ᠪᠦᠬᠦ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/5

      7 ᠳ᠋ᠤᠭᠠᠷ ᠰᠠᠷ᠎ᠠ ᠶᠢᠨ 3 ᠤ ᠡᠳᠦᠷ ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠣᠷᠳᠣᠰ ᠬᠤᠲᠠ ᠳᠤ ᠬᠤᠷᠠᠯᠳᠤᠭᠤᠯᠪᠠ᠃

      ᠬᠤᠷᠠᠯ ᠳᠡᠭᠡᠷ᠎ᠡ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ ᠂ ᠪᠥᠬᠦ ᠣᠷᠣᠨ ᠤ ᠡᠯ᠎ᠡ ᠠᠶᠢᠮᠠᠭ ᠬᠤᠲᠠ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠂ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠪᠠᠶᠢᠳᠠᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃

      ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠠᠩᠬᠠᠷᠴᠤ ᠂ ᠪᠥᠬᠦ ᠬᠦᠴᠦᠨ ᠢᠶᠠᠷ ᠢᠶᠠᠨ ᠠᠬᠢᠭᠤᠯᠵᠤ ᠪᠠᠶᠢᠭ᠎ᠠ ᠨᠢᠭᠡᠨ ᠴᠢᠬᠤᠯᠠ ᠶᠡᠭᠡ ᠢᠨᠵᠧᠨᠧᠷᠢᠩ ᠮᠥᠨ ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ  ᠨᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠴᠢᠬᠤᠯᠠ ᠪᠦᠷᠢᠯᠳᠦᠭᠦᠨ ᠬᠡᠰᠡᠭ ᠂ ᠮᠥᠨ ᠴᠤ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠬᠦ ᠬᠦᠴᠦᠲᠡᠢ ᠭᠠᠷᠳᠠᠴᠠ ᠶᠤᠮ᠃ ᠡᠨᠡ ᠵᠢᠯ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠶᠠᠪᠤᠴᠠ ᠳᠤ ᠪᠠᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠲᠡᠷᠢᠭᠦᠨ ᠪᠠᠶᠢᠷᠢᠨ ᠳᠤ ᠲᠠᠯᠪᠢᠨ ᠂ ᠬᠠᠷᠢᠭᠤᠴᠠᠯᠭᠠᠲᠤ ᠵᠠᠰᠠᠭ ᠤᠨ ᠣᠷᠳᠣᠨ ᠂ ᠢᠯᠡ ᠲᠣᠳᠣ ᠵᠠᠰᠠᠭ ᠤᠨ ᠣᠷᠳᠣᠨ ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠪᠥᠬᠦ ᠬᠦᠴᠦᠨ ᠢᠶᠠᠷ ᠢᠶᠠᠨ ᠪᠠᠶᠢᠭᠤᠯᠵᠤ ᠂ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠵᠤ ᠂ ᠪᠥᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠠᠬᠢᠭᠤᠯᠤᠭᠰᠠᠨ ᠪᠠᠶᠢᠨ᠎ᠠ᠃

      ᠬᠤᠷᠠᠯ ᠳᠡᠭᠡᠷ᠎ᠡ ᠂ ᠡᠯ᠎ᠡ ᠭᠠᠵᠠᠷ ᠣᠷᠣᠨ ᠂ ᠡᠯ᠎ᠡ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ ᠂ ᠬᠠᠷᠢᠭᠤᠴᠠᠯᠭ᠎ᠠ ᠶᠢᠨ ᠤᠬᠠᠮᠰᠠᠷ ᠪᠠ ᠡᠭᠦᠷᠭᠡ ᠪᠠᠨ ᠪᠡᠶᠡᠯᠡᠭᠦᠯᠬᠦ ᠤᠬᠠᠮᠰᠠᠷ ᠢᠶᠠᠨ ᠴᠢᠩᠭᠠᠳᠬᠠᠵᠤ ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠬᠤᠷᠠᠯ ᠳᠡᠭᠡᠷ᠎ᠡ ᠪᠠᠶᠢᠷᠢᠯᠠᠭᠤᠯᠤᠭᠰᠠᠨ ᠡᠯ᠎ᠡ ᠵᠦᠢᠯ ᠤᠨ ᠡᠭᠦᠷᠭᠡ ᠨᠦᠭᠦᠳ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ ︔ ᠦᠵᠡᠵᠦ ᠰᠤᠷᠤᠯᠴᠠᠬᠤ ᠴᠡᠭ ᠪᠠ ᠲᠣᠰ ᠤᠳᠠᠭᠠᠨ ᠤ ᠠᠬᠢᠭᠤᠯᠬᠤ ᠬᠤᠷᠠᠯ ᠤᠨ ᠰᠠᠨᠠᠯ ᠢᠶᠠᠨ ᠰᠣᠯᠢᠯᠴᠠᠬᠤ ᠶᠠᠷᠢᠶᠠᠨ ᠳᠠᠬᠢ ᠰᠠᠶᠢᠨ ᠠᠷᠭ᠎ᠠ ᠬᠢᠳᠡᠯ ᠰᠠᠶᠢᠨ ᠲᠤᠷᠰᠢᠯᠭ᠎ᠠ ᠶᠢ ᠭᠦᠢᠴᠡᠳ ᠲᠣᠯᠢᠯᠠᠨ ᠰᠤᠷᠤᠯᠴᠠᠵᠤ᠂ ᠳᠠᠭᠤᠷᠢᠶᠠᠵᠤ ᠪᠣᠯᠬᠤᠶᠢᠴᠠ᠂ ᠳᠡᠯᠭᠡᠷᠡᠭᠦᠯᠵᠦ ᠪᠣᠯᠬᠤᠶᠢᠴᠠ ᠠᠷᠭ᠎ᠠ ᠵᠠᠮ ᠤᠳ ᠢ ᠳ᠋ᠦᠩᠨᠡᠨ ᠪᠣᠯᠪᠠᠰᠤᠷᠠᠭᠤᠯᠵᠤ ᠂ ᠲᠣᠰ ᠭᠠᠵᠠᠷ ᠣᠷᠣᠨ ᠂ ᠲᠣᠰ ᠰᠠᠯᠠᠭ᠎ᠠ ᠮᠥᠴᠢᠷ ᠤᠨ ᠪᠣᠳᠠᠲᠤ ᠪᠠᠶᠢᠳᠠᠯ ᠳᠤ ᠨᠡᠶᠢᠴᠡᠭᠰᠡᠨ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠡᠭᠦᠳᠦᠨ ᠪᠠᠶᠢᠭᠤᠯᠵᠤ ᠂ ᠪᠣᠳᠠᠲᠠᠢ ᠶᠢ ᠨᠠᠩ ᠡᠷᠬᠢᠮᠯᠡᠭᠰᠡᠨ ᠦᠢᠯᠡᠳᠦᠯ ᠲᠠᠢ ᠰᠡᠳᠬᠢᠮᠵᠢ ᠠᠷᠭ᠎ᠠ ᠬᠡᠮᠵᠢᠶ᠎ᠡ ᠠᠪᠴᠤ ᠪᠠᠶᠢᠭᠠᠳ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠰᠢᠨ᠎ᠡ ᠪᠠᠶᠢᠳᠠᠯ ᠢ ᠨᠡᠭᠡᠭᠡᠨ ᠂ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃

      ᠬᠤᠷᠠᠯ ᠠᠴᠠ ᠡᠮᠦᠨ᠎ᠡ ᠂ ᠬᠤᠷᠠᠯ ᠳᠤ ᠣᠷᠣᠯᠴᠠᠭᠰᠠᠳ ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠂ ᠡᠵᠡᠨ ᠬᠤᠷᠤᠭ᠎ᠠ ᠬᠤᠰᠢᠭᠤᠨ ᠤ ᠣᠶᠤᠨᠲᠤ ᠲᠠᠷᠢᠶᠠᠯᠠᠩ ᠤᠨ ᠪᠦᠲᠦᠭᠡᠭᠳᠡᠬᠦᠨ ᠤ ᠡᠳ᠋ ᠪᠣᠳᠠᠰ ᠤᠨ ᠭᠦᠢᠯᠭᠡᠭᠡᠨ ᠤ ᠬᠦᠷᠢᠶᠡᠯᠡᠩ ᠂ ᠣᠷᠳᠣᠰ ᠬᠤᠲᠠ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠂ ᠬᠢᠶ᠎ᠠ ᠪᠠᠭᠰᠢ ᠲᠣᠭᠤᠷᠢᠭ ᠤᠨ ᠺᠠᠩ ᠴᠧᠩ ᠨᠡᠶᠢᠭᠡᠮ ᠲᠣᠭᠤᠷᠢᠭ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤ  ᠨᠢ ᠦᠵᠡᠵᠦ ᠰᠤᠷᠤᠯᠴᠠᠪᠠ᠃ ᠬᠤᠷᠠᠯ ᠤᠨ ᠳᠠᠷᠠᠭ᠎ᠠ ᠪᠠᠰᠠ ᠶᠠᠷᠢᠯᠴᠠᠬᠤ ᠬᠤᠷᠠᠯ ᠬᠤᠷᠠᠯᠳᠤᠭᠤᠯᠵᠤ ᠂ ︽ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠢ ᠦᠨᠡᠨ ᠬᠦ ᠳᠡᠭᠡᠭᠰᠢᠯᠡᠭᠦᠯᠬᠦ ᠲᠤᠬᠠᠢ ᠰᠠᠨᠠᠯ ︾ ᠢ ᠲᠤᠰᠬᠠᠢ ᠰᠡᠳᠦᠪ ᠢᠶᠠᠷ ᠰᠣᠳᠤᠯᠤᠭᠰᠠᠨ ᠪᠥᠭᠡᠳ ᠰᠠᠨᠠᠯ ᠰᠠᠨᠠᠭᠤᠯᠭ᠎ᠠ ᠬᠤᠷᠢᠶᠠᠵᠠᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ