ᠥᠪᠥᠷ ᠮᠣᠩᠭᠤᠯ ᠤᠨ ᠨᠢᠭᠡᠳᠦᠭᠡᠷ ᠠᠵᠤ ᠦᠢᠯᠡᠰ ᠤᠨ ︽ᠬᠠᠭᠠᠰ ᠵᠢᠯ ᠤᠨ ᠮᠡᠳᠡᠭᠦᠯᠦᠯᠲᠡ︾ ᠲᠣᠭᠲᠠᠭᠤᠨ ᠪᠠᠲᠤᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃
ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 387 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠵᠦ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 1.6 ᠬᠤᠪᠢ ᠥᠨᠳᠥᠷ ᠪᠣᠯᠵᠤ᠂ GDP ᠳᠤ ᠡᠵᠡᠯᠡᠬᠦ ᠬᠤᠪᠢ ᠶᠢᠨ ᠵᠢᠩ ᠨᠢ 3.3% ᠳᠤ ᠬᠦᠷᠴᠦ᠂ ᠠᠵᠤ ᠠᠬᠤᠢ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 0.2 ᠬᠤᠪᠢ ᠳᠠᠶᠢᠴᠢᠯᠠᠵᠤ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 3.7% ᠳᠤ ᠭᠦᠷᠪᠡ᠃
︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠠᠬᠢ ᠦᠷᠭᠦᠯᠵᠢᠯᠡᠨ ᠴᠢᠩᠭᠠᠷᠠᠭᠰᠠᠨ ᠲᠣᠭᠲᠠᠯ ᠬᠦᠴᠦᠨ᠂ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠢ ᠲᠤᠭ᠎ᠠ ᠪᠠᠷᠢᠮᠲᠠ ᠭᠦᠢᠴᠡᠳ ᠢᠯᠡᠷᠡᠭᠦᠯᠪᠡ᠃
ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠭᠰᠡᠨ ᠨᠢ ᠶᠠᠭᠤ ᠶᠢ ᠬᠠᠷᠠᠭᠤᠯᠵᠤ ᠪᠠᠶᠢᠬᠤ ᠪᠤᠶ︖
ᠡᠨᠡ ᠬᠦ 5.1% ᠶᠢᠨ ᠨᠡᠮᠡᠭᠳᠡᠯ ᠨᠢ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠢ ᠬᠠᠷᠠᠭᠤᠯᠵᠤ ᠪᠠᠶᠢᠨ᠎ᠠ᠃ ᠣᠷᠣᠨ ᠳᠠᠶᠠᠭᠠᠷ ᠢᠶᠠᠨ ᠲᠠᠷᠢᠮᠠᠯ ᠤᠨ ᠲᠠᠯᠠᠪᠠᠶ ᠪᠠᠨ ᠲᠣᠭᠲᠠᠪᠤᠷᠢᠵᠢᠭᠤᠯᠬᠤ᠂ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ᠂ ᠦᠢᠯᠡᠴᠢᠯᠡᠭᠡ ᠪᠠᠨ ᠰᠢᠯᠢᠳᠡᠭᠵᠢᠭᠦᠯᠬᠦ᠂ ᠲᠥᠷᠥ ᠶᠢᠨ ᠪᠣᠳᠣᠯᠭ᠎ᠠ ᠪᠠᠨ ᠴᠢᠩᠭᠠᠳᠬᠠᠬᠤ ᠵᠡᠷᠭᠡ ᠲᠠᠯ᠎ᠠ ᠪᠠᠷ ᠬᠦᠴᠦᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ︽ᠰᠠᠶᠢᠨ ᠦᠷ᠎ᠡ᠂ ᠰᠠᠶᠢᠨ ᠮᠡᠷᠭᠡᠵᠢᠯ᠂ ᠰᠠᠶᠢᠨ ᠲᠠᠷᠢᠶ᠎ᠠ᠂ ᠰᠠᠶᠢᠨ ᠮᠠᠰᠢᠨ᠂ ᠰᠠᠶᠢᠨ ᠳᠦᠷᠢᠮ︾ ᠢ ᠭᠦᠨᠵᠡᠭᠡᠢ ᠠᠭᠤᠰᠤᠯᠴᠠᠭᠤᠯᠤᠨ ᠬᠦᠴᠦᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠤᠪᠢᠰᠤᠯᠲᠠ ᠳᠤ ᠬᠠᠳᠠᠭᠠᠯᠠᠭᠳᠠᠵᠤ ᠪᠠᠶᠢᠭ᠎ᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠡᠪᠡ᠃
ᠡᠨᠡ ᠬᠦ 5.1% ᠶᠢᠨ ᠨᠡᠮᠡᠭᠳᠡᠯ ᠨᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠣᠯᠤᠭᠰᠠᠨ ᠢ ᠬᠠᠷᠠᠭᠤᠯᠵᠤ ᠪᠠᠶᠢᠨ᠎ᠠ᠃ ᠡᠨᠡ ᠵᠢᠯ ᠠᠴᠠ ᠨᠠᠭᠠᠰᠢ᠂ ᠥᠪᠥᠷ ᠮᠣᠩᠭᠤᠯ ᠡᠪᠡᠰᠦ ᠪᠣᠷᠳᠤᠭ᠎ᠠ ᠶᠢ ᠲᠣᠬᠢᠷᠠᠭᠤᠯᠤᠨ ᠲᠡᠭᠡᠭᠡᠪᠦᠷᠢᠯᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ᠂ ᠰᠠᠭᠤᠷᠢ ᠡᠬᠡ ᠮᠠᠯ ᠪᠠ ᠦᠷ᠎ᠡ ᠶᠢᠨ ᠮᠠᠯ ᠢ ᠰᠠᠶᠢᠲᠤᠷ ᠬᠠᠮᠠᠭᠠᠯᠠᠪᠠ᠃ ᠪᠦᠭᠦ ᠣᠷᠣᠨ ᠳᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ 17 ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠤᠨ ᠶᠡᠷᠦᠩᠬᠡᠢ ᠲᠤᠭ᠎ᠠ ᠶᠢ 5 ᠪᠤᠯᠭᠠᠵᠤ᠂ ᠲᠥᠬᠦᠭᠡᠷᠦᠮᠵᠢᠲᠦ ᠮᠠᠯ ᠠᠵᠤ ᠠᠬᠤᠢ᠂ ᠬᠠᠰᠢᠶᠠᠯᠠᠨ ᠲᠡᠵᠢᠭᠡᠵᠦ ᠠᠷᠠᠴᠢᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
ᠡᠨᠡ ᠬᠦ 5.1% ᠶᠢᠨ ᠨᠡᠮᠡᠭᠳᠡᠯ ᠨᠢ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠡᠷᠡᠰ ᠵᠣᠷᠢᠭ ᠢ ᠬᠠᠷᠠᠭᠤᠯᠵᠤ ᠪᠠᠶᠢᠨ᠎ᠠ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠤᠯᠪᠠᠰᠤᠷᠠᠭᠤᠯᠬᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ 167 ᠠᠵᠤ ᠦᠢᠯᠡᠰ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 7 ᠵᠦᠢᠯ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠠᠰᠤᠷᠬᠠᠢ ᠴᠡᠭ ᠪᠠ ᠲᠦᠭᠵᠢᠷᠡᠯ ᠠᠰᠠᠭᠤᠳᠠᠯ ᠢ ᠲᠦᠷᠭᠡᠳᠬᠡᠨ ᠨᠥᠬᠦᠪᠦᠷᠢᠯᠡᠪᠡ᠃ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠡᠵᠡᠩᠨᠡᠨ ᠪᠣᠷᠣᠯᠠᠭᠤᠯᠬᠤ ᠲᠥᠪ ᠢ 11 ᠪᠦᠲᠦᠭᠡᠨ ᠪᠠᠶᠢᠭᠤᠯᠬᠤ ᠶᠢ ᠠᠬᠢᠭᠤᠯᠵᠤ᠂ 18 ᠲᠥᠪᠯᠡᠷᠡᠩᠭᠦᠢ ᠬᠥᠮᠥᠷᠭᠡ᠂ ᠪᠡᠯᠡᠳᠬᠡᠯ ᠬᠥᠮᠥᠷᠭᠡ ᠶᠢ ᠪᠠᠶᠢᠷᠢᠯᠠᠭᠤᠯᠤᠨ ᠡᠵᠡᠩᠨᠡᠵᠦ᠂ ︽ᠥᠪᠥᠷ ᠮᠣᠩᠭᠤᠯ ᠤᠨ ᠦᠨᠦᠷ ᠠᠮᠲᠠ︾ ᠶᠢ ᠪᠦᠭᠦ ᠤᠯᠤᠰ ᠲᠤ ᠬᠠᠩᠬᠤᠯᠤᠭᠤᠯᠤᠭᠰᠠᠨ ᠪᠠᠶᠢᠨ᠎ᠠ᠃
ᠠᠵᠤ ᠠᠬᠤᠢ ᠶᠢᠨ ᠬᠥᠭᠵᠢᠯᠲᠡ ᠶᠢ ᠠᠵᠢᠭᠯᠠᠬᠤ ᠳᠤ ︽ᠲᠤᠭ᠎ᠠ︾ ᠶᠢ ᠦᠵᠡᠬᠦ ᠪᠥᠭᠡᠳ ᠪᠠᠰᠠ ︽ᠢᠷᠡᠭᠡᠳᠦᠢ︾ ᠶᠢ ᠦᠵᠡᠬᠦ ᠬᠡᠷᠡᠭᠲᠡᠢ᠃ ᠠᠮᠢᠵᠢᠷᠠᠯ ᠤᠨ ᠬᠦᠴᠦᠨ ᠢ ᠬᠥᠭᠵᠢᠭᠡᠬᠦ ᠭᠦᠢᠴᠡᠳᠬᠡᠯ ᠲᠤᠭ᠎ᠠ᠂ ᠬᠥᠬᠡᠷᠡᠨ ᠨᠣᠭᠤᠭᠠᠷᠠᠭᠰᠠᠨ ᠲᠠᠷᠢᠶᠠᠨ ᠭᠠᠵᠠᠷ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠮᠠᠯᠵᠢᠯ ᠤᠨ ᠲᠠᠯᠠᠪᠠᠢ ᠨᠢ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠲᠣᠭᠲᠠᠭᠤᠨ ᠤ ᠳᠤᠮᠳᠠ ᠰᠠᠶᠢᠵᠢᠷᠠᠬᠤ ᠠᠮᠢᠳᠤᠯᠢᠭ ᠵᠢᠷᠤᠭ ᠳᠦᠷᠰᠦ ᠶᠢ ᠪᠦᠷᠢᠯᠳᠦᠭᠦᠯᠵᠡᠢ᠃
ᠵᠤᠨ ᠤ ᠤᠯᠠᠷᠢᠯ ᠤᠨ ᠬᠠᠮᠢᠶᠠᠷᠤᠯᠲᠠ ᠶᠢᠨ ᠠᠵᠢᠯ ᠢᠳᠡ ᠭᠦᠭ ᠲᠠᠢ ᠶᠠᠪᠤᠭᠳᠠᠵᠤ᠂ ᠲᠦᠩᠯᠢᠶᠣᠣ ᠬᠤᠳᠠ ᠶᠢᠨ ᠨᠠᠢᠮᠠᠨ ᠬᠤᠰᠢᠭᠤᠨ ᠤ ᠮᠢᠩ ᠷᠧᠨ ᠰᠤᠮᠤ ᠶᠢᠨ ᠲᠠᠷᠢᠶᠠᠨ ᠭᠠᠵᠠᠷ ᠲᠤ ᠲᠣᠮᠣ ᠭᠡᠯᠪᠡᠷᠢ ᠶᠢᠨ ᠲᠠᠷᠢᠶᠠᠯᠠᠩ ᠤᠨ ᠮᠠᠰᠢᠨ ᠲᠠᠷᠢᠶᠠᠨ ᠳᠤᠮᠳᠠᠭᠤᠷ ᠨᠠᠭᠠᠰᠢ ᠴᠠᠭᠠᠰᠢ ᠰᠦᠯᠵᠢᠯᠳᠦᠨ ᠡᠪᠡᠰᠦ ᠠᠷᠢᠯᠭᠠᠵᠤ ᠶᠠᠭᠠᠷᠠᠨ᠎ᠠ᠃ ᠣᠳᠣᠬᠠᠨ ᠳᠤ᠂ ᠨᠠᠢᠮᠠᠨ ᠬᠤᠰᠢᠭᠤᠨ ᠤ ᠲᠠᠷᠢᠶᠠᠯᠠᠩ ᠤᠨ ᠮᠠᠰᠢᠨ ᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 90.7% ᠳᠤ ᠬᠦᠷᠴᠦ᠂ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ 110 ᠳᠤ ᠬᠦᠷᠴᠦ᠂ ᠲᠠᠷᠢᠶᠠᠯᠠᠩ ᠤᠨ ᠦᠢᠯᠡᠳᠪᠦᠷᠢᠯᠡᠯ ᠤᠨ ︽ᠠᠰᠠᠷᠠᠭᠴᠢ ᠮᠠᠶ᠋ᠢᠭ︾ ᠤᠨ ᠪᠦᠭᠦ ᠶᠠᠪᠤᠴᠠ ᠶᠢᠨ ᠨᠠᠶᠢᠳᠠᠨ ᠬᠠᠮᠢᠶᠠᠷᠤᠭᠤᠯᠬᠤ᠂ ︽ᠲᠣᠪᠶᠤᠭ ᠮᠠᠶ᠋ᠢᠭ︾ ᠤᠨ ᠣᠯᠠᠨ ᠭᠤᠭᠴᠤᠭ᠎ᠠ ᠶᠢᠨ ᠨᠠᠶᠢᠳᠠᠨ ᠬᠠᠮᠢᠶᠠᠷᠤᠭᠤᠯᠬᠤ ᠪᠠ ︽ᠵᠠᠬᠢᠶᠠᠯᠠᠭ᠎ᠠ ᠶᠢᠨ ᠮᠠᠶ᠋ᠢᠭ︾ ᠤᠨ ᠳ᠋ᠠᠩ ᠭᠤᠭᠴᠤᠭ᠎ᠠ ᠶᠢᠨ ᠨᠠᠶᠢᠳᠠᠨ ᠬᠠᠮᠢᠶᠠᠷᠤᠭᠤᠯᠬᠤ ᠵᠡᠷᠭᠡ ᠣᠯᠠᠨ ᠡᠰᠢᠵᠢᠭᠰᠡᠨ ᠦᠢᠯᠡᠴᠢᠯᠡᠭᠡ ᠨᠢ ᠲᠠᠷᠢᠶᠠᠯᠠᠩ ᠤᠨ ᠦᠢᠯᠡᠳᠪᠦᠷᠢᠯᠡᠯ ᠤᠨ ᠭᠡᠪᠴᠢᠶᠡᠵᠢᠯᠲᠡ ᠪᠠ ᠣᠳᠣᠬᠢᠴᠢᠯᠠᠯᠲᠠ ᠶᠢ ᠲᠠᠰᠤᠷᠠᠯᠲᠠ ᠦᠭᠡᠢ ᠠᠬᠢᠭᠤᠯᠵᠤ ᠪᠠᠶᠢᠨ᠎ᠠ᠃
ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠩ ᠾᠧ ᠮᠠᠯ ᠠᠵᠤ ᠠᠬᠤᠢ ᠲᠠᠷᠢᠶᠠᠯᠠᠩ ᠤᠨ ᠲᠤᠰᠬᠠᠢ ᠬᠤᠷᠰᠢᠶ᠎ᠡ ᠳᠤ᠂ ᠦᠬᠡᠷ ᠲᠡᠵᠢᠭᠡᠬᠦ ᠣᠳᠣᠬᠢᠴᠢᠯᠠᠭᠰᠠᠨ ᠫᠧᠩ ᠰᠠᠷᠠᠪᠴᠢ ᠨᠤᠭᠤᠳ ᠲᠡᠷᠢ ᠲᠡᠭᠰᠢ ᠵᠢᠭᠰᠠᠵᠤ᠂ ᠪᠣᠷᠳᠤᠭ᠎ᠠ ᠢᠳᠡᠵᠦ ᠪᠠᠶᠢᠭ᠎ᠠ ᠰᠢᠮᠧᠨ᠋ᠳᠡᠷ ᠮᠢᠬᠠᠨ ᠤ ᠦᠬᠡᠷ ᠲᠠᠷᠭᠤ ᠬᠦᠴᠦ ᠰᠠᠶᠢᠲᠠᠢ ᠬᠠᠷᠠᠭᠳᠠᠨ᠂ ᠲᠡᠵᠢᠭᠡᠨ ᠦᠷᠡᠵᠢᠭᠦᠯᠬᠦ ᠠᠵᠢᠯᠲᠠᠳ ᠤᠨ ᠨᠢᠮᠪᠠᠢ ᠲᠣᠬᠢᠷᠠᠭᠤᠯᠤᠭᠰᠠᠨ ︽ᠲᠡᠵᠢᠭᠡᠯ ᠰᠠᠶᠢᠲᠠᠢ ᠪᠣᠷᠳᠤᠭ᠎ᠠ ︾ ᠨᠢ ᠮᠢᠬᠠᠨ ᠤ ᠦᠬᠡᠷ ᠤᠨ ᠰᠢᠮ᠎ᠡ ᠲᠡᠵᠢᠭᠡᠯ ᠤᠨ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ ᠪᠠᠰᠠ ᠥᠰᠦᠯᠲᠡ ᠶᠢᠨ ᠬᠤᠷᠳᠤᠴᠠ ᠶᠢ ᠨᠢ ᠳᠡᠭᠡᠭᠰᠢᠯᠡᠭᠦᠯᠵᠦ ᠴᠢᠳᠠᠨ᠎ᠠ᠃ ᠮᠢᠬᠠᠨ ᠤ ᠦᠬᠡᠷ ᠲᠡᠵᠢᠭᠡᠨ ᠦᠷᠡᠵᠢᠭᠦᠯᠬᠦ ᠳᠤ ᠬᠠᠰᠢᠶᠠᠯᠠᠨ ᠲᠡᠵᠢᠭᠡᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠨᠤᠲᠤᠭ ᠪᠡᠯᠴᠢᠭᠡᠷ ᠢ ᠬᠠᠮᠠᠭᠠᠯᠠᠵᠤ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠠᠰᠢᠭᠲᠠᠢ ᠪᠥᠭᠡᠳ ᠮᠢᠬᠠᠨ ᠤ ᠦᠬᠡᠷ ᠤᠨ ᠦᠷᠡᠵᠢᠯᠲᠡ ᠶᠢᠨ ᠨᠣᠷᠮ᠎ᠠ᠂ ᠪᠣᠷᠣᠯᠠᠭᠤᠯᠤᠯᠲᠠ ᠶᠢᠨ ᠨᠣᠷᠮ᠎ᠠ ᠶᠢ ᠳᠡᠭᠡᠭᠰᠢᠯᠡᠭᠦᠯᠭᠦ ᠳᠤ ᠠᠰᠢᠭᠲᠠᠢ ᠪᠠᠶᠢᠵᠤ᠂ ᠣᠯᠠᠨ ᠲᠠᠯ᠎ᠠ ᠪᠠᠷ ᠬᠠᠮᠲᠤ ᠪᠠᠷ ᠠᠰᠢᠭ ᠭᠦᠷᠳᠡᠭᠦ ᠪᠣᠯᠪᠠ᠃
ᠣᠶᠢᠷ᠎ᠠ ᠳᠤ᠂ ᠤᠯᠤᠰ ᠤᠨ ᠳᠣᠲᠣᠭᠠᠳᠤ ᠳᠤ ᠠᠩᠬ᠎ᠠ ᠡᠭᠦᠳᠦᠭᠰᠡᠨ ᠲᠥᠮᠥᠰᠥ ᠶᠢᠨ ᠲᠦᠭᠦᠬᠡᠢ ᠡᠭᠡᠳᠡᠩ ᠤᠨ ᠮᠠᠨᠲᠠᠤ ᠶᠢ ᠤᠯᠠᠭᠠᠨᠴᠠᠪ ᠬᠤᠲᠠ ᠳᠤ ᠪᠠᠶᠢᠭ᠎ᠠ ᠥᠪᠥᠷ ᠮᠣᠩᠭᠤᠯ ᠤᠨ ᠰᠢ ᠰᠧᠨ ᠢᠳᠡᠭᠡᠨ ᠤ ᠬᠢᠵᠠᠭᠠᠷᠲᠤ ᠺᠤᠮᠫᠠᠨᠢ ᠳᠤ ᠠᠮᠵᠢᠯᠲᠠ ᠲᠠᠢ ᠲᠤᠷᠰᠢᠨ ᠦᠢᠯᠡᠳᠪᠦᠷᠢᠯᠡᠪᠡ᠃ ᠣᠳᠣᠬᠠᠨ ᠳᠤ᠂ ᠤᠯᠠᠭᠠᠨᠴᠠᠪ ᠬᠤᠲᠠ ᠶᠢᠨ ᠲᠥᠮᠥᠰᠥ ᠶᠢᠨ ᠠᠵᠤ ᠦᠢᠯᠡᠰ ᠢ ᠪᠣᠶᠢᠵᠢᠭᠤᠯᠬᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠦᠢᠯᠡᠳᠪᠦᠷᠢᠯᠡᠯ ᠲᠠᠷᠢᠮᠠᠯ ᠡᠷᠴᠢᠮᠯᠢᠭ ᠥᠨᠳᠥᠷ ᠪᠦᠲᠦᠮᠵᠢᠲᠡᠶ ᠪᠣᠯᠵᠤ᠂ ᠡᠳ᠋ᠰᠢᠭᠦᠯᠵᠦ ᠪᠣᠷᠣᠯᠠᠭᠤᠯᠬᠤ ᠠᠵᠢᠯ ᠳᠡᠭᠡᠳᠦ ᠲᠠᠰ ᠵᠦᠭ ᠬᠥᠭᠵᠢᠵᠦ᠂ ᠨᠢᠭᠡᠨᠲᠡ ᠪᠣᠶᠢᠵᠢᠭᠤᠯᠬᠤ᠂ ᠦᠷᠡᠵᠢᠭᠦᠯᠬᠦ᠂ ᠳᠠᠷᠢᠬᠤ᠂ ᠪᠤᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠲᠥᠮᠥᠰᠥ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠦᠷᠢᠯᠳᠦᠭᠦᠯᠪᠡ᠃
ᠲᠤᠭ᠎ᠠ ᠪᠠᠷᠢᠮᠲᠠ ᠪᠣᠯ ᠬᠥᠭᠵᠢᠯᠲᠡ ᠶᠢᠨ ᠦᠷ᠎ᠡ ᠪᠦᠲᠦᠮᠵᠢ ᠶᠢᠨ ᠬᠡᠮᠵᠢᠭᠦᠷ ᠮᠥᠨ᠂ ᠪᠠᠰᠠ ᠴᠤ ᠬᠥᠭᠵᠢᠯᠲᠡ ᠶᠢᠨ ᠰᠡᠳᠬᠢᠴᠡ ᠶᠢ ᠲᠠᠶᠢᠯᠪᠤᠷᠢᠯᠠᠬᠤ ᠲᠦᠯᠬᠢᠭᠦᠷ ᠮᠥᠨ᠃ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 102.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ ︔ ᠦᠨᠢᠶᠡᠨ ᠰᠦ ᠶᠢᠨ ᠭᠠᠷᠤᠯᠲᠠ 2.6% ᠪᠠᠷ ᠨᠡᠮᠡᠭᠳᠡᠪᠡ᠃ ᠬᠤᠶᠠᠳᠤᠭᠠᠷ ᠤᠯᠠᠷᠢᠯ ᠤᠨ ᠰᠡᠭᠦᠯᠴᠢ ᠪᠠᠷ᠂ ᠪᠦᠭᠦ ᠣᠷᠣᠨ ᠤ ᠭᠠᠭ᠋ᠠᠢ ᠶᠢᠨ ᠲᠤᠭ᠎ᠠ 641.3 ᠲᠦᠮᠡ ᠳᠤ ᠬᠦᠷᠴᠦ᠂ 1.5% ᠪᠠᠷ ᠨᠡᠮᠡᠭᠳᠡᠪᠡ︔ ᠦᠬᠡᠷ ᠤᠨ ᠲᠤᠭ᠎ᠠ 971.2 ᠲᠦᠮᠡ ᠳᠤ ᠬᠦᠷᠴᠦ᠂ 6.3% ᠨᠡᠮᠡᠭᠳᠡᠪᠡ︔ ᠬᠤᠨᠢ ᠶᠢᠨ ᠲᠤᠭ᠎ᠠ 6793.6 ᠲᠦᠮᠡ ᠳᠤ ᠬᠦᠷᠴᠦ᠂ 1.0% ᠨᠡᠮᠡᠭᠳᠡᠪᠡ᠃
ᠬᠠᠭᠠᠰ ᠵᠢᠯ ᠤᠨ ᠠᠮᠵᠢᠯᠲᠠ ᠪᠦᠲᠦᠮᠵᠢ ᠭᠢᠯᠪᠠᠷ ᠪᠤᠰᠤ ᠪᠠᠷ ᠢᠷᠡᠭᠰᠡᠨ ᠶᠤᠮ᠃ ᠥᠪᠥᠷ ᠮᠣᠩᠭᠤᠯ ᠢᠮᠠᠭᠲᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠥᠪᠥᠷ ᠮᠣᠩᠭᠤᠯ ᠤᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠠᠵᠢᠯ ᠤᠨ ᠲᠡᠷᠢᠭᠦᠨ ᠴᠢᠬᠤᠯᠠ ᠶᠠᠪᠤᠳᠠᠯ ᠪᠠ ᠨᠢᠭᠡᠳᠦᠭᠡᠷ ᠢᠨᠵᠧᠨᠧᠷᠢᠩ ᠪᠣᠯᠭᠠᠨ ᠠᠳᠬᠤᠵᠤ᠂ ︽ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠤᠨᠠᠯᠲᠠ ᠭᠠᠷᠤᠯᠲᠠ ᠶᠢ ᠨᠡᠮᠡᠭᠳᠡᠭᠦᠯᠬᠦ ︾ ᠳᠤ ᠠᠩᠬᠠᠷᠤᠯ ᠢᠶᠠᠨ ᠲᠥᠪᠯᠡᠷᠡᠭᠦᠯᠦᠨ ᠣᠨᠢᠨ ᠳᠡᠭᠡᠷ᠎ᠡ ᠨᠢ ᠬᠦᠴᠦᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠲᠠᠭᠤᠨ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃
— ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠶᠢ ᠠᠬᠢᠭᠤᠯᠵᠤ᠂ ᠨᠠᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠪᠡ᠃ ᠰᠦ ᠶᠢᠨ ᠦᠢᠯᠡᠰ᠂ ᠡᠷᠳᠡᠨᠢ ᠰᠢᠰᠢ᠂ ᠮᠢᠬᠠᠨ ᠤ ᠦᠬᠡᠷ᠂ ᠮᠢᠬᠠᠨ ᠤ ᠬᠤᠨᠢ᠂ ᠢᠮᠠᠭᠠᠨ ᠨᠣᠣᠯᠣᠭᠤᠷ᠂ ᠲᠥᠮᠥᠰᠥ᠂ ᠲᠡᠵᠢᠭᠡᠯ ᠡᠪᠡᠰᠦ ᠵᠡᠷᠭᠡ ᠮᠠᠯ ᠠᠵᠤ ᠠᠬᠤᠢ ᠲᠠᠷᠢᠶᠠᠯᠠᠩ ᠤᠨ ᠭᠤᠣᠯᠳᠠᠯᠭ᠎ᠠ ᠲᠠᠢ 7 ᠲᠣᠮᠣ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠠᠷᠢᠮᠤ ᠶᠢᠨ ᠤᠯᠤᠰ ᠤᠨ ᠲᠠᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠲᠠᠶᠢᠫᠤᠰᠧ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ ᠤᠯᠤᠰ ᠤᠨ ᠲᠠᠰ ᠤᠨ 2 ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ᠂ ᠮᠣᠷᠢᠨᠳᠠᠪᠠᠭ᠎ᠠ ᠬᠤᠰᠢᠭᠤᠨ ᠤ ᠲᠡᠭᠷᠢ ᠪᠠᠯᠭᠠᠰᠤ ᠵᠡᠷᠭᠡ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ 8 ᠪᠠᠶᠢᠭᠤᠯᠵᠤ᠂ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠠᠯᠬᠤᠮ ᠠᠯᠬᠤᠮ ᠢᠶᠠᠷ ᠲᠣᠪᠣᠶᠢᠮ᠎ᠠ ᠪᠣᠯᠪᠠ᠃
— ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠠᠬᠢᠭᠤᠯᠵᠤ᠂ ᠨᠡᠩ ᠴᠢᠬᠤᠯᠠ ᠬᠥᠭᠵᠢᠯᠲᠡ ᠶᠢ ᠪᠡᠶᠡᠯᠡᠭᠦᠯᠪᠡ᠃ ᠦᠷ᠎ᠡ ᠡᠳ᠋ ᠤᠨ ᠡᠬᠢ ᠪᠠᠶᠠᠯᠢᠭ ᠤᠨ ᠪᠠᠶᠢᠳᠠᠯ ᠢ ᠪᠦᠭᠦ ᠲᠠᠯ᠎ᠠ ᠪᠠᠷ ᠣᠶᠢᠯᠠᠭᠠᠵᠤ᠂ 3 ᠤᠯᠤᠰ ᠤᠨ ᠲᠡᠰ ᠤᠨ ᠪᠠ 6 ᠥᠪᠡᠷᠲᠡᠭᠡᠨ ᠵᠠᠰᠠᠬᠤ ᠣᠷᠣᠨ ᠤ ᠲᠡᠰ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ︵ ᠬᠦᠷᠢᠶᠡᠯᠡᠩ︶ ᠶᠢ ᠪᠠᠶᠢᠭᠤᠯᠵᠤ᠂ ᠤᠯᠤᠰ ᠤᠨ ᠲᠡᠰ ᠤᠨ ᠦᠷ᠎ᠡ ᠪᠣᠶᠢᠵᠢᠭᠤᠯᠬᠤ ᠲᠣᠮᠣ ᠰᠢᠶᠠᠨ ᠪᠠ ᠣᠷᠣᠨ ᠪᠦᠰᠡ ᠶᠢᠨ ᠴᠢᠨᠠᠷᠲᠠᠢ ᠰᠠᠶᠢᠨ ᠦᠷᠡᠵᠢᠭᠦᠯᠬᠦ ᠰᠠᠭᠤᠷᠢᠨ ᠢ 9 ᠡᠭᠦᠳᠦᠨ ᠪᠠᠶᠢᠭᠤᠯᠵᠤ᠂ ᠤᠯᠤᠰ ᠤᠨ ᠲᠡᠰ ᠤᠨ ᠮᠠᠯ ᠵᠢᠭᠦᠷᠲᠡᠨ ᠤ ᠡᠭᠦᠯᠳᠡᠷ ᠪᠣᠶᠢᠵᠢᠭᠤᠯᠬᠤ ᠭᠤᠣᠯ ᠲᠠᠯᠠᠪᠠᠢ ᠶᠢ 23 ᠳᠤ ᠬᠦᠷᠭᠡᠵᠦ᠂ ᠦᠬᠡᠷ ᠬᠤᠨᠢᠨ ᠤ ᠡᠭᠦᠯᠳᠡᠷ ᠪᠣᠶᠢᠵᠢᠭᠤᠯᠬᠤ ᠭᠤᠣᠯ ᠲᠠᠯᠠᠪᠠᠢ ᠶᠢᠨ ᠲᠤᠭ᠎ᠠ ᠪᠦᠭᠦ ᠤᠯᠤᠰ ᠤᠨ ᠲᠡᠷᠢᠭᠦᠨ ᠳᠤ ᠣᠷᠣᠵᠤ᠂ ᠦᠷ᠎ᠡ ᠶᠢᠨ ᠦᠢᠯᠡᠰ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠨᠠᠩ ᠡᠯᠪᠡᠭ ᠦᠷ᠎ᠡ ᠪᠦᠲᠦᠮᠵᠢ ᠣᠯᠪᠠ᠃
— ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠵᠤ᠂ ᠬᠥᠳᠡᠯᠭᠡᠬᠦ ᠡᠨᠧᠷᠭᠢ ᠶᠢᠨ ᠨᠠᠩ ᠬᠦᠴᠦᠷᠬᠡᠭ ᠬᠥᠭᠵᠢᠯᠲᠡ ᠶᠢ ᠪᠡᠶᠡᠯᠡᠭᠦᠯᠪᠡ᠃ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ 5 ᠵᠦᠢᠯ ᠤᠨ ᠵᠠᠭᠪᠤᠷ ᠢ ᠳ᠋ᠦᠩᠨᠡᠨ ᠳᠡᠯᠭᠡᠷᠡᠭᠦᠯᠵᠦ᠂ 5 ᠬᠤᠰᠢᠭᠤ ᠰᠢᠶᠠᠨ᠂ 20 ᠰᠢᠶᠠᠩ ᠪᠠᠯᠭᠠᠰᠤ᠂ 100 ᠭᠠᠴᠠᠭ᠎ᠠ ᠲᠣᠰᠬᠤᠨ ᠳᠤ ᠮᠠᠰᠢᠨᠴᠢᠯᠠᠬᠤ᠂ ᠡᠷᠴᠢᠮᠵᠢᠭᠦᠯᠬᠦ᠂ ᠪᠠᠷᠢᠮᠵᠢᠶᠠᠵᠢᠭᠤᠯᠬᠤ ᠨᠣᠭᠤᠭᠠᠨ ᠥᠨᠳᠥᠷ ᠪᠦᠲᠦᠮᠵᠢᠲᠦ ᠣᠲᠣ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢ ᠲᠥᠪᠯᠡᠷᠡᠭᠦᠯᠦᠨ ᠵᠠᠯᠭᠠᠯᠳᠤᠭᠤᠯᠤᠨ ᠠᠬᠢᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ᠃ ᠦᠬᠡᠷ ᠬᠤᠨᠢ ᠲᠡᠵᠢᠭᠡᠨ ᠦᠷᠡᠵᠢᠭᠦᠯᠬᠦ 47 ᠲᠣᠮᠣ ᠰᠢᠶᠠᠨ ᠤ ᠮᠠᠯ ᠤᠨ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠶᠢ ᠳᠡᠮᠵᠢᠵᠦ᠂ 17 ᠬᠤᠰᠢᠭᠤ ᠰᠢᠶᠠᠨ ᠢ ᠨᠥᠯᠥᠭᠡᠯᠡᠨ ᠳᠠᠶᠢᠴᠢᠯᠠᠵᠤ ᠪᠠᠶᠢᠭᠠᠳ ᠮᠠᠯ ᠤᠨ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠪᠡᠶ᠎ᠡ ᠪᠠᠨ ᠳᠠᠭᠠᠭᠠᠨ ᠬᠡᠷᠡᠭᠵᠢᠭᠦᠯᠵᠦ᠂ ᠪᠦᠭᠦ ᠣᠷᠣᠨ ᠤ 70% ᠶᠢᠨ ᠦᠬᠡᠷ ᠬᠤᠨᠢ ᠲᠡᠵᠢᠭᠡᠨ ᠦᠷᠡᠵᠢᠭᠦᠯᠬᠦ ᠣᠷᠣᠨ ᠢ ᠬᠠᠮᠤᠷᠴᠤ᠂ ᠮᠠᠯ ᠠᠵᠤ ᠠᠬᠤᠢ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃
— ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠨᠡᠩ ᠥᠨᠳᠥᠷ ᠪᠦᠲᠦᠮᠵᠢᠲᠠᠢ ᠬᠥᠭᠵᠢᠯᠲᠡ ᠶᠢ ᠪᠡᠶᠡᠯᠡᠭᠦᠯᠪᠡ᠃ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ︾ ᠢ ᠨᠠᠶᠢᠳᠠᠪᠤᠷᠢᠵᠢᠭᠤᠯᠤᠨ᠂ ᠨᠠᠷᠢᠯᠢᠭ ᠡᠳ᠋ᠰᠢᠭᠦᠯᠬᠦ ᠪᠠ ᠳᠠᠭᠠᠯᠲᠠ ᠪᠦᠲᠦᠭᠡᠭᠳᠡᠬᠦᠨ ᠢ ᠥᠨᠳᠥᠷ ᠥᠷᠲᠡᠭ ᠲᠠᠢ ᠪᠣᠯᠭᠠᠨ ᠪᠣᠯᠭᠠᠨ ᠠᠰᠢᠭᠯᠠᠬᠤ ᠶᠢ ᠶᠡᠭᠡ ᠪᠠᠷ ᠬᠥᠭᠵᠢᠭᠦᠯᠵᠦ᠂ 2023 ᠣᠨ ᠤ ᠪᠡᠯᠡᠨ ᠨᠣᠭᠤᠭ᠎ᠠ ᠶᠢᠨ 13 ᠳᠠᠭᠠᠭᠤᠯᠤᠭᠴᠢ ᠠᠵᠤ ᠠᠬᠤᠶᠢᠯᠠᠯ᠂ ᠣᠨᠴᠠᠯᠢᠭᠲᠤ ᠲᠥᠷᠥᠯ ᠲᠡᠮᠳᠡᠭᠲᠦ 12 ᠠᠵᠤ ᠠᠬᠤᠶᠢᠯᠠᠯ᠂ ᠰᠦᠯᠵᠢᠶᠡᠨ ᠳᠡᠭᠡᠷ᠎ᠡ ᠪᠣᠷᠣᠯᠠᠭᠤᠯᠬᠤ 5 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠰᠢᠯᠭᠠᠷᠠᠭᠤᠯᠵᠤ᠂ ᠬᠤᠨᠢᠨ ᠠᠷᠠᠰᠤ ᠶᠢ ᠢᠳᠡᠭᠡᠨ ᠪᠣᠯᠭᠠᠨ ᠪᠤᠯᠪᠠᠰᠤᠷᠠᠭᠤᠯᠬᠤ 9 ᠠᠵᠤ ᠠᠬᠤᠶᠢᠯᠠᠯ ᠢ ᠳᠡᠮᠵᠢᠨ ᠪᠣᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠪᠠ᠃
— ᠨᠣᠭᠤᠭᠠᠨ ᠦᠢᠯᠡᠳᠪᠦᠷᠢᠯᠡᠯ ᠢ ᠠᠬᠢᠭᠤᠯᠵᠤ᠂ ᠨᠡᠩ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠪᠡ᠃ ᠬᠢᠮᠢ ᠶᠢᠨ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠨ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ ᠠᠵᠢᠯᠯᠠᠭ᠎ᠠ ᠥᠷᠨᠢᠭᠦᠯᠵᠦ᠂ ︽ᠲᠠᠷᠢᠶᠠᠨ ᠴᠢᠬᠢ ᠶᠢ ᠦᠵᠡᠵᠦ ᠪᠣᠷᠳᠣᠭᠤᠷ ᠰᠣᠩᠭᠤᠬᠤ ︾ 32 ᠲᠠᠪᠴᠠᠩ᠂ ︽ᠡᠪᠡᠳᠴᠢᠨ ᠳᠤᠨᠢ ᠲᠣᠬᠢᠷᠠᠭᠤᠯᠤᠨ ᠡᠮ ᠰᠣᠩᠭᠤᠬᠤ ︾ 15 ᠵᠢᠱᠢᠶ᠎ᠡ ᠦᠵᠡᠭᠦᠯᠭᠦ ᠣᠷᠣᠨ ᠪᠠ ︽ᠤᠯᠠ ᠪᠣᠷᠳᠣᠭᠤᠷ ᠦᠭᠡᠢ ︾ ᠮᠡᠷᠭᠡᠵᠢᠯ ᠤᠨ 33 ᠭᠤᠣᠯᠯᠠᠬᠤ ᠲᠤᠷᠰᠢᠯᠲᠠ ᠶᠢᠨ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠵᠤ᠂ ᠨᠣᠭᠤᠭᠠᠨ ᠰᠡᠷᠭᠡᠶᠢᠯᠡᠨ ᠡᠵᠡᠮᠳᠡᠬᠦ ᠲᠠᠷᠢᠶᠠᠨ ᠭᠠᠵᠠᠷ ᠤᠨ ᠲᠠᠯᠠᠪᠠᠢ ᠶᠢ 5879 ᠲᠦᠮᠡᠨ ᠮᠦ ᠬᠡᠷᠡᠭᠵᠢᠭᠦᠯᠵᠦ᠂ 5738 ᠲᠦᠮᠡᠨ ᠮᠦ ᠶᠢ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠵᠤ᠂ ᠲᠠᠷᠢᠶᠠᠯᠠᠩ ᠤᠨ ᠦᠢᠯᠡᠳᠪᠦᠷᠢᠯᠡᠯ ᠢ ᠨᠠᠩ ᠪᠣᠬᠢᠷᠳᠤᠯ ᠦᠭᠡᠢ ᠪᠣᠯᠭᠠᠪᠠ᠃
ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠲᠣᠭᠲᠠᠭᠤᠨ ᠪᠣᠯ ᠪᠦᠭᠦ ᠲᠠᠯ᠎ᠠ ᠶᠢᠨ ᠬᠥᠭᠵᠢᠯᠲᠡ ᠲᠤᠬᠲᠠᠭᠤᠨ ︔ ᠮᠠᠯ ᠠᠵᠤ ᠠᠬᠤᠢ ᠲᠠᠷᠢᠶᠠᠯᠠᠩ ᠤᠨ ᠦᠢᠯᠡᠰ ᠬᠥᠭᠵᠢᠪᠡᠯ ᠪᠦᠭᠦ ᠦᠢᠯᠡᠰ ᠬᠥᠭᠵᠢᠨ᠎ᠡ᠃ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ᠂ ᠴᠡᠭ ᠢᠶᠠᠷ ᠨᠡᠶᠢᠳᠡᠮ ᠢ ᠳᠠᠶᠢᠴᠢᠯᠠᠨ ᠵᠢᠱᠢᠶ᠎ᠡ ᠦᠵᠡᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠲᠠᠰ ᠳᠡᠪᠰᠢᠭᠦᠯᠬᠦ ᠶᠢ ᠠᠬᠢᠭᠤᠯᠬᠤ ᠲᠠᠯ᠎ᠠ ᠪᠠᠷ ᠥᠪᠥᠷ ᠮᠣᠩᠭᠤᠯ ᠶᠠᠭ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠶ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠮᠠᠯᠴᠢᠨ ᠲᠠᠷᠢᠶᠠᠴᠢᠨ ᠪᠠᠶᠠᠵᠢᠯ ᠤᠨ ᠰᠢᠨ᠎ᠡ ᠬᠠᠭᠤᠳᠠᠰᠤ ᠶᠢ ᠪᠦᠭᠦ ᠬᠦᠴᠦᠨ ᠢᠶᠠᠷ ᠢᠶᠠᠨ ᠪᠢᠴᠢᠭᠯᠡᠵᠦ ᠪᠤᠶ᠃