ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/7/8

      7 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠰᠢᠰᠲ᠋ᠧᠮᠳᠦ ᠰᠡᠳᠬᠢᠬᠦᠢ᠂ ᠰᠢᠨᠵᠢᠯᠡᠬᠦ ᠤᠬᠠᠭᠠᠨᠴᠢ ᠠᠷᠭ᠎ᠠ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠷᠭᠦᠯᠵᠢᠯᠡᠨ ᠬᠦᠴᠦᠯᠡᠨ ᠴᠢᠩᠭᠠᠳᠬᠠᠵᠤ᠂ ᠳᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠶᠡᠭᠡ ᠪᠠᠷ ᠴᠡᠭᠴᠡᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠦᠨᠡᠨ ᠬᠦ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢ ᠨᠢᠮᠪᠠᠢ ᠵᠢᠯᠤᠭᠤᠳᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠥᠪᠥᠷ ᠮᠣᠩᠭᠤᠯ ᠤᠨ ᠬᠠᠭᠤᠳᠠᠰᠤ︾ ᠶᠢ ᠰᠠᠶᠢᠲᠤᠷ ᠲᠣᠪᠤᠶᠢᠯᠭᠠᠨ ᠰᠤᠷᠤᠯᠴᠠᠬᠤ ᠬᠡᠷᠡᠭᠲᠡᠢ᠃ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ︽ᠨᠢᠭᠡ ᠱᠤᠭᠤᠮ︾ ᠢᠶᠠᠷ ᠴᠡᠭᠴᠡᠯᠡᠨ ᠰᠠᠶᠢᠵᠢᠷᠠᠭᠤᠯᠬᠤ ᠵᠡᠷᠭᠡ ᠪᠦᠲᠦᠮᠵᠢᠲᠡᠶ ᠠᠵᠢᠯ ᠤᠨ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠢᠯᠵᠠᠷᠠᠯ ᠣᠯᠠᠨ ᠡᠭᠦᠰᠬᠦ ᠬᠦᠷᠢᠶ᠎ᠡ ᠶᠢ ᠴᠢᠩᠭ᠎ᠠ ᠠᠩᠬᠠᠷᠴᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠬᠦᠷᠢᠶᠡᠨ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠣᠨᠣᠪᠴᠢᠲᠠᠢ ᠡᠷᠢᠨ ᠣᠯᠵᠤ᠂ ᠥᠭᠡᠷᠡᠴᠢᠯᠡᠯᠲᠡ ᠶᠢᠨ ᠰᠡᠳᠬᠢᠬᠦᠢ ᠪᠠ ᠲᠣᠭᠲᠠᠴᠠ ᠶᠢᠨ ᠠᠷᠭ᠎ᠠ ᠪᠠᠷ ᠦᠨᠳᠦᠰᠦᠨ ᠠᠴᠠ ᠨᠢ ᠡᠮᠵᠡᠭ ᠳᠤᠲᠠᠭᠳᠠᠯ ᠢ ᠵᠠᠯᠠᠷᠠᠭᠤᠯᠵᠤ᠂ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ ᠭᠡᠵᠦ  ᠴᠢᠬᠤᠯᠠᠴᠢᠯᠠᠪᠠ᠃

    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠨᠡᠶᠢᠲᠡᠯᠡᠭᠰᠡᠨ 70 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠳᠤ ᠠᠭᠤᠯᠤᠭᠳᠠᠵᠤ ᠪᠠᠶᠢᠭ᠎ᠠ ᠥᠷᠲᠡᠭ ᠤᠨ ᠣᠶᠢᠯᠠᠭᠠᠭᠳᠠᠬᠤᠨ ᠢ ᠭᠠᠳᠠᠭᠠᠳᠤ ᠨᠡᠭᠡᠭᠡᠯᠲᠡ ᠶᠢᠨ ᠠᠵᠢᠯ ᠳᠤ ᠦᠨᠡᠨ ᠬᠦ ᠬᠡᠷᠡᠭᠯᠡᠵᠦ᠂ ᠣᠷᠣᠰ᠂ ᠮᠣᠩᠭᠤᠯ ᠤᠯᠤᠰ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠳ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠶᠢᠨ ᠨᠥᠭᠦᠷᠰᠡᠭ ᠰᠣᠯᠢᠯᠴᠠᠭ᠎ᠠ ᠪᠣᠯᠣᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠢᠳᠡᠪᠬᠢᠲᠡᠢ ᠥᠷᠭᠡᠳᠬᠡᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠪᠣᠯᠣᠨ ᠨᠡᠭᠡᠭᠡᠯᠲᠡ ᠶᠢᠨ ᠪᠦᠭᠦ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ︽ᠦᠨᠡᠨ︾ ᠰᠡᠳᠬᠦᠯ ᠤᠨ 2024 ᠣᠨ ᠤ 13 ᠳ᠋ᠤᠭᠠᠷ ᠬᠤᠭᠤᠴᠠᠭ᠎ᠠ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠦ᠂ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠲᠡᠮᠡᠴᠡᠯ ᠤᠨ ᠬᠠᠷᠠᠯᠲᠠ ᠪᠠᠷ ᠭᠤᠣᠯᠳᠠᠭᠤᠯᠵᠤ᠂ ᠬᠤᠷᠴᠠ ᠴᠢᠩᠭ᠎ᠠ ᠲᠡᠮᠡᠴᠡᠯ ᠤᠨ ᠵᠣᠷᠢᠭ ᠰᠠᠨᠠᠭ᠎ᠠ ᠪᠠᠷ ᠠᠵᠠ ᠲᠣᠭᠢᠶᠠᠯ ᠢ ᠠᠳᠬᠤᠵᠤ᠂ ᠬᠥᠭᠵᠢᠯᠲᠡ ᠶᠢ ᠠᠬᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠵᠢᠯ ᠤᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠤᠶᠠᠷ ᠶᠡᠭᠡ ᠶᠠᠪᠤᠳᠠᠯ ᠢ ᠨᠡᠩ ᠪᠦᠲᠦᠮᠵᠢᠲᠡᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠤᠯᠠᠨ ᠥᠪᠥᠷ ᠮᠣᠩᠭᠤᠯ ᠤᠨ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ᠂ ᠵᠠᠬᠢᠶ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ᠂ ᠳᠤᠮᠳᠠᠳᠤ ᠠᠮᠧᠷᠢᠺᠠ ᠶᠢᠨ ᠵᠠᠯᠠᠭᠤᠴᠤᠳ ᠪᠠᠭᠠᠴᠤᠳ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠠᠵᠢᠯ ᠤᠨ ᠲᠤᠬᠠᠢ ᠱᠠᠭᠠᠷᠳᠠᠯᠭ᠎ᠠ ᠳᠤᠷᠠᠳᠪᠠ᠃

      ᠬᠤᠷᠠᠯ ᠠᠴᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ︾ ᠪᠣᠯᠣᠨ ︽︿ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠢ ᠰᠠᠨᠠᠯ︾ ᠢ ᠬᠢᠨᠠᠨ ᠵᠥᠪᠯᠡᠵᠦ᠂ ᠬᠤᠶᠠᠷ ᠪᠢᠴᠢᠭ ᠮᠠᠲ᠋ᠧᠷᠢᠶᠠᠯ ᠢ ᠨᠢᠭᠡᠳᠦᠯᠲᠡᠢ ᠲᠥᠯᠥᠪᠵᠢᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠵᠣᠬᠢᠴᠠᠭᠤᠯᠤᠨ ᠬᠦᠴᠦᠯᠡᠬᠦ᠂ ᠶᠡᠷᠦᠩᠬᠡᠶᠢᠯᠡᠨ ᠬᠦᠴᠦᠯᠡᠬᠦ ᠶᠢ ᠠᠬᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠢ ᠰᠠᠶᠢᠨ ᠰᠠᠶᠢᠬᠠᠨ ᠣᠷᠴᠢᠨ ᠨᠥᠬᠦᠴᠡᠯ ᠢ ᠶᠡᠭᠡ ᠪᠠᠷ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ