ᠥᠪᠥᠷ ᠮᠣᠩᠭᠤᠯ 2.14 ᠳ᠋ᠦᠩᠰᠢᠭᠤᠷ ᠲᠥᠭᠦᠷᠢᠭ ᠢᠶᠠᠷ ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠣᠯᠢᠬᠤ ᠶᠢ ᠳᠡᠮᠵᠢᠪᠡ
ᠨᠡᠶᠢᠲᠡᠯᠡᠭᠰᠡᠨ ᠴᠠᠭ᠄
2024/7/5

      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ 6 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠣᠯᠢᠬᠤ ᠲᠦᠷᠦᠭᠦᠦ ᠪᠦᠯᠦᠭ ᠨᠥᠬᠦᠪᠥᠷᠢ ᠶᠢ 2.14 ᠳ᠋ᠦᠩᠰᠢᠭᠤᠷ ᠲᠥᠭᠦᠷᠢᠭ ᠪᠠᠭᠤᠯᠭᠠᠵᠤ᠂ ᠪᠦᠬᠦ ᠣᠷᠣᠨ ᠤ ᠬᠡᠪᠴᠢᠶᠡᠨ ᠳᠤ ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠣᠯᠢᠬᠤ ᠠᠵᠢᠯ ᠥᠷᠨᠢᠭᠦᠯᠬᠦ ᠶᠢ ᠳᠡᠮᠵᠢᠪᠡ᠃

      ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠠᠭᠤᠴᠢᠨ ᠬᠡᠷᠡᠭᠯᠡᠭᠡᠨ ᠤ ᠵᠦᠢᠯᠡᠰ ᠢ ᠰᠢᠨ᠎ᠡ ᠪᠠᠷ ᠰᠣᠯᠢᠬᠤ ᠶᠢ ᠠᠬᠢᠭᠤᠯᠵᠤ᠂ ᠥᠪᠥᠷ ᠮᠣᠩᠭᠤᠯ ᠤᠨ ᠮᠠᠰᠢᠨ ᠲᠡᠷᠭᠡᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠡᠷᠡᠭᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ᠂ ᠥᠨᠳᠥᠷ ᠦᠷ᠎ᠡ ᠪᠦᠲᠦᠮᠵᠢ ᠲᠠᠢ᠂ ᠡᠨᠧᠷᠭᠢ ᠶᠢᠨ ᠬᠤᠷᠣᠭᠳᠠᠯ ᠪᠠᠭ᠎ᠠ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠠᠵᠢᠯ ᠤᠨ ᠪᠠᠶᠢᠷᠢᠯᠠᠭᠤᠯᠤᠯᠲᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠠᠭᠤᠴᠢᠨ ᠬᠡᠷᠡᠭᠯᠡᠭᠡᠨ ᠤ ᠵᠦᠢᠯᠡᠰ ᠢ ᠰᠢᠨ᠎ᠡ ᠪᠠᠷ ᠰᠣᠯᠢᠬᠤ ᠶᠢ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠳ᠋ ᠤᠨ ᠬᠦᠴᠦᠨ ᠢ ᠢᠳᠡᠪᠬᠢᠲᠡᠶ ᠨᠢᠭᠡᠳᠦᠯᠲᠡᠶ ᠲᠦᠯᠦᠪᠯᠡᠨ᠂ ᠡᠳ᠋ ᠤᠨ ᠵᠠᠰᠠᠭ ᠤᠨ ᠨᠥᠬᠦᠪᠥᠷᠢ ᠶᠢ ᠡᠷᠴᠢᠮᠵᠢᠭᠦᠯᠵᠦ᠂ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠰᠠᠭᠤᠷᠢᠨ ᠳᠡᠭᠡᠷ᠎ᠡ᠂ ᠨᠥᠬᠦᠪᠥᠷᠢ ᠶᠢᠨ ᠪᠠᠷᠢᠮᠵᠢᠶ᠎ᠠ ᠶᠢ 2000 ᠲᠥᠭᠦᠷᠢᠭ/ᠲᠡᠷᠭᠡ ᠪᠣᠯᠭᠠᠨ ᠳᠡᠭᠡᠭᠰᠢᠯᠡᠭᠦᠯᠪᠡ᠃ ᠲᠤᠬᠠᠶᠢᠯᠠᠪᠠᠯ᠄ ᠬᠤᠯᠪᠣᠭᠳᠠᠯ ᠪᠦᠬᠦᠢ ᠨᠥᠬᠦᠴᠡᠯ ᠳᠤ ᠨᠡᠶᠢᠴᠡᠬᠦ ᠬᠤᠪᠢ ᠬᠥᠮᠦᠨ ᠬᠡᠷᠡᠭᠯᠡᠭᠴᠢ ᠲᠡᠭᠡᠭᠡᠪᠦᠷᠢ ᠶᠢᠨ ᠪᠤᠰᠤ ᠰᠢᠨ᠎ᠡ ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ᠂ 2.0L ︵ᠪᠠᠭᠲᠠᠭᠠᠨ᠎ᠠ︶ ᠭᠠᠳᠠᠭᠰᠢᠯᠠᠭᠤᠯᠬᠤ ᠪᠠᠷᠢᠮᠵᠢᠶ᠎ᠠ ᠠᠴᠠ ᠳᠣᠷᠣᠭᠰᠢᠬᠢ ᠲᠡᠭᠡᠭᠡᠪᠦᠷᠢ ᠶᠢᠨ ᠪᠤᠰᠤ ᠲᠣᠰᠣ ᠰᠢᠲᠠᠭᠠᠯᠭ᠎ᠠ ᠶᠢᠨ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ ᠳᠤ ᠲᠤᠰ ᠲᠤᠰ 12000 ᠲᠥᠭᠦᠷᠢᠭ/ᠲᠡᠷᠭᠡ᠂ 9000 ᠲᠥᠭᠦᠷᠢᠭ/ᠲᠡᠷᠭᠡ ᠶᠢᠨ ᠨᠥᠬᠦᠪᠥᠷᠢ ᠶᠢᠨ ᠪᠠᠷᠢᠮᠵᠢᠶ᠎ᠠ ᠶᠣᠰᠣᠭᠠᠷ ᠨᠥᠬᠦᠪᠥᠷᠢ ᠣᠯᠭᠤᠨ᠎ᠠ᠃

       ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠭᠤᠴᠢᠨ ᠮᠠᠰᠢᠨ ᠲᠡᠷᠭᠡ ᠶᠢ ᠰᠢᠨ᠎ᠡ ᠪᠠᠷ ᠰᠣᠯᠢᠬᠤ ᠠᠵᠢᠯ ᠤᠨ ᠠᠬᠢᠴᠠ ᠶᠣᠰᠣᠭᠠᠷ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠠᠢ ᠬᠠᠮᠲᠤᠷᠠᠨ ᠵᠠᠯᠭᠠᠮᠵᠢ ᠨᠥᠬᠦᠪᠥᠷᠢ ᠶᠢᠨ ᠪᠠᠯᠠ ᠮᠥᠩᠭᠦ ᠶᠢ ᠰᠠᠯᠭᠠᠨ ᠥᠭᠴᠦ᠂ ᠪᠥᠬᠦ ᠣᠷᠣᠨ ᠤ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠪᠠ ᠬᠠᠭᠤᠴᠢᠨ ᠬᠡᠷᠡᠭᠯᠡᠭᠡᠨ ᠤ ᠵᠦᠢᠯᠡᠰ ᠢ ᠰᠢᠨ᠎ᠡ ᠪᠠᠷ ᠰᠣᠯᠢᠬᠤ ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠡᠷᠡᠭᠯᠡᠭᠡᠨ ᠤ ᠲᠠᠰ ᠳᠡᠪᠰᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠣᠬᠢᠷᠲᠤᠯ ᠥᠬᠡᠶ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ