ᠪᠡᠯᠡᠳᠭᠡᠮᠵᠢᠲᠦ ᠲᠠᠷᠢᠶᠠᠯᠠᠩ᠂ ᠪᠡᠯᠡᠳᠭᠡᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/8/13

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

ᠥᠪᠥᠷ ᠵᠠᠰᠠᠭ ᠠᠯᠪᠠᠨ ᠲᠠᠷᠬᠠᠭᠠᠭᠰᠠᠨ 〔2024〕 4 ᠳ᠋ᠦ᠋ᠭᠡᠷ ᠲᠣᠭᠠᠲᠤ

 

ᠪᠡᠯᠡᠳᠭᠡᠮᠵᠢᠲᠦ ᠲᠠᠷᠢᠶᠠᠯᠠᠩ᠂ ᠪᠡᠯᠡᠳᠭᠡᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

    ︽ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾᠂ ︽ᠪᠡᠯᠡᠳᠭᠡᠮᠵᠢᠳᠤ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃

 

2024 ᠣᠨ ᠤ 2 ᠳ᠋ᠤᠭᠠᠷ ᠰᠠᠷ᠎ᠠ ᠶᠢᠨ 7 ᠤ ᠡᠳᠦᠷ

    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ

    ᠪᠥᠬᠦ ᠣᠷᠣᠨ ᠤ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠬᠡᠪᠴᠢᠶ᠎ᠡ ᠪᠠᠭ᠎ᠠ᠂ ᠬᠠᠲᠠᠭᠤ ᠲᠤᠨᠤᠭ ᠪᠡᠯᠡᠳᠬᠡᠮᠵᠢ ᠠᠨᠠᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠᠭᠤᠷᠠᠢ᠂ ᠡᠵᠡᠩᠨᠡᠯᠲᠡ ᠶᠢᠨ ᠦᠷ᠎ᠡ ᠠᠰᠢᠭ ᠳᠣᠣᠷ᠎ᠠ ᠪᠠᠶᠢᠬᠤ ᠠᠰᠠᠭᠤᠳᠠᠯ ᠢ ᠰᠢᠢᠳᠪᠦᠷᠢᠯᠡᠵᠦ᠂ 2026 ᠣᠨ ᠪᠣᠯᠬᠤ ᠳᠤ ᠪᠡᠯᠡᠳᠭᠡᠮᠵᠢᠳᠤ ᠲᠠᠷᠢᠶᠠᠯᠠᠩ ᠤᠨ ᠲᠠᠯᠠᠪᠠᠶ ᠶᠢ ᠨᠡᠮᠡᠭᠳᠡᠭᠦᠯᠦᠭᠡᠳ 280 ᠲᠦᠮᠡ ᠮᠦ ᠠᠴᠠ ᠳᠡᠭᠡᠭᠰᠢ ᠪᠣᠯᠭᠠᠬᠤ᠂ 2030 ᠣᠨ ᠪᠣᠯᠬᠤ ᠳᠤ ᠣᠷᠣᠨ ᠪᠦᠰᠡ ᠶᠢᠨ ᠪᠠᠶᠢᠷᠢᠰᠢᠭᠤᠯᠤᠯᠲᠠ ᠨᠠᠩ ᠵᠣᠬᠢᠰᠲᠠᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠨᠥᠬᠦᠴᠡᠯ ᠢᠯᠡᠳᠲᠡ ᠰᠠᠶᠢᠵᠢᠷᠠᠭᠰᠠᠨ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠪᠠ ᠥᠷᠢᠰᠦᠯᠳᠦᠬᠦ ᠬᠦᠴᠦᠨ ᠨᠢ ᠲᠠᠰᠤᠷᠠᠯᠲᠠ ᠦᠭᠡᠢ ᠴᠢᠩᠭᠠᠷᠠᠭᠰᠠᠨ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠪᠠᠶᠢᠷᠢᠰᠢᠯ ᠢ ᠴᠣᠭᠴᠠᠯᠠᠬᠤ ᠶᠢ ᠴᠢᠷᠮᠠᠶᠢᠨ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃

    ᠨᠢᠭᠡ᠂ ᠪᠡᠯᠡᠳᠭᠡᠮᠵᠢᠳᠤ ᠲᠠᠷᠢᠶᠠᠯᠠᠩ ᠢ ᠬᠡᠪᠵᠢᠶᠡᠵᠢᠭᠦᠯᠦᠨ ᠬᠥᠭᠵᠢᠭᠦᠯᠬᠦ ᠶᠢ ᠳᠡᠮᠵᠢᠨ᠎ᠡ

    ᠬᠤᠲᠠ ᠶᠢᠨ ᠡᠷᠬᠢᠨ ᠲᠣᠭᠤᠷᠢᠨ ᠤ ︽ᠢᠳᠡᠰᠢᠨ ᠨᠣᠭᠤᠭ᠎ᠠ︾ ᠶᠢᠨ ᠰᠠᠭᠤᠷᠢᠨ ᠭᠠᠵᠠᠷ ᠪᠠ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠳᠠᠪᠠᠭᠤᠯᠢᠭ ᠣᠷᠣᠨ ᠳᠤ᠂ ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ ᠠᠷᠭ᠎ᠠ ᠮᠠᠶ᠋ᠢᠭ ᠢᠶᠠᠷ ᠬᠡᠪᠴᠢᠶᠡᠵᠢᠭᠦᠯᠦᠨ ᠬᠥᠭᠵᠢᠭᠦᠯᠬᠦ ᠶᠢ ᠳᠡᠮᠵᠢᠵᠦ᠂ ᠡᠩ ᠤᠨ ᠨᠠᠷᠠᠨ ᠬᠦᠯᠡᠮᠵᠢ ᠶᠢ 500 ᠮᠦ ᠠᠴᠠ ᠳᠡᠭᠡᠭᠰᠢ᠂ ᠰᠦᠯᠢᠶᠥᠦ ᠬᠦᠢᠲᠡᠨ ᠪᠦᠷᠭᠡ ᠶᠢ 1000 ᠮᠦ ᠠᠴᠠ ᠳᠡᠭᠡᠭᠰᠢ᠂ ᠲᠠᠩ ᠴᠣᠭᠴᠠᠲᠤ ᠣᠶᠤᠨᠴᠢ ᠬᠦᠯᠡᠮᠵᠢ ᠶᠢ 50 ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠬᠤ ᠵᠢᠴᠢ 1000 ᠮᠦ ᠠᠴᠠ ᠳᠡᠭᠡᠭᠰᠢ ᠡᠩ ᠤᠨ ᠨᠠᠷᠠᠨ ᠬᠦᠯᠡᠮᠵᠢ ᠶᠢ ᠲᠥᠪᠯᠡᠷᠡᠭᠦᠯᠦᠨ ᠵᠠᠯᠭᠠᠯᠳᠤᠭᠤᠯᠵᠤ ᠥᠭᠡᠷᠡᠴᠢᠯᠡᠨ ᠰᠢᠨᠡᠳᠬᠡᠵᠦ᠂ ᠰᠢᠨ᠎ᠡ ᠪᠠᠷ ᠪᠠᠶᠢᠭᠤᠯᠬᠤ ᠳᠤ ᠡᠩ ᠤᠨ ᠨᠠᠷᠠᠨ ᠬᠦᠯᠡᠮᠵᠢ ᠮᠦ ᠪᠦᠷᠢ 20000 ᠲᠥᠭᠦᠷᠢᠭ᠂ ᠰᠦᠯᠢᠶᠥᠦ ᠬᠦᠢᠲᠡᠨ ᠪᠦᠷᠭᠡ ᠮᠦ ᠪᠦᠷᠢ 2000 ᠲᠥᠭᠦᠷᠢᠭ᠂ ᠣᠶᠤᠨᠴᠢ ᠬᠦᠯᠡᠮᠵᠢ ᠲᠡᠭᠰᠢ ᠳᠥᠷᠪᠡᠯᠵᠢᠨ ᠮᠧᠲᠷ ᠪᠦᠷᠢ 100 ᠲᠥᠭᠦᠷᠢᠭ᠂ ᠥᠭᠡᠷᠡᠴᠢᠯᠡᠵᠦ ᠰᠢᠨᠡᠳᠬᠡᠨ ᠰᠠᠶᠢᠵᠢᠷᠠᠭᠤᠯᠬᠤ ᠡᠩ ᠤᠨ ᠨᠡᠷᠡᠨ ᠬᠦᠯᠡᠮᠵᠢ ᠮᠦ ᠪᠦᠷᠢ 10000 ᠲᠥᠭᠦᠷᠢᠭ ᠤᠨ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠳᠤ ᠨᠡᠮᠡᠭᠦᠷᠢ ᠣᠯᠭᠤᠨ᠎ᠠ᠃ ᠮᠢᠩᠭᠠᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠪᠥᠭᠡᠳ ᠲᠥᠪᠯᠡᠷᠡᠭᠦᠯᠦᠨ ᠵᠠᠯᠭᠠᠯᠳᠤᠭᠤᠯᠤᠭᠰᠠᠨ ᠨᠢ ᠲᠦᠮᠡᠨ ᠮᠦ ᠠᠴᠠ ᠳᠡᠭᠡᠭᠰᠢ ᠳᠤ ᠬᠦᠷᠦᠭᠰᠡᠨ ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠪᠦᠷᠢ ᠳᠤ 500 ᠲᠦᠮᠡᠨ ᠲᠥᠭᠦᠷᠢᠭ ᠱᠠᠩᠨᠠᠵᠤ᠂ 2000 ᠮᠦ ᠨᠡᠮᠡᠭᠳᠡᠭᠦᠯᠬᠦ ᠪᠦᠷᠢ ᠳᠠᠬᠢᠵᠤ 100 ᠲᠦᠮᠡᠨ ᠲᠥᠭᠦᠷᠢᠭ ᠱᠠᠩᠨᠠᠵᠤ᠂ ᠬᠠᠮᠤᠭ ᠤᠨ ᠥᠨᠳᠥᠷ ᠲᠤ ᠪᠠᠨ 1000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠶᠢᠯᠭᠠᠵᠤ᠂ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠵᠣᠷᠢᠭᠵᠢᠭᠤᠯᠤᠨ᠂ ᠱᠠᠩᠨᠠᠯ ᠤᠨ ᠪᠡᠯᠡ ᠮᠥᠩᠭᠦ ᠶᠢ ᠬᠡᠪᠴᠢᠶ᠎ᠡ ᠪᠠᠨ ᠥᠷᠭᠡᠳᠬᠡᠬᠦ ᠪᠠ ᠰᠠᠶᠢᠵᠢᠷᠠᠭᠤᠯᠤᠨ ᠥᠭᠡᠷᠡᠴᠢᠯᠡᠵᠦ ᠰᠢᠨᠡᠳᠬᠡᠬᠦ ᠵᠢᠴᠢ ᠦᠷ᠎ᠡ ᠴᠢᠬᠢ ᠨᠥᠬᠦᠵᠦ ᠪᠣᠶᠢᠵᠢᠭᠤᠯᠬᠤ᠂ ᠣᠶᠤᠨᠴᠢᠯᠠᠨ ᠡᠵᠡᠮᠳᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠥᠮᠥᠷᠭᠡᠯᠡᠨ ᠬᠠᠳᠠᠭᠠᠯᠠᠬᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠲᠤᠰᠬᠠᠢ ᠵᠠᠬ᠎ᠠ ᠳᠡᠯᠭᠡᠭᠦᠷ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠥᠬᠦᠪᠦᠷᠢᠯᠡᠬᠦ ᠳᠤ ᠭᠤᠣᠯᠳᠠᠯᠭ᠎ᠠ ᠲᠠᠢ ᠬᠡᠷᠡᠭᠯᠡᠵᠦ᠂ ᠢᠳᠡᠰᠢᠨ ᠨᠣᠭᠤᠭ᠎ᠠ ᠶᠢᠨ ᠬᠠᠩᠭᠠᠯᠭ᠎ᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ 〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ 〕

    ᠬᠤᠶᠠᠷ᠂ ᠲᠠᠷᠢᠶᠠᠯᠠᠩ ᠤᠨ ᠪᠡᠯᠡᠳᠬᠡᠮᠵᠢ ᠶᠢᠨ ᠥᠮᠴᠢᠯᠡᠯ ᠤᠨ ᠡᠷᠬᠡ ᠶᠢᠨ ᠪᠡᠯᠡ ᠲᠣᠬᠢᠷᠠᠭᠤᠯᠭ᠎ᠠ ᠶᠢᠨ ᠡᠷᠬᠡ ᠴᠢᠳᠠᠪᠬᠢ ᠶᠢ ᠳᠡᠭᠡᠭᠰᠢᠯᠡᠭᠦᠯᠦᠨ᠎ᠡ

    ᠪᠥᠬᠦ ᠣᠷᠣᠨ ᠤ ᠬᠡᠪᠴᠢᠶᠡᠨ ᠳᠤ ᠲᠠᠷᠢᠶᠠᠯᠠᠩ ᠤᠨ ᠪᠡᠯᠡᠳᠬᠡᠮᠵᠢ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠶᠢ ᠬᠡᠷᠡᠭᠵᠢᠭᠦᠯᠵᠦ᠂ ᠦᠨᠡᠮᠯᠡᠯ ᠣᠯᠭᠤᠬᠤ ᠶᠢᠨ ᠣᠨᠣᠪᠴᠢ ᠶᠢᠨ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠲᠠᠷᠢᠶᠠᠯᠠᠩ ᠤᠨ ᠪᠡᠯᠡᠳᠬᠡᠮᠵᠢ ᠶᠢᠨ ᠪᠣᠳᠠᠰ ᠤᠨ ᠡᠷᠬᠡ ᠶᠢᠨ ᠦᠨᠡᠮᠯᠡᠯ᠂ ᠡᠵᠡᠩᠨᠡᠯᠲᠡ ᠶᠢᠨ ᠡᠷᠬᠡ ᠶᠢᠨ ᠦᠨᠡᠮᠯᠡᠯ ᠵᠡᠷᠭᠡ ᠶᠢᠨ ᠪᠠᠷᠢᠴᠠᠭᠠᠲᠤ ᠵᠢᠭᠡᠯᠡᠯᠭᠡ ᠶᠢ ᠰᠢᠨ᠎ᠡ ᠡᠭᠦᠳᠦᠯᠲᠡ ᠲᠠᠢ ᠪᠠᠷ ᠥᠷᠨᠢᠭᠦᠯᠬᠦ ᠶᠢ ᠠᠬᠢᠭᠤᠯᠤᠨ᠎ᠠ᠃ 〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ 〕

    ᠭᠤᠷᠪᠠ᠂ ᠮᠥᠩᠭᠦᠨ ᠭᠦᠢᠯᠭᠡᠭᠡᠨ ᠤ ᠳᠡᠮᠵᠢᠯᠭᠡ ᠳᠤ ᠰᠢᠨ᠎ᠡ ᠶᠢ ᠡᠭᠦᠳᠦᠨ᠎ᠡ

    ᠨᠥᠬᠦᠴᠡᠯ ᠳᠤ ᠨᠡᠶᠢᠴᠡᠬᠦ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠤᠨ ᠵᠢᠭᠡᠯᠡᠯᠭᠡ ᠳᠤ ᠳᠡᠮ ᠬᠦᠦ ᠮᠥᠩᠭᠦ ᠶᠢᠨ ᠳᠡᠮᠵᠢᠯᠭᠡ ᠶᠢ ᠬᠡᠷᠡᠭᠵᠢᠭᠦᠯᠵᠦ᠂ ᠨᠢᠭᠡᠨᠲᠡ ᠪᠠᠶᠢᠭ᠎ᠠ ᠳᠠᠮ ᠬᠦᠦ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠠᠴᠠ ᠳᠠᠬᠢᠵᠤ 10% - 20% ᠶᠢᠨ ᠳᠠᠮ ᠬᠦᠦ ᠥᠭᠴᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠥᠭᠬᠦ ᠳᠠᠮ ᠬᠦᠦ ᠮᠥᠩᠭᠦ ᠶᠢ ᠨᠡᠶᠢᠯᠡᠭᠦᠯᠦᠭᠡᠳ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 90% ᠠᠴᠠ ᠥᠨᠳᠥᠷ ᠪᠠᠶᠢᠯᠭᠠᠬᠤ ᠦᠭᠡᠢ ᠮᠥᠷᠲᠡᠭᠡᠨ ᠵᠢᠭᠡᠯᠡᠯᠭᠡ ᠶᠢᠨ ᠬᠦᠦ ᠶᠢᠨ ᠨᠤᠷᠮ᠎ᠠ ᠶᠢᠨ 3% ᠠᠴᠠ ᠳᠠᠪᠠᠭᠤᠯᠬᠤ ᠦᠭᠡᠢ ︵ᠪᠣᠳᠠᠲᠠᠢ ᠬᠦᠦ ᠮᠥᠩᠭᠦᠨ ᠤ ᠨᠣᠷᠮ᠎ᠠ ᠨᠢ LPR ᠠᠴᠠ ᠳᠣᠣᠷ᠎ᠠ ᠪᠠᠶᠢᠬᠤ ᠶᠢ ᠨᠢ ᠪᠣᠳᠠᠲᠠᠢ ᠬᠦᠦ ᠮᠥᠩᠭᠦᠨ ᠤ ᠨᠤᠷᠮ᠎ᠠ ᠪᠠᠷ ᠨᠢ ᠪᠤᠳᠤᠨ᠎ᠠ︶ ᠪᠠᠶᠢᠯᠭᠠᠨ᠎ᠠ᠃ ᠪᠡᠯᠡᠳᠭᠡᠮᠵᠢᠲᠦ ᠲᠠᠷᠢᠶᠠᠯᠠᠩ ᠤᠨ ᠵᠢᠭᠡᠯᠡᠯᠭᠡ ᠶᠢᠨ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠶᠢ 1% ᠠᠴᠠ ᠥᠨᠳᠥᠷ ᠪᠠᠶᠢᠯᠭᠠᠬᠤ ᠦᠭᠡᠢ᠃ ᠪᠡᠯᠡᠳᠭᠡᠮᠵᠢᠳᠤ ᠲᠠᠷᠢᠶᠠᠯᠠᠩ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠵᠦ᠂ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠳᠤ ᠳᠠᠭᠠᠳᠬᠠᠯ ᠤᠨ ᠨᠡᠶᠢᠳᠡᠮ ᠬᠠᠮᠤᠷᠤᠯᠲᠠ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠢᠯᠭᠠᠪᠤᠷᠢᠯᠠᠨ ᠨᠡᠮᠡᠭᠦᠷᠢ ᠣᠯᠭᠤᠬᠤ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ᠃ 〔 ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ 〕

    ᠳᠥᠷᠪᠡ᠂ ᠪᠡᠯᠡᠳᠭᠡᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠᠨ ᠴᠢᠩᠭᠠᠳᠬᠠᠨ᠎ᠠ

    ᠪᠡᠯᠡᠳᠭᠡᠮᠵᠢᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠭᠪᠤᠷ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠣᠷᠴᠢᠨ ᠲᠣᠭᠤᠷᠢᠨ ᠤ ᠣᠶᠤᠨᠴᠢ ᠬᠠᠮᠢᠶᠠᠷᠤᠯᠲᠠ᠂ ᠭᠤᠪᠢ ᠶᠢᠨ ᠪᠡᠯᠡᠳᠭᠡᠮᠵᠢᠲᠦ ᠲᠠᠷᠢᠶᠠᠯᠠᠩ᠂ ᠬᠠᠭᠤᠴᠢᠨ ᠬᠦᠯᠡᠮᠵᠢ ᠶᠢ ᠥᠭᠡᠷᠡᠴᠢᠯᠡᠨ ᠰᠢᠨᠡᠳᠬᠡᠵᠦ ᠰᠠᠶᠢᠵᠢᠷᠠᠭᠤᠯᠬᠤ ᠵᠡᠷᠭᠡ ᠰᠢᠨ᠎ᠡ ᠵᠠᠭᠪᠤᠷ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠢ ᠰᠤᠳᠤᠯᠤᠨ ᠰᠢᠨ᠎ᠡ ᠶᠢ ᠡᠭᠦᠳᠬᠦ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ ᠪᠤᠶᠤ ᠠᠵᠤ ᠠᠬᠤᠶᠢᠯᠠᠯ ᠳᠤ ᠲᠦᠰᠢᠭᠯᠡᠨ ᠪᠡᠯᠡᠳᠭᠡᠮᠵᠢᠳᠤ ᠲᠠᠷᠢᠶᠠᠯᠠᠩ ᠤᠨ ᠰᠤᠳᠤᠯᠤᠯ ᠤᠨ ᠬᠦᠷᠢᠶᠡᠯᠡᠩ ᠢ ᠪᠠᠶᠢᠭᠤᠯᠵᠤ᠂ ᠣᠷᠣᠨ ᠤ ᠳᠣᠲᠣᠷ᠎ᠠ ᠭᠠᠳᠠᠨᠠᠬᠢ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠨ ᠳᠠᠬᠢ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠪᠡᠯᠡᠳᠭᠡᠮᠵᠢᠳᠤ ᠲᠠᠷᠢᠶᠠᠯᠠᠩ ᠤᠨ ᠲᠠᠯ᠎ᠠ ᠪᠠᠷ ᠬᠢ ᠨᠤᠲᠤᠭ ᠣᠷᠣᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠮᠧᠬᠠᠨᠢᠭᠵᠢᠭᠤᠯᠬᠤ ᠳᠤ ᠲᠣᠬᠢᠷᠠᠮᠵᠢᠲᠠᠢ ᠪᠣᠯᠭᠠᠬᠤ ᠲᠠᠯ᠎ᠠ ᠳᠠᠬᠢ ᠳᠤᠲᠠᠭᠤᠳᠠᠯ ᠪᠠ ᠪᠠᠭᠤᠷᠠᠢ ᠲᠠᠯ᠎ᠠ ᠳᠤ ᠴᠢᠭᠯᠡᠭᠦᠯᠦᠨ᠂ ᠨᠠᠩ ᠣᠯᠠᠨ ᠪᠡᠯᠡᠳᠭᠡᠮᠵᠢᠳᠤ ᠲᠠᠷᠢᠶᠠᠯᠠᠩ ᠤᠨ ᠮᠧᠬᠠᠨᠢᠭᠵᠢᠭᠤᠯᠤᠭᠰᠠᠨ ᠲᠣᠨᠤᠭ ᠲᠥᠬᠦᠭᠡᠷᠦᠮᠵᠢ ᠶᠢ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠡᠮᠡᠭᠦᠷᠢ ᠶᠢᠨ ᠬᠡᠪᠴᠢᠶᠡᠨ ᠳᠤ ᠣᠷᠣᠭᠤᠯᠤᠨ᠎ᠠ᠃ ᠢᠳᠡᠰᠢᠨ ᠨᠣᠭᠤᠭ᠎ᠠ᠂ ᠭᠤᠸᠠ ᠵᠢᠮᠢᠰ ᠵᠡᠷᠭᠡ ᠶᠢᠨ ᠰᠢᠨ᠎ᠡ ᠡᠭᠦᠯᠳᠡᠷ ᠢ ᠡᠮᠦᠨ᠎ᠡ ᠣᠷᠣᠨ ᠳᠤ ᠦᠷᠡᠵᠢᠭᠦᠯᠵᠦ ᠰᠣᠩᠭᠤᠨ ᠪᠣᠶᠢᠵᠢᠭᠤᠯᠬᠤ ᠲᠠᠢ ᠬᠠᠮᠢᠶᠠᠳᠤᠭᠰᠠᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ 〔 ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠬᠠᠮᠵᠢᠯᠴᠠᠨ᠎ᠠ 〕

    ᠲᠠᠪᠤ᠂ ᠬᠦᠷᠢᠶᠡᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ

    ᠲᠠᠷᠢᠶᠠᠴᠢᠳ ᠤᠨ ᠭᠡᠷ ᠪᠠᠶᠢᠰᠢᠩ ᠤᠨ ᠢᠶᠠᠨ ᠡᠮᠦᠨ᠎ᠡ ᠠᠷᠤ ᠵᠡᠷᠭᠡ ᠳᠤ ᠰᠤᠯᠠ ᠲᠠᠯᠪᠢᠭᠳᠠᠵᠤ ᠪᠠᠶᠢᠭ᠎ᠠ ᠬᠦᠷᠢᠶ᠎ᠡ ᠬᠠᠰᠢᠶᠠᠨ ᠤ ᠣᠷᠣᠨ ᠵᠠᠢ ᠪᠠᠨ ᠠᠰᠢᠭᠯᠠᠨ᠂ ᠪᠡᠯᠡᠳᠬᠡᠮᠵᠢᠲᠦ ᠲᠠᠷᠢᠮᠠᠯ ᠵᠢᠴᠢ ᠪᠡᠯᠡᠳᠭᠡᠮᠵᠢᠭᠦᠯᠵᠦ ᠲᠥᠪᠯᠡᠷᠡᠭᠦᠯᠦᠭᠰᠡᠨ ᠭᠡᠷ ᠪᠦᠯᠢ ᠶᠢᠨ ᠦᠢᠯᠡᠳᠪᠦᠷᠢ᠂ ᠭᠠᠷ ᠦᠢᠯᠡᠳᠬᠡᠯ ᠤᠨ ᠭᠠᠵᠠᠷ᠂ ᠣᠨᠴᠠᠯᠢᠭᠲᠤ ᠰᠣᠶᠣᠯ ᠡᠭᠦᠳᠦᠯᠲᠡ ᠶᠢᠨ ᠪᠦᠲᠦᠭᠡᠭᠳᠡᠬᠦᠨ ᠤ ᠬᠦᠷᠢᠶᠡᠯᠡᠩ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠬᠥᠭᠵᠢᠭᠦᠯᠬᠦ ᠶᠢ ᠨᠢ ᠵᠣᠷᠢᠭᠵᠢᠭᠤᠯᠤᠨ᠎ᠠ᠃ ᠪᠥᠬᠦ ᠣᠷᠣᠨ ᠳᠤ ᠵᠡᠭᠦᠨ᠂ ᠳᠤᠮᠳᠠ᠂ ᠪᠠᠷᠠᠭᠤᠨ ᠬᠡᠰᠡᠭ ᠤᠨ ᠣᠷᠣᠨ ᠲᠠᠷᠬᠠᠯᠲᠠ ᠪᠠᠷ᠂ ᠪᠦᠬᠦ ᠲᠣᠰᠬᠤᠨ ᠢᠶᠠᠷ ᠢᠶᠠᠨ ᠬᠦᠷᠢᠶᠡᠨ ᠠᠵᠤ ᠠᠬᠤᠢ ᠶᠢ ᠬᠥᠭᠵᠢᠭᠦᠯᠦᠭᠰᠡᠨ ᠵᠢᠱᠢᠶ᠎ᠡ ᠦᠵᠡᠭᠦᠯᠬᠦ ᠲᠤᠰᠬᠤᠨ ᠢ ᠵᠢᠯ ᠪᠦᠷᠢ 150 ᠰᠢᠯᠢᠳᠡᠭᠴᠢᠯᠡᠨ ᠰᠣᠩᠭᠤᠵᠤ᠂ ᠪᠦᠬᠦ ᠲᠣᠰᠬᠤᠨ ᠪᠤᠶᠤ ᠪᠦᠬᠦ ᠰᠢᠶᠠᠩ ᠢᠶᠠᠷ ᠨᠢᠭᠡᠴᠢ ᠪᠣᠯᠭᠠᠵᠤ ᠲᠥᠷᠥᠯ ᠵᠦᠢᠯ ᠤᠨ ᠬᠠᠮᠢᠶᠠᠷᠤᠯᠲᠠ ᠶᠣᠰᠣᠭᠠᠷ ᠲᠡᠳᠬᠦᠨ ᠳᠡᠮᠵᠢᠬᠦ ᠪᠡᠯᠡ ᠮᠥᠩᠭᠦ ᠭᠤᠶᠤᠴᠢᠯᠠᠨ ᠮᠡᠳᠡᠭᠦᠯᠵᠦ᠂ ᠣᠨᠴᠠᠯᠢᠭᠲᠤ ᠲᠠᠷᠢᠮᠠᠯ᠂ ᠰᠡᠯᠡᠭᠦᠴᠡᠯ ᠵᠤᠭᠠᠴᠠᠯ᠂ ᠡᠯᠧᠺᠲᠷᠣᠨ ᠬᠤᠳᠠᠯᠳᠤᠭᠠᠨ ᠤ ᠦᠢᠯᠡᠴᠢᠯᠡᠭᠡ᠂ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠵᠡᠷᠭᠡ ᠣᠯᠠᠨ ᠲᠥᠷᠥᠯ ᠬᠡᠯᠪᠡᠷᠢ ᠶᠢᠨ ᠬᠦᠷᠢᠶᠡᠨ ᠠᠵᠤ ᠠᠬᠤᠢ ᠶᠢ ᠳᠡᠮᠵᠢᠨ ᠬᠥᠭᠵᠢᠭᠦᠯᠦᠨ᠎ᠡ᠃ 〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠠᠴᠠ ᠬᠠᠷᠢᠭᠤᠴᠠᠨ᠎ᠠ 〕

    ᠵᠢᠷᠭᠤᠭ᠎ᠠ᠂ ᠪᠡᠯᠡᠳᠭᠡᠮᠵᠢᠳᠤ ᠲᠠᠷᠢᠶᠠᠯᠠᠩ ᠤᠨ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠤᠨ᠎ᠠ

    ᠪᠣᠬᠢᠷᠲᠤᠯ ᠦᠭᠡᠢ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠣᠷᠣᠨ ᠪᠦᠰᠡ ᠶᠢᠨ ᠪᠡᠯᠡᠳᠬᠡᠮᠵᠢ ᠶᠢᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠪᠡᠯᠡᠳᠬᠡᠮᠵᠢᠲᠦ ᠴᠡᠴᠡᠭ ᠡᠪᠡᠰᠦ᠂ ᠭᠤᠸᠠ ᠵᠢᠮᠢᠰ᠂ ᠡᠮ ᠤᠨ ᠮᠠᠲ᠋ᠧᠷᠢᠶᠠᠯ᠂ ᠵᠤᠯᠵᠠᠭ᠎ᠠ ᠮᠣᠳᠣ᠂ ᠢᠳᠡᠰᠢᠨ ᠮᠥᠭᠦ ᠵᠡᠷᠭᠡ ᠥᠨᠳᠥᠷ ᠨᠡᠮᠡᠯᠲᠡ ᠥᠷᠲᠡᠭ ᠪᠦᠬᠦᠢ ᠣᠨᠴᠠᠯᠢᠭᠲᠤ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠢᠨ ᠤ ᠥᠨᠳᠥᠷ ᠪᠦᠲᠦᠮᠵᠢᠲᠡᠶ ᠲᠠᠷᠢᠵᠤ ᠤᠷᠭᠤᠭᠤᠯᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠵᠡᠷᠭᠡ ᠪᠠᠷᠢᠮᠵᠢᠶᠠᠵᠢᠭᠤᠯᠤᠭᠰᠠᠨ ᠪᠥᠭᠡᠳ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠶᠢ ᠨᠢ ᠵᠣᠷᠢᠭᠵᠢᠭᠤᠯᠤᠨ᠎ᠠ᠃ 〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠵᠢᠯᠴᠠᠨ᠎ᠠ 〕

    ᠳᠣᠯᠤᠭ᠎ᠠ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ

    ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠦᠭᠰᠡᠨ ᠣᠷᠣᠯᠭ᠎ᠠ ᠶᠢᠨ ᠪᠡᠯᠡ ᠮᠥᠩᠭᠦ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢᠨ ᠠᠷᠠᠯᠵᠢᠶᠠᠨ ᠤ ᠣᠷᠣᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠪᠡᠯᠡ ᠮᠥᠩᠭᠦ ᠵᠡᠷᠭᠡ ᠪᠠᠷ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠢ ᠤᠷᠢᠳ ᠢᠶᠠᠷ ᠳᠡᠮᠵᠢᠨ᠎ᠡ᠃ ᠨᠥᠬᠦᠴᠡᠯ ᠲᠠᠢ ᠪᠠᠶᠢᠭ᠎ᠠ ᠭᠤᠪᠢ᠂ ᠴᠦᠯ᠂ ᠬᠤᠵᠢᠷᠯᠢᠭ ᠠᠲᠠᠷ ᠭᠠᠵᠠᠷ ᠵᠡᠷᠭᠡ ᠣᠷᠣᠨ ᠪᠦᠰᠡ ᠳᠤ ᠪᠡᠯᠡᠳᠭᠡᠮᠵᠢᠳᠤ ᠲᠠᠷᠢᠶᠠᠯᠠᠩ ᠢ ᠬᠥᠭᠵᠢᠭᠦᠯᠬᠦ ᠶᠢ ᠳᠡᠮᠵᠢᠨ᠎ᠡ᠃ ︽ᠤᠰᠤ ᠪᠠᠷ ᠭᠠᠵᠠᠷ ᠢ ᠲᠣᠭᠲᠠᠭᠠᠬᠤ︾ ᠤᠷᠢᠲᠠᠯ ᠳᠣᠣᠷ᠎ᠠ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠤᠰᠤ ᠶᠢ ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠪᠣᠬᠢᠷᠲᠤᠯ ᠦᠭᠡᠢ ᠡᠷᠭᠢᠯᠳᠦᠨ ᠬᠥᠭᠵᠢᠬᠦ ᠶᠢ ᠳᠡᠮᠵᠢᠵᠦ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠶᠢ ᠠᠰᠢᠭᠯᠠᠨ ᠳᠤᠯᠠᠭᠠᠯᠠᠨ ᠬᠡᠷᠡᠯᠲᠦᠭᠦᠯᠬᠦ᠂ ᠭᠠᠵᠠᠷ ᠤᠨ ᠢᠯᠴᠢ ᠪᠠ ᠠᠵᠤ ᠦᠢᠯᠡᠳᠪᠦᠷᠢ ᠶᠢᠨ ᠬᠠᠶᠠᠭᠳᠠᠮᠠᠯ ᠢᠯᠴᠢ᠂ ᠬᠠᠶᠠᠭᠳᠠᠮᠠᠯ ᠬᠡᠢ ︵ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ︶ ᠵᠡᠷᠭᠡ ᠶᠢ ᠭᠦᠢᠴᠡᠳ ᠠᠰᠢᠭᠯᠠᠨ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠳᠤ ᠳᠠᠬᠢᠨᠲᠠ ᠠᠰᠢᠭᠯᠠᠬᠤ ᠶᠢ ᠵᠣᠷᠢᠭᠵᠢᠭᠤᠯᠤᠨ᠎ᠠ᠃ 〔 ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ 〕

    ᠡᠯ᠎ᠡ ᠭᠠᠵᠠᠷ ᠣᠷᠣᠨ ᠨᠢ ︽ᠢᠳᠡᠰᠢᠨ ᠨᠣᠭᠤᠭ᠎ᠠ︾ ᠶᠢᠨ ᠬᠤᠳᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠪᠡᠯᠡᠳᠭᠡᠮᠵᠢᠳᠤ ᠲᠠᠷᠢᠶᠠᠯᠠᠩ ᠢ ᠢᠳᠡᠪᠬᠢᠲᠡᠢ ᠪᠠᠷ ᠬᠥᠭᠵᠢᠭᠦᠯᠦᠨ᠂ ᠲᠣᠰ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠲᠤᠰᠬᠠᠢ ᠳᠡᠮᠵᠢᠯᠭᠡ ᠶᠢᠨ ᠪᠡᠯᠡ ᠮᠥᠩᠭᠦ ᠶᠢ ᠴᠥᠮ ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠶᠢᠳᠠᠯ ᠢ ᠨᠢ ᠦᠨᠳᠦᠰᠦᠯᠡᠨ ᠨᠡᠮᠡᠭᠦᠷᠢ ᠣᠯᠭᠤᠬᠤ᠂ ᠳᠠᠷᠠᠭᠠᠯᠠᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ ᠥᠭᠴᠦ᠂ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ᠂ ᠪᠦᠲᠦᠭᠡᠨ ᠪᠠᠶᠢᠭᠤᠯᠬᠤ ᠠᠭᠤᠯᠭ᠎ᠠ᠂ ᠰᠢᠯᠭᠠᠨ ᠬᠢᠨᠠᠵᠤ ᠰᠢᠯᠭᠠᠨ ᠬᠤᠷᠢᠶᠠᠬᠤ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃

 

 

ᠪᠡᠯᠡᠳᠬᠡᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ

    ᠪᠦᠬᠦ ᠣᠷᠣᠨ ᠤ ᠪᠡᠯᠡᠳᠬᠡᠮᠵᠢᠲᠦ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠪᠦᠳᠦᠭᠦᠯᠢᠭ᠂ ᠪᠣᠷᠳᠣᠭᠰᠠᠨ ᠬᠤᠪᠢ ᠶᠢᠨ ᠵᠢᠩ ᠬᠠᠷᠢᠴᠠᠩᠭᠤᠢ ᠳᠣᠣᠷ᠎ᠠ᠂ ᠡᠵᠡᠩᠨᠡᠯᠲᠡ ᠶᠢᠨ ᠦᠷ᠎ᠡ ᠠᠰᠢᠭ ᠥᠨᠳᠥᠷ ᠪᠤᠰᠤ ᠪᠠᠶᠢᠬᠤ ᠠᠰᠠᠭᠤᠳᠠᠯ ᠢ ᠰᠢᠢᠳᠪᠦᠷᠢᠯᠡᠵᠦ᠂ 2026 ᠣᠨ ᠪᠣᠯᠬᠤ ᠳᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠦᠭᠰᠡᠨ ᠬᠡᠪᠴᠢᠶᠡᠵᠢᠯ ᠤᠨ ᠨᠣᠷᠮ᠎ᠠ ᠶᠢ 78% ᠠᠴᠠ ᠳᠡᠭᠡᠭᠰᠢ ᠳᠤ ᠬᠦᠷᠦᠭᠦᠯᠦᠨ᠂ ᠣᠳᠣ ᠦᠶ᠎ᠡ ᠶᠢᠨ ᠪᠡᠯᠡᠳᠬᠡᠮᠵᠢᠲᠦ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷ᠎ᠡ ᠪᠦᠲᠦᠮᠵᠢ᠂ ᠭᠠᠷᠤᠯᠲᠠ ᠶᠢᠨ ᠶᠠᠰᠤ ᠴᠢᠨᠠᠷ ᠪᠠ ᠳᠠᠶᠢᠴᠢᠯᠠᠬᠤ ᠦᠢᠯᠡᠳᠦᠯ ᠤᠨ ᠢᠯᠡᠷᠬᠡᠢ ᠳᠡᠭᠡᠭᠰᠢᠯᠡᠬᠦ ᠶᠢ ᠴᠢᠷᠮᠠᠶᠢᠨ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃

    ᠨᠢᠭᠡ᠂ ᠪᠡᠯᠡᠳᠭᠡᠮᠵᠢᠳᠤ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠤᠨ᠎ᠠ

    ᠬᠠᠰᠢᠶᠠᠯᠠᠨ ᠲᠡᠵᠢᠭᠡᠬᠦ ᠶᠢ ᠶᠡᠭᠡ ᠪᠠᠷ ᠠᠬᠢᠭᠤᠯᠵᠤ᠂ ᠵᠢᠯ ᠳᠤ ᠪᠣᠳᠠᠲᠠᠢ ᠲᠡᠵᠢᠭᠡᠯ ᠠᠴᠠ ᠭᠠᠷᠭᠠᠭᠰᠠᠨ ᠪᠣᠷᠳᠣᠭᠰᠠᠨ ᠠᠯᠠᠰᠢᠨ ᠦᠬᠡᠷ 500 ᠲᠣᠯᠣᠭᠠᠢ ᠪᠤᠶᠤ ᠠᠯᠠᠰᠢᠨ ᠬᠤᠨᠢ 3000 ᠲᠣᠯᠣᠭᠠᠢ ᠠᠴᠠ ᠳᠡᠭᠡᠭᠰᠢᠬᠢ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠪᠣᠯᠬᠤ ᠮᠥᠷᠲᠡᠭᠡᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠨᠢᠲᠤᠯᠤᠭᠰᠠᠨ ᠪᠥᠭᠡᠳ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠭᠰᠠᠨ ᠭᠡᠷᠡᠴᠢ ᠲᠠᠢ ᠪᠠᠶᠢᠪᠠᠯ᠂ ᠲᠡᠵᠢᠭᠡᠯ ᠠᠴᠠ ᠭᠠᠷᠭᠠᠭᠰᠠᠨ ᠠᠯᠠᠰᠢᠨ ᠦᠬᠡᠷ ᠤᠨ ᠲᠣᠯᠣᠭᠠᠢ ᠪᠦᠷᠢ ᠳᠤ 300 ᠲᠥᠭᠦᠷᠢᠭ᠂ ᠠᠯᠠᠰᠢᠨ ᠬᠤᠨᠢ ᠶᠢᠨ ᠲᠣᠯᠣᠭᠠᠢ ᠪᠦᠷᠢ ᠳᠤ 60 ᠲᠥᠭᠦᠷᠢᠭ ᠢᠶᠠᠷ ᠱᠠᠩᠨᠠᠨ᠎ᠠ᠃ ᠱᠠᠩᠨᠠᠯ ᠤᠨ ᠪᠡᠯᠡ ᠮᠥᠩᠭᠦ ᠶᠢ ᠭᠤᠣᠯᠳᠠᠭᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠰᠢᠭᠡᠭ ᠰᠠᠩᠭᠠᠰᠤ ᠰᠢᠢᠳᠪᠦᠷᠢᠯᠡᠬᠦ ᠪᠡᠯᠡᠳᠬᠡᠮᠵᠢ ᠶᠢ ᠢᠵᠢ ᠪᠦᠷᠢᠳᠦᠭᠦᠯᠬᠦ ᠵᠢᠴᠢ ᠤᠳᠤ ᠦᠶ᠎ᠡ ᠶᠢᠨ ᠲᠡᠵᠢᠭᠡᠨ ᠦᠷᠡᠵᠢᠭᠦᠯᠬᠦ ᠪᠡᠯᠡᠳᠬᠡᠮᠵᠢ ᠲᠥᠬᠦᠭᠡᠷᠦᠮᠵᠢ ᠶᠢ ᠲᠡᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ ᠳᠤ ᠵᠠᠷᠤᠴᠠᠭᠤᠯᠵᠤ᠂ ᠦᠬᠡᠷ ᠬᠤᠨᠢ ᠪᠣᠷᠳᠣᠬᠤ ᠶᠢᠨ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ᠂ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠣᠬᠢᠬᠤ ᠬᠡᠪᠴᠢᠶ᠎ᠡ ᠪᠠᠷ ᠦᠬᠡᠷ ᠬᠤᠨᠢ ᠪᠠᠨ ᠪᠣᠷᠳᠣᠬᠤ ᠶᠢ ᠨᠢ ᠬᠥᠭᠵᠢᠭᠦᠯᠦᠨ᠎ᠡ᠃ ᠲᠠᠬᠢᠶ᠎ᠠ᠂ ᠨᠤᠭᠤᠰᠤ᠂ ᠭᠠᠯᠠᠭᠤ ᠶᠢᠨ ᠬᠡᠪᠴᠢᠶᠡᠵᠢᠭᠦᠯᠦᠭᠰᠡᠨ ᠥᠨᠳᠥᠷ ᠦᠷ᠎ᠡ ᠠᠰᠢᠭᠲᠤ ᠪᠡᠯᠡᠳᠭᠡᠮᠵᠢᠲᠦ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠠᠳᠤᠭᠤ᠂ ᠡᠯᠵᠢᠭᠡ᠂ ᠲᠡᠮᠡᠭᠡ᠂ ᠪᠤᠭᠤ᠂ ᠲᠡᠮᠡᠭᠡᠨ ᠬᠢᠷᠭᠤᠤᠯ ᠵᠡᠷᠭᠡ ᠣᠨᠴᠠᠯᠢᠭᠲᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠣᠨᠴᠠᠯᠢᠭᠲᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠬᠡᠯᠬᠢᠶ᠎ᠡ ᠶᠢ ᠤᠷᠲᠤᠳᠬᠠᠨ᠎ᠠ᠃ 〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ 〕

    ᠬᠤᠶᠠᠷ᠂ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ

    ᠠᠵᠤ ᠠᠬᠤᠶᠢᠯᠠᠯ ᠤᠨ ᠣᠳᠣ ᠦᠶ᠎ᠡ ᠶᠢᠨ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠮᠵᠢᠵᠦ᠂ ᠴᠠᠷᠭᠠᠰᠤ᠂ ᠬᠢᠶᠠᠭ᠂ ᠨᠣᠬᠠᠢ ᠶᠢᠨ ᠬᠤᠰᠢᠭᠤ ᠵᠡᠷᠭᠡ ᠲᠡᠵᠢᠭᠡᠯ ᠡᠪᠡᠰᠦᠨ ᠤ ᠲᠠᠷᠢᠮᠠᠯ ᠤᠨ ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠣᠲᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠶᠢᠨ ᠶᠣᠰᠣᠭᠠᠷ ᠱᠠᠩᠨᠠᠨ ᠬᠥᠬᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠡᠵᠢᠭᠡᠯ ᠡᠪᠡᠰᠦ ᠳᠠᠷᠢᠬᠤ ᠲᠠᠯᠠᠪᠠᠶ ᠶᠢ ᠥᠷᠭᠡᠳᠬᠡᠨ᠂ ᠣᠯᠠᠨ ᠶᠠᠩᠵᠤ ᠶᠢᠨ ᠲᠡᠵᠢᠭᠡᠯ ᠡᠪᠡᠰᠦ ᠪᠣᠷᠳᠣᠭᠠᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠲᠡᠵᠢᠭᠡᠯ ᠡᠪᠡᠰᠦ ᠬᠤᠷᠢᠶᠠᠨ ᠬᠠᠳᠠᠭᠠᠯᠠᠵᠤ ᠡᠳ᠋ᠰᠢᠭᠦᠯᠬᠦ ᠪᠡᠯᠡᠳᠬᠡᠮᠵᠢ ᠲᠣᠨᠤᠭ ᠲᠥᠬᠦᠭᠡᠷᠦᠮᠵᠢ ᠶᠢ ᠰᠠᠶᠢᠵᠢᠷᠠᠭᠤᠯᠤᠨ᠂ ᠡᠪᠡᠰᠦᠨ ᠦᠷ᠎ᠡ ᠪᠣᠶᠢᠵᠢᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠠᠴᠠ ᠬᠠᠷᠢᠭᠤᠴᠠᠨ᠎ᠠ 〕

    ᠭᠤᠷᠪᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠴᠢᠳᠠᠪᠤᠷᠢ ᠶᠢ ᠴᠢᠩᠭᠠᠷᠠᠭᠤᠯᠤᠨ᠎ᠠ

    ᠪᠡᠯᠡᠳᠭᠡᠮᠵᠢᠳᠤ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠡᠵᠢᠭᠡᠯ ᠡᠪᠡᠰᠦ ᠪᠣᠷᠳᠤᠭ᠎ᠠ᠂ ᠰᠠᠶᠢᠨ ᠡᠭᠦᠯᠳᠡᠷ ᠦᠷᠡᠵᠢᠭᠦᠯᠦᠨ ᠪᠣᠶᠢᠵᠢᠭᠤᠯᠬᠤ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠬᠦᠷᠢᠶ᠎ᠡ ᠴᠠᠷᠠᠭᠠᠨ ᠳᠠᠬᠢ ᠰᠤᠳᠤᠯᠤᠯ ᠰᠢᠨ᠎ᠡ ᠡᠭᠦᠳᠦᠯᠲᠡ ᠪᠠ ᠣᠷᠣᠭᠤᠯᠤᠨ ᠠᠪᠴᠢᠷᠠᠵᠤ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠨᠥᠬᠦᠴᠡᠯ ᠳᠤ ᠨᠡᠶᠢᠴᠡᠬᠦ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠴᠢᠨ ᠮᠠᠯᠴᠢᠳ ᠪᠣᠯᠣᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠬᠤᠳᠠᠯᠳᠤᠨ ᠠᠪᠤᠭᠰᠠᠨ ᠲᠠᠷᠮᠠᠭᠤᠷ᠂ ᠪᠦᠷᠢᠨ ᠬᠤᠯᠢᠮᠠᠭ ᠡᠳᠦᠷ ᠲᠤ ᠠᠮᠤ ᠬᠦᠨᠡᠰᠦ ᠦᠢᠯᠡᠳᠬᠦ ᠮᠠᠰᠢᠨ᠂ ᠢᠯᠭᠠᠳᠠᠰᠤ ᠴᠡᠪᠡᠷᠯᠡᠬᠦ ᠮᠠᠰᠢᠨ ᠵᠡᠷᠭᠡ 16 ᠲᠠᠸᠠᠷ ᠤᠨ ᠲᠦᠷᠦᠯ ᠳᠤ᠂ ᠲᠥᠪ ᠤᠨ ᠡᠳ᠋ ᠤᠨ ᠵᠠᠰᠠᠭ ᠤᠨ ᠲᠣᠭᠲᠠᠭᠰᠠᠨ ᠨᠣᠷᠮᠠᠲᠤ ᠨᠡᠮᠡᠭᠦᠷᠢ ᠶᠢᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠨᠡᠮᠡᠵᠦ ᠨᠥᠬᠦᠪᠦᠷᠢᠯᠡᠨ᠎ᠡ᠂ ᠨᠡᠮᠡᠭᠦᠷᠢ ᠥᠭᠬᠦ ᠲᠤᠭ᠎ᠠ ᠶᠢ ᠲᠥᠪ ᠤᠨ ᠡᠳ᠋ ᠤᠨ ᠵᠠᠰᠠᠭ ᠤᠨ ᠲᠣᠭᠲᠠᠭᠰᠠᠨ ᠨᠣᠷᠮᠠᠲᠤ ᠨᠡᠮᠡᠭᠦᠷᠢ ᠶᠢᠨ 1/3 ᠠᠴᠠ ᠳᠠᠪᠠᠭᠤᠯᠬᠤ ᠦᠭᠡᠢ᠃ ᠲᠥᠪ ᠤᠨ ᠡᠳ᠋ ᠤᠨ ᠵᠠᠰᠠᠭ ᠤᠨ ᠨᠡᠮᠡᠭᠦᠷᠢ ᠥᠭᠬᠦ ᠬᠡᠪᠴᠢᠶᠡᠨ ᠳᠤ ᠵᠢᠭᠰᠠᠭᠠᠨ ᠣᠷᠣᠭᠤᠯᠤᠭᠠᠳᠤᠢ᠂ ᠲᠠᠷᠢᠶᠠᠴᠢᠨ ᠮᠠᠯᠴᠢᠳ ᠤᠨ ᠦᠢᠯᠡᠳᠪᠦᠷᠢᠯᠡᠯ ᠳᠤ ᠪᠠᠴᠢᠮ ᠬᠡᠷᠡᠭᠰᠡᠬᠦ ᠮᠠᠯ ᠠᠵᠤ ᠠᠬᠤᠢ ᠶᠢᠨ ᠮᠧᠬᠠᠨᠢᠭ ᠢ ᠪᠣᠯ ᠥᠪᠡᠷᠲᠡᠭᠡᠨ ᠵᠠᠰᠠᠬᠤ ᠣᠷᠣᠨ ᠤ ᠲᠣᠳᠣᠷᠬᠠᠶᠢᠯᠠᠭᠰᠠᠨ ᠮᠠᠰᠢᠨ ᠪᠠᠭᠠᠵᠢ ᠶᠢᠨ ᠬᠡᠪᠴᠢᠶᠡᠨ ᠳᠣᠲᠣᠷ᠎ᠠ᠂ ᠳᠡᠭᠡᠷ᠎ᠡ ᠵᠢᠯ ᠤᠨ ᠪᠣᠷᠣᠯᠠᠭᠤᠯᠤᠨ ᠬᠤᠳᠠᠯᠳᠤᠭᠰᠠᠨ ᠳᠤᠮᠳᠠᠴᠢ ᠦᠨ᠎ᠡ ᠬᠠᠩᠰᠢ ᠶᠢᠨ 30% ᠠᠴᠠ ᠥᠨᠳᠥᠷ ᠪᠠᠶᠢᠯᠭᠠᠬᠤ ᠦᠭᠡᠢ ᠬᠠᠷᠢᠴᠠᠯ ᠢᠶᠠᠷ ᠲᠥᠰᠥᠭᠡᠯᠡᠨ ᠪᠣᠳᠣᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠲᠣᠭᠲᠠᠭᠰᠠᠨ ᠨᠤᠷᠮ᠎ᠠ ᠪᠠᠷ ᠨᠥᠬᠦᠪᠦᠷᠢᠯᠡᠨ᠎ᠡ᠃ 〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠮᠵᠢᠯᠴᠠᠨ᠎ᠠ 〕

    ᠳᠥᠷᠪᠡ᠂ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠴᠢᠯᠡᠭᠡᠨ ᠳᠤ ᠰᠢᠨ᠎ᠡ ᠶᠢ ᠡᠭᠦᠳᠦᠨ᠎ᠡ

    ᠨᠥᠬᠦᠴᠡᠯ ᠳᠤ ᠨᠡᠶᠢᠴᠡᠬᠦ ᠣᠲᠣ ᠦᠶ᠎ᠡ ᠶᠢᠨ ᠪᠡᠯᠡᠳᠭᠡᠮᠵᠢᠳᠤ ᠮᠠᠯ ᠠᠵᠤ ᠠᠬᠤᠢ ᠶᠢᠨ ᠲᠥᠷᠥᠯ ᠵᠦᠢᠯ ᠤᠨ ᠵᠢᠭᠡᠯᠡᠯᠭᠡ ᠳᠤ ᠳᠠᠮ ᠬᠦᠦ ᠮᠥᠩᠭᠦ ᠶᠢᠨ ᠳᠡᠮᠵᠢᠯᠭᠡ ᠶᠢ ᠬᠡᠷᠡᠭᠵᠢᠭᠦᠯᠵᠦ᠂ ᠨᠢᠭᠡᠨᠲᠡ ᠪᠠᠶᠢᠭ᠎ᠠ ᠳᠠᠮ ᠬᠦᠦ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠳᠠᠬᠢᠵᠤ 10% - 20% ᠶᠢᠨ ᠳᠠᠮ ᠬᠦᠦ ᠥᠭᠴᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠥᠭᠬᠦ ᠳᠠᠮ ᠬᠦᠦ ᠮᠥᠩᠭᠦ ᠶᠢ ᠨᠡᠶᠢᠯᠡᠭᠦᠯᠦᠭᠡᠳ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠡᠶᠢᠲᠡᠯᠡᠭᠰᠡᠨ ᠠᠳᠠᠯᠢ ᠬᠤᠭᠤᠴᠠᠭᠠᠨ ᠤ ᠠᠳᠠᠯᠢ ᠲᠠᠰ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶ ᠶᠢᠨ 90% ᠠᠴᠠ ᠥᠨᠳᠥᠷ ᠪᠠᠶᠢᠯᠭᠠᠬᠤ ᠦᠭᠡᠢ ᠮᠥᠷᠲᠡᠭᠡᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠶᠢᠨ 3% ᠠᠴᠠ ᠳᠠᠪᠠᠭᠤᠯᠬᠤ ᠦᠭᠡᠢ ︵ᠪᠣᠳᠠᠲᠠᠢ ᠬᠦᠦ ᠮᠥᠩᠭᠦᠨ ᠤ ᠨᠣᠷᠮ᠎ᠠ ᠨᠢ LPR ᠠᠴᠠ ᠳᠣᠣᠷ᠎ᠠ ᠪᠠᠶᠢᠪᠠᠯ ᠪᠣᠳᠠᠲᠠᠢ ᠬᠦᠦ ᠮᠥᠩᠭᠦᠨ ᠤ ᠨᠤᠷᠮ᠎ᠠ ᠪᠠᠷ ᠪᠤᠳᠤᠨ᠎ᠠ︶ ᠪᠠᠶᠢᠯᠭᠠᠨ᠎ᠠ᠃ ᠮᠥᠩᠭᠦᠨ ᠭᠦᠢᠯᠭᠡᠭᠡᠨ ᠢᠶᠠᠷ ᠠᠯᠠᠰᠢᠨ ᠦᠬᠡᠷ ᠤᠨ ᠠᠵᠤ ᠦᠢᠯᠡᠰ ᠢ ᠳᠡᠮᠵᠢᠬᠦ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠪᠠᠲᠤᠯᠠᠭ᠎ᠠ ᠶᠢᠨ ᠳᠠᠭᠠᠭᠠᠯᠲᠠ᠂ ᠳᠠᠭᠠᠳᠬᠠᠯ ᠤᠨ ᠪᠠᠲᠤᠯᠠᠭ᠎ᠠ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠬᠤᠯᠪᠤᠭᠠᠯᠠᠨ ᠬᠥᠳᠡᠯᠦᠯᠴᠡᠬᠦ ᠵᠠᠭᠪᠤᠷ ᠢ ᠪᠠᠶᠢᠭᠤᠯᠵᠤ᠂ ᠠᠮᠢᠲᠠᠨ ᠢᠶᠠᠷ ᠪᠠᠷᠢᠴᠠᠭ᠎ᠠ ᠪᠣᠯᠭᠠᠭᠰᠠᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠪᠡᠯᠡᠳᠬᠡᠮᠵᠢᠲᠦ ᠮᠠᠯ ᠠᠵᠤ ᠠᠬᠤᠢ ᠶᠢᠨ ᠵᠢᠭᠡᠯᠡᠯᠭᠡ ᠶᠢᠨ ᠳᠠᠭᠠᠭᠠᠯᠲᠠ ᠶᠢᠨ ᠵᠠᠷᠤᠳᠠᠯ ᠤᠨ ᠨᠣᠷᠮ᠎ᠠ ᠶᠢ 1% ᠠᠴᠠ ᠥᠨᠳᠥᠷ ᠪᠠᠶᠢᠯᠭᠠᠵᠤ ᠪᠣᠯᠬᠤ ᠦᠭᠡᠢ᠃ ᠠᠯᠠᠰᠢᠨ ᠦᠬᠡᠷ ᠠᠯᠠᠰᠢᠨ ᠬᠤᠨᠢᠨ ᠤ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠳᠠᠭᠠᠳᠬᠠᠯ ᠢ ᠠᠯᠠᠰᠢᠨ ᠦᠬᠡᠷ᠂ ᠠᠯᠠᠰᠢᠨ ᠬᠤᠨᠢ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠡᠰᠢ ᠬᠡᠯᠪᠡᠶᠢᠯᠭᠡᠬᠦ ᠶᠢ ᠠᠬᠢᠭᠤᠯᠤᠨ᠎ᠠ᠃ 〔 ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ 〕

    ᠲᠠᠪᠤ᠂ ᠦᠢᠯᠡᠳᠪᠦᠷᠢᠯᠡᠯ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ

    ᠭᠠᠵᠠᠷ ᠰᠢᠷᠣᠢ ᠶᠢ ᠲᠥᠯᠥᠪᠦᠷᠢᠲᠡᠢ ᠰᠢᠯᠵᠢᠭᠦᠯᠦᠭᠰᠡᠨ ᠣᠷᠣᠯᠭ᠎ᠠ ᠶᠢᠨ ᠪᠡᠯᠡ ᠮᠥᠩᠭᠦ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢᠨ ᠠᠷᠠᠯᠵᠢᠶᠠᠨ ᠤ ᠣᠷᠣᠯᠭ᠎ᠠ ᠵᠡᠷᠭᠡ ᠪᠠᠷ ᠪᠡᠯᠡᠳᠬᠡᠮᠵᠢᠲᠦ ᠮᠠᠯ ᠠᠵᠤ ᠠᠬᠤᠢ ᠶᠢᠨ ᠲᠥᠷᠥᠯ ᠵᠦᠢᠯ ᠢ ᠤᠷᠢᠳ ᠢᠶᠠᠷ ᠳᠡᠮᠵᠢᠬᠦ ᠬᠡᠷᠡᠭᠲᠡᠢ᠃ ᠨᠥᠬᠦᠴᠡᠯ ᠲᠠᠢ ᠪᠠᠶᠢᠭ᠎ᠠ ᠭᠤᠪᠢ᠂ ᠴᠦᠯ᠂ ᠬᠤᠵᠢᠷᠯᠢᠭ ᠭᠠᠵᠠᠷ ᠵᠡᠷᠭᠡ ᠣᠷᠣᠨ ᠪᠦᠰᠡ ᠳᠤ ᠪᠡᠯᠡᠳᠬᠡᠮᠵᠢᠲᠦ ᠮᠠᠯ ᠠᠵᠤ ᠠᠬᠤᠢ ᠶᠢ ᠬᠥᠭᠵᠢᠭᠦᠯᠬᠦ ᠶᠢ ᠳᠡᠮᠵᠢᠨ᠎ᠡ᠃ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠶᠣᠰᠣᠭᠠᠷ ᠬᠠᠮᠢᠶᠠᠷᠤᠨ᠎ᠠ᠃ ︽ᠤᠰᠤ ᠪᠠᠷ ᠳᠥᠷᠪᠡ ᠶᠢ ᠲᠣᠭᠲᠠᠭᠠᠬᠤ︾ ᠤᠷᠢᠲᠠᠯ ᠳᠣᠣᠷ᠎ᠠ᠂ ᠮᠠᠯ ᠠᠵᠤ ᠠᠬᠤᠢ ᠳᠤ ᠬᠡᠷᠡᠭᠯᠡᠬᠦ ᠤᠰᠤ ᠶᠢ ᠪᠠᠲᠤᠯᠠᠬᠤ ᠬᠡᠷᠡᠭᠲᠡᠢ᠃ ᠪᠡᠯᠡᠳᠬᠡᠮᠵᠢᠲᠦ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠡᠷᠡᠭᠯᠡᠬᠦ ᠴᠠᠬᠢᠯᠭᠠᠨ ᠳᠤ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ 〔 ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶〕

    ᠵᠢᠷᠭᠤᠭ᠎ᠠ᠂ ᠨᠡᠶᠢᠲᠡᠯᠢᠭ ᠢᠶᠠᠷ ᠵᠢᠱᠢᠶ᠎ᠡ ᠦᠵᠡᠭᠦᠯᠬᠦ ᠶᠢ ᠳᠡᠯᠭᠡᠷᠡᠭᠦᠯᠬᠦ ᠪᠠᠨ ᠴᠢᠩᠭᠠᠷᠠᠭᠤᠯᠤᠨ᠎ᠠ

    ᠵᠢᠯ ᠪᠦᠷᠢ 1 - 3 ᠬᠤᠰᠢᠭᠤ ᠰᠢᠶᠠᠨ ︵ᠬᠤᠲᠠ᠂ ᠲᠣᠭᠤᠷᠢᠭ︶ ᠢ ᠰᠢᠯᠢᠳᠡᠭᠴᠢᠯᠡᠨ ᠰᠣᠩᠭᠤᠵᠤ ᠪᠡᠯᠡᠳᠭᠡᠮᠵᠢᠳᠤ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠪᠦᠷᠢ ᠳᠤ 1000 ᠲᠦᠮᠡᠨ ᠲᠥᠭᠦᠷᠢᠭ ᠱᠠᠩᠨᠠᠨ᠎ᠠ᠃ ᠵᠢᠯ ᠪᠦᠷᠢ 2 - 5 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢ ᠥᠷᠨᠢᠭᠦᠯᠵᠦ᠂ ᠲᠡᠳᠡᠨ ᠤ ᠪᠡᠯᠡᠳᠬᠡᠮᠵᠢᠲᠦ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠨᠢ ᠡᠩ ᠲᠡᠷᠢᠭᠦᠨ ᠳᠤ ᠳᠡᠮᠵᠢᠵᠦ᠂ ᠱᠠᠩᠨᠠᠬᠤ ᠪᠠᠷ ᠨᠥᠬᠦᠪᠦᠷᠢ ᠶᠢ ᠣᠷᠣᠯᠠᠬᠤ᠂ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ ᠪᠠᠷ ᠳᠠᠮᠵᠢᠭᠤᠯᠤᠨ ᠲᠡᠵᠢᠭᠡᠯ ᠡᠪᠡᠰᠦ ᠪᠣᠷᠳᠤᠭ᠎ᠠ ᠡᠳ᠋ᠰᠢᠭᠦᠯᠦᠨ ᠪᠣᠯᠪᠠᠰᠤᠷᠠᠭᠤᠯᠬᠤ᠂ ᠨᠠᠷᠢᠯᠢᠭ ᠣᠨᠣᠴᠠᠲᠠᠢ ᠲᠡᠵᠢᠭᠡᠨ ᠠᠷᠠᠴᠢᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ᠂ ᠦᠷ᠎ᠡ ᠡᠭᠦᠯᠳᠡᠷ ᠢ ᠰᠠᠶᠢᠵᠢᠷᠠᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠲᠤᠷᠰᠢᠯᠲᠠ ᠪᠦᠷᠢ ᠳᠤ ᠠᠳᠠᠭ ᠲᠤ ᠪᠠᠨ 10 ᠲᠦᠮᠡᠨ ᠬᠤᠨᠢᠨ ᠨᠢᠭᠡᠴᠢ ᠠᠴᠠ ᠳᠡᠭᠡᠭᠰᠢᠬᠢ ᠮᠠᠯ ᠢ ᠬᠠᠮᠤᠷᠤᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ᠂ ᠶᠡᠭᠡ ᠳᠡᠭᠡᠳᠦ ᠰᠤᠷᠭᠠᠭᠤᠯᠢ ᠳᠤ ᠲᠦᠰᠢᠭᠯᠡᠨ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠬᠡᠷᠡᠭᠯᠡᠯᠲᠡ ᠶᠢ ᠳᠡᠯᠭᠡᠷᠡᠭᠦᠯᠬᠦ ᠪᠣᠯᠪᠠᠰᠤᠷᠠᠭᠤᠯᠤᠯ ᠢ ᠥᠷᠨᠢᠭᠦᠯᠦᠨ᠂ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠷᠠᠭᠤᠯᠵᠤ᠂ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ 〔 ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠨᠢ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠬᠠᠮᠵᠢᠯᠴᠠᠨ᠎ᠠ 〕

    ᠲᠣᠰ ᠠᠷᠭ᠎ᠠ ᠬᠡᠮᠵᠢᠶ᠎ᠡ ᠳᠤ ᠬᠤᠯᠪᠣᠭᠳᠠᠭᠰᠠᠨ ᠲᠤᠰᠬᠠᠢ ᠳᠡᠮᠵᠢᠯᠭᠡ ᠶᠢᠨ ᠪᠡᠯᠡ ᠮᠥᠩᠭᠦ ᠶᠢ ᠴᠥᠮ ︽ᠤᠷᠢᠳ ᠢᠶᠠᠷ ᠪᠠᠶᠢᠭᠤᠯᠵᠤ ᠳᠠᠷᠠᠭ᠎ᠠ ᠳᠤ ᠨᠢ ᠨᠥᠬᠦᠪᠦᠷᠢᠯᠡᠬᠦ᠂ ᠱᠠᠲᠤ ᠬᠤᠪᠢᠶᠠᠨ ᠡᠭᠦᠷᠭᠡᠯᠡᠬᠦ᠂ ᠪᠣᠳᠠᠲᠠᠢ ᠪᠠᠶᠢᠳᠠᠯ ᠢ ᠨᠢ ᠦᠨᠳᠦᠰᠦᠯᠡᠨ ᠨᠡᠮᠡᠭᠦᠷᠢ ᠣᠯᠭᠤᠬᠤ᠂ ᠳᠠᠷᠠᠭᠠᠯᠠᠨ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠰᠠᠯᠭᠠᠨ ᠥᠭᠭᠦᠨ᠎ᠡ᠃ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠨᠢ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠬᠠᠮᠢᠶ᠎ᠠ ᠪᠦᠬᠦᠢ ᠪᠠᠷᠢᠮᠵᠢᠶ᠎ᠠ᠂ ᠭᠤᠶᠤᠴᠢᠯᠠᠨ ᠮᠡᠳᠡᠭᠦᠯᠬᠦ ᠳᠡᠰ ᠳᠠᠷᠠᠭᠠᠯᠠᠯ᠂ ᠪᠦᠲᠦᠭᠡᠨ ᠪᠠᠶᠢᠭᠤᠯᠬᠤ ᠠᠭᠤᠯᠭ᠎ᠠ᠂ ᠰᠢᠯᠭᠠᠨ ᠬᠢᠨᠠᠵᠤ ᠰᠢᠯᠭᠠᠨ ᠬᠤᠷᠢᠶᠠᠬᠤ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

2024 ᠣᠨ ᠤ 2 ᠳ᠋ᠤᠭᠠᠷ ᠰᠠᠷ᠎ᠠ ᠶᠢᠨ 19 ᠤ ᠡᠳᠦᠷ ᠳᠠᠷᠤᠮᠠᠯᠯᠠᠨ ᠲᠠᠷᠬᠠᠭᠠᠪᠠ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ