|
ᠪᠦᠭᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠠᠪᠤᠭᠳᠠᠪᠠ ᠵᠧᠩ ᠭᠤᠸᠠᠩ ᠵᠤᠤ ᠶᠠᠩ ᠽᠥᠩ ᠷᠧᠨ ᠲᠤᠰᠬᠠᠢ | ᠰᠡᠳᠦᠪ ᠢᠶᠠᠷ ᠬᠠᠪᠰᠤᠷᠤᠨ ᠵᠢᠯᠣᠭᠤᠳᠴᠠᠢ |
|
|
ᠨᠡᠶᠢᠲᠡᠯᠡᠭᠰᠡᠨ ᠴᠠᠭ᠄
2024/8/19
|
|
8 ᠰᠠᠷ᠎ᠠ ᠶᠢᠨ 14 ᠠᠴᠠ 16 ᠤ ᠡᠳᠦᠷ ᠪᠤᠯᠲᠠᠯ᠎ᠠ᠂ ᠪᠦᠭᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠭᠦᠭᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ ᠲᠤᠰᠬᠠᠢ ᠰᠡᠳᠦᠪ ᠢᠶᠠᠷ ᠬᠠᠪᠰᠤᠷᠤᠨ ᠵᠢᠯᠣᠭᠤᠳᠪᠠ᠃ ᠲᠣᠰ ᠤᠳᠠᠭ᠎ᠠ ᠶᠢᠨ ᠪᠣᠯᠪᠠᠰᠤᠷᠠᠯ ᠨᠢ ︽ᠵᠠᠩᠭᠢᠯᠠᠭ᠎ᠠ ᠶᠢᠨ ᠴᠥᠭᠡᠨ ᠲᠣᠭᠠᠲᠠᠨ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤ ᠢᠲᠡᠭᠡᠵᠦ ᠦᠢᠯᠡᠳᠦᠯᠭᠡᠵᠢᠭᠦᠯᠦᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠨᠠᠷᠢᠨ ᠪᠤᠳᠤᠯᠢᠶᠠᠨᠲᠠᠢ ᠲᠡᠮᠡᠴᠡᠯ ᠢ ᠠᠷᠭᠠᠴᠠᠭᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠥᠪᠥᠷ ᠮᠣᠩᠭᠤᠯ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠪᠣᠯᠣᠨ᠎ᠠ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|