ᠰᠢᠯᠢ ᠶᠢᠨ ᠭᠤᠣᠯ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠵᠢᠭᠤᠯᠴᠢᠯᠠᠭᠴᠢᠳ ᠲᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2024/7/9

      ᠰᠢᠯᠢ ᠶᠢᠨ ᠭᠤᠤᠯ ᠠᠶᠢᠮᠠᠭ ᠤᠨ ᠵᠢᠭᠤᠯᠴᠢᠯᠠᠯ ᠤᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠨᠠᠷ ᠰᠠᠶᠢᠲᠠᠶ ᠵᠢᠭᠤᠯᠴᠢᠯᠠᠯ ᠤᠨ ᠦᠢᠯᠡᠴᠢᠯᠡᠭᠡᠨ ᠤ ᠣᠷᠴᠢᠨ ᠨᠦᠬᠦᠴᠡᠯ ᠢ ᠪᠣᠶ ᠪᠣᠯᠭᠠᠵᠤ᠂ ᠠᠷᠠᠳ ᠣᠯᠠᠨ ᠤ ᠣᠯᠠᠨ ᠶᠠᠩᠵᠤᠴᠢᠯᠠᠭᠰᠠᠨ᠂ ᠴᠢᠨᠠᠷᠵᠢᠭᠰᠠᠨ ᠵᠢᠭᠤᠯᠴᠢᠯᠠᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠲᠠᠪᠤᠨ ᠲᠠᠯ᠎ᠠ ᠪᠠᠷ ᠵᠢᠭᠤᠯᠴᠢᠯᠠᠭᠴᠢᠳ ᠲᠤ ᠲᠤᠳᠤᠨᠤᠰᠤᠭ ᠦᠢᠯᠡᠴᠢᠯᠡᠭᠡ ᠬᠠᠩᠭᠠᠬᠤ ᠪᠣᠯᠤᠨ᠎ᠠ᠃

      ᠨᠢᠭᠡ ᠳᠤ᠂ ᠥᠪᠡᠷᠲᠡᠭᠡᠨ ᠲᠡᠷᠭᠡ ᠵᠢᠯᠤᠭᠤᠳᠬᠤ ᠵᠢᠭᠤᠯᠴᠢᠯᠠᠭᠴᠢᠳ ᠰᠢᠯᠢ ᠶᠢᠨ ᠭᠤᠤᠯ ᠠᠶᠢᠮᠠᠭ ᠲᠤ ᠵᠠᠮ ᠬᠠᠷᠢᠯᠴᠠᠭᠠᠨ ᠤ ᠲᠠᠯ᠎ᠠ ᠪᠠᠷ ᠬᠠᠤᠯᠢ ᠶᠢ ᠬᠥᠩᠭᠡᠪᠲᠦᠷ ᠵᠦᠷᠢᠴᠡᠬᠦ ᠳᠤ᠂ ᠤᠶᠠᠨ ᠬᠠᠲᠠᠨ ᠴᠢᠨᠠᠷᠲᠠᠶ ᠪᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠨ᠂ ᠰᠤᠷᠭᠠᠨ ᠬᠥᠮᠦᠵᠢᠭᠦᠯᠬᠦ ᠪᠠᠷ ᠭᠤᠣᠯᠯᠠᠨ᠂ ︽ᠠᠩᠬᠠᠳᠠᠭᠴᠢ ᠵᠦᠷᠢᠴᠡᠯ ᠢ ᠲᠣᠷᠭᠠᠭᠤᠯᠢ ᠠᠴᠠ ᠬᠡᠯᠲᠦᠷᠢᠭᠦᠯᠦᠨ᠎ᠡ︾᠃ ᠬᠤᠶᠠᠷ ᠲᠤ᠂ ᠠᠶᠢᠮᠠᠭ ᠤᠨ ᠳᠣᠲᠣᠭᠠᠳᠤ ᠳᠤ ᠪᠠᠨ ᠥᠪᠡᠷᠲᠡᠭᠡᠨ ᠲᠡᠷᠭᠡ ᠵᠢᠯᠣᠭᠤᠳᠬᠤ ᠵᠢᠭᠤᠯᠴᠢᠯᠠᠭᠴᠢᠳ ᠤᠨ ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠨ᠎ᠡ᠃ ᠬᠠᠤᠯᠢ ᠴᠠᠭᠠᠵᠠ ᠶᠢᠨ ᠲᠣᠭᠲᠠᠭᠠᠭᠰᠠᠨ ᠬᠡᠪᠴᠢᠶᠡᠨ ᠳᠤ᠂ ᠥᠪᠡᠷᠲᠡᠭᠡᠨ ᠲᠡᠷᠭᠡ ᠵᠢᠯᠣᠭᠤᠳᠬᠤ ᠵᠢᠭᠤᠯᠴᠢᠯᠠᠭᠴᠢᠳ ᠲᠤ ᠬᠤᠯᠪᠣᠭᠳᠠᠬᠤ ᠵᠠᠮ ᠬᠠᠷᠢᠯᠴᠠᠭᠠᠨ ᠤ ᠠᠳᠠᠯ ᠳᠤ ᠲᠦᠷᠭᠡᠨ ᠰᠢᠢᠳᠪᠦᠷᠢᠯᠡᠬᠦ ᠵᠠᠷᠴᠢᠮ ᠢ ᠨᠠᠶᠢᠳᠠᠪᠤᠷᠢᠵᠢᠭᠤᠯᠤᠨ᠎ᠠ᠃ ᠭᠤᠷᠪᠠ ᠳᠤ᠂ ︽ᠠᠭᠤᠳᠠᠮ ᠲᠠᠯ᠎ᠠ—ᠰᠢᠯᠢ ᠶᠢᠨ ᠭᠤᠤᠯ︾ ᠰᠣᠶᠣᠯ ᠵᠢᠭᠤᠯᠴᠢᠯᠠᠯ ᠤᠨ ᠠᠯᠪᠠᠨ ᠤ ᠣᠯᠠᠨ ᠨᠡᠶᠢᠲᠡ ᠶᠢᠨ ᠸᠢᠴᠠᠲ ᠲᠠᠪᠴᠠᠩ ᠠᠴᠠ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠡᠳᠦᠷ ᠪᠦᠷᠢ ᠬᠦᠷᠭᠡᠨ᠎ᠡ᠃ ᠳᠥᠷᠪᠡ ᠳᠤ᠂ ᠵᠢᠭᠤᠯᠴᠢᠯᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠦᠢᠯᠡᠴᠢᠯᠡᠭᠡᠨ ᠤ ᠶᠠᠰᠤ ᠴᠢᠨᠠᠷ ᠪᠠ ᠦᠢᠯᠡᠳᠦᠯ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠳᠤ ᠵᠢᠭᠤᠯᠴᠢᠯᠠᠯ ᠤᠨ ᠠᠰᠠᠭᠤᠨ ᠯᠠᠪᠯᠠᠬᠤ ᠲᠤᠰᠬᠠᠢ ᠰᠠᠭᠤᠳᠠᠯ ᠭᠠᠷᠭᠠᠵᠤ᠂ ᠵᠢᠭᠤᠯᠴᠢᠯᠠᠯ ᠤᠨ ᠠᠰᠠᠭᠤᠨ ᠯᠠᠪᠯᠠᠬᠤ ᠦᠢᠯᠡᠴᠢᠯᠡᠭᠡᠨ ᠤ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠵᠦ᠂ ᠭᠤᠶᠤᠴᠢᠯᠠᠯ ᠪᠠᠶᠢᠪᠠᠯ ᠵᠠᠪᠠᠯ ᠬᠦᠯᠢᠶᠡᠵᠦ᠂ ᠭᠤᠶᠤᠴᠢᠯᠠᠯ ᠪᠠᠶᠢᠪᠠᠯ ᠵᠠᠪᠠᠯ ᠬᠠᠷᠢᠭᠤᠯᠬᠤ ᠶᠢ ᠪᠡᠶᠡᠯᠡᠭᠦᠯᠦᠨ᠎ᠡ᠃ ᠲᠠᠪᠤ ᠳᠤ᠂ ᠪᠥᠬᠦ ᠠᠶᠢᠮᠠᠭ ᠤᠨ ᠡᠯ᠎ᠡ ᠭᠠᠵᠠᠷ ᠴᠢᠨᠠᠷ ᠰᠠᠶᠢᠲᠠᠶ ᠵᠢᠭᠤᠯᠴᠢᠯᠠᠯ ᠤᠨ ᠬᠡᠷᠡᠭᠯᠡᠭᠡᠨ ᠤ ᠣᠷᠴᠢᠨ ᠨᠦᠬᠦᠴᠡᠯ ᠢ ᠪᠣᠶ ᠪᠣᠯᠭᠠᠵᠤ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠠᠮ ᠬᠠᠷᠢᠯᠴᠠᠭ᠎ᠠ᠂ ᠪᠠᠷᠠᠭ᠎ᠠ ᠬᠤᠳᠠᠯᠳᠤᠭ᠎ᠠ᠂ ᠵᠤᠭ᠎ᠠ ᠴᠡᠩᠭᠡᠯ ᠵᠡᠷᠭᠡ ᠬᠤᠯᠪᠣᠭᠳᠠᠯ ᠪᠥᠬᠦᠶ ᠬᠦᠷᠢᠶᠡᠨ ᠳᠠᠬᠢ ᠵᠢᠭᠤᠯᠴᠢᠯᠠᠭᠴᠢᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠯᠪᠠᠳᠠᠯᠭ᠎ᠠ ᠪᠠᠷ ᠠᠷᠠᠯᠵᠢᠶᠠᠯᠠᠬᠤ᠂ ᠬᠤᠳᠠᠯ ᠬᠠᠭᠤᠷᠮᠠᠭ ᠢᠶᠠᠷ ᠤᠬᠠᠭᠤᠯᠬᠤ᠂ ᠠᠶᠠᠨᠴᠢᠳ ᠢ ᠮᠡᠬᠡᠯᠡᠵᠦ ᠬᠢᠬᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃

       ᠣᠶᠢᠷ᠎ᠠ ᠶᠢᠨ ᠵᠢᠯ ᠤᠳ ᠲᠤ᠂ ᠰᠢᠯᠢ ᠶᠢᠨ ᠭᠤᠣᠯ ᠠᠶᠢᠮᠠᠭ ᠵᠢᠭᠤᠯᠴᠢᠯᠠᠯ ᠤᠨ ᠦᠢᠯᠡᠰ ᠤᠨ ᠭᠦᠭᠵᠢᠯᠳᠠ ᠪᠠᠨ ᠶᠡᠭᠡ ᠪᠠᠷ ᠠᠬᠢᠭᠤᠯᠵᠤ᠂ ᠵᠢᠭᠤᠯᠴᠢᠯᠠᠯ ᠤᠨ ᠰᠠᠭᠤᠷᠢ ᠲᠦᠭᠦᠬᠡᠷᠣᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠢᠶᠠᠨ ᠪᠠᠶᠠᠯᠢᠭᠵᠢᠭᠤᠯᠵᠤ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠂ ᠵᠢᠭᠤᠯᠴᠢᠯᠠᠯ ᠤᠨ ᠡᠮᠬᠢ ᠳᠢᠭᠯᠢᠮ ᠢᠶᠠᠨ ᠵᠢᠷᠤᠮᠵᠢᠭᠤᠯᠵᠤ᠂ ︽ᠶᠠᠪᠤᠬᠤ ᠳᠤ ᠰᠠᠨᠠᠭ᠎ᠠ ᠪᠠᠷ᠂ ᠬᠤᠨᠣᠭᠯᠠᠬᠤ ᠳᠤ ᠰᠡᠳᠭᠢᠯ ᠠᠮᠤᠷ᠂ ᠢᠳᠡᠬᠦ ᠳᠤ ᠰᠠᠨᠠᠭ᠎ᠠ ᠠᠮᠤᠷ᠂ ᠨᠠᠭᠠᠳᠬᠤ ᠳᠤ ᠪᠠᠶᠠᠷ ᠬᠦᠷ ᠲᠠᠢ᠂ ᠬᠤᠳᠠᠯᠳᠤᠨ ᠠᠪᠬᠤ ᠳᠤ ᠬᠠᠨᠤᠮᠵᠢᠲᠠᠶ᠂ ᠵᠤᠭᠠᠴᠠᠬᠤ ᠳᠤ ᠲᠠᠭᠠᠯᠠᠮᠵᠢᠲᠠᠶ︾ ᠰᠠᠶᠢᠨ ᠰᠠᠶᠢᠬᠠᠨ ᠵᠢᠭᠤᠯᠴᠢᠯᠠᠯ ᠤᠨ ᠣᠷᠴᠢᠨ ᠨᠦᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ