ᠮᠠᠨ ᠤ ᠣᠷᠣᠨ 2024 ᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ 74.42 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2024/7/8


      ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠣᠲᠣ ᠪᠣᠯᠲᠠᠯ᠎ᠠ᠂ ᠥᠪᠥᠷ ᠮᠣᠩᠭᠤᠯ 2024 ᠣᠨ ᠤ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢ ᠨᠢᠭᠡᠨᠲᠡ 74.42 ᠳ᠋ᠦᠩᠰᠢᠭᠤᠷ ᠲᠥᠭᠦᠷᠢᠭ ᠪᠠᠭᠤᠯᠭᠠᠪᠠ᠃

      ᠡᠭᠦᠨ ᠳᠤ᠂ ᠲᠥᠪ ᠤᠨ ᠡᠳ᠋ ᠤᠨ ᠵᠠᠰᠠᠭ ᠤᠨ ᠠᠪᠤᠷᠠᠨ ᠲᠤᠰᠠᠯᠠᠬᠤ ᠨᠥᠬᠦᠪᠦᠷᠢ 56.33 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠠᠪᠤᠷᠠᠨ ᠲᠤᠰᠠᠯᠠᠬᠤ ᠨᠥᠬᠦᠪᠦᠷᠢ 18.09 ᠳ᠋ᠦᠩᠰᠢᠭᠤᠷ ᠲᠥᠭᠦᠷᠢᠭ ᠪᠠᠭᠤᠯᠭᠠᠨ ᠂ ᠥᠪᠥᠷ ᠮᠣᠩᠭᠤᠯ ᠤᠨ 167 ᠲᠦᠮᠡᠨ ᠬᠤᠲᠠ ᠬᠥᠳᠡᠭᠡᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ᠂ ᠥᠨᠥᠴᠢᠨ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠤᠳ ᠤᠨ ᠦᠨᠳᠦᠰᠦᠨ ᠠᠮᠢᠳᠤᠷᠠᠯ ᠢ ᠪᠠᠲᠤᠯᠠᠵᠤ᠂ ᠣᠨᠴᠠ ᠬᠦᠴᠢᠷᠳᠡᠯᠲᠡᠢ ᠬᠥᠮᠥᠰ ᠵᠢᠴᠢ ᠲᠡᠨᠦᠭᠦᠯ ᠭᠤᠶᠢᠷᠠᠨᠴᠢᠳ ᠢ ᠲᠦᠷ ᠴᠠᠭ ᠠᠪᠤᠷᠠᠨ ᠲᠤᠰᠠᠯᠠᠬᠤ ᠠᠵᠢᠯ ᠥᠷᠨᠢᠭᠦᠯᠦᠭᠡᠳ᠂ ᠠᠪᠤᠷᠠᠨ ᠲᠤᠰᠠᠯᠠᠬᠤ ᠨᠥᠬᠦᠪᠦᠷᠢ ᠶᠢᠨ ᠬᠤᠷᠢᠭ᠎ᠠ ᠱᠤᠭᠤᠮ ᠢ ᠰᠠᠬᠢᠬᠤ᠂ ᠠᠷᠠᠳ ᠤᠨ ᠠᠮᠢᠳᠤᠷᠠᠯ ᠢ ᠪᠠᠲᠤᠯᠠᠬᠤ ᠴᠢᠬᠤᠯᠠ ᠦᠢᠯᠡᠳᠦᠯ ᠢ  ᠨᠢ ᠪᠠᠳᠠᠷᠠᠭᠤᠯᠤᠭᠰᠠᠨ ᠪᠠᠶᠢᠨ᠎ᠠ ᠃

      2024 ᠣᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠯᠤᠭ᠎ᠠ ᠣᠶᠢᠯᠠᠭᠠᠯᠴᠠᠨ ᠵᠣᠯᠭᠠᠯᠳᠤᠬᠤ ᠪᠠᠨ ᠢᠳᠡᠪᠬᠢᠲᠡᠢ ᠰᠠᠶᠢᠲᠤᠷ ᠬᠢᠵᠦ᠂ ᠲᠥᠪ ᠤᠨ ᠡᠳ᠋ ᠤᠨ ᠵᠠᠰᠠᠭ ᠤᠨ ᠥᠪᠥᠷ ᠮᠣᠩᠭᠤᠯ ᠤᠨ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢ ᠨᠢ ᠡᠷᠴᠢᠮᠵᠢᠭᠦᠯᠬᠦ ᠪᠠᠷ ᠴᠢᠷᠮᠠᠶᠢᠵᠤ ᠪᠠᠶᠢᠨ᠎ᠠ ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ  ᠨᠢ ᠪᠥᠬᠦ ᠣᠷᠣᠨ ᠤ ᠡᠯ᠎ᠡ ᠭᠠᠵᠠᠷ ᠤᠨ ᠡᠳ᠋ ᠤᠨ ᠵᠠᠰᠠᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠢ ᠱᠠᠭᠠᠷᠳᠠᠬᠤ ᠳᠤ ᠪᠠᠨ ᠨᠢᠭᠲᠠ ᠬᠠᠮᠵᠢᠯᠴᠠᠵᠤ᠂ ᠠᠰᠠᠭᠤᠳᠠᠯ ᠢ ᠴᠠᠭ ᠲᠤᠬᠠᠢ ᠳᠤ  ᠨᠢ ᠢᠯᠡᠷᠡᠭᠦᠯᠦᠨ ᠰᠢᠢᠳᠪᠦᠷᠢᠯᠡᠬᠦ ᠬᠡᠷᠡᠭᠲᠡᠢ︔ ︽ᠴᠢᠳᠠᠯ ᠤᠨ ᠢᠶᠠᠨ ᠬᠢᠷᠢ ᠪᠠᠷ ᠴᠢᠷᠮᠠᠶᠢᠨ ᠬᠢᠬᠦ︾ ᠵᠠᠷᠴᠢᠮ ᠶᠣᠰᠣᠭᠠᠷ᠂ ᠪᠠᠲᠤᠯᠠᠬᠤ ᠡᠲᠡᠭᠡᠳ ᠢ ᠨᠠᠷᠢᠯᠢᠭ ᠣᠨᠣᠴᠠᠲᠠᠢ ᠮᠠᠭᠠᠳᠯᠠᠨ ᠲᠣᠭᠲᠠᠭᠠᠬᠤ ᠠᠵᠢᠯ ᠢᠶᠠᠨ ᠴᠢᠩᠭ᠎ᠠ ᠰᠠᠶᠢᠲᠤᠷ ᠬᠢᠬᠦ ᠬᠡᠷᠡᠭᠲᠡᠢ︔ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢᠨ ᠬᠡᠷᠡᠭᠯᠡᠯᠲᠡ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠲᠥᠰᠥᠪ ᠢ ᠬᠡᠷᠡᠭᠵᠢᠭᠦᠯᠬᠦ ᠠᠬᠢᠴᠠ ᠪᠠᠨ ᠲᠦᠷᠭᠡᠳᠬᠡᠨ᠂ ᠪᠡᠯᠡ ᠮᠦᠩᠭᠦᠨ ᠤ ᠵᠠᠷᠤᠯᠭ᠎ᠠ ᠶᠢᠨ ᠪᠦᠲᠦᠴᠡ ᠶᠢ ᠴᠢᠨᠠᠭᠰᠢᠳᠠ ᠤᠯᠠᠮ ᠰᠢᠯᠢᠳᠡᠭᠵᠢᠭᠦᠯᠵᠦ᠂ ᠪᠡᠯᠡ ᠮᠦᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠨᠠᠩ ᠰᠠᠶᠢᠨ ᠪᠠᠲᠤᠯᠠᠬᠤ ᠬᠡᠷᠡᠭᠲᠡᠢ ᠭᠡᠵᠡᠢ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ