ᠯᠢ ᠴᠢᠶᠠᠩ ᠵᠢᠶᠠᠩᠰᠢ ᠳᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠬᠤ ᠳᠤ ᠪᠠᠨ ᠴᠢᠬᠤᠯᠠᠴᠢᠯᠠᠭᠰᠠᠨ ᠨᠢ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ ᠭᠠᠢ ᠭᠠᠮᠰᠢᠭ ᠭᠠᠷᠬᠤ ᠠᠴᠠ ᠡᠮᠦᠨ᠎ᠡ ᠰᠡᠷᠭᠡᠶᠢᠯᠡᠬᠦ ᠶᠢ ᠪᠠᠷᠢᠮᠲᠠᠯᠠᠨ ᠦᠶᠡᠷ ᠢ ᠰᠡᠷᠭᠡᠶᠢᠯᠡᠵᠦ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2024/7/5

 

 

ᠯᠢ ᠴᠢᠶᠠᠩ ᠵᠢᠶᠠᠩᠰᠢ ᠳᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠬᠤ ᠳᠤ ᠪᠠᠨ ᠴᠢᠬᠤᠯᠠᠴᠢᠯᠠᠭᠰᠠᠨ ᠨᠢ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ ᠭᠠᠢ ᠭᠠᠮᠰᠢᠭ ᠭᠠᠷᠬᠤ ᠠᠴᠠ ᠡᠮᠦᠨ᠎ᠡ ᠰᠡᠷᠭᠡᠶᠢᠯᠡᠬᠦ ᠶᠢ ᠪᠠᠷᠢᠮᠲᠠᠯᠠᠨ ᠦᠶᠡᠷ ᠢ ᠰᠡᠷᠭᠡᠶᠢᠯᠡᠵᠦ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠬᠦ ᠬᠡᠷᠡᠭᠲᠡᠢ

      

      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠳ᠋ᠤᠭᠠᠷ ᠰᠠᠷ᠎ᠠ ᠶᠢᠨ 1 ᠤ ᠡᠳᠦᠷ ᠠᠴᠠ 2 ᠤᠨ ᠡᠳᠦᠷ ᠪᠣᠯᠲᠠᠯ᠎ᠠ ᠵᠢᠶᠠᠩᠰᠢ ᠶᠢᠨ ᠵᠢᠤᠵᠢᠶᠠᠩ ᠳᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠣᠭᠤᠳᠪᠠ ᠃ ᠲᠡᠷᠡ ᠂ ᠣᠳᠣᠬᠠᠨ ᠳᠤ ᠶᠠᠭ ᠦᠶᠡᠷ ᠤᠨ ᠭᠤᠣᠯ ᠬᠤᠭᠤᠴᠠᠭ᠎ᠠ ᠪᠠᠶᠢᠵᠤ ᠂ ᠦᠶᠡᠷ ᠢ ᠰᠡᠷᠭᠡᠶᠢᠯᠡᠬᠦ ᠠᠵᠢᠯ ᠵᠠᠩᠭᠢᠯᠠᠭ᠎ᠠ ᠶᠢᠨ ᠱᠠᠲᠤᠨ ᠳᠤ ᠪᠠᠨ ᠣᠷᠣᠪᠠ ᠂ ᠶᠡᠷᠦᠩᠬᠡᠢ ᠱᠦᠵᠢ ᠰᠢ  ᠶᠢᠨ ᠫᠢᠩ ᠦᠶᠡᠷ ᠤᠨ ᠪᠠᠶᠢᠳᠠᠯ ᠭᠠᠮᠰᠢᠭ ᠤᠨ ᠪᠠᠶᠢᠳᠠᠯ ᠢ ᠮᠠᠰᠢ ᠠᠩᠬᠠᠷᠴᠤ ᠂ ᠤᠯᠠᠨ ᠲᠦᠮᠡᠨ ᠤ ᠠᠮᠤᠷ ᠲᠦᠪᠰᠢᠨ ᠢ ᠮᠠᠰᠢ ᠬᠠᠯᠠᠮᠵᠢᠯᠠᠵᠤ ᠂ ᠤᠯᠠᠨ ᠤᠳᠠᠭ᠎ᠠ ᠴᠢᠬᠤᠯᠠ ᠵᠢᠭᠠᠪᠤᠷᠢ ᠥᠭᠴᠡᠢ ᠃ ᠪᠢᠳᠡ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠶᠤᠯ ᠲᠦᠭᠰᠢᠭᠦᠷᠢ ᠶᠢᠨ ᠤᠬᠠᠮᠰᠠᠷ ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠨᠠᠭᠰᠢᠳᠠ ᠤᠯᠠᠮ ᠴᠢᠩᠭᠠᠳᠬᠠᠵᠤ ᠂ ᠭᠠᠢ ᠭᠠᠮᠰᠢᠭ ᠭᠠᠷᠬᠤ ᠠᠴᠠ ᠡᠮᠦᠨ᠎ᠡ ᠰᠡᠷᠭᠡᠶᠢᠯᠡᠬᠦ ᠶᠢ ᠪᠠᠷᠢᠮᠲᠠᠯᠠᠨ ᠂ ᠶᠡᠭᠡ ᠦᠶᠡᠷ ᠢ ᠰᠡᠷᠭᠡᠶᠢᠯᠡᠬᠦ ᠂ ᠶᠡᠭᠡ ᠠᠶᠤᠯ ᠠᠴᠠ ᠠᠪᠤᠷᠠᠬᠤ ᠂ ᠶᠡᠭᠡ ᠭᠠᠮᠰᠢᠭ ᠠᠴᠠ ᠠᠪᠤᠷᠠᠬᠤ ᠳᠤ ᠰᠠᠭᠤᠷᠢᠯᠠᠨ ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ ᠂ ᠦᠶᠡᠷ ᠢ ᠰᠡᠷᠭᠡᠶᠢᠯᠡᠵᠦ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠵᠦ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃


1.jpg

      7 ᠳ᠋ᠤᠭᠠᠷ ᠰᠠᠷ᠎ᠠ ᠶᠢᠨ 1 ᠤ ᠡᠳᠦᠷ ᠠᠴᠠ 2 ᠤᠨ ᠡᠳᠦᠷ ᠪᠤᠯᠲᠠᠯ᠎ᠠ ᠳᠣᠮᠲᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠵᠢᠶᠠᠩᠰᠢ ᠶᠢᠨ ᠵᠢᠣᠵᠢᠶᠠᠩ ᠳᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠪᠠ ᠃ ᠡᠨᠡ ᠪᠣᠯ 7 ᠳ᠋ᠤᠭᠠᠷ ᠰᠠᠷ᠎ᠠ ᠶᠢᠨ 1 ᠤ ᠡᠳᠦᠷ ᠂ ᠯᠢ ᠴᠢᠶᠠᠩ ᠵᠢᠦᠵᠢᠶᠠᠩ ᠬᠤᠳᠠ ᠶᠢᠨ ᠨᠢᠦ ᠵᠢᠶᠣᠤ ᠦ᠋ ᠬᠠᠰᠢᠯᠭ᠎ᠠ ᠳᠤ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠭᠴᠢ ᠲᠠᠢ ᠰᠠᠨᠠᠯ ᠢᠶᠠᠨ ᠰᠣᠯᠢᠯᠴᠠᠵᠤ ᠪᠠᠶᠢᠭ᠎ᠠ ᠨᠢ ᠃ 

      ᠰᠢᠨᠬᠤᠸᠠ ᠬᠤᠷᠢᠶᠠᠨ ᠤ ᠰᠤᠷᠪᠤᠯᠵᠢᠯᠠᠭᠴᠢ   ᠸᠠᠩ ᠶᠧ   ᠰᠡᠭᠦᠳᠡᠷᠯᠡᠪᠡ


      ᠯᠢ ᠴᠢᠶᠠᠩ ᠬᠥᠬᠡᠮᠥ᠋ᠷᠡᠨ ᠪᠠ ᠫᠥᠸᠧ ᠶᠠᠩ ᠬᠤ᠋ ᠨᠠᠭᠤᠷ ᠤᠨ ᠠᠭᠤᠯᠵᠠᠷ ᠲᠠᠬᠢ ᠨᠠᠭᠤᠷ ᠤᠨ ᠤᠰᠤ ᠰᠢᠨᠵᠢᠯᠡᠭᠡᠨ ᠤ ᠥᠷᠲᠡᠭᠡᠨ ᠳᠤ ᠬᠦᠷᠦᠭᠡᠳ᠂ ᠬᠥᠬᠡᠮᠥ᠋ᠷᠡᠨ᠂ ᠫᠥᠸᠧ ᠶᠠᠩ ᠬᠤ᠋ ᠨᠠᠭᠤᠷ ᠤᠨ ᠦᠶᠡᠷ ᠢ ᠰᠡᠷᠭᠡᠶᠢᠯᠡᠵᠦ ᠦᠶᠡᠷ ᠲᠤ ᠪᠡᠯᠡᠳᠬᠡᠬᠦ ᠠᠵᠢᠯ ᠢ ᠣᠶᠢᠯᠠᠭᠠᠨ᠂ ᠨᠠᠭᠤᠷ ᠮᠦᠷᠡᠨ ᠤ ᠤᠰᠤᠨ ᠤ ᠪᠠᠶᠢᠳᠠᠯ ᠢ ᠪᠠᠶᠢᠴᠠᠭᠠᠨ ᠦᠵᠡᠵᠦ᠂ ᠤᠰᠤᠨ ᠲᠦᠪᠰᠢᠨ᠂ ᠤᠷᠤᠰᠬᠠᠯ ᠤᠨ ᠬᠤᠷᠳᠤᠴᠠ ᠵᠡᠷᠭᠡ ᠤᠰᠤ ᠰᠢᠨᠵᠢᠯᠡᠭᠡᠨ ᠤ ᠬᠢᠨᠠᠨ ᠬᠡᠮᠵᠢᠯᠲᠡ ᠶᠢᠨ ᠪᠠᠶᠢᠳᠠᠯ ᠢ ᠨᠠᠷᠢᠨ ᠠᠰᠠᠭᠤᠪᠠ᠃ ᠯᠢ ᠴᠢᠶᠠᠩ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠪᠣᠯ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠮᠥᠨ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨᠴᠢ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠵᠦ᠂ ᠰᠠᠯᠠᠭ᠎ᠠ ᠮᠥᠴᠢᠷ ᠤᠳ ᠤᠨ ᠬᠠᠮᠲᠤᠷᠠᠭᠰᠠᠨ ᠬᠤᠷᠠᠯ ᠪᠠ ᠦᠷᠭᠦᠯᠵᠢᠯᠡᠨ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠠᠯᠢ ᠴᠢᠳᠠᠬᠤ ᠪᠠᠷ ᠤᠷᠢᠳᠴᠢᠯᠠᠨ ᠮᠡᠳᠡᠭᠦᠯᠬᠦ ᠬᠤᠭᠤᠴᠠᠭ᠎ᠠ ᠶᠢ ᠤᠷᠲᠤᠳᠬᠠᠵᠤ᠂ ᠤᠷᠢᠳᠴᠢᠯᠠᠭᠰᠠᠨ ᠬᠡᠮᠵᠢᠶ᠎ᠡ ᠶᠢ ᠢᠯᠡᠭᠦᠬᠡᠨ ᠥᠭᠴᠦ᠂ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ ᠯᠢ ᠴᠢᠶᠠᠩ ᠨᠢᠦ ᠵᠢᠶᠣᠤ ᠦ᠋ ᠬᠠᠰᠢᠯᠭ᠎ᠠ ᠳᠡᠭᠡᠷ᠎ᠡ ᠭᠠᠷᠴᠤ᠂ ᠬᠥᠬᠡᠮᠥ᠋ᠷᠡᠨ ᠤ ᠬᠠᠰᠢᠯᠭ᠎ᠠ ᠶᠢ ᠵᠠᠰᠠᠵᠤ ᠪᠠᠬᠢᠯᠡᠭᠰᠡᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠶᠢ ᠪᠠᠶᠢᠴᠠᠭᠠᠨ ᠦᠵᠡᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠭᠴᠢᠳ ᠲᠠᠢ ᠰᠠᠨᠠᠯ ᠢᠶᠠᠨ ᠰᠣᠯᠢᠯᠴᠠᠪᠠ᠃ ᠯᠢ ᠴᠢᠶᠠᠩ ᠤᠯᠠᠨ ᠳᠤ ᠮᠡᠨᠳᠦᠴᠢᠯᠡᠯ ᠪᠠ ᠲᠠᠯᠠᠷᠬᠠᠯ ᠳᠡᠪᠰᠢᠭᠦᠯᠪᠡ᠃ ᠲᠡᠷᠡ᠂ ᠲᠦᠭᠰᠢᠭᠦᠷᠢᠲᠦ ᠪᠠᠶᠢᠳᠠᠯ ᠭᠠᠷᠬᠤ ᠠᠴᠠ ᠠᠶᠤᠬᠤ ᠦᠭᠡᠢ᠂ ᠰᠠᠯᠬᠢ ᠶᠡᠭᠡ ᠪᠣᠷᠣᠭᠠᠨ ᠶᠡᠭᠡ ᠪᠣᠯᠬᠤ ᠲᠤᠳᠤᠮ ᠬᠠᠰᠢᠯᠭ᠎ᠠ ᠶᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠪᠠᠨ ᠤᠯᠠᠮ ᠴᠢᠩᠭᠠᠳᠬᠠᠵᠤ᠂ ᠠᠶᠤᠯᠲᠠᠢ ᠪᠠᠷᠢᠯᠭ᠎ᠠ ᠶᠢᠨ ᠠᠶᠤᠯᠲᠠᠢ ᠬᠡᠰᠡᠭ ᠵᠡᠷᠭᠡ ᠪᠠᠭᠤᠷᠠᠢ ᠭᠤᠭᠴᠣᠭᠠᠨ ᠳᠤ ᠬᠥᠮᠥᠨ ᠨᠡᠮᠡᠨ ᠲᠣᠮᠢᠯᠠᠵᠤ᠂ ᠳᠠᠪᠲᠠᠮᠵᠢ ᠪᠠᠨ ᠨᠢᠭᠲᠠᠷᠠᠭᠤᠯᠵᠤ᠂ ᠠᠶᠤᠯ ᠠᠴᠠ ᠠᠪᠤᠷᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂ ᠠᠶᠤᠯ ᠲᠦᠭᠰᠢᠭᠦᠷᠢ ᠶᠢ ᠡᠷᠲᠡ ᠢᠯᠡᠷᠡᠭᠦᠯᠦᠨ᠂ ᠡᠷᠲᠡ ᠠᠷᠭᠠᠴᠠᠭᠠᠬᠤ ᠬᠡᠷᠡᠭᠲᠡᠢ ᠭᠡᠯ᠎ᠡ᠃

      ᠯᠢ ᠴᠢᠶᠠᠩ ᠯᠦ ᠱᠠᠨ ᠬᠤᠲᠠ ᠶᠢᠨ ᠪᠠᠢ ᠯᠦ ᠪᠠᠯᠭᠠᠰᠤᠨ ᠤ ᠸᠠᠩ ᠵᠢᠶᠠ ᠯᠥᠩ ᠳᠤᠭᠤᠶᠢᠯᠠᠩ ᠤᠨ ᠭᠠᠵᠠᠷ ᠰᠢᠨᠵᠢᠯᠡᠭᠡᠨ ᠤ ᠭᠠᠮᠰᠢᠭ ᠤᠨ ᠴᠡᠭ ᠲᠤ ᠬᠦᠷᠦᠭᠡᠳ ᠂ ᠶᠡᠭᠦᠷᠡᠭᠰᠡᠨ ᠪᠡᠯ ᠢ ᠵᠠᠰᠠᠬᠤ ᠲᠤᠬᠠᠢ ᠶᠢᠨ ᠲᠠᠯᠠᠪᠠᠶ ᠳᠤ ᠶᠡᠭᠦᠷᠡᠭᠰᠡᠨ ᠪᠡᠯ ᠪᠠ ᠮᠧᠬᠠᠨᠢᠭ ᠤᠨ ᠠᠵᠢᠯ ᠤᠨ ᠠᠬᠢᠴᠠ ᠶᠢ ᠪᠠᠶᠢᠴᠠᠭᠠᠨ ᠦᠵᠡᠵᠦ ᠂ ᠣᠯᠠᠨ ᠲᠦᠮᠡᠨ ᠢ ᠲᠥᠪᠬᠢᠨᠡᠭᠦᠯᠦᠭᠰᠡᠨ ᠪᠠᠶᠢᠳᠠᠯ ᠢ ᠨᠠᠷᠢᠨ ᠠᠰᠠᠭᠤᠨ ᠯᠠᠪᠯᠠᠵᠠᠢ ᠃ ᠯᠢ ᠴᠢᠶᠠᠩ ᠂ ᠣᠳᠣ ᠪᠡᠯ ᠶᠡᠭᠦᠷᠡᠬᠦ ᠂ ᠰᠢᠪᠠᠷ ᠴᠢᠯᠠᠭᠤᠨ ᠤᠷᠤᠰᠬᠠᠯ ᠵᠡᠷᠭᠡ ᠭᠠᠵᠠᠷ ᠰᠢᠨᠵᠢᠯᠡᠭᠡᠨ ᠤ ᠭᠠᠢ ᠭᠠᠮᠰᠢᠭ ᠣᠯᠠᠨ ᠡᠭᠦᠰᠬᠦ ᠬᠤᠭᠤᠴᠠᠭ᠎ᠠ ᠪᠠᠶᠢᠵᠤ ᠂ ᠠᠮᠤᠷ ᠲᠦᠪᠰᠢᠨ ᠤ ᠰᠡᠷᠭᠡᠶᠢᠯᠡᠯᠲᠡ ᠡᠨᠡ ᠬᠦ ᠬᠥᠪᠴᠢ ᠶᠢ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ ᠃ ︽ ᠰᠡᠷᠭᠡᠶᠢᠯᠡᠯᠲᠡ︾ ᠶᠢ ᠲᠡᠷᠢᠭᠦᠨ ᠪᠠᠶᠢᠷᠢᠨ ᠳᠤ ᠲᠠᠯᠪᠢᠵᠤ ᠂ ᠠᠷᠭᠠᠴᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ ᠂ ᠭᠠᠵᠠᠷ ᠰᠢᠨᠵᠢᠯᠡᠭᠡᠨ ᠤ ᠭᠠᠢ ᠭᠠᠮᠰᠢᠭ ᠤᠨ ︽ ᠳᠠᠯᠳᠠ ᠬᠡᠮ ᠲᠠᠢ ᠭᠠᠵᠠᠷ + ᠠᠶᠤᠯ ᠲᠦᠭᠰᠢᠭᠦᠷᠢᠲᠦ ᠣᠷᠣᠨ ︾ ᠤ ᠬᠤᠣᠰ ᠡᠵᠡᠮᠳᠡᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠂ ᠬᠥᠮᠥᠨ ᠪᠠ ᠮᠡᠷᠭᠡᠵᠢᠯ ᠢᠶᠠᠷ ᠰᠡᠷᠭᠡᠶᠢᠯᠡᠬᠦ ᠶᠢ ᠨᠠᠩ ᠰᠠᠶᠢᠲᠤᠷ ᠤᠶᠠᠯᠳᠤᠭᠤᠯᠵᠤ ᠂ ᠬᠦᠨᠳᠦ ᠶᠡᠭᠡ ᠠᠶᠤᠯ ᠲᠦᠭᠰᠢᠭᠦᠷᠢ ᠶᠢ ᠢᠯᠡᠷᠡᠭᠦᠯᠪᠡᠯ ᠲᠦᠭᠰᠢᠭᠦᠷᠢ ᠳᠤ ᠦᠷᠲᠦᠬᠦ ᠣᠷᠣᠨ ᠪᠦᠰᠡ ᠶᠢᠨ ᠰᠠᠭᠤᠭᠠᠯᠢ ᠠᠷᠠᠳ ᠢ ᠰᠢᠭᠤᠷᠬᠠᠢ ᠰᠢᠯᠵᠢᠭᠦᠯᠵᠦ ᠂ ᠠᠷᠭ᠎ᠠ ᠪᠦᠬᠦᠨ ᠢ ᠰᠦᠪᠡᠭᠴᠢᠯᠡᠨ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠬᠡᠷᠡᠭᠲᠡᠢ ᠬᠡᠮᠡᠨ ᠵᠢᠭᠠᠵᠤ ᠭᠠᠷᠭᠠᠵᠠᠢ ᠃

 

2.jpg

      7 ᠳ᠋ᠤᠭᠠᠷ ᠰᠠᠷ᠎ᠠ ᠶᠢᠨ 1 ᠤ ᠡᠳᠦᠷ ᠠᠴᠠ 2 ᠤᠨ ᠡᠳᠦᠷ ᠪᠤᠯᠲᠠᠯ᠎ᠠ ᠳᠣᠮᠲᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠵᠢᠶᠠᠩᠰᠢ ᠶᠢᠨ ᠵᠢᠣᠵᠢᠶᠠᠩ ᠳᠤ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠤᠭᠤᠳᠪᠠ ᠃ 7 ᠳ᠋ᠤᠭᠠᠷ ᠰᠠᠷ᠎ᠠ ᠶᠢᠨ 2 ᠤᠨ ᠡᠳᠦᠷ ᠂ ᠯᠢ ᠴᠢᠶᠠᠩ ᠯᠦ ᠱᠠᠨ ᠬᠤᠲᠠ ᠶᠢᠨ ᠪᠠᠢ ᠯᠦ ᠪᠠᠯᠭᠠᠰᠤᠨ ᠳᠤ ᠦᠶᠡᠷ ᠢ ᠰᠡᠷᠭᠡᠶᠢᠯᠡᠬᠦ ᠪᠠᠶᠢᠳᠠᠯ ᠢ ᠵᠠᠳᠠᠯᠬᠤ ᠬᠤᠷᠠᠯ ᠡᠷᠭᠢᠯᠡᠨ ᠬᠤᠷᠠᠯᠳᠤᠭᠤᠯᠪᠠ ᠃ 

      ᠰᠢᠨᠬᠤᠸᠠ ᠬᠤᠷᠢᠶᠠᠨ ᠤ ᠰᠤᠷᠪᠤᠯᠵᠢᠯᠠᠭᠴᠢ   ᠸᠠᠩ ᠶᠧ ᠰᠡᠭᠦᠳᠡᠷᠯᠡᠪᠡ

      ᠪᠠᠢ ᠯᠦ ᠪᠠᠯᠭᠠᠰᠤᠨ ᠳᠤ ᠂ ᠯᠢ ᠴᠢᠶᠠᠩ ᠦᠶᠡᠷ ᠢ ᠰᠡᠷᠭᠡᠶᠢᠯᠡᠬᠦ ᠪᠠᠶᠢᠳᠠᠯ ᠢ ᠵᠠᠳᠠᠯᠬᠤ ᠬᠤᠷᠠᠯ ᠡᠷᠬᠢᠯᠡᠨ ᠬᠤᠷᠠᠯᠳᠤᠭᠤᠯᠪᠠ ᠃ ᠵᠢᠶᠠᠩᠰᠢ ᠮᠤᠵᠢ ᠂ ᠯᠦ ᠱᠠᠨ ᠬᠤᠲᠠ ᠂ ᠪᠠᠢ ᠯᠦ ᠪᠠᠯᠭᠠᠰᠤ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠂ ᠤᠰᠤᠨ ᠠᠰᠢᠭᠯᠠᠯᠲᠠ ᠶᠢᠨ ᠶᠠᠮᠤᠨ ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠬᠠᠷᠢᠭᠤᠴᠠᠯᠭᠠᠲᠠᠳ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠂ ᠯᠢ ᠴᠢᠶᠠᠩ ᠂ ᠡᠨᠡ ᠵᠢᠯ ᠲᠤᠶᠢᠯ ᠤᠨ ᠶᠡᠷᠦ ᠪᠤᠰᠤ ᠶᠢᠨ ᠴᠠᠭ ᠠᠭᠤᠷ ᠣᠯᠠᠨ ᠡᠭᠦᠰᠴᠦ ᠪᠠᠶᠢᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠦᠨᠡᠨ ᠬᠦ ᠰᠣᠨᠣᠷ ᠰᠡᠷᠡᠮᠵᠢ ᠲᠠᠢ ᠪᠠᠶᠢᠵᠤ ᠂ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠵᠤ ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠃ ᠭᠠᠮᠰᠢᠭ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠴᠢᠩᠭᠠᠳᠬᠠᠵᠤ ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠰᠢᠭᠤᠳ ᠬᠦᠷᠬᠦ ᠭᠠᠮᠰᠢᠭ ᠢ ᠰᠡᠷᠭᠡᠶᠢᠯᠡᠵᠦ ᠰᠡᠷᠡᠮᠵᠢᠯᠡᠭᠦᠯᠬᠦ ︽ᠬᠠᠷᠠᠵᠤ ᠬᠠᠨᠳᠤᠬᠤ︾ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠃ ᠰᠢᠷᠦᠭᠦᠨ ᠪᠣᠷᠣᠭᠠᠨ ᠠᠴᠠ ᠪᠣᠯᠤᠭᠰᠠᠨ ᠡᠯ᠎ᠡ ᠵᠦᠢᠯ ᠤᠨ ᠡᠭᠦᠰᠦᠮᠡᠯ ᠭᠠᠮᠰᠢᠭ ᠤᠳ ᠢ ᠴᠢᠩᠭ᠎ᠠ ᠰᠡᠷᠭᠡᠶᠢᠯᠡᠵᠦ ᠂ ᠬᠤᠳᠠ ᠶᠢᠨ ᠦᠶᠡᠷ ᠢ ᠰᠡᠷᠭᠡᠶᠢᠯᠡᠨ ᠤᠰᠤᠲᠤᠯ ᠢ ᠵᠠᠯᠠᠬᠤ ᠪᠠᠭᠤᠷᠠᠢ ᠭᠤᠭᠴᠤᠭ᠎ᠠ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠂ ᠲᠠᠷᠢᠶᠠᠨ ᠭᠠᠵᠠᠷ ᠲᠠᠬᠢ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠳᠤᠲᠠᠭᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠢᠯᠡᠳᠦᠯ ᠢ ᠦᠨᠡᠨ ᠬᠦ ᠪᠠᠳᠠᠷᠠᠭᠤᠯᠵᠤ ᠂ ᠳᠡᠭᠡᠳᠦ ᠳᠣᠣᠷᠠᠳᠤ ᠤᠷᠤᠰᠬᠠᠯ ᠂ ᠵᠡᠭᠦᠨ ᠪᠠᠷᠠᠭᠤᠨ ᠡᠷᠭᠢ ᠂ ᠭᠤᠣᠯ ᠰᠠᠯᠪᠤᠷᠢ ᠤᠷᠤᠰᠬᠠᠯ ᠂ ᠮᠤᠵᠢ ᠬᠤᠭᠤᠷᠣᠨᠳᠤ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ ᠂ ᠪᠣᠷᠣᠭᠠᠨ ᠤ ᠭᠤᠣᠯ ᠪᠦᠰᠡ ᠶᠢ ᠦᠷᠭᠦᠯᠵᠢᠯᠡᠨ ᠤᠮᠠᠷᠠᠰᠢ ᠰᠢᠯᠵᠢᠭᠦᠯᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ ᠃ ᠠᠶᠤᠯ ᠠᠴᠠ ᠠᠪᠤᠷᠠᠨ ᠲᠤᠰᠠᠯᠠᠬᠤ ᠪᠠ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠰᠠᠭᠤᠷᠢ ᠲᠥᠬᠦᠭᠡᠷᠦᠮᠵᠢ ᠶᠢᠨ ᠭᠠᠮᠰᠢᠭ ᠰᠡᠷᠭᠡᠶᠢᠯᠡᠬᠦ ᠲᠦᠪᠰᠢᠨ ᠢ ᠳᠡᠭᠡᠭᠰᠢᠯᠡᠭᠦᠯᠵᠦ ᠂ ᠲᠤᠶᠢᠯ ᠤᠨ ᠪᠠᠶᠢᠳᠠᠯ ᠳᠤ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ ᠃ ᠭᠠᠮᠰᠢᠭ ᠭᠠᠷᠤᠮᠠᠭᠴᠠ ᠠᠪᠤᠷᠠᠨ ᠲᠤᠰᠠᠯᠠᠬᠤ ᠡᠯ᠎ᠡ ᠲᠥᠷᠥᠯ ᠤᠨ ᠬᠦᠴᠦᠨ ᠢ ᠨᠢᠭᠡᠳᠦᠯᠲᠡᠢ ᠲᠥᠯᠥᠪᠯᠡᠨ ᠰᠢᠯᠵᠢᠭᠦᠯᠦᠨ ᠲᠣᠮᠢᠯᠠᠵᠤ ᠂ ᠲᠡᠷᠡ ᠳᠠᠷᠤᠢ ᠳᠤ ᠨᠢ ᠠᠪᠤᠷᠠᠨ ᠲᠤᠰᠠᠯᠠᠬᠤ ᠠᠵᠢᠯ ᠢ ᠥᠷᠨᠢᠭᠦᠯᠦᠨ ᠂ ᠬᠥᠮᠥᠨ ᠬᠠᠷ᠎ᠠ ᠠᠳᠡᠵᠦ ᠰᠢᠷᠬᠠᠲᠤᠬᠤ ᠪᠠ ᠭᠠᠮᠰᠢᠭ ᠤᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠬᠤ ᠬᠡᠷᠡᠭᠲᠡᠢ ᠃ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ ᠂ ᠭᠠᠩ ᠬᠠᠭᠰᠠᠷᠠᠭᠠᠨ ᠲᠠᠢ ᠲᠡᠮᠡᠴᠡᠬᠦ ᠤᠰᠤᠨ ᠤ ᠡᠬᠢ ᠰᠤᠷᠪᠤᠯᠵᠢ ᠶᠢ ᠰᠢᠯᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ ᠂ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠬᠢᠭᠡᠳ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠠᠲᠤᠯᠠᠬᠤ ᠬᠡᠷᠡᠭᠲᠡᠢ ᠬᠡᠮᠡᠨ ᠵᠢᠭᠠᠵᠤ ᠭᠠᠷᠭᠠᠵᠠᠢ ᠃
      ᠦ᠋ ᠵᠧᠩ ᠯᠦᠩ ᠪᠠᠷ᠎ᠠ ᠪᠣᠯᠪᠠ ᠃


 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ