ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠬᠤᠷᠠᠯᠳᠤᠪᠠ  ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/7/8


      ᠡᠬᠡ ᠤᠯᠤᠰ ᠤᠨ ᠠᠰ ᠤᠮᠠᠷᠠᠲᠤ ᠣᠷᠣᠨ ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠃ 6 ᠰᠠᠷ᠎ᠠ ᠶᠢᠨ 30 ᠤ ᠡᠳᠦᠷ ᠂ 2024 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠡᠪᠡᠰᠦ ᠨᠣᠭᠤᠭ᠎ᠠ ᠬᠥᠬᠡᠷᠡᠨ ᠨᠣᠭᠤᠭᠠᠷᠠᠵᠤ ᠂ ᠬᠤᠸᠠᠷ ᠴᠡᠴᠡᠭ ᠮᠢᠷᠠᠯᠵᠠᠨ ᠳᠡᠯᠭᠡᠷᠡᠭᠰᠡᠨ ᠴᠡᠯᠡᠭᠡᠷ ᠲᠠᠯ᠎ᠠ ᠳᠤ ᠶᠠᠪᠤᠭᠳᠠᠪᠠ ᠃
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠬᠤᠷᠠᠯ ᠳᠤ ᠣᠷᠣᠯᠴᠠᠵᠠᠢ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ  ᠶᠢᠨ ᠬᠤᠷᠠᠯ ᠢ ᠡᠷᠭᠢᠯᠡᠵᠠᠢ ᠃
      ᠸᠠᠩ ᠯᠢ ᠰᠢᠶᠠ ᠂ ᠥᠪᠥᠷ ᠮᠣᠩᠭᠤᠯ ᠤᠨ ᠪᠠᠶᠢᠭᠠᠯᠢ ᠶᠢᠨ ᠦᠵᠡᠮᠵᠢ ᠰᠦᠷᠯᠢᠭ ᠰᠠᠶᠢᠬᠠᠨ ᠂ ᠲᠡᠦᠬᠡ ᠰᠣᠶᠣᠯ ᠥᠨᠢ ᠤᠳᠠᠭᠠᠨ ᠂ ᠦᠨᠳᠦᠰᠦᠲᠡᠨ ᠤ ᠵᠠᠩ ᠦᠢᠯᠡ ᠥᠪᠡᠷᠮᠢᠴᠡ ᠪᠠᠶᠢᠳᠠᠭ ᠃ ᠣᠷᠣᠨ ᠳᠠᠶᠠᠭᠠᠷ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠪᠦᠭᠦ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠰᠣᠶᠣᠯ ᠢᠶᠠᠷ ᠵᠢᠭᠤᠯᠴᠢᠯᠠᠯ ᠢ ᠱᠤᠭᠤᠵᠤ ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ ᠂ ︽ᠥᠪᠡᠰᠤᠪᠡᠨ ᠲᠡᠷᠭᠡ ᠵᠢᠯᠤᠭᠤᠳᠴᠤ ᠵᠢᠭᠤᠯᠴᠢᠯᠠᠬᠤ ᠶᠢᠨ ᠲᠡᠷᠢᠭᠦᠨ ᠰᠣᠩᠭᠤᠯᠲᠠ ᠶᠢᠨ ᠭᠠᠵᠠᠷ ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠶᠢᠨ ᠰᠣᠳᠣᠨ ᠰᠣᠩᠭᠤᠯᠲᠠ ᠶᠢᠨ ᠭᠠᠵᠠᠷ ᠂ ᠠᠮᠠᠷᠠᠵᠤ ᠵᠢᠭᠤᠯᠴᠢᠯᠠᠬᠤ ᠶᠢᠨ ᠵᠠᠪᠠᠯ ᠰᠣᠩᠭᠤᠬᠤ ᠭᠠᠵᠠᠷ ᠂ ᠡᠷᠡᠭᠦᠯᠵᠢᠯ ᠰᠤᠪᠢᠯᠠᠯᠲᠠ ᠬᠢᠵᠦ ᠵᠢᠭᠤᠯᠴᠢᠯᠠᠬᠤ ᠶᠢᠨ ᠰᠢᠯᠢᠳᠡᠭ ᠰᠣᠩᠭᠤᠯᠲᠠ ᠶᠢᠨ ᠭᠠᠵᠠᠷ ︾ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ ᠂ ᠣᠨᠴᠠᠯᠢᠭ ᠶᠠᠰᠤ ᠴᠢᠨᠠᠷ ᠂ ᠰᠣᠶᠣᠯ ᠢ ᠪᠡᠶᠡᠴᠢᠯᠡᠨ ᠣᠶᠢᠯᠠᠭᠠᠬᠤ ᠂ ᠠᠵᠤ ᠦᠢᠯᠡᠰ ᠢ ᠨᠡᠶᠢᠳᠬᠡᠬᠦ ᠂ ᠦᠢᠯᠡᠴᠢᠯᠡᠭᠡ ᠶᠢ ᠳᠡᠰ ᠳᠡᠪᠰᠢᠭᠦᠯᠬᠦ ᠂ ᠭᠤᠣᠯ ᠴᠣᠭᠴᠠ ᠶᠢ ᠪᠣᠶᠢᠵᠢᠭᠤᠯᠬᠤ ᠂ ᠤᠬᠠᠭᠤᠯᠤᠨ ᠪᠣᠷᠣᠯᠠᠭᠤᠯᠬᠤ ᠠᠵᠢᠯ ᠢ ᠰᠠᠶᠢᠲᠤᠷ ᠬᠢᠵᠦ ᠂ ᠵᠢᠭᠤᠯᠴᠢᠯᠠᠯ ᠤᠨ ᠡᠬᠢ ᠪᠠᠶᠠᠯᠢᠭ ᠤᠨ ᠲᠣᠮᠣ ᠣᠷᠣᠨ ᠢ ᠵᠢᠭᠤᠯᠴᠢᠯᠠᠯ ᠤᠨ ᠠᠵᠤ ᠦᠢᠯᠡᠰ ᠤᠨ ᠬᠦᠴᠦᠷᠬᠡᠭ ᠣᠷᠣᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠃ ︽ᠷᠣᠮᠠᠨᠲ᠋ᠢᠭ ᠬᠠᠪᠤᠷ ︾᠂  ︽ᠰᠡᠷᠢᠭᠦᠨ ᠵᠣᠨ ︾᠂ ︽ᠭᠤᠶᠢᠳᠠ ᠨᠠᠮᠤᠷ  ︾᠂ ︽ᠭᠠᠶᠢᠬᠠᠯᠲᠠᠢ ᠡᠪᠦᠯ ︾ ᠳᠥᠷᠪᠡᠨ ᠤᠯᠠᠷᠢᠯ ᠤᠨ ᠵᠢᠭᠤᠯᠴᠢᠯᠠᠯ ᠤᠨ ᠲᠦᠷᠤᠯ ᠲᠡᠮᠳᠡᠭ ᠢ ᠡᠭᠦᠳᠴᠦ ᠂ ︽ᠢᠳᠡᠵᠦ ᠤᠤᠭᠤᠬᠤ ᠶᠠᠪᠤᠵᠤ ᠰᠠᠭᠤᠬᠤ ᠵᠢᠭᠤᠯᠴᠢᠯᠠᠬᠤ ᠬᠤᠳᠠᠯᠳᠤᠨ ᠠᠪᠬᠤ ᠵᠤᠭ᠎ᠠ ᠴᠡᠩᠭᠡᠯ ︾ ᠵᠢᠭᠤᠯᠴᠢᠯᠠᠯ ᠤᠨ ᠪᠦᠭᠦ ᠡᠯᠧᠮᠧᠨ᠋ᠲ ᠢ ᠨᠠᠷᠢᠯᠢᠭ ᠬᠢᠵᠦ ᠂ ᠵᠢᠭᠤᠯᠴᠢᠯᠠᠬᠰᠠᠳ ᠤᠨ ᠪᠡᠶ᠎ᠡ ᠰᠡᠳᠬᠢᠯ ᠢ  ᠨᠢ ᠪᠠᠶᠠᠰᠤᠩᠭᠤᠢ ᠪᠤᠯᠭᠠᠵᠤ ᠂ ᠰᠡᠳᠬᠢᠯ ᠬᠤᠷᠭᠤᠳᠠᠭᠤᠯᠬᠤ ᠬᠡᠷᠡᠭᠲᠡᠢ ᠃ ︽ᠵᠢᠭᠤᠯᠴᠢᠯᠠᠯ + ᠠᠮᠢ ᠠᠬᠤᠢ ︾᠂ ︽ᠵᠢᠭᠤᠯᠴᠢᠯᠠᠯ + ᠡᠷᠡᠭᠦᠯᠵᠢᠯ ᠰᠤᠪᠢᠯᠠᠯᠲᠠ ︾᠂  ︽ᠵᠢᠭᠤᠯᠴᠢᠯᠠᠯ + ᠲᠠᠷᠢᠶᠠᠯᠠᠩ︾᠂ ︽ᠵᠢᠭᠤᠯᠴᠢᠯᠠᠯ + ᠪᠡᠶ᠎ᠡ ᠶᠢᠨ ᠲᠠᠮᠢᠷ ᠤᠨ ᠲᠣᠬᠯᠠᠯᠲᠠ ︾ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ ᠂ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠂ ᠦᠢᠯᠡᠴᠢᠯᠡᠭᠡᠨ ᠤ ᠬᠠᠩᠭᠠᠯᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠢᠭᠡ ᠪᠦᠯᠦᠭ ᠰᠣᠶᠣᠯ ᠵᠢᠭᠤᠯᠴᠢᠯᠠᠯ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠣᠷᠣᠭᠤᠯᠤᠨ ᠠᠪᠴᠢᠷᠠᠵᠤ ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠬᠦ ᠬᠡᠷᠡᠭᠲᠡᠢ ᠭᠡᠵᠦ ᠬᠡᠯᠡᠪᠡ ᠃ ᠸᠠᠩ ᠯᠢ ᠰᠢᠶᠠ ᠠᠵᠤ ᠠᠬᠤᠶᠢᠯᠠᠯᠲᠠᠨ ᠂ ᠵᠢᠭᠤᠯᠴᠢᠯᠠᠯ ᠤᠨ ᠠᠵᠢᠯ ᠲᠦᠷᠦᠯ ᠤᠨ ᠲᠥᠯᠥᠭᠡᠯᠡᠭᠴᠢ ᠂ ᠵᠠᠭᠤᠴᠢᠯᠠᠭᠤᠷ ᠤᠨ ᠨᠠᠶᠢᠵᠠ ᠨᠠᠷ ᠢ ᠥᠪᠥᠷ ᠮᠣᠩᠭᠤᠯ ᠤᠨ ᠬᠥᠭᠵᠢᠯᠲᠡ ᠶᠢᠨ ᠣᠷᠣᠯᠴᠠᠭᠴᠢ ᠂ ᠳᠦᠷᠢ ᠲᠥᠷᠬᠦ ᠶᠢᠨ ᠲᠠᠨᠢᠯᠴᠠᠭᠤᠯᠤᠭᠴᠢ ᠂ ᠵᠢᠭᠤᠯᠴᠢᠯᠠᠯ ᠤᠨ ᠤᠬᠠᠭᠤᠯᠤᠭᠴᠢ ᠪᠣᠯᠵᠤ ᠂ ᠲᠦᠷᠪᠡᠨ ᠵᠦᠭ ᠤᠨ ᠵᠣᠴᠢᠳ ᠢ ᠲᠠᠲᠠᠵᠤ ᠬᠠᠮᠲᠤ ᠪᠠᠷ ︽ᠲᠠᠯ᠎ᠠ ᠨᠤᠲᠤᠭ ᠲᠤ ᠪᠣᠯᠵᠣᠬᠤ︾ ᠶᠢ ᠴᠢᠩ ᠰᠡᠳᠬᠢᠯ ᠠᠴᠠ ᠪᠠᠨ ᠤᠷᠢᠪᠠ ᠃
      ᠡᠭᠢᠯᠡᠯᠲᠡ ᠶᠢᠨ ᠶᠣᠰᠣᠯᠠᠯ ᠳᠡᠭᠡᠷ᠎ᠡ ᠂ ᠳᠡᠯᠡᠬᠡᠢ ᠶᠢᠨ ᠵᠢᠭᠤᠯᠴᠢᠯᠠᠯ ᠤᠨ ᠬᠤᠯᠪᠣᠭᠠᠨ ᠤ ᠲᠡᠷᠢᠭᠦᠯᠡᠭᠴᠢ ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠤᠯ ᠤᠨ ᠳᠡᠳ᠋ ᠰᠠᠶᠢᠳ ᠵᠠᠩ ᠰᠢᠦᠢ ᠂ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠨᠡᠶᠢᠭᠡᠮᠯᠢᠭ ᠤᠨ ᠳᠠᠷᠤᠭ᠎ᠠ ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠤᠤᠯ ᠤᠨ ᠳᠡᠳ᠋ ᠳᠠᠷᠤᠭ᠎ᠠ ᠸᠠᠩ ᠰᠢᠶᠣᠣ ᠹᠧᠩ ᠪᠠᠶᠠᠷ ᠤᠨ ᠦᠭᠡ ᠬᠡᠯᠡᠵᠦ ᠂ ᠥᠪᠥᠷ ᠮᠣᠩᠭᠤᠯ ᠤᠨ ᠵᠢᠭᠤᠯᠴᠢᠯᠠᠯ ᠤᠨ ᠳᠦᠷᠢ ᠲᠥᠷᠬᠦ ᠶᠢᠨ ᠡᠯᠴᠢᠨ ᠰᠠᠷᠠᠨ᠎ᠠ ᠥᠪᠥᠷ ᠮᠣᠩᠭᠤᠯ ᠤᠨ ᠵᠢᠭᠤᠯᠴᠢᠯᠠᠯ ᠤᠨ ᠣᠷᠣᠯᠠᠨ ᠥᠭᠦᠯᠡᠭᠴᠢ ᠪᠣᠯᠤᠭᠰᠠᠨ ᠪᠥᠭᠡᠳ ᠲᠠᠨᠢᠯᠴᠠᠭᠤᠯᠭ᠎ᠠ ᠬᠢᠵᠦ ᠂ ᠰᠢᠶᠧ ᠴᠧᠩ ᠂ ᠲᠦᠩ ᠴᠧᠩ ᠂ ᠮᠠ ᠹᠧᠩ ᠸᠧ ᠂ ᠰᠢᠶᠣᠣ ᠬᠤᠩ ᠱᠣ᠋ ᠵᠡᠷᠭᠡ ᠠᠵᠤ ᠠᠬᠤᠶᠢᠯᠠᠯ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠰᠠᠨᠠᠭᠠᠴᠢᠯᠠᠭ᠎ᠠ ᠭᠠᠷᠭᠠᠵᠤ ᠂ ︽ᠭᠤᠤ ᠳ᠋ᠧ ᠨᠢᠭᠡ ᠳᠠᠷᠤᠪᠴᠢ ᠪᠠᠷ ᠥᠪᠥᠷ ᠮᠣᠩᠭᠤᠯ ᠢᠶᠠᠷ ᠵᠢᠭᠤᠯᠴᠢᠯᠠᠬᠤ ︾ ᠪᠠ ᠥᠪᠥᠷ ᠮᠣᠩᠭᠤᠯ ᠤᠨ ᠵᠤᠨ ᠤ ᠤᠯᠠᠷᠢᠯ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠡᠶᠢᠲᠡᠯᠡᠵᠦ ᠂ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ ︾ ᠭᠡᠬᠦ ᠥᠪᠥᠷ ᠮᠣᠩᠭᠤᠯ ᠢᠶᠠᠷ ᠵᠢᠭᠤᠯᠴᠢᠯᠠᠬᠤ ᠠᠵᠢᠯᠯᠠᠭ᠎ᠠ ᠶᠢ ᠡᠬᠢᠯᠡᠭᠦᠯᠵᠡᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ