲᠣᠣᠷ ᠲᠤ ᠨᠡᠶᠢᠯᠡᠭᠦᠯᠬᠦ ᠂ ᠵᠠᠬ᠎ᠠ ᠳᠡᠯᠭᠡᠭᠦᠷ ᠢᠶᠠᠷ ᠠᠷᠠᠯᠵᠢᠶᠠᠯᠠᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ ᠃ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ ᠬᠠᠮᠢᠶᠠᠷᠤᠯᠲᠠ ᠬᠢᠬᠦ ᠲᠠᠯ᠎ᠠ ᠶᠢᠨ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠠᠶᠢᠭᠤᠯᠵᠤ ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠥᠬᠦᠴᠡᠯ ᠪᠦᠷᠢᠳᠦᠭᠡᠳᠦᠢ ᠰᠢᠨ᠎ᠡ ᠡᠨᠧᠷᠭᠢ ᠶᠢᠨ ᠲᠥᠷᠥᠯ ᠵᠦᠢᠯ ᠢ ᠴᠠᠭ ᠲᠤᠬᠠᠢ ᠳᠤ ᠨᠢ ᠬᠦᠴᠦᠨ ᠦᠭᠡᠢ ᠪᠣᠯᠭᠠᠵᠤ ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠬᠦ ᠳᠤ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠤᠨ ᠲᠣᠬᠢᠷᠠᠭᠤᠯᠤᠯᠲᠠ ᠶᠢ ᠨᠠᠩ ᠰᠠᠶᠢᠲᠤᠷ ᠰᠢᠯᠢᠳᠡᠭᠵᠢᠭᠦᠯᠵᠦ ᠂ ᠨᠠᠩ ᠣᠯᠠᠨ ᠦᠨᠡᠨᠴᠢ ᠢᠲᠡᠭᠡᠮᠵᠢᠲᠡᠢ ᠂ ᠪᠣᠳᠠᠲᠤ ᠬᠦᠴᠦᠨ ᠲᠠᠢ ᠠᠵᠤ ᠠᠬᠤᠶᠢᠯᠠᠯ ᠳᠤ ᠵᠠᠬ᠎ᠠ ᠳᠡᠯᠭᠡᠭᠦᠷ ᠤᠨ ᠣᠷᠣᠨ ᠵᠠᠢ ᠬᠠᠩᠭᠠᠵᠤ ᠂ ᠰᠢᠨ᠎ᠡ ᠡᠨᠧᠷᠭᠢ ᠶᠢᠨ ᠠᠵᠤ ᠦᠢᠯᠡᠰ ᠪᠠ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠬᠠᠮᠵᠢᠯᠴᠠᠨ ᠬᠥᠭᠵᠢᠬᠦ ᠳᠤ ᠵᠠᠰᠠᠭ ᠤᠨ ᠶᠠᠪᠤᠳᠠᠯ ᠪᠠ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠂ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠴᠠᠬᠢᠯᠭᠠᠨ ᠭᠠᠷᠭᠠᠬᠤ ᠠᠵᠤ ᠠᠬᠤᠶᠢᠯᠠᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

                                                                              2024 ᠣᠨ ᠤ 2 ᠳ᠋ᠤᠭᠠᠷ ᠰᠠᠷ᠎ᠠ ᠶᠢᠨ 8 ᠤ ᠡᠳᠦᠷ

 

      ︵ᠲᠤᠰ ᠪᠢᠴᠢᠭ  ᠮᠠᠲ᠋ᠧᠷᠢᠶᠠᠯ ᠢ ᠢᠯᠡ ᠨᠡᠶᠢᠲᠡᠯᠡᠨ᠎ᠡ ︶

 

                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

               2024 ᠣᠨ ᠤ 2 ᠳ᠋ᠤᠭᠠᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ

     

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ