|
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠠᠵᠤ ᠠᠬᠤᠢ ᠶᠢᠨ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ ᠰᠦᠨ | ᠱᠤᠤ ᠴᠧᠩ ᠬᠤᠷᠠᠯ ᠢ ᠡᠷᠭᠢᠯᠡᠪᠡ |
|
|
ᠨᠡᠶᠢᠲᠡᠯᠡᠭᠰᠡᠨ ᠴᠠᠭ᠄
2024/8/19
|
|
8 ᠰᠠᠷ᠎ᠠ ᠶᠢᠨ 18 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠂ ᠠᠵᠤ ᠠᠬᠤᠢ ᠶᠢᠨ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ ᠃ ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠵᠠᠰᠠᠭ ᠤᠨ ᠠᠵᠢᠯ ᠤᠨ ᠠᠮᠵᠢᠯᠲᠠ ᠶᠢᠨ ᠲᠤᠬᠠᠢ ᠵᠥᠪ ᠦᠵᠡᠯᠲᠡ ᠶᠢ ᠪᠠᠲᠤ ᠪᠠᠬᠢ ᠪᠤᠢ ᠪᠤᠯᠭᠠᠵᠤ ᠂ ᠦᠨᠡᠨ ᠠᠴᠠ ᠵᠥᠪ ᠢ ᠡᠷᠢᠵᠦ ᠬᠥᠭᠵᠢᠯᠲᠡ ᠶᠢ ᠡᠷᠢᠯᠬᠢᠯᠡᠨ ᠂ ᠬᠥᠭᠵᠢᠯᠲᠡ ᠶᠢ ᠠᠳᠬᠤᠵᠤ ᠂ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ ᠂ ᠦᠷᠭᠦᠯᠵᠢᠯᠡᠨ ᠬᠦᠴᠦᠯᠡᠵᠦ ᠪᠠᠶᠢᠭᠠᠳ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠤᠨ ᠂ ᠪᠡᠯᠡ ᠣᠷᠣᠭᠤᠯᠤᠯᠲᠠ ᠶᠢ ᠥᠷᠭᠡᠳᠬᠡᠬᠦ ᠬᠡᠷᠡᠭᠲᠡᠢ ᠃ ᠠᠷᠭ᠎ᠠ ᠪᠦᠭᠦᠨ ᠢ ᠰᠦᠪᠡᠭᠴᠢᠯᠡᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠵᠤ ᠂ ᠡᠯ᠎ᠡ ᠱᠠᠲᠤᠨ ᠤ ᠥᠷᠢ ᠥᠭᠴᠡᠭᠡ ᠶᠢ ᠠᠷᠢᠯᠭᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠂ ︽ ᠠᠷᠪᠢᠴᠢ ᠭᠠᠮᠲᠠᠢ ᠠᠮᠢᠳᠤᠷᠠᠬᠤ ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠡᠷᠦᠩᠬᠡᠶᠢᠯᠡᠭᠰᠡᠨ ᠡᠳ᠋ ᠤᠨ ᠬᠦᠴᠦᠨ ᠢ ᠪᠤᠵᠠᠭᠠᠶᠢᠷᠠᠭᠤᠯᠵᠤ ᠂ ᠰᠢᠨ᠎ᠡ ᠥᠷᠢ ᠥᠭᠴᠡᠭᠡ ᠨᠡᠮᠡᠭᠳᠡᠬᠦ ᠶᠢ ᠡᠷᠡᠰ ᠬᠤᠷᠢᠭᠯᠠᠵᠤ ᠂ ᠪᠡᠯᠡ ᠲᠣᠬᠢᠷᠠᠭᠤᠯᠬᠤ ᠲᠠᠪᠴᠠᠩ ᠤᠨ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ ᠃ ᠳᠦᠷᠢᠮ ᠤᠨ ᠬᠡᠷᠡᠭᠵᠢᠭᠦᠯᠦᠯᠲᠡ ᠶᠢ ᠴᠢᠩᠭᠠᠳᠬᠠᠵᠤ ᠂ ᠱᠠᠩᠨᠠᠵᠤ ᠲᠣᠷᠭᠠᠬᠤ ᠶᠢ ᠲᠣᠳᠣᠷᠬᠠᠢ ᠪᠠᠶᠢᠯᠭᠠᠬᠤ ᠶᠢ ᠪᠠᠷᠢᠮᠲᠠᠯᠠᠵᠤ ᠂ ︽ ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠪᠦᠭᠦ ᠬᠦᠴᠦᠨ ᠢᠶᠠᠷ ᠰᠠᠶᠢᠲᠤᠷ ᠬᠢᠵᠦ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ︽ ᠦᠨᠡᠨ ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ ︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ﹀ ᠤᠨ ᠲᠤᠬᠠᠢ ᠲᠣᠳᠣᠷᠬᠠᠶᠢᠯᠠᠯᠲᠠ ︾ ᠶᠢ ᠤᠯᠠᠮᠵᠢᠯᠠᠨ ᠰᠤᠷᠤᠯᠴᠠᠵᠦ ᠂ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠲᠠ ᠬᠤᠷᠠᠯ ᠤᠨ ︽ ᠲᠣᠭᠲᠠᠭᠠᠯ ︾ ᠳᠤ ᠲᠣᠭᠲᠠᠭᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠠᠯᠳᠠᠭ᠎ᠠ ᠪᠤᠷᠤᠭᠤ ᠪᠠᠨ ᠵᠠᠯᠠᠷᠠᠭᠤᠯᠬᠤ ᠂ ᠲᠣᠭᠲᠠᠴᠠ ᠪᠠᠨ ᠥᠭᠡᠷᠡᠴᠢᠯᠡᠬᠦ ᠂ ᠪᠠᠶᠢᠷᠢᠯᠠᠭᠤᠯᠤᠯᠲᠠ ᠪᠠᠨ ᠥᠭᠡᠷᠡᠴᠢᠯᠡᠬᠦ ᠂ ᠰᠤᠷᠲᠠᠯ ᠢᠶᠠᠨ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠᠬᠢ ᠬᠠᠷᠰᠢ ᠰᠠᠭᠠᠳ ᠢ ᠬᠦᠴᠦᠯᠡᠨ ᠰᠢᠢᠳᠪᠦᠷᠢᠯᠡᠵᠦ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠂ ᠨᠡᠶᠢᠭᠡᠮ ᠤᠨ ᠵᠠᠰᠠᠯᠲᠠ ᠶᠢᠨ ᠲᠦᠪᠰᠢᠨ ᠂ ᠣᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠵᠦ ᠂ ᠥᠭᠡᠷᠡᠴᠢᠯᠡᠯᠲᠡ ᠶᠢᠨ ᠶᠠᠰᠤ ᠴᠢᠨᠠᠷ ᠦᠷ᠎ᠡ ᠪᠦᠲᠦᠮᠵᠢ ᠪᠠᠷ ᠬᠥᠭᠵᠢᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠠᠴᠠ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠷᠢᠯᠢᠭᠵᠢᠭᠤᠯᠤᠨ ᠬᠤᠪᠢᠶᠠᠷᠢᠯᠠᠵᠤ ᠂ ᠥᠭᠡᠷᠡᠴᠢᠯᠡᠯᠲᠡ ᠶᠢ ᠠᠯᠢ ᠲᠦᠷᠭᠡᠨ ᠢᠶᠠᠷ ︽ ᠦᠷ᠎ᠡ ᠪᠦᠲᠦᠮᠵᠢ ︾ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|