ᠰᠦᠨ ᠱᠤᠤ ᠴᠧᠩ ᠸᠠᠩ ᠯᠢ ᠰᠢᠶᠠ ᠳᠤᠮᠳᠠᠳᠤ ᠤᠯᠤᠰ ᠤᠨ ᠨᠡᠶᠢᠳᠡᠮ ᠤᠨ ᠬᠡᠷᠡᠭᠯᠡᠭᠡᠨ ᠤ ᠮᠡᠷᠭᠡᠵᠢᠯ ︵ᠪᠦᠯᠦᠭᠯᠡᠯ︶ ᠤᠨ ᠬᠡᠷᠡᠭ ᠮᠡᠳᠡᠭᠴᠢᠳ ᠤᠨ ᠳᠠᠷᠤᠭ᠎ᠠ ᠢᠦᠢ ᠰᠢᠦᠢ ᠪᠦᠸᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/5

      7 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠳᠤᠮᠳᠠᠳᠤ ᠤᠯᠤᠰ ᠤᠨ ᠨᠡᠶᠢᠳᠡᠮ ᠤᠨ ᠬᠡᠷᠡᠭᠯᠡᠭᠡᠨ ᠤ ᠮᠡᠷᠭᠡᠵᠢᠯ ︵ᠪᠦᠯᠦᠭᠯᠡᠯ︶ ᠤᠨ ᠬᠤᠪᠢ ᠡᠵᠡᠮᠳᠡᠭᠰᠡᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠢᠦᠢ ᠰᠢᠦᠢ ᠪᠦᠸᠧ ᠨᠠᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠤᠯᠠᠨ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠡᠮ ᠡᠮᠨᠡᠯᠭᠡ ᠡᠷᠡᠭᠦᠯ ᠮᠡᠨᠳᠦ᠂ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ᠂ ᠳᠤᠮᠳᠠᠳᠤ ᠤᠯᠤᠰ ᠤᠨ ᠨᠡᠶᠢᠳᠡᠮ ᠤᠨ ᠬᠡᠷᠡᠭᠯᠡᠭᠡᠨ ᠤ ᠮᠡᠷᠭᠡᠵᠢᠯ ︵ᠪᠦᠯᠦᠭᠯᠡᠯ︶ ᠤᠨ ᠶᠡᠷᠦᠩᠬᠡᠢ ᠳᠠᠭᠠᠭᠠᠮᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠼᠦᠢ ᡁᠢ ᠴᠧᠩ ᠠᠭᠤᠯᠵᠠᠯᠲᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ