ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠣᠷᠣᠨ ᠳᠤ ᠡᠨᠧᠷᠭᠢ ᠶᠢᠨ ᠬᠠᠤᠯᠢ ᠶᠢᠨ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ ᠥᠷᠨᠢᠭᠦᠯᠵᠡᠢ  ᠰᠦᠨ ᠱᠤᠤ ᠴᠧᠩ  ᠸᠠᠩ ᠯᠢ ᠰᠢᠶᠠ  ᠵᠠᠩ ᠴᠢᠩ ᠸᠧᠢ ᠲᠠᠢ ᠪᠠᠷᠠᠳᠠᠨ ᠠᠭᠤᠯᠵᠠᠪᠠ  ᠱᠧᠨ ᠴᠦᠨ ᠶᠣᠣ  ᠵᠠᠩ ᠵᠢᠶᠠᠨ ᠬᠤᠸᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ
ᠨᠡᠶᠢᠲᠡᠯᠡᠭᠰᠡᠨ ᠴᠠᠭ᠄
2024/7/8

      7 ᠰᠠᠷ᠎ᠠ ᠶᠢᠨ 2 ᠠᠴᠠ 5 ᠤ ᠡᠳᠦᠷ ᠪᠤᠯᠲᠠᠯ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠵᠠᠩ ᠴᠢᠩ ᠸᠧᠢ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠣᠷᠣᠨ ᠳᠤ ᠡᠨᠧᠷᠭᠢ ᠶᠢᠨ ᠬᠠᠤᠯᠢ ᠶᠢᠨ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ ᠥᠷᠨᠢᠭᠦᠯᠪᠡ᠃ 7 ᠰᠠᠷ᠎ᠠ ᠶᠢᠨ 3 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠵᠠᠩ ᠴᠢᠩ ᠸᠧᠢ ᠪᠣᠯᠣᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠢ ᠪᠠᠷᠠᠳᠠᠨ ᠠᠭᠤᠯᠵᠠᠪᠠ᠃

      7 ᠰᠠᠷ᠎ᠠ ᠶᠢᠨ 5 ᠤ ᠦᠳᠡ ᠶᠢᠨ ᠡᠮᠦᠨ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠶᠠᠷᠢᠯᠴᠠᠬᠤ ᠬᠤᠷᠠᠯ ᠬᠤᠷᠠᠯᠳᠤᠭᠤᠯᠪᠠ᠃ ᠮᠠᠨ ᠤ ᠣᠷᠣᠨ ᠤ ᠡᠨᠧᠷᠭᠢ ᠶᠢᠨ ᠬᠦᠷᠢᠶᠡᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠵᠠᠩ ᠴᠢᠩ ᠸᠧᠢ ᠪᠠᠶᠢᠴᠠᠭᠠᠨ ᠰᠤᠳᠤᠯᠬᠤ ᠳᠤᠭᠤᠶᠢᠯᠠᠩ ᠤᠨ ᠡᠮᠦᠨ᠎ᠡ ᠠᠴᠠ ᠮᠠᠨ ᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠭᠦ ᠬᠦᠴᠦᠨ ᠢᠶᠠᠷ ᠢᠶᠠᠨ ᠴᠣᠭᠴᠠᠯᠠᠵᠤ ᠪᠠᠶᠢᠭ᠎ᠠ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ᠂ ᠥᠪᠡᠷᠲᠡᠭᠡᠨ ᠵᠠᠰᠠᠬᠤ ᠣᠷᠣᠨ ᠤ ᠬᠢᠨ ᠤ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠡᠨᠧᠷᠭᠢ ᠶᠢᠨ ᠠᠮᠤᠷ ᠲᠦᠪᠰᠢᠨ ᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ ᠲᠡᠷᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠡᠯ᠎ᠡ ᠲᠠᠯ᠎ᠠ ᠶᠢᠨ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠡᠨᠧᠷᠭᠢ ᠶᠢᠨ ᠬᠠᠤᠯᠢ ᠶᠢᠨ ᠲᠥᠰᠥᠯ ᠳᠤ ᠵᠠᠰᠠᠪᠤᠷᠢ ᠣᠷᠣᠭᠤᠯᠤᠨ ᠰᠠᠶᠢᠲᠤᠷ ᠲᠡᠭᠦᠯᠳᠡᠷᠵᠢᠭᠦᠯᠵᠦ᠂ ᠬᠠᠤᠯᠢ ᠲᠣᠭᠲᠠᠭᠠᠬᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠬᠠᠤᠯᠢ ᠲᠣᠭᠲᠠᠭᠠᠯᠲᠠ ᠶᠢᠨ ᠬᠥᠲᠥᠯᠥᠨ ᠳᠠᠭᠠᠭᠤᠯᠬᠤ᠂ ᠵᠢᠷᠤᠮᠵᠢᠭᠤᠯᠬᠤ ᠪᠠ ᠪᠠᠲᠤᠯᠠᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠨ᠎ᠠ ᠭᠡᠵᠦ ᠢᠯᠡᠳᠬᠡᠪᠡ᠃

      ᠬᠤᠷᠠᠯ ᠠᠴᠠ ᠡᠮᠦᠨ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠤᠭᠤᠲᠤ ᠬᠤᠳᠠ᠂ ᠭᠦᠭᠡᠬᠤᠲᠠ ᠳᠤ ᠭᠦᠨᠵᠡᠭᠡᠶᠢᠷᠡᠨ᠂ ᠱᠤᠸᠠᠩ ᠯᠢᠶᠠᠩ ᠭᠡᠷᠡᠯᠴᠢ ᠴᠡᠨᠡᠭ ᠤᠨ ᠠᠵᠤ ᠦᠢᠯᠡᠰ ᠤᠨ ᠬᠦᠷᠢᠶᠡᠯᠡᠩ᠂ ᠮᠢᠩ ᠶᠠᠩ ᠪᠦᠯᠦᠭᠯᠡᠯ ᠤᠨ ᠤᠮᠠᠷᠠᠲᠤ ᠶᠢᠨ ᠠᠵᠤ ᠦᠢᠯᠡᠰ ᠤᠨ ᠲᠥᠪ᠂ ᠵᠦᠩ ᠬᠤᠸᠠᠨ ᠠᠵᠤ ᠦᠢᠯᠡᠰ ᠤᠨ ᠬᠦᠷᠢᠶᠡᠯᠡᠩ᠂ ᠵᠢᠨᠱᠠᠨ ᠢᠯᠴᠢ ᠴᠠᠭᠢᠯᠭᠠᠨ ᠤ ᠦᠢᠯᠡᠳᠪᠦᠷᠢ ᠵᠡᠷᠭᠡ ᠠᠵᠤ ᠠᠬᠤᠶᠢᠯᠠᠯ ᠪᠣᠯᠣᠨ ᠨᠢᠭᠡᠴᠢ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠳᠤ ᠬᠦᠷᠴᠦ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠦᠵᠡᠭᠦᠯᠭᠡ ᠶᠢ ᠲᠣᠭᠤᠷᠢᠨ ᠦᠵᠡᠪᠡ᠃

      ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠡᠷᠭᠢᠯᠡᠭᠴᠢ ᠱᠧᠨ ᠴᠦᠨ ᠶᠣᠣ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠶᠠᠨ ᠬᠤᠸᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠭᠠᠩ᠂ ᠳ᠋ᠢᠩ ᠰᠢᠤ ᠹᠧᠩ᠂ ᠢᠦᠢ ᠯᠢ ᠰᠢᠨ᠂ ᠵᠠᠩ ᠱᠤᠤ ᠴᠦᠨ᠂ ᠶᠣᠣ ᠶᠦᠩ ᠪᠦᠸᠧ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ