ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ᠂ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠬᠤ ᠶᠢᠨ ᠳᠠᠭᠠᠤ ᠬᠠᠷᠭᠤᠭᠤᠯᠵᠤ᠂ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠬᠤ ᠶᠢ ᠬᠥᠮᠥᠵᠢᠭᠦᠯᠦᠨ ᠵᠢᠯᠤᠭᠤᠳᠴᠤ᠂ ᠮᠡᠳᠡᠬᠦ ᠪᠠ ᠬᠢᠬᠦ ᠶᠢ ᠪᠡᠶᠡᠯᠡᠭᠦᠯᠬᠦ ᠮᠥᠷᠲᠡᠭᠡᠨ ᠬᠤᠷᠢᠭ᠎ᠠ ᠲᠠᠢ ᠪᠠᠶᠢᠬᠤ ᠶᠢ ᠨᠡᠩ ᠪᠡᠶᠡᠯᠡᠭᠦᠯᠵᠦ ᠪᠠᠶᠢᠨ᠎ᠠ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠪᠠ᠃ ᠲᠤᠰ ᠬᠤᠷᠢᠶ᠎ᠠ ︽ᠪᠠᠶᠢᠴᠠᠭᠠᠬᠤ ᠠᠵᠢᠯ ᠠᠷᠠᠳ ᠤᠨ ᠠᠮᠢᠳᠤᠷᠠᠯ ᠢ ᠬᠠᠮᠠᠭᠠᠯᠠᠬᠤ︾᠂ ︽ᠪᠠᠶᠢᠴᠠᠭᠠᠬᠤ ᠠᠵᠢᠯ ᠠᠵᠤ ᠠᠬᠤᠶᠢᠯᠠᠯ ᠢ ᠬᠠᠮᠠᠭᠠᠯᠠᠬᠤ︾ ᠵᠡᠷᠭᠡ ᠲᠤᠰᠬᠠᠢ ᠠᠵᠢᠯᠯᠠᠭ᠎ᠠ ᠳᠤ ᠲᠦᠰᠢᠭᠯᠡᠨ᠂ ᠡᠷᠬᠡ ᠲᠤᠰᠢᠶᠠᠯ ᠢᠶᠠᠨ ᠠᠰᠢᠭᠯᠠᠵᠤ ᠬᠢᠭᠰᠡᠨ ᠶᠠᠯᠠᠲᠤ ᠬᠡᠷᠡᠭ ᠢ ᠰᠢᠢᠳᠪᠦᠷᠢᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠨᠥᠬᠦᠪᠦᠷᠢ ᠮᠥᠩᠭᠦ ᠶᠢ ᠮᠡᠬᠡᠯᠡᠨ ᠠᠪᠬᠤ᠂ ᠬᠠᠮᠲᠤ ᠶᠢᠨ ᠡᠳ᠋ ᠬᠥᠷᠥᠩᠭᠡ ᠶᠢ ᠱᠠᠮᠰᠢᠨ ᠵᠠᠯᠭᠢᠬᠤ ᠵᠢᠴᠢ ᠰᠤᠷᠭᠠᠨ ᠬᠥᠮᠦᠵᠢᠯ᠂ ᠡᠮ ᠡᠮᠨᠡᠯᠭᠡ᠂ ᠲᠠᠷᠢᠶᠠᠯᠠᠩ᠂ ᠵᠠᠰᠠᠮᠠᠯ ᠵᠠᠮ ᠤᠨ ᠢᠨᠵᠧᠨᠧᠷᠢᠩ ᠤᠨ ᠬᠦᠷᠢᠶᠡᠨ ᠳᠠᠬᠢ ᠡᠷᠬᠡ ᠪᠠᠨ ᠠᠰᠢᠭᠯᠠᠨ ᠬᠤᠪᠢ ᠪᠠᠨ ᠪᠣᠷᠳᠣᠬᠤ ᠮᠡᠲᠦ ᠶᠢᠨ ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ︔ ︽ᠤᠯᠠᠨ ᠲᠦᠮᠡᠨ ᠤ ᠳᠡᠷᠭᠡᠳᠡᠬᠢ ᠪᠠᠭ᠎ᠠ ᠬᠡᠷᠡᠭ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠢᠢᠳᠪᠦᠷᠢᠯᠡᠬᠦ︾ ᠲᠠᠯ᠎ᠠ ᠪᠠᠷ ᠬᠦᠴᠦᠯᠡᠵᠦ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ᠂ ᠦᠢᠯᠡᠳᠪᠦᠷᠢᠯᠡᠯ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠠᠵᠢᠯᠯᠠᠭ᠎ᠠ᠂ ᠤᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠬᠤᠷᠠᠮᠳᠤᠭᠤᠯᠬᠤ᠂ ᠪᠡᠯᠡ ᠮᠥᠩᠭᠦ ᠴᠤᠭᠯᠠᠭᠤᠯᠵᠤ ᠮᠡᠬᠡᠯᠡᠭᠰᠡᠨ ᠵᠡᠷᠭᠡ ᠤᠯᠠᠨ ᠲᠦᠮᠡᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ︔ ᠭᠦᠳᠡᠯᠮᠦᠷᠢᠴᠢᠳ ᠤᠨ ︽ᠬᠥᠯᠥᠰᠦ ᠣᠯᠭᠤᠮᠵᠢ ᠶᠢᠨ ᠲᠥᠯᠥᠭᠡ ᠵᠣᠪᠠᠨᠢᠵᠤ ᠪᠠᠶᠢᠭ᠎ᠠ︾ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠬᠥᠯᠥᠰᠦᠨ ᠠᠵᠢᠯᠴᠢᠨ ᠤ ᠴᠠᠯᠢᠩ ᠥᠷᠢᠲᠦᠵᠦ ᠪᠠᠶᠢᠭ᠎ᠠ ᠨᠢᠭᠡᠴᠢ ᠶᠢ ᠵᠠᠭᠠᠯᠳᠤᠬᠤ ᠶᠢ ᠳᠡᠮᠵᠢᠵᠦ᠂ ᠭᠦᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ ᠲᠡᠪᠴᠢᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠪᠠᠶᠢᠨ᠎ᠠ︔ ᠪᠠᠶᠢᠴᠠᠭᠠᠬᠤ ᠪᠠᠶᠢᠭᠤᠯᠭ᠎ᠠ ᠶᠢᠨ ︽ᠠᠵᠤ ᠠᠬᠤᠶᠢᠯᠠᠯ ᠢ ᠬᠠᠮᠠᠭᠠᠯᠠᠬᠤ ᠲᠠᠪᠤᠨ ᠠᠷᠭ᠎ᠠ︾ ᠪᠠᠷ ᠬᠠᠤᠯᠢᠵᠢᠯᠳᠠ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠬᠤ ᠳᠤ ᠬᠦᠴᠦᠨ ᠨᠡᠮᠡᠷᠢᠯᠡᠵᠦ ᠪᠠᠶᠢᠨ᠎ᠠ᠃
ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠶᠣᠰᠣ ᠳᠦᠷᠢᠮ ᠰᠠᠬᠢᠯᠭ᠎ᠠ ᠪᠠᠲᠤ ᠶᠢ ᠵᠢᠷᠤᠮᠯᠠᠬᠤ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠵᠤ᠂ ᠰᠢᠰᠲ᠋ᠧᠮ ᠤᠨ ᠳᠣᠲᠣᠷᠠᠬᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠭᠢᠯᠡᠭᠦ᠂ ᠰᠤᠷᠤᠯᠴᠠᠵᠤ ᠰᠤᠳᠤᠯᠤᠨ ᠶᠠᠷᠢᠯᠴᠠᠬᠤ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠬᠦ ᠵᠡᠷᠭᠡ ᠪᠠᠷ ᠳᠠᠮᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃ ᠲᠤᠰ ᠵᠥᠪᠯᠡᠯ ᠠᠴᠠ ︽ᠵᠠᠩᠭᠢᠯᠠᠭ᠎ᠠ ᠶᠢᠨ ᠴᠥᠭᠡᠨ ᠲᠣᠭᠠᠲᠠᠨ︾᠂ ︽ᠵᠠᠩᠭᠢᠯᠠᠭ᠎ᠠ ᠶᠢᠨ ᠠᠵᠢᠯ ᠤᠨ ᠪᠠᠶᠢᠷᠢ︾ ᠶᠢᠨ ᠬᠥᠮᠥᠰ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠭᠦ ᠬᠥᠮᠦᠵᠢᠯ ᠤᠨ ᠹᠢᠯᠢᠮ ᠢ ᠦᠵᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠳᠠᠭᠠᠭᠤᠯᠵᠤ ᠰᠡᠷᠡᠮᠵᠢᠯᠡᠭᠦᠯᠦᠯ ᠬᠦᠷᠲᠡᠭᠡᠵᠦ᠂ ᠬᠤᠷᠢᠭ᠎ᠠ ᠱᠤᠭᠤᠮ ᠢ ᠲᠣᠳᠣᠷᠬᠠᠶᠢᠯᠠᠵᠠᠢ︔ ︽ᠤᠳᠠᠭᠠᠨ ᠪᠦᠳᠦᠭᠦᠯᠢᠭ ᠬᠡᠶᠢᠰᠪᠦᠷᠢ ᠪᠠᠶᠢᠬᠤ︾᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠬᠥᠮᠥᠰ ᠲᠤ ᠰᠠᠨᠠᠭᠤᠯᠤᠨ ᠪᠣᠯᠵᠣᠨ ᠶᠠᠷᠢᠯᠴᠠᠵᠤ᠂ ᠰᠢᠭᠦᠮᠵᠢᠯᠡᠨ ᠬᠥᠮᠦᠵᠢᠯ ᠬᠦᠷᠲᠡᠭᠡᠪᠡ᠃ ᠡᠭᠦᠨ ᠤ ᠬᠠᠮᠲᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ᠂ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠲᠣᠮᠣ ᠭᠡᠯᠪᠡᠷᠢ ᠶᠢᠨ ᠡᠮᠨᠡᠯᠭᠡ ᠶᠢᠨ ᠬᠤᠷᠢᠶ᠎ᠠ ᠶᠢ ᠲᠣᠭᠤᠷᠢᠨ ᠪᠠᠶᠢᠴᠠᠭᠠᠬᠤ ᠵᠡᠷᠭᠡ ᠠᠵᠢᠯ ᠲᠠᠢ ᠣᠷᠭᠠᠨᠢᠭ ᠢᠶᠠᠷ ᠤᠶᠠᠯᠳᠤᠭᠤᠯᠤᠨ᠂ ᠨᠢᠭᠡ ᠴᠣᠭᠴᠠᠵᠢᠭᠤᠯᠤᠨ ᠠᠬᠢᠭᠤᠯᠵᠤ᠂ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠤᠮᠳᠠ ᠣᠯᠠᠨ ᠲᠦᠮᠡᠨ ᠤ ᠳᠡᠷᠭᠡᠳᠡᠬᠢ ᠠᠰᠠᠭᠤᠳᠠᠯ ᠳᠤ ᠬᠤᠯᠪᠣᠭᠳᠠᠭᠰᠠᠨ ᠰᠦᠪᠡᠭᠴᠢ ᠶᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠶᠢ 90% ᠠᠴᠠ ᠳᠡᠭᠡᠭᠰᠢ ᠳᠤ ᠬᠦᠷᠭᠡᠪᠡ᠃
ᠤᠯᠠᠭᠠᠨᠴᠠᠪ ᠬᠤᠳᠠ ᠡᠭᠦᠷᠭᠡ ᠶᠢ ᠬᠠᠮᠲᠤ ᠪᠠᠷ ᠠᠳᠬᠤᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠦᠷ᠎ᠡ ᠪᠦᠲᠦᠭᠡᠯ ᠢ ᠬᠠᠮᠲᠤ ᠪᠠᠷ ᠬᠡᠷᠡᠭᠯᠡᠬᠦ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠪᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠡᠶᠢᠲᠡᠯᠢᠭ ᠬᠡᠷᠡᠭ ᠤᠨ ᠵᠢᠱᠢᠶ᠎ᠡ ᠶᠢ ᠪᠠᠶᠢᠩᠭᠤ ᠵᠠᠷᠯᠠᠨ ᠮᠡᠳᠡᠭᠳᠡᠬᠦ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠵᠦ ᠬᠥᠲᠥᠯᠥᠨ ᠵᠢᠯᠤᠭᠤᠳᠴᠤ ᠶᠠᠭᠤ ᠶᠢ ᠬᠢᠵᠦ ᠳᠡᠶᠢᠯᠭᠦ᠂ ᠶᠠᠭᠤ ᠶᠢ ᠬᠢᠵᠦ ᠥᠯᠥ ᠪᠤᠯᠬᠤ ᠶᠢ ᠲᠣᠳᠣᠷᠬᠠᠢ ᠮᠡᠳᠡᠭᠦᠯᠪᠡ᠃ ᠡᠭᠦᠨ ᠤ ᠬᠠᠮᠲᠤ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠳᠤᠷ᠎ᠠ ᠦᠭᠡᠶᠢᠴᠡᠵᠦ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠲᠦᠷᠦᠭᠦᠯᠡᠨ ᠳᠠᠭᠠᠭᠠᠴᠢᠯᠠᠵᠤ ᠬᠤᠯᠪᠤᠭᠠᠯᠠᠨ ᠠᠬᠢᠭᠤᠯᠵᠤ᠂ 18 ᠪᠦᠷᠢᠯᠳᠦᠭᠦᠨ ᠨᠢᠭᠡᠴᠢ ᠬᠦᠴᠦ ᠪᠠᠨ ᠬᠠᠮᠲᠤᠳᠬᠠᠨ ᠬᠠᠮᠵᠢᠯᠴᠠᠵᠤ᠂ ᠠᠵᠢᠯ ᠤᠨ ᠲᠣᠭᠲᠠᠴᠠ ᠪᠠᠨ ᠪᠦᠷᠢᠨᠰᠢᠭᠦᠯᠵᠦ᠂ ᠤᠷᠢᠳ ᠬᠤᠵᠢᠳ ᠵᠢᠨᠢᠩ ᠲᠣᠭᠤᠷᠢᠭ ᠤᠨ ᠬᠤ᠋ ᠱᠠᠨ ᠵᠡᠭᠡᠯᠢ ᠭᠤᠳᠤᠮᠵᠢ ᠶᠢᠨ ᠵᠢᠶᠠ ᠶᠤᠸᠠᠨ ᠨᠡᠶᠢᠭᠡᠮ ᠲᠣᠭᠤᠷᠢᠭ ᠵᠡᠷᠭᠡ 12 ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠪᠢᠯᠵᠤᠤᠬᠠᠢ ᠲᠤᠶᠠᠴᠢᠬᠤ ᠮᠠᠶ᠋ᠢᠭ︾ ᠤᠨ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠱᠠᠲᠤᠨ ᠤ ᠡᠷᠬᠡ ᠲᠤᠰᠢᠶᠠᠯ ᠢ ᠴᠢᠨᠠᠭᠰᠢᠳᠠ ᠲᠣᠳᠣᠷᠬᠠᠶᠢᠯᠠᠵᠤ᠂ ᠦᠨᠳᠦᠰᠦᠨ ᠱᠠᠲᠤᠨ ᠤ ᠬᠦᠯᠢᠶᠡᠰᠦ ᠶᠢ ᠠᠯᠳᠠᠷᠠᠭᠠᠨ ᠬᠦᠴᠦᠨ ᠴᠢᠳᠠᠯ ᠣᠯᠭᠤᠪᠠ᠃ ᠰᠦᠪᠡᠭᠴᠢ ᠶᠢ ᠰᠢᠢᠳᠪᠦᠷᠢᠯᠡᠬᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠳᠦᠷᠢᠮ ᠲᠣᠭᠲᠠᠭᠠᠯ ᠲᠣᠭᠲᠠᠭᠠᠬᠤ ︽ᠳᠥᠷᠪᠡ ᠶᠢ ᠨᠢᠭᠡ ᠴᠣᠭᠴᠠᠵᠢᠭᠤᠯᠬᠤ︾ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠨᠠᠩ ᠨᠢᠭᠲᠠ ᠪᠤᠯᠭᠠᠵᠤ᠂ ᠠᠰᠠᠭᠤᠳᠠᠯ ᠢ ᠰᠢᠢᠳᠪᠦᠷᠢᠯᠡᠬᠦ ᠳᠤ ᠨᠠᠩ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠤᠯᠲᠠ ᠶᠢ ᠨᠠᠩ ᠪᠦᠲᠦᠮᠵᠢᠲᠡᠶ ᠪᠤᠯᠭᠠᠬᠤ ᠶᠢ ᠠᠬᠢᠭᠤᠯᠪᠠ᠃
ᠪᠠᠶᠠᠨᠨᠠᠭᠤᠷ ᠬᠤᠳᠠ ᠶᠢᠨ ᠦᠶᠤᠸᠠᠨ ᠰᠢᠶᠠᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠠᠢ ᠠᠭᠤᠰᠤᠯᠴᠠᠭᠤᠯᠤᠨ ᠠᠬᠢᠭᠤᠯᠵᠤ᠂ ᠨᠢᠭᠡ ᠴᠣᠭᠴᠠᠵᠢᠭᠤᠯᠤᠨ ᠨᠡᠪᠲᠡᠷᠡᠭᠦᠯᠪᠡ᠃ ᠲᠤᠰ ᠰᠢᠶᠠᠨ ᠵᠣᠬᠢᠶᠠᠨ ᠪᠠᠶᠢᠭᠤᠯᠵᠤ ᠤᠳᠤᠷᠢᠳᠬᠤ᠂ ᠰᠤᠷᠤᠯᠴᠠᠯᠭ᠎ᠠ ᠬᠥᠮᠦᠵᠢᠯ᠂ ᠵᠣᠬᠢᠴᠠᠭᠤᠯᠤᠨ ᠲᠣᠬᠢᠷᠠᠭᠤᠯᠬᠤ᠂ ᠱᠠᠯᠠᠪᠳᠠᠭᠤᠯᠤᠨ ᠵᠢᠯᠤᠭᠤᠳᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ︽ᠵᠢᠷᠭᠤᠭ᠎ᠠ ᠶᠢ ᠨᠢᠭᠡ ᠴᠣᠭᠴᠠᠵᠢᠭᠤᠯᠬᠤ︾ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠣᠭᠲᠠᠴᠠ ᠶᠢ ᠪᠠᠶᠢᠭᠤᠯᠵᠤ᠂ ᠲᠣᠰᠬᠤᠨ ᠨᠡᠶᠢᠭᠡᠮ ᠲᠣᠭᠤᠷᠢᠭ ᠤᠨ ᠫᠠᠶᠢᠰᠠ ᠡᠯᠭᠦᠬᠦ ᠶᠢ ᠵᠢᠷᠤᠮᠵᠢᠭᠤᠯᠬᠤ᠂ ︽ᠭᠠᠷᠠᠭ ᠲᠤ ᠨᠢᠭᠡ ᠤᠳᠠᠭ᠎ᠠ ᠶᠢᠨ ᠲᠣᠬᠢᠷᠠᠭᠤᠯᠤᠯᠲᠠ︾᠂ ︽ᠰᠠᠷ᠎ᠠ ᠳᠤ ᠨᠢᠭᠡ ᠤᠳᠠᠭ᠎ᠠ ᠶᠢᠨ ᠲᠣᠬᠢᠷᠠᠭᠤᠯᠤᠯᠲᠠ︾ ᠬᠢᠬᠦ ᠨᠠᠷᠢᠨ ᠲᠠᠩᠰᠠ ᠶᠢ ᠬᠢᠵᠦ ᠳᠠᠭᠤᠰᠬᠠᠬᠤ ᠵᠡᠷᠭᠡ ᠠᠵᠢᠯ ᠢ ᠥᠷᠨᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ ᠡᠭᠦᠨ ᠤ ᠬᠠᠮᠲᠤ᠂ ︽ᠨᠠᠮ ᠤᠨ ᠭᠡᠰᠢᠭᠦᠨ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠭᠦ ᠣᠨ︾ ᠤ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠰᠢᠶᠠᠩ ᠪᠠᠯᠭᠠᠰᠤ ᠶᠢ ᠳᠠᠭᠠᠭᠠᠴᠢᠯᠠᠵᠤ᠂ ᠠᠵᠤ ᠦᠢᠯᠡᠰ ᠢ ᠳᠠᠭᠠᠭᠠᠴᠢᠯᠠᠵᠤ᠂ ᠲᠦᠷᠦᠯ ᠵᠦᠢᠯ ᠢ ᠳᠠᠭᠠᠭᠠᠴᠢᠯᠠᠵᠤ᠂ ᠨᠢᠭᠡᠴᠢ ᠶᠢᠨ ︽ᠨᠢᠭᠡᠳᠦᠭᠡᠷ ᠬᠠᠷᠢᠭᠤᠴᠠᠯᠭᠠᠲᠠᠨ︾ ᠷᠠᠳᠢᠣ᠋ ᠨᠡᠪᠲᠡᠷᠡᠭᠦᠯᠭᠡ ᠪᠠᠷ ᠵᠠᠰᠠᠭ ᠤᠨ ᠶᠠᠪᠤᠳᠠᠯ ᠢ ᠭᠦᠢᠴᠡᠳᠬᠡᠵᠦ᠂ ᠵᠠᠬᠢᠳᠠᠯ ᠰᠤᠷᠪᠤᠯᠵᠢᠯᠠᠯ ᠢᠶᠠᠷ ᠬᠦᠴᠢᠷᠳᠡᠯ ᠢ ᠣᠶᠢᠯᠠᠭᠠᠵᠤ᠂ ᠵᠠᠰᠠᠭ ᠤᠨ ᠶᠠᠪᠤᠳᠠᠯ ᠢᠶᠠᠷ ᠦᠷ᠎ᠡ ᠪᠦᠲᠦᠮᠵᠢ ᠶᠢ ᠰᠢᠯᠭᠠᠵᠤ᠂ ᠰᠠᠯᠠᠭᠠᠨ ᠲᠡᠰ ᠤᠨ ᠺᠠᠳ᠋ᠷ ᠵᠠᠬᠢᠳᠠᠯ ᠰᠤᠷᠪᠤᠯᠵᠢᠯᠠᠯ ᠤᠨ ᠶᠡᠭᠡ ᠲᠢᠩᠬᠢᠮ ᠳᠤ ᠣᠷᠣᠵᠤ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠣᠷᠣᠵᠤ᠂ ᠨᠡᠶᠢᠭᠡᠮ ᠲᠣᠭᠤᠷᠢᠭ ᠲᠣᠰᠬᠤᠨ ᠳᠤᠭᠤᠶᠢᠯᠠᠩ ᠳᠤ ᠣᠷᠣᠵᠤ᠂ ᠵᠠᠯᠠᠭᠤ ᠺᠠᠳ᠋ᠷᠴᠤᠳ ᠦᠵᠡᠯ ᠰᠠᠨᠠᠭ᠎ᠠ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠳᠠᠪᠲᠠᠨ ᠪᠤᠯᠪᠠᠰᠤᠷᠠᠭᠤᠯᠵᠤ᠂ ᠡᠷᠳᠡᠮ ᠴᠢᠳᠠᠪᠤᠷᠢ ᠪᠠᠨ ᠳᠠᠪᠲᠠᠨ ᠪᠤᠯᠪᠠᠰᠤᠷᠠᠭᠤᠯᠵᠤ᠂ ᠰᠤᠷᠲᠠᠯ ᠰᠠᠬᠢᠯᠭ᠎ᠠ ᠪᠠᠲᠤ ᠪᠠᠨ ᠳᠠᠪᠲᠠᠨ ᠪᠤᠯᠪᠠᠰᠤᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃