ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ
ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭᠠᠭᠰᠠᠨ ﹇2024 ﹈ 12 ᠳ᠋ᠤᠭᠠᠷ ᠲᠣᠭᠠᠲᠤ
ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ
ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︾ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃
2024 ᠣᠨ ᠤ 3 ᠳ᠋ᠤᠭᠠᠷ ᠰᠠᠷ᠎ᠠ ᠶᠢᠨ 5 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ
ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ
ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ ︾ ︵ᠲᠥᠷᠥ ᠲᠠᠷᠬᠠᠭᠠᠭᠰᠠᠨ ﹇2022 ﹈ 14 ᠳ᠋ᠦ᠋ᠭᠡᠷ ᠲᠣᠭᠠᠲᠤ ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃
ᠨᠢᠭᠡ᠂ ᠶᠡᠷᠦᠩᠬᠡᠢ ᠱᠠᠭᠠᠷᠳᠠᠯᠭ᠎ᠠ
︵ᠨᠢᠭᠡ ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠬᠤᠷᠢᠶᠠᠨ ᠤ ᠨᠢᠭᠡᠳᠦᠭᠡᠷ᠂ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠬᠤ᠂ ᠳ᠋ᠠᠶᠢᠲ᠋ᠠ ᠪᠠᠷ ᠬᠦᠴᠦᠨ ᠣᠯᠭᠤᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠬᠦ᠂ ᠲᠥᠷᠥᠯ ᠠᠩᠭᠢᠯᠠᠨ ᠬᠡᠷᠡᠭᠵᠢᠭᠦᠯᠬᠦ ᠶᠢ ᠪᠠᠷᠢᠮᠲᠠᠯᠠᠵᠤ᠂ ᠪᠦᠬᠦᠯᠢ ᠴᠣᠭᠴᠠ ᠪᠠᠷ ᠬᠠᠮᠵᠢᠯᠴᠠᠬᠤ᠂ ᠠᠮᠤᠷ ᠲᠦᠪᠰᠢᠨ ᠡᠵᠡᠮᠳᠡᠬᠦᠶᠢᠴᠡ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ︾᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ ︾᠂ ︽ᠨᠢᠭᠡ ᠰᠦᠯᠵᠢᠶ᠎ᠡ ᠪᠠᠷ ᠬᠠᠮᠵᠢᠯᠴᠠᠬᠤ ︾᠂ ︽ᠨᠢᠭᠡ ᠤᠲᠠᠰᠤ ᠪᠠᠷ ᠨᠡᠪᠲᠡᠷᠡᠭᠦᠯᠬᠦ ︾ ᠪᠠᠷ ᠬᠥᠲᠥᠯᠥᠮᠵᠢ ᠪᠣᠯᠭᠠᠵᠤ᠂ ᠳ᠋ᠢᠵᠢᠲ᠋ᠠᠯ ᠮᠡᠷᠭᠡᠵᠢᠯ ᠢ ᠵᠠᠰᠠᠭ ᠤᠨ ᠣᠷᠳᠣᠨ ᠤ ᠬᠠᠮᠢᠶᠠᠷᠤᠯᠲᠠ ᠦᠢᠯᠡᠴᠢᠯᠡᠭᠡᠨ ᠤ ᠡᠯ᠎ᠡ ᠵᠦᠢᠯ ᠤᠨ ᠠᠵᠢᠯ ᠳᠤ ᠥᠷᠭᠡᠨ ᠢᠶᠠᠷ ᠬᠡᠷᠡᠭᠯᠡᠵᠦ᠂ ᠵᠠᠰᠠᠭ ᠤᠨ ᠣᠷᠳᠣᠨ ᠤ ᠵᠠᠰᠠᠯᠲᠠ ᠶᠢᠨ ᠶᠠᠪᠤᠴᠠ ᠶᠢ ᠰᠢᠯᠢᠳᠡᠭᠵᠢᠭᠦᠯᠬᠦ᠂ ᠵᠠᠭᠪᠤᠷ ᠲᠤ ᠰᠢᠨ᠎ᠡ ᠶᠢ ᠡᠭᠦᠳᠬᠦ ᠪᠠ ᠡᠭᠦᠷᠭᠡ ᠲᠤᠰᠢᠶᠠᠯ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠵᠠᠰᠠᠭ ᠤᠨ ᠣᠷᠳᠣᠨ ᠤ ᠲᠣᠭᠠᠵᠢᠭᠤᠯᠤᠭᠰᠠᠨ᠂ ᠣᠶᠤᠨᠴᠢᠯᠠᠭᠰᠠᠨ ᠠᠵᠢᠯᠯᠠᠭᠠᠨ ᠤ ᠰᠢᠨ᠎ᠡ ᠬᠡᠯᠪᠡᠷᠢ ᠶᠢ ᠪᠣᠢ ᠪᠣᠯᠭᠠᠵᠤ᠂ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠳ᠋ᠢᠵᠢᠲ᠋ᠠᠯ ᠠᠵᠤ ᠠᠬᠤᠢ᠂ ᠳ᠋ᠢᠵᠢᠲ᠋ᠠᠯ ᠨᠡᠶᠢᠭᠡᠮ᠂ ᠳ᠋ᠢᠵᠢᠲ᠋ᠠᠯ ᠠᠮᠢ ᠠᠬᠤᠢ᠂ ᠳ᠋ᠢᠵᠢᠲ᠋ᠠᠯ ᠰᠣᠶᠣᠯ ᠢ ᠬᠥᠲᠥᠯᠥᠨ ᠳᠠᠭᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠲᠣᠭᠲᠠᠯᠴᠠᠭ᠎ᠠ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
︵ᠬᠤᠶᠠᠷ ︶ ᠶᠡᠷᠦᠩᠬᠡᠢ ᠬᠠᠷᠠᠯᠲᠠ᠃ 2025 ᠣᠨ ᠪᠣᠯᠬᠤ ᠳᠤ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠯᠤᠭ᠎ᠠ ᠵᠣᠬᠢᠴᠠᠯᠳᠤᠭᠰᠠᠨ ᠳ᠋ᠢᠵᠢᠲ᠋ᠠᠯ ᠵᠠᠰᠠᠭ ᠤᠨ ᠣᠷᠳᠣᠨ ᠤ ᠳᠦᠷᠢᠮ ᠲᠣᠭᠲᠠᠴᠠ ᠶᠢ ᠨᠠᠩ ᠪᠦᠷᠢᠨᠰᠢᠭᠦᠯᠵᠦ᠂ ᠵᠠᠰᠠᠭ ᠤᠨ ᠣᠷᠳᠣᠨ ᠤ ᠲᠣᠭᠠᠵᠢᠭᠤᠯᠤᠭᠰᠠᠨ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ᠂ ᠠᠮᠤᠷ ᠲᠦᠪᠰᠢᠨ ᠤ ᠪᠠᠲᠤᠯᠠᠭ᠎ᠠ᠂ ᠳᠦᠷᠢᠮ ᠲᠣᠭᠲᠠᠭᠠᠯ᠂ ᠳ᠋ᠠᠶᠢᠲ᠋ᠠ ᠶᠢᠨ ᠡᠬᠢ ᠪᠠᠶᠠᠯᠢᠭ᠂ ᠲᠠᠪᠴᠠᠩ ᠤᠨ ᠲᠤᠯᠭᠠᠭᠤᠷᠢᠯᠠᠯ ᠵᠡᠷᠭᠡ ᠳ᠋ᠢᠵᠢᠲ᠋ᠠᠯ ᠵᠠᠰᠠᠭ ᠤᠨ ᠣᠷᠳᠣᠨ ᠤ ᠰᠢᠰᠲ᠋ᠧᠮ ᠤᠨ ᠪᠣᠷᠣ ᠲᠥᠯᠥᠪ ᠢ ᠦᠨᠳᠦᠰᠦᠨ ᠳᠤ ᠪᠠᠨ ᠪᠦᠷᠢᠯᠳᠦᠭᠦᠯᠦᠨ᠎ᠡ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠲᠣᠭᠠᠵᠢᠭᠤᠯᠤᠭᠰᠠᠨ᠂ ᠣᠶᠤᠨᠴᠢᠯᠠᠭᠰᠠᠨ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠰᠢᠨᠵᠢᠯᠡᠬᠦ ᠤᠬᠠᠭᠠᠨᠴᠢᠯᠠᠬᠤ᠂ ᠨᠡᠶᠢᠭᠡᠮ ᠤᠨ ᠵᠠᠰᠠᠯᠲᠠ ᠶᠢ ᠣᠨᠣᠴᠠᠲᠠᠢ ᠪᠣᠯᠭᠠᠬᠤ᠂ ᠣᠯᠠᠨ ᠨᠡᠶᠢᠲᠡ ᠶᠢᠨ ᠦᠢᠯᠡᠴᠢᠯᠡᠭᠡ ᠶᠢᠨ ᠲᠦᠭᠡᠮᠡᠯ ᠬᠠᠷᠠᠭᠠᠯᠵᠠᠬᠤ ᠠᠵᠢᠯ ᠢ ᠴᠢᠬᠤᠯᠠ ᠠᠬᠢᠴᠠ ᠲᠠᠢ ᠪᠣᠯᠭᠠᠵᠤ᠂ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢᠲᠦ ᠵᠠᠰᠠᠭ ᠤᠨ ᠣᠷᠳᠣᠨ ᠢ ᠪᠠᠶᠢᠭᠤᠯᠬᠤ ᠵᠡᠷᠭᠡ ᠲᠠᠯ᠎ᠠ ᠳᠠᠬᠢ ᠴᠢᠬᠤᠯᠠ ᠦᠢᠯᠡᠳᠦᠯ ᠢ ᠨᠢ ᠪᠠᠳᠠᠷᠠᠭᠤᠯᠤᠨ᠎ᠠ᠃
2035 ᠣᠨ ᠪᠣᠯᠬᠤ ᠳᠤ᠂ ᠵᠠᠰᠠᠭ ᠤᠨ ᠣᠷᠳᠣᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠯᠤᠭ᠎ᠠ ᠵᠣᠬᠢᠴᠠᠯᠳᠤᠭᠰᠠᠨ ᠳ᠋ᠢᠵᠢᠲ᠋ᠠᠯ ᠵᠠᠰᠠᠭ ᠤᠨ ᠣᠷᠳᠣᠨ ᠤ ᠲᠣᠭᠲᠠᠯᠴᠠᠭ᠎ᠠ ᠶᠢᠨ ᠪᠣᠷᠣ ᠲᠥᠯᠥᠪ ᠢ ᠨᠠᠩ ᠪᠣᠯᠪᠠᠰᠤᠷᠠᠩᠭᠤᠢ ᠪᠦᠷᠢᠨ ᠲᠡᠭᠦᠯᠳᠡᠷ ᠪᠣᠯᠭᠠᠵᠤ᠂ ᠪᠦᠬᠦᠯᠢ ᠴᠣᠭᠴᠠ ᠪᠠᠷ ᠬᠠᠮᠵᠢᠯᠴᠠᠭᠰᠠᠨ᠂ ᠱᠠᠯᠠᠮᠠᠭᠠᠢ ᠪᠥᠭᠡᠳ ᠥᠨᠳᠥᠷ ᠪᠦᠲᠦᠮᠵᠢᠲᠡᠶ᠂ ᠣᠶᠤᠨᠯᠢᠭ ᠪᠥᠭᠡᠳ ᠨᠠᠷᠢᠯᠢᠭ ᠣᠨᠣᠴᠠᠲᠠᠢ᠂ ᠴᠢᠯᠦᠭᠡᠲᠡᠢ ᠨᠡᠭᠡᠭᠡᠭᠰᠡᠨ ᠪᠥᠭᠡᠳ ᠢᠯᠡ ᠲᠣᠳᠣ᠂ ᠡᠷᠬᠡ ᠲᠡᠭᠰᠢ ᠪᠥᠭᠡᠳ ᠨᠡᠶᠢᠳᠡᠮ ᠳᠤ ᠬᠠᠷᠠᠭᠠᠯᠵᠠᠭᠰᠠᠨ ᠳ᠋ᠢᠵᠢᠲ᠋ᠠᠯ ᠵᠠᠰᠠᠭ ᠤᠨ ᠣᠷᠳᠣᠨ ᠢ ᠦᠨᠳᠦᠰᠦᠨ ᠳᠤ ᠪᠠᠨ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃
ᠬᠤᠶᠠᠷ᠂ ᠭᠤᠣᠯ ᠡᠭᠦᠷᠭᠡ
︵ᠨᠢᠭᠡ ︶ ᠵᠠᠰᠠᠭ ᠤᠨ ᠣᠷᠳᠣᠨ ᠤ ᠲᠣᠭᠠᠵᠢᠭᠤᠯᠤᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃
1. ᠠᠵᠤ ᠠᠬᠤᠢ ᠶᠢᠨ ᠳ᠋ᠠᠶᠢᠲ᠋ᠠ ᠶᠢ ᠨᠡᠶᠢᠳᠬᠡᠬᠦ᠂ ᠬᠤᠷᠠᠮᠳᠤᠭᠤᠯᠬᠤ᠂ ᠵᠠᠰᠠᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ᠂ ᠠᠵᠢᠯ ᠣᠯᠭᠤᠯᠲᠠ᠂ ᠠᠵᠤ ᠦᠢᠯᠡᠰ᠂ ᠪᠡᠯᠡ ᠣᠷᠣᠭᠤᠯᠤᠯᠲᠠ᠂ ᠬᠡᠷᠡᠭᠯᠡᠭᠡ᠂ ᠠᠷᠠᠯᠵᠢᠶ᠎ᠠ᠂ ᠣᠷᠣᠨ ᠪᠦᠰᠡ ᠵᠡᠷᠭᠡ ᠠᠵᠤ ᠠᠬᠤᠢ ᠶᠢᠨ ᠬᠦᠷᠢᠶᠡᠨ ᠳᠠᠬᠢ ᠵᠠᠩᠭᠢᠯᠠᠭ᠎ᠠ ᠶᠢᠨ ᠳ᠋ᠠᠶᠢᠲ᠋ᠠ ᠶᠢ ᠴᠤᠭᠯᠠᠭᠤᠯᠬᠤ᠂ ᠵᠠᠰᠠᠬᠤ ᠪᠠ ᠬᠡᠷᠡᠭᠯᠡᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠵᠠᠰᠠᠯᠲᠠ ᠶᠢᠨ ᠰᠠᠭᠤᠷᠢ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠵᠤ᠂ ᠠᠵᠤ ᠠᠬᠤᠢ ᠶᠢᠨ ᠵᠠᠰᠠᠯᠲᠠ ᠶᠢᠨ ᠳ᠋ᠠᠶᠢᠲ᠋ᠠ ᠳᠤ ᠵᠠᠳᠠᠯᠤᠯᠲᠠ ᠬᠢᠬᠦ ᠶᠢ ᠴᠢᠩᠭᠠᠳᠬᠠᠨ᠂ ᠬᠤᠷᠸ᠎ᠠ ᠠᠵᠤ ᠠᠬᠤᠢ ᠶᠢᠨ ᠵᠠᠰᠠᠯᠲᠠ ᠶᠢᠨ ᠳ᠋ᠠᠶᠢᠲ᠋ᠠ ᠳᠤ ᠵᠠᠳᠠᠯᠤᠯᠲᠠ ᠬᠢᠬᠦ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠰᠠᠯᠠᠬᠤ ᠲᠦᠪᠰᠢᠨ ᠢ ᠳᠡᠭᠡᠭᠰᠢᠯᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠣᠯᠭᠤᠨ᠎ᠠ᠃
2. ᠲᠣᠮᠣ ᠳ᠋ᠠᠶᠢᠲ᠋ᠠ ᠶᠢ ᠬᠡᠷᠡᠭᠯᠡᠨ ᠠᠵᠤ ᠠᠬᠤᠢ ᠶᠢᠨ ᠬᠢᠨᠠᠨ ᠰᠢᠨᠵᠢᠯᠲᠡ ᠰᠡᠷᠡᠮᠵᠢᠯᠡᠭᠦᠯᠦᠯᠲᠡ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠭᠠᠵᠢᠭᠤᠯᠤᠭᠰᠠᠨ ᠲᠠᠪᠴᠠᠩ ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯᠯᠠᠭᠠᠨ ᠤ ᠶᠡᠷᠦᠩᠬᠡᠶᠢᠯᠡᠭᠰᠡᠨ ᠬᠢᠨᠠᠨ ᠰᠢᠨᠵᠢᠬᠦ ᠲᠠᠪᠴᠠᠩ ᠢ ᠲᠦᠷᠭᠡᠳᠬᠡᠨ ᠪᠠᠶᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠪᠦᠬᠦ ᠠᠮᠢ ᠨᠠᠰᠤᠨ ᠤ ᠦᠶᠡᠯᠡᠯ ᠢ ᠬᠠᠮᠤᠷᠤᠭᠰᠠᠨ ᠬᠥᠳᠡᠯᠦᠩᠭᠦᠢ ᠮᠡᠳᠡᠷᠡᠬᠦᠢ ᠪᠠ ᠶᠡᠷᠦᠩᠬᠡᠶᠢᠯᠡᠭᠰᠡᠨ ᠵᠠᠳᠠᠯᠤᠯᠲᠠ ᠶᠢ ᠴᠢᠩᠭᠠᠳᠬᠠᠨ᠂ ᠠᠵᠤ ᠠᠬᠤᠢ ᠶᠢᠨ ᠬᠠᠨᠳᠤᠰᠢ ᠶᠢ ᠰᠤᠳᠤᠯᠤᠨ ᠮᠠᠭᠠᠳᠯᠠᠬᠤ ᠪᠠᠨ ᠴᠢᠩᠭᠠᠷᠠᠭᠤᠯᠵᠤ᠂ ᠬᠤᠷᠸ᠎ᠠ ᠲᠣᠬᠢᠷᠠᠭᠤᠯᠭ᠎ᠠ ᠡᠵᠡᠮᠰᠢᠯ ᠬᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃
3. ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠣᠨᠣᠪᠴᠢᠲᠤ ᠴᠢᠨᠠᠷ ᠪᠠ ᠵᠣᠬᠢᠴᠠᠩᠭᠤᠢ ᠴᠢᠨᠠᠷ ᠢ ᠳᠡᠭᠡᠭᠰᠢᠯᠡᠭᠦᠯᠦᠨ᠎ᠡ᠃ ᠡᠳ᠋ ᠤᠨ ᠵᠠᠰᠠᠭ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠬᠤᠳᠠᠯᠳᠤᠭᠠᠨ ᠤ ᠶᠠᠪᠤᠳᠠᠯ᠂ ᠬᠢᠯᠢ ᠶᠢᠨ ᠪᠣᠭᠤᠮᠲᠠ ᠵᠡᠷᠭᠡ ᠬᠦᠷᠢᠶᠡᠨ ᠳᠠᠬᠢ ᠲᠣᠭᠠᠵᠢᠭᠤᠯᠤᠭᠰᠠᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠡᠯ᠎ᠡ ᠬᠦᠷᠢᠶᠡᠨ ᠤ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠪᠦᠲᠦᠮᠵᠢᠲᠡᠶ ᠵᠣᠯᠭᠠᠯᠴᠠᠭ᠎ᠠ ᠶᠢ ᠠᠬᠢᠭᠤᠯᠵᠤ᠂ ᠠᠵᠤ ᠠᠬᠤᠢ ᠶᠢᠨ ᠲᠣᠬᠢᠷᠠᠭᠤᠯᠭ᠎ᠠ ᠶᠢᠨ ᠲᠥᠷᠥ ᠶᠢᠨ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ᠂ ᠤᠷᠢᠳᠴᠢᠯᠠᠨ ᠮᠡᠳᠡᠬᠦ ᠴᠢᠨᠠᠷ ᠪᠠ ᠪᠦᠲᠦᠮᠵᠢᠲᠡᠶ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃
4. ᠬᠢᠨᠠᠯᠲᠠ ᠬᠠᠮᠢᠶᠠᠷᠤᠯᠲᠠ ᠶᠢᠨ ᠣᠨᠣᠪᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠢᠨᠠᠨ ᠬᠠᠮᠢᠶᠠᠷᠬᠤ ᠵᠦᠢᠯᠡᠰ ᠤᠨ ᠲᠣᠳᠣᠷᠬᠠᠢ ᠬᠠᠭᠤᠳᠠᠰᠤ ᠶᠢᠨ ᠲᠣᠭᠠᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠢᠷᠡᠯᠲᠡ ᠲᠠᠢ ᠳ᠋ᠠᠶᠢᠲ᠋ᠠ ᠶᠢ ᠬᠡᠷᠡᠭᠯᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠣᠨᠣᠴᠠᠲᠠᠢ ᠪᠠᠷ ᠵᠢᠷᠤᠭᠯᠠᠵᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠲᠥᠰᠥᠭᠡᠯᠡᠵᠦ ᠰᠡᠷᠡᠮᠵᠢᠯᠡᠭᠦᠯᠬᠦ ᠶᠢ ᠴᠢᠩᠭᠠᠷᠠᠭᠤᠯᠤᠨ᠎ᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠪᠴᠠᠩ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠳᠡᠰ ᠲᠥᠷᠥᠯ ᠬᠤᠪᠢᠶᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ ᠤᠨ ᠢᠲᠡᠭᠡᠮᠵᠢ ᠶᠢ ᠦᠨᠳᠦᠰᠦᠯᠡᠨ ᠵᠦᠷᠢᠶᠡᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠦᠷ᠎ᠡ ᠴᠢᠳᠠᠮᠵᠢ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠲᠡᠭᠦᠯᠳᠡᠷᠵᠢᠭᠦᠯᠵᠦ᠂ ᠢᠲᠡᠭᠡᠮᠵᠢ ᠶᠢᠨ ᠲᠠᠩᠰᠠ ᠡᠪᠬᠡᠮᠡᠯ ᠤᠨ ᠬᠠᠮᠢᠶᠠᠷᠤᠯᠲᠠ᠂ ᠢᠲᠡᠭᠡᠮᠵᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠵᠡᠷᠭᠡ ᠬᠡᠷᠡᠭᠯᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠪᠠᠷᠢᠯᠭ᠎ᠠ᠂ ᠡᠨᠧᠷᠭᠢ ᠵᠡᠷᠭᠡ ᠠᠵᠢᠯ ᠲᠥᠷᠥᠯ ᠤᠨ ᠮᠡᠳᠡᠭᠡ ᠵᠠᠩᠭᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠪᠠ ᠲᠣᠭᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ ᠳᠠᠬᠢ ᠪᠦᠬᠦ ᠭᠤᠣᠯ ᠴᠣᠭᠴᠠ᠂ ᠪᠦᠬᠦ ᠲᠦᠷᠦᠯ ᠵᠦᠢᠯ᠂ ᠪᠦᠬᠦ ᠬᠡᠯᠬᠢᠶᠡᠨ ᠤ ᠲᠣᠭᠠᠵᠢᠭᠤᠯᠤᠭᠰᠠᠨ ᠮᠥᠷᠳᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃
5. ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠬᠤ ᠲᠦᠪᠰᠢᠨ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ ︾ ᠶᠢᠨ ᠲᠠᠪᠴᠠᠩ ᠪᠠ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠠᠪᠴᠠᠩ ᠳᠤ ᠲᠦᠰᠢᠭᠯᠡᠨ᠂ ᠬᠢᠨᠠᠯᠲᠠ ᠬᠠᠮᠢᠶᠠᠷᠤᠯᠲᠠ ᠶᠢᠨ ᠳ᠋ᠠᠶᠢᠲ᠋ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤ ᠳᠤ ᠪᠠᠨ ᠭᠥᠷᠳᠡᠬᠦ ᠪᠠ ᠠᠰᠢᠭᠯᠠᠬᠤ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠳ᠋ᠠᠶᠢᠲ᠋ᠠ ᠶᠢᠨ ᠵᠠᠰᠠᠯᠲᠠ ᠶᠢ ᠴᠢᠩᠭᠠᠷᠠᠭᠤᠯᠤᠨ᠂ ᠭᠠᠵᠠᠷ ᠣᠷᠣᠨ᠂ ᠰᠠᠯᠠᠭ᠎ᠠ ᠮᠥᠴᠢᠷ᠂ ᠲᠠᠰ ᠱᠠᠲᠤ ᠠᠯᠤᠰᠯᠠᠨ ᠬᠠᠮᠵᠢᠯᠴᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠠᠬᠢᠭᠤᠯᠤᠨ᠎ᠠ᠃
6. ᠬᠢᠨᠠᠯᠲᠠ ᠬᠠᠮᠢᠶᠠᠷᠤᠯᠲᠠ ᠶᠢᠨ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠠᠬᠤᠢ ᠲᠠᠯᠠᠪᠠᠶ ᠶᠢᠨ ᠪᠤᠰᠤ᠂ ᠪᠣᠳᠠᠰᠯᠢᠭ ᠬᠤᠯᠪᠣᠭᠠᠲᠤ ᠮᠡᠳᠡᠷᠡᠬᠦᠢ᠂ ᠠᠯᠠᠭᠠᠨ ᠳᠡᠭᠡᠷᠡᠬᠢ ᠰᠢᠯᠵᠢᠮᠡᠯ ᠬᠤᠯᠪᠣᠭ᠎ᠠ ᠵᠡᠷᠭᠡ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠬᠢᠨᠠᠯᠲᠠ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠦᠷᠢᠯᠡᠵᠦ᠂ ᠬᠢᠨᠠᠯᠲᠠ ᠬᠠᠮᠢᠶᠠᠷᠤᠯᠲᠠ ᠶᠢᠨ ᠦᠷ᠎ᠡ ᠴᠢᠳᠠᠮᠵᠢ ᠶᠢ ᠳᠡᠭᠡᠭᠰᠢᠯᠡᠭᠦᠯᠦᠨ᠎ᠡ᠃ ᠰᠦᠯᠵᠢᠶ᠎ᠡ ᠪᠠᠷ ᠰᠦᠯᠵᠢᠶ᠎ᠡ ᠶᠢ ᠬᠠᠮᠢᠶᠠᠷᠬᠤ ᠶᠢ ᠴᠢᠩᠭᠠᠷᠠᠭᠤᠯᠵᠤ᠂ ᠲᠠᠪᠴᠠᠩ ᠤᠨ ᠠᠵᠤ ᠠᠬᠤᠢ᠂ ᠰᠣᠶᠣᠯ ᠤᠨ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠣᠭᠠᠵᠢᠭᠤᠯᠤᠭᠰᠠᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠲᠠᠬᠢ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
7. ᠨᠡᠶᠢᠭᠡᠮ ᠤᠨ ᠵᠥᠷᠢᠴᠡᠯ ᠢ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ ︾ ᠶᠢ ᠪᠠᠷᠢᠮᠲᠠᠯᠠᠨ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠵᠠᠬᠢᠳᠠᠯ ᠰᠤᠷᠪᠤᠯᠵᠢᠯᠠᠯ ︾ ᠤᠨ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠨ᠂ ᠪᠥᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠭᠡᠨ ᠢ ᠠᠬᠢᠭᠤᠯᠵᠤ᠂ ᠰᠦᠯᠵᠢᠶᠡᠨ ᠳᠡᠭᠡᠷ᠎ᠡ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠰᠦᠯᠵᠢᠶᠡᠨ ᠳᠡᠭᠡᠷ᠎ᠡ ᠵᠠᠬᠢᠳᠠᠯ ᠰᠤᠷᠪᠤᠯᠵᠢᠯᠠᠯ ᠬᠢᠬᠦ᠂ ᠰᠦᠯᠵᠢᠶᠡᠨ ᠳᠡᠭᠡᠷ᠎ᠡ ᠡᠶᠡᠳᠡᠭᠦᠯᠬᠦ᠂ ᠣᠶᠤᠨᠯᠢᠭ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠲᠦᠪᠰᠢᠨ ᠢ ᠳᠡᠭᠡᠭᠰᠢᠯᠡᠭᠦᠯᠦᠨ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠵᠢᠭᠰᠠᠭᠠᠨ ᠪᠠᠶᠢᠴᠠᠭᠠᠵᠤ ᠠᠷᠢᠯᠭᠠᠬᠤ ᠶᠢ ᠠᠬᠢᠭᠤᠯᠤᠨ᠎ᠠ᠃
8. ᠨᠡᠶᠢᠭᠡᠮ ᠤᠨ ᠠᠮᠤᠷ ᠢ ᠬᠠᠮᠠᠭᠠᠯᠠᠬᠤ ᠶᠢᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ ᠬᠤᠷᠴᠠ ᠭᠢᠷᠠᠬᠠᠢ ᠢᠨᠵᠧᠨᠧᠷᠢᠩ ︾ ᠪᠠ ︽ᠣᠶᠤᠨᠯᠢᠭ ᠳᠣᠲᠣᠭᠠᠳᠤ ᠶᠢ ᠬᠠᠮᠠᠭᠠᠯᠠᠬᠤ ︾ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠮᠤᠷ ᠢ ᠬᠠᠮᠠᠭᠠᠯᠠᠬᠤ ᠶᠢᠨ ᠬᠤᠯᠪᠤᠭᠠᠯᠠᠨ ᠬᠥᠳᠡᠯᠦᠯᠴᠡᠬᠦ ᠵᠡᠷᠭᠡ ᠲᠠᠯ᠎ᠠ ᠳᠠᠬᠢ ᠲᠣᠭᠠᠵᠢᠭᠤᠯᠤᠭᠰᠠᠨ ᠠᠷᠭ᠎ᠠ ᠪᠠᠷᠢᠯ ᠤᠨ ᠬᠡᠷᠡᠭᠯᠡᠭᠡᠨ ᠢ ᠭᠦᠨᠵᠡᠭᠡᠶᠢᠷᠡᠭᠦᠯᠦᠨ᠂ ᠡᠯ᠎ᠡ ᠲᠥᠷᠥᠯ ᠤᠨ ᠲᠦᠭᠰᠢᠭᠦᠷᠢ ᠶᠢ ᠲᠥᠰᠥᠭᠡᠯᠡᠬᠦ ᠰᠡᠷᠡᠮᠵᠢᠯᠡᠭᠦᠯᠬᠦ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃
9. ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠣᠶᠤᠨᠯᠢᠭ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠴᠢᠮᠡᠭᠡ ᠬᠤᠯᠪᠣᠭᠠᠨ ᠤ ᠲᠣᠣᠷ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠢᠨᠠᠯᠲᠠ ᠬᠠᠮᠢᠶᠠᠷᠤᠯᠲᠠ᠂ ᠠᠪᠤᠷᠠᠨ ᠲᠤᠰᠠᠯᠠᠯᠲᠠ ᠶᠢ ᠵᠢᠯᠤᠭᠤᠳᠬᠤ᠂ ᠡᠳ᠋ ᠪᠠᠷᠠᠭ᠎ᠠ ᠶᠢ ᠪᠠᠲᠤᠯᠠᠬᠤ᠂ ᠨᠡᠶᠢᠭᠡᠮ ᠢ ᠳᠠᠶᠢᠴᠢᠯᠠᠬᠤ ᠶᠢᠨ ᠲᠣᠭᠠᠵᠢᠭᠤᠯᠤᠯᠲᠠ᠂ ᠣᠶᠤᠨᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠠᠯ ᠤᠨ ᠠᠶᠤᠯ ᠢ ᠵᠠᠳᠠᠯᠵᠤ ᠰᠤᠳᠤᠯᠤᠨ ᠮᠠᠭᠠᠳᠯᠠᠬᠤ᠂ ᠠᠩᠬᠠᠨ ᠤ ᠬᠤᠭᠤᠴᠠᠭᠠᠨ ᠳᠤ ᠢᠯᠭᠠᠨ ᠲᠠᠨᠢᠬᠤ ᠪᠠ ᠬᠢᠨᠠᠨ ᠰᠢᠨᠵᠢᠵᠦ ᠰᠡᠷᠡᠮᠵᠢᠯᠡᠭᠦᠯᠬᠦ ᠶᠢ ᠴᠢᠩᠭᠠᠳᠬᠠᠨ᠂ ᠭᠠᠯ ᠰᠡᠷᠭᠡᠶᠢᠯᠡᠵᠦ ᠤᠨᠲᠠᠷᠠᠭᠠᠬᠤ ᠮᠡᠳᠡᠭᠡ ᠵᠠᠩᠭᠢᠴᠢᠯᠠᠯᠲᠠ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠶᠤᠨᠯᠢᠭ ᠴᠠᠭ ᠠᠭᠤᠷ ᠤᠨ ᠪᠠᠶᠢᠭᠤᠯᠤᠯᠲᠠ ᠶᠢ ᠠᠬᠢᠭᠤᠯᠵᠤ᠂ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠵᠠᠳᠠᠯᠤᠯᠲᠠ ᠬᠢᠬᠦ ᠪᠠ ᠰᠡᠷᠡᠮᠵᠢᠯᠡᠭᠦᠯᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠥᠭᠡᠴᠡ ᠠᠮᠤ ᠪᠤᠳᠠᠭᠠᠨ ᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠨᠥᠭᠡᠴᠡ ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠲᠣᠭᠠᠵᠢᠭᠤᠯᠬᠤ ᠪᠠᠶᠢᠭᠤᠯᠤᠯᠲᠠ ᠶᠢᠨ ᠲᠦᠪᠰᠢᠨ ᠢ ᠢᠳᠡᠪᠬᠢᠲᠡᠢ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠣᠬᠢᠶᠠᠨ ᠪᠠᠶᠢᠭᠤᠯᠵᠤ ᠵᠢᠯᠤᠭᠤᠳᠬᠤ᠂ ᠰᠡᠷᠭᠡᠶᠢᠯᠡᠨ ᠬᠠᠮᠠᠭᠠᠯᠠᠵᠤ ᠠᠪᠤᠷᠠᠨ ᠲᠤᠰᠠᠯᠠᠬᠤ᠂ ᠰᠡᠷᠡᠮᠵᠢ ᠶᠢᠨ ᠳᠣᠬᠢᠶ᠎ᠠ ᠴᠢᠮᠡᠭᠡ ᠬᠤᠯᠪᠣᠭ᠎ᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ᠂ ᠤᠬᠠᠭᠤᠯᠭ᠎ᠠ ᠬᠥᠮᠦᠵᠢᠯ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠵᠡᠷᠭᠡ ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ᠂ ᠴᠠᠭ ᠠᠭᠤᠷ ᠤᠨ ᠵᠠᠳᠠᠯᠤᠯᠲᠠ᠂ ᠠᠮᠤ ᠪᠤᠳᠠᠭᠠᠨ ᠤ ᠨᠥᠭᠡᠴᠡᠯᠡᠯᠲᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠵᠡᠷᠭᠡ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠡᠯ᠎ᠡ ᠲᠥᠷᠥᠯ ᠤᠨ ᠳ᠋ᠢᠵᠢᠲ᠋ᠠᠯ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠰᠣᠯᠪᠢᠴᠠᠨ ᠲᠤᠯᠭᠠᠭᠤᠷᠢᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠷᠮᠠᠶᠢᠨ ᠠᠬᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠎ᠠ᠃
10. ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠨᠣᠪᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ + ᠦᠨᠳᠦᠰᠦᠨ ᠱᠠᠲᠤᠨ ᠤ ᠵᠠᠰᠠᠯᠲᠠ ︾ ᠶᠢᠨ ᠠᠵᠢᠯᠯᠠᠭᠠᠨ ᠢ ᠬᠡᠷᠡᠭᠵᠢᠭᠦᠯᠵᠦ᠂ ᠲᠣᠣᠷᠯᠢᠭᠵᠢᠯ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠂ ︽ ᠬᠠᠮ ᠬᠦᠰᠦᠨᠦᠭᠲᠦ ︾ ᠵᠡᠷᠭᠡ ᠵᠠᠰᠠᠯᠲᠠ ᠶᠢᠨ ᠠᠷᠭ᠎ᠠ ᠳᠤ ᠰᠢᠨ᠎ᠡ ᠶᠢ ᠡᠭᠦᠳᠴᠦ᠂ ᠲᠣᠣᠷᠯᠢᠭᠵᠢᠯᠲᠠ ᠳᠠᠬᠢ ᠬᠥᠮᠥᠨ᠂ ᠭᠠᠵᠠᠷ᠂ ᠪᠣᠳᠠᠰ᠂ ᠬᠡᠷᠡᠭ᠂ ᠪᠠᠶᠢᠳᠠᠯ ᠵᠡᠷᠭᠡ ᠮᠡᠳᠡᠭᠡ ᠵᠠᠩᠭᠢ ᠳᠤ ᠬᠥᠳᠡᠯᠦᠩᠭᠦᠢ᠂ ᠣᠶᠤᠨᠴᠢᠯᠠᠭᠰᠠᠨ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠣᠶᠤᠨᠯᠢᠭ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠡᠯ᠎ᠡ ᠲᠥᠷᠥᠯ ᠤᠨ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠳᠤ ᠪᠠᠨ ᠬᠦᠷᠲᠡᠬᠦ ᠶᠢ ᠠᠬᠢᠭᠤᠯᠵᠤ᠂ ᠣᠶᠤᠨᠴᠢᠯᠠᠭᠰᠠᠨ᠂ ᠬᠥᠮᠥᠨᠴᠢᠯᠡᠭᠰᠡᠨ᠂ ᠠᠮᠢ ᠠᠬᠤᠶᠢᠵᠢᠭᠰᠠᠨ ᠦᠷᠭᠦᠯᠵᠢᠯᠡᠬᠦᠶᠢᠴᠡ ᠬᠥᠭᠵᠢᠯᠲᠡ ᠶᠢᠨ ᠰᠢᠨ᠎ᠡ ᠬᠡᠯᠪᠡᠷᠢ ᠶᠢᠨ ᠨᠡᠶᠢᠭᠡᠮ ᠲᠣᠭᠤᠷᠢᠭ ᠢ ᠪᠠᠶᠢᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ᠂ ᠪᠣᠯᠵᠣᠵᠤ ᠤᠷᠢᠳᠴᠢᠯᠠᠨ ᠲᠣᠭᠲᠠᠬᠤ᠂ ᠲᠠᠭᠠᠰᠢᠶᠠᠵᠤ ᠬᠤᠪᠢᠶᠠᠯᠴᠠᠬᠤ᠂ ᠰᠦᠯᠵᠢᠶᠡᠨ ᠳᠡᠭᠡᠷ᠎ᠡ ᠬᠠᠷᠢᠯᠴᠠᠨ ᠬᠥᠳᠡᠯᠦᠯᠴᠡᠬᠦ ᠵᠡᠷᠭᠡ ᠰᠢᠯᠵᠢᠮᠡᠯ ᠦᠵᠦᠭᠦᠷ ᠤᠨ ᠣᠯᠠᠨ ᠨᠡᠶᠢᠲᠡ ᠶᠢᠨ ᠳ᠋ᠢᠵᠢᠲ᠋ᠠᠯ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠲᠣᠭᠠᠵᠢᠭᠤᠯᠤᠭᠰᠠᠨ ᠵᠠᠰᠠᠯᠲᠠ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠲᠣᠭᠠᠵᠢᠭᠤᠯᠬᠤ ᠲᠥᠰᠥᠯ ᠢ ᠲᠣᠭᠲᠠᠭᠠᠵᠤ᠂ ᠪᠦᠲᠦᠭᠡᠨ ᠪᠠᠶᠢᠭᠤᠯᠵᠤ ᠠᠵᠢᠯᠯᠠᠭᠤᠯᠬᠤ ᠵᠠᠭᠪᠤᠷ ᠲᠤ ᠰᠢᠨ᠎ᠡ ᠶᠢ ᠡᠭᠦᠳᠦᠨ᠎ᠡ᠃
11. ᠣᠶᠤᠨᠯᠢᠭ ᠳᠥᠭᠦᠮ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠪᠠᠷ ᠠᠵᠢᠯ ᠶᠠᠪᠤᠳᠠᠯ ᠭᠦᠢᠴᠡᠳᠬᠡᠬᠦ ᠳᠤ ᠳᠥᠭᠦᠮ ᠦᠵᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠢ ᠭᠦᠢᠴᠡᠳᠬᠡᠬᠦ ᠳᠤ ᠬᠢᠯᠪᠠᠷ᠂ ᠠᠮᠠᠷᠬᠠᠨ ᠭᠦᠢᠴᠡᠳᠬᠡᠬᠦ ᠪᠣᠯᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠢᠭᠡᠳᠬᠡᠨ ᠭᠦᠢᠴᠡᠳᠬᠡᠬᠦ ᠶᠢ ᠬᠡᠷᠡᠭᠵᠢᠭᠦᠯᠵᠦ᠂ ᠭᠤᠣᠯᠳᠠᠭᠤ ᠠᠵᠤ ᠠᠬᠤᠶᠢᠯᠠᠯ ᠢ ᠪᠠᠶᠢᠭᠤᠯᠬᠤ ᠠᠴᠠ ᠬᠦᠴᠦᠨ ᠦᠭᠡᠢ ᠪᠣᠯᠭᠠᠬᠤ ᠬᠦᠷᠲᠡᠯᠡᠬᠢ᠂ ᠬᠤᠪᠢ ᠬᠥᠮᠥᠨ ᠤ ᠲᠥᠷᠥᠭᠰᠡᠨ ᠠᠴᠠ ᠦᠬᠦᠬᠦ ᠬᠦᠷᠲᠡᠯᠡᠬᠢ ᠠᠮᠢ ᠨᠠᠰᠤᠨ ᠤ ᠪᠥᠬᠦ ᠦᠶᠡᠯᠡᠯ ᠤᠨ ᠦᠢᠯᠡᠴᠢᠯᠡᠭᠡᠨ ᠤ ᠲᠣᠭᠤᠷᠢᠨ ᠳᠤ᠂ ᠲᠤᠬᠠᠶᠢᠯᠠᠭᠰᠠᠨ ᠠᠵᠢᠯ ᠤᠨ ᠬᠤᠯᠪᠣᠭᠳᠠᠬᠤ ᠴᠢᠨᠠᠷ ᠢᠶᠠᠷ ᠴᠢᠩᠭ᠎ᠠ᠂ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠪᠠᠷ ᠶᠡᠭᠡ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠨᠢᠭᠡᠳᠬᠡᠨ ᠭᠦᠢᠴᠡᠳᠬᠡᠬᠦ ᠶᠢ ᠠᠬᠢᠭᠤᠯᠵᠤ᠂ ᠭᠤᠣᠯ ᠰᠡᠳᠦᠪᠲᠦ ᠮᠠᠶ᠋ᠢᠭ ᠤᠨ ᠪᠠ ᠢᠵᠢ ᠪᠦᠷᠢᠨ ᠮᠠᠶ᠋ᠢᠭ ᠤᠨ ᠦᠢᠯᠡᠴᠢᠯᠡᠭᠡ ᠬᠠᠩᠭᠠᠵᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ ︾ ᠶᠢ ᠠᠬᠢᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠰ ᠳᠡᠪᠰᠢᠭᠰᠡᠨ ᠬᠡᠪ ᠢ ᠪᠣᠶ ᠪᠣᠯᠭᠠᠵᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ ︾ ᠭᠤᠣᠯᠳᠠᠯᠭ᠎ᠠ ᠲᠠᠢ ᠵᠦᠢᠯᠡᠰ ᠤᠨ ᠲᠣᠳᠣᠷᠬᠠᠢ ᠬᠠᠭᠤᠳᠠᠰᠤ ᠶᠢᠨ ᠪᠠᠶᠢᠭᠤᠯᠤᠯᠲᠠ ᠶᠢᠨ ᠠᠭᠤᠯᠭ᠎ᠠ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃
12. ᠡᠯᠧᠺᠲᠷᠣᠨ ᠭᠡᠷᠡᠴᠢ ᠦᠨᠡᠮᠯᠡᠯ ᠤᠨ ᠪᠠᠷᠢᠮᠵᠢᠶᠠᠵᠢᠭᠤᠯᠤᠯᠲᠠ ᠵᠢᠴᠢ ᠬᠡᠷᠡᠭᠯᠡᠭᠡ ᠶᠢ ᠠᠬᠢᠭᠤᠯᠤᠨ᠎ᠠ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ︽ᠣᠷᠣᠭᠤᠯᠬᠤ ᠶᠣᠰᠣᠲᠠᠢ ᠶᠢ ᠨᠢ ᠪᠦᠬᠦᠨ ᠢ ᠣᠷᠣᠭᠤᠯᠬᠤ ︾᠂ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ ᠵᠠᠷᠴᠢᠮ ᠶᠣᠰᠣᠭᠠᠷ᠂ ᠠᠵᠤ ᠠᠬᠤᠶᠢᠯᠠᠯ ᠪᠠ ᠣᠯᠠᠨ ᠲᠦᠮᠡᠨ ᠤ ᠪᠠᠶᠢᠩᠭᠤ ᠬᠡᠷᠡᠭᠯᠡᠬᠦ ᠭᠡᠷᠡᠴᠢ ᠦᠨᠡᠮᠯᠡᠯ ᠢ ᠦᠨᠳᠦᠰᠦᠨ ᠳᠤ ᠪᠠᠨ ᠡᠯᠧᠺᠲᠷᠣᠨᠵᠢᠭᠤᠯᠬᠤ ᠶᠢ ᠪᠡᠶᠡᠯᠡᠭᠦᠯᠵᠦ᠂ ᠪᠣᠳᠠᠲᠤ ᠴᠣᠭᠴᠠ ᠶᠢᠨ ᠭᠡᠷᠡᠴᠢ ᠦᠨᠡᠮᠯᠡᠯ ᠯᠦᠭᠡ ᠵᠡᠷᠭᠡ ᠪᠠᠷ ᠵᠣᠬᠢᠶᠠᠨ ᠣᠯᠭᠤᠨ᠎ᠠ᠃ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ᠂ ᠰᠦᠯᠵᠢᠶᠡᠨ ᠳᠡᠭᠡᠷ᠎ᠡ ᠬᠢᠨᠠᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨᠠᠨ ᠣᠯᠭᠤᠭᠰᠠᠨ ᠮᠠᠲ᠋ᠧᠷᠢᠶᠠᠯ ᠢ ᠲᠤᠰᠢᠶᠠᠬᠤ ᠠᠴᠠ ᠬᠡᠯᠲᠦᠷᠢᠭᠦᠯᠬᠦ ᠶᠢ ᠠᠬᠢᠭᠤᠯᠤᠨ ᠪᠡᠶᠡᠯᠡᠭᠦᠯᠵᠦ᠂ ᠬᠡᠷᠡᠭᠯᠡᠬᠦ ᠬᠡᠪᠴᠢᠶ᠎ᠡ ᠶᠢ ᠥᠷᠭᠡᠳᠬᠡᠨ᠂ ︽ᠦᠨᠡᠮᠯᠡᠯ ᠠᠪᠬᠤ ᠦᠭᠡᠢ ᠪᠠᠷ ᠭᠦᠢᠴᠡᠳᠬᠡᠬᠦ ︾ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃
13. ︽ᠮᠥᠩᠬᠡ ᠰᠤᠪᠠᠭ ︾ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠣᠷᠣᠨ ᠳᠤ ︽ᠮᠥᠩᠬᠡ ᠰᠤᠪᠠᠭ ︾ ᠢᠶᠠᠷ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠭᠠᠳᠠᠭᠰᠢ ᠨᠢᠭᠡᠳᠦᠯᠲᠡᠢ ᠬᠠᠩᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠰᠢᠯᠵᠢᠮᠡᠯ ᠦᠵᠦᠭᠦᠷ ᠤᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠦᠢᠯᠡᠴᠢᠯᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠩ ᠣᠯᠠᠨ ᠵᠦᠢᠯᠡᠰ ᠢ ︽ᠠᠯᠠᠭᠠᠨ ᠳᠡᠭᠡᠷ᠎ᠡ ᠭᠦᠢᠴᠡᠳᠬᠡᠬᠦ ︾ ᠶᠢ ᠪᠡᠶᠡᠯᠡᠭᠦᠯᠬᠦ ᠶᠢ ᠠᠬᠢᠭᠤᠯᠤᠨ᠎ᠠ᠃
14. 12345 ︽ᠨᠢᠭᠡ ᠤᠲᠠᠰᠤ ᠪᠠᠷ ᠨᠡᠪᠲᠡᠷᠡᠭᠦᠯᠬᠦ ︾ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠦᠬᠦ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠶᠢ ᠨᠢᠭᠡ ᠴᠣᠭᠴᠠᠵᠢᠭᠤᠯᠬᠤ ᠲᠠᠪᠴᠠᠩ ᠢ ᠪᠠᠶᠢᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠤ ᠠᠬᠤᠶᠢᠯᠠᠯ ᠳᠤ ᠦᠢᠯᠡᠴᠢᠯᠡᠬᠦ ᠡᠷᠴᠢᠮ ᠢ ᠴᠢᠩᠭᠠᠷᠠᠭᠤᠯᠤᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠬᠦᠰᠡᠯ ᠱᠠᠭᠠᠷᠳᠠᠯᠭ᠎ᠠ ᠶᠢ ᠣᠨᠣᠴᠠᠲᠠᠢ ᠵᠠᠳᠠᠯᠵᠤ ᠰᠤᠳᠤᠯᠤᠨ ᠮᠠᠭᠠᠳᠯᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠠᠩᠬᠠᠷᠬᠤ ᠬᠥᠮᠥᠨ ᠲᠠᠢ᠂ ᠭᠦᠢᠴᠡᠳᠬᠡᠬᠦ ᠬᠥᠮᠥᠨ ᠲᠠᠢ ᠪᠠᠶᠢᠬᠤ ᠶᠢ ᠲᠣᠳᠣᠷᠬᠠᠶᠢᠯᠠᠨ᠎ᠠ᠃ 12345 ᠬᠠᠯᠠᠮᠰᠢᠯ ᠤᠲᠠᠰᠤ ᠬᠢᠭᠡᠳ ︽ᠮᠥᠩᠬᠡ ᠰᠤᠪᠠᠭ ︾ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠳᠥᠭᠦᠮ ᠳᠥᠲᠡ᠂ ᠥᠨᠳᠥᠷ ᠪᠦᠲᠦᠮᠵᠢᠲᠡᠶ᠂ ᠵᠢᠷᠤᠮᠵᠢᠭᠤᠨ᠂ ᠣᠶᠤᠨᠯᠢᠭ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢ ᠬᠦᠴᠦᠯᠡᠨ ᠪᠦᠲᠦᠭᠡᠨ᠎ᠡ᠃
15. ᠠᠷᠠᠳ ᠤᠨ ᠠᠮᠢᠳᠤᠷᠠᠯ ᠳᠤ ᠨᠡᠶᠢᠳᠡᠮ ᠠᠰᠢᠭ ᠬᠦᠷᠲᠡᠭᠡᠬᠦ ᠠᠳᠠᠯᠢ ᠲᠡᠭᠰᠢ ᠪᠠᠷ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠣᠭᠠᠵᠢᠭᠤᠯᠤᠭᠰᠠᠨ ᠬᠡᠷᠡᠭᠯᠡᠭᠡᠨ ᠢ ᠠᠬᠢᠭᠤᠯᠵᠤ᠂ ︽ᠣᠯᠠᠨ ᠺᠠᠷᠲ ᠢ ᠨᠢᠭᠡᠳᠬᠡᠭᠰᠡᠨ ︾᠂ ︽ᠣᠯᠠᠨ ᠺᠣᠳ᠋ ᠢ ᠨᠢᠭᠡᠳᠬᠡᠭᠰᠡᠨ ︾ ᠰᠠᠭᠤᠭᠠᠯᠢ ᠠᠷᠠᠳ ᠤᠨ ᠦᠢᠯᠡᠴᠢᠯᠡᠭᠡᠨ ᠤ ᠬᠠᠮ ᠺᠠᠷᠲ᠂ ᠬᠠᠮ ᠺᠣᠳ᠋ ᠢ ᠢᠳᠡᠪᠬᠢᠲᠡᠢ ᠰᠦᠪᠡᠭᠴᠢᠯᠡᠨ᠂ ᠰᠤᠷᠭᠠᠨ ᠬᠥᠮᠦᠵᠢᠯ᠂ ᠡᠮᠴᠢᠯᠡᠭᠡ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠡᠷᠡᠭᠦᠯ ᠮᠡᠨᠳᠦ᠂ ᠠᠵᠢᠯ ᠣᠯᠭᠤᠯᠲᠠ᠂ ᠨᠡᠶᠢᠭᠡᠮ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ᠂ ᠠᠪᠤᠷᠠᠨ ᠲᠤᠰᠠᠯᠠᠯᠲᠠ᠂ ᠨᠠᠰᠤᠵᠢᠯ ᠤᠨ ᠠᠰᠠᠷᠠᠮᠵᠢ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠰᠣᠶᠣᠯ᠂ ᠵᠢᠭᠤᠯᠴᠢᠯᠠᠯ᠂ ᠲᠣᠭᠠᠵᠢᠭᠤᠯᠤᠭᠰᠠᠨ ᠬᠡᠪᠯᠡᠯ ᠤᠨ ᠡᠷᠬᠡ᠂ ᠵᠠᠮ ᠬᠠᠷᠢᠯᠴᠠᠭ᠎ᠠ ᠲᠡᠭᠡᠭᠡᠪᠦᠷᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ᠂ ᠤᠮᠠᠷᠠᠰᠢ ᠨᠡᠭᠡᠭᠡᠯᠲᠡ ᠬᠢᠬᠦ ᠵᠡᠷᠭᠡ ᠶᠢᠨ ᠲᠣᠭᠠᠵᠢᠭᠤᠯᠤᠭᠰᠠᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠳᠡᠮ ᠬᠠᠷᠠᠭᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠰᠠᠭᠤᠷᠢ ᠪᠠᠲᠤᠯᠠᠭ᠎ᠠ ᠶᠢᠨ ᠴᠢᠨᠠᠷᠲᠠᠢ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠨᠴᠠᠭᠠᠢ ᠬᠥᠮᠥᠰ ᠤᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠢ ᠬᠥᠮᠥᠰ ᠤᠨ ᠬᠡᠷᠡᠭᠴᠡᠭᠡᠨ ᠤ ᠲᠣᠭᠤᠷᠢᠨ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠠᠷᠭ᠎ᠠ ᠵᠠᠮ ᠢ ᠲᠡᠭᠦᠯᠳᠡᠷᠵᠢᠭᠦᠯᠦᠨ᠂ ᠮᠡᠳᠡᠭᠡ ᠵᠠᠩᠭᠢ ᠶᠢ ᠰᠠᠭᠠᠳ ᠦᠭᠡᠢ ᠨᠡᠪᠲᠡᠷᠡᠭᠦᠯᠬᠦ ᠪᠠᠶᠢᠭᠤᠯᠤᠯᠲᠠ ᠶᠢ ᠠᠬᠢᠭᠤᠯᠤᠨ᠎ᠠ᠃
16. ᠪᠥᠬᠦ ᠣᠷᠣᠨ ᠤ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ ︾ ᠲᠣᠭᠲᠠᠯᠴᠠᠭ᠎ᠠ ᠶᠢ ᠪᠠᠶᠢᠭᠤᠯᠤᠨ᠎ᠠ᠃ ᠪᠥᠬᠦ ᠣᠷᠣᠨ ᠢᠶᠠᠷ ᠢᠶᠠᠨ ᠨᠢᠭᠡ ᠬᠥᠯᠭᠡ ᠰᠢᠲᠠᠷ᠎ᠠ ᠰᠢᠭ᠋ ᠪᠠᠶᠢᠬᠤ ᠶᠢ ᠪᠠᠷᠢᠮᠲᠠᠯᠠᠵᠤ᠂ ᠰᠢᠰᠲ᠋ᠧᠮ ᠲᠠᠢ ᠲᠥᠯᠥᠪᠯᠡᠬᠦ ᠶᠢ ᠴᠢᠩᠭᠠᠳᠬᠠᠵᠤ᠂ ᠳ᠋ᠢᠵᠢᠲ᠋ᠠᠯ ᠮᠡᠷᠭᠡᠵᠢᠯ ᠬᠢᠭᠡᠳ ᠵᠠᠰᠠᠭ ᠤᠨ ᠣᠷᠳᠣᠨ ᠤ ᠵᠠᠰᠠᠯᠲᠠ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠰᠠᠯᠠᠭ᠎ᠠ ᠮᠥᠴᠢᠷ ᠤᠨ ᠳᠣᠲᠣᠭᠠᠳᠤ ᠪᠠ ᠲᠠᠰ ᠱᠠᠲᠤ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ ᠠᠯᠤᠰᠯᠠᠭᠰᠠᠨ ᠬᠠᠮᠢᠶᠠᠷᠤᠯᠲᠠ ᠶᠢᠨ ᠴᠤᠪᠤᠷᠠᠯ ᠢ ᠰᠢᠰᠲ᠋ᠧᠮ ᠲᠠᠢ ᠪᠠᠷ ᠳᠠᠬᠢᠨ ᠴᠣᠭᠴᠠᠯᠠᠬᠤ ᠪᠠ ᠰᠢᠯᠢᠳᠡᠭᠵᠢᠭᠦᠯᠦᠨ ᠳᠠᠬᠢᠨ ᠪᠠᠶᠢᠭᠤᠯᠵᠤ᠂ ᠳ᠋ᠢᠵᠢᠲ᠋ᠠᠯ ᠮᠡᠷᠭᠡᠵᠢᠯ ᠢ ᠬᠡᠷᠡᠭᠯᠡᠨ ᠵᠠᠰᠠᠯᠲᠠ ᠶᠢᠨ ᠵᠠᠭᠪᠤᠷ ᠤᠨ ᠬᠤᠪᠢᠰᠤᠯᠲᠠ ᠳᠤ ᠬᠦᠴᠦᠨ ᠣᠯᠭᠤᠵᠤ᠂ ︽1 + 3 + 5 + N ︾ ᠬᠡᠯᠪᠡᠷᠢ ᠶᠢᠨ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ ︾ ᠪᠦᠲᠦᠴᠡ ᠶᠢ ᠪᠠᠶᠢᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠤ ᠬᠡᠷᠡᠭᠯᠡᠭᠡᠨ ᠳᠤ ᠰᠢᠨ᠎ᠡ ᠶᠢ ᠡᠭᠦᠳᠬᠦ ᠶᠢ ᠠᠬᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ ︾ ᠬᠡᠷᠡᠭᠯᠡᠭᠡᠨ ᠤ ᠲᠤᠰᠬᠠᠢ ᠰᠡᠳᠦᠪᠲᠦ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠪᠰᠤᠷᠤᠮᠵᠢ ᠪᠣᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃
17. ᠪᠥᠬᠦ ᠣᠷᠣᠨ ᠤ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ ︾ ᠰᠠᠭᠤᠷᠢ ᠲᠠᠪᠴᠠᠩ ᠢ ᠪᠠᠬᠢᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ ︾ ᠰᠠᠭᠤᠷᠢ ᠲᠠᠪᠴᠠᠩ ᠢ ᠪᠠᠶᠢᠭᠤᠯᠵᠤ᠂ ᠲᠠᠪᠴᠠᠩ ᠤᠨ ᠳ᠋ᠠᠶᠢᠲ᠋ᠠ ᠵᠠᠯᠭᠠᠯᠳᠤᠭᠤᠯᠬᠤ ᠪᠠᠷᠢᠮᠵᠢᠶ᠎ᠠ ᠶᠢ ᠨᠢᠭᠡᠳᠬᠡᠨ᠂ ᠳᠡᠭᠡᠭᠰᠢ ᠪᠠᠨ ᠤᠯᠤᠰ ᠤᠨ ᠲᠠᠰ ᠤᠨ ᠲᠠᠪᠴᠠᠩ ᠲᠠᠢ ᠬᠡᠷᠡᠭᠴᠡᠭᠡ ᠶᠣᠰᠣᠭᠠᠷ ᠵᠠᠯᠭᠠᠵᠤ᠂ ᠲᠣᠰ ᠱᠠᠲᠤᠨ ᠳᠤ ᠪᠠᠨ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠴᠢᠨᠠᠷᠲᠠᠢ ᠲᠤᠬᠠᠶᠢᠯᠠᠭᠰᠠᠨ ᠠᠵᠢᠯ ᠤᠨ ᠲᠠᠪᠴᠠᠩ ᠲᠠᠢ ᠵᠠᠯᠭᠠᠵᠤ᠂ ᠳᠣᠷᠣᠭᠰᠢ ᠪᠠᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ ︶ ᠤ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ ︾ ᠰᠠᠭᠤᠷᠢ ᠲᠠᠪᠴᠠᠩ ᠲᠠᠢ ᠵᠠᠯᠭᠠᠵᠤ᠂ ᠲᠠᠪᠴᠠᠩ ᠤᠨ ᠬᠤᠭᠤᠷᠣᠨᠳᠤ ᠪᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠠᠷᠢᠮᠵᠢᠶ᠎ᠠ ᠵᠢᠷᠤᠮᠵᠢᠯ ᠪᠠ ︽ᠨᠢᠭᠡᠳᠦᠯᠲᠡᠢ ᠲᠥᠯᠥᠪᠵᠢᠭᠦᠯᠬᠦ᠂ ᠱᠠᠲᠤ ᠬᠤᠪᠢᠶᠠᠨ ᠪᠠᠶᠢᠷᠢᠯᠠᠭᠤᠯᠬᠤ ︾ ᠵᠠᠷᠴᠢᠮ ᠶᠣᠰᠣᠭᠠᠷ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ ︶ ᠬᠤᠶᠠᠷ ᠱᠠᠲᠤᠨ ᠤ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ ︾ ᠰᠠᠭᠤᠷᠢ ᠲᠠᠪᠴᠠᠩ ᠢ ᠪᠠᠶᠢᠭᠤᠯᠤᠨ᠎ᠠ᠃ ᠬᠤᠲᠠ ᠶᠢᠨ ᠮᠡᠳᠡᠭᠡ ᠵᠠᠩᠭᠢ ᠶᠢᠨ ᠵᠠᠭᠪᠤᠷ ᠤᠨ ᠲᠠᠪᠴᠠᠩ ︵CIM ︶ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃
18. ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠵᠢᠯᠴᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ︽ᠠᠮᠢ ᠠᠬᠤᠢ ᠶᠢᠨ ᠴᠣᠩᠬᠤᠪᠴᠢ ︾ ᠶᠢ ᠲᠦᠷᠭᠡᠳᠬᠡᠨ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠨᠢᠭᠡ ᠴᠣᠭᠴᠠᠵᠢᠭᠤᠯᠤᠭᠰᠠᠨ ᠣᠶᠤᠨᠴᠢ ᠮᠡᠳᠡᠷᠡᠬᠦᠢ ᠶᠢᠨ ᠲᠣᠭᠲᠠᠯᠴᠠᠭ᠎ᠠ ᠶᠢ ᠪᠠᠶᠢᠭᠤᠯᠤᠨ᠂ ᠠᠭᠠᠷ ᠮᠠᠨᠳᠠᠯ᠂ ᠤᠰᠤ᠂ ᠬᠥᠷᠥᠰᠥ᠂ ᠪᠠᠶᠢᠭᠠᠯᠢ ᠶᠢᠨ ᠠᠮᠢ ᠠᠬᠤᠢ᠂ ᠴᠥᠮ᠎ᠡ ᠬᠢᠭᠡᠳ ᠰᠠᠴᠤᠷᠠᠭ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠶᠢᠨ ᠳ᠋ᠠᠶᠢᠲ᠋ᠠ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠴᠢᠩᠭᠠᠷᠠᠭᠤᠯᠵᠤ᠂ ᠭᠤᠣᠯᠳᠠᠯᠭ᠎ᠠ ᠲᠠᠢ ᠰᠠᠪᠠ ᠭᠠᠵᠠᠷ ᠣᠷᠣᠨ ᠣᠷᠣᠨ ᠪᠦᠰᠡ ᠶᠢᠨ ᠬᠠᠮᠵᠢᠯᠴᠠᠨ ᠵᠠᠰᠠᠬᠤ ᠶᠢ ᠠᠬᠢᠭᠤᠯᠤᠨ᠎ᠠ᠃
19. ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠬᠠᠮᠢᠶᠠᠷᠬᠤ ᠮᠡᠳᠡᠭᠡ ᠵᠠᠩᠭᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠣᠨᠣᠴᠠᠲᠠᠢ ᠮᠡᠳᠡᠷᠡᠬᠦᠢ᠂ ᠣᠶᠤᠨᠯᠢᠭ ᠬᠠᠮᠢᠶᠠᠷᠤᠨ ᠡᠵᠡᠮᠳᠡᠬᠦ ᠠᠵᠢᠯ ᠤᠨ ᠬᠠᠮᠵᠢᠯᠴᠠᠨ ᠵᠠᠰᠠᠬᠤ ᠲᠣᠭᠲᠠᠯᠴᠠᠭ᠎ᠠ ᠶᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠭᠤᠷᠪᠠᠨ ᠬᠡᠮᠵᠢᠯᠲᠦ ᠪᠡᠶᠡᠲᠦ ᠶᠢᠨ ︽ᠭᠠᠭᠴᠠ ᠵᠢᠷᠤᠭ ︾ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ ᠢ ᠲᠡᠭᠦᠯᠳᠡᠷᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠣᠶ ᠰᠢᠭᠤᠢ ᠪᠠ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠬᠢᠨᠠᠨ ᠰᠢᠨᠵᠢᠬᠦ ᠰᠢᠰᠲ᠋ᠧᠮ ᠪᠠ ᠣᠶ ᠶᠢᠨ ᠳᠠᠷᠤᠭ᠎ᠠ ᠶᠢᠨ ᠳᠦᠷᠢᠮ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠪᠥᠬᠦ ᠣᠷᠣᠨ ᠤ ᠣᠶ ᠶᠢᠨ ᠳᠠᠷᠤᠭ᠎ᠠ ᠶᠢᠨ ᠳᠦᠷᠢᠮ ᠤᠨ ᠲᠤᠬᠠᠶᠢᠯᠠᠭᠰᠠᠨ ᠠᠵᠢᠯ ᠤᠨ ᠨᠠᠷᠢᠯᠢᠭᠵᠢᠭᠤᠯᠤᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠤᠰᠤᠨ ᠤ ᠣᠷᠴᠢᠨ ᠲᠣᠭᠤᠷᠢᠨ ᠤ ᠬᠥᠳᠡᠯᠦᠩᠭᠦᠢ ᠳ᠋ᠠᠶᠢᠲ᠋ᠠ ᠶᠢᠨ ᠬᠥᠮᠥᠷᠭᠡ ᠬᠢᠭᠡᠳ ᠤᠰᠤᠨ ᠣᠷᠣᠨ ᠤ ᠪᠣᠬᠢᠷᠲᠤᠯ ᠢ ᠬᠢᠨᠠᠨ ᠬᠠᠮᠢᠶᠠᠷᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠠᠲᠤᠨ ᠭᠤᠣᠯ᠂ ᠪᠠᠷᠠᠭᠤᠨ ᠯᠢᠶᠣᠤ ᠾᠧ ᠭᠤᠣᠯ᠂ ᠨᠤᠨ ᠮᠥᠷᠡᠨ᠂ ᠡᠵᠡᠨ᠎ᠡ ᠭᠤᠣᠯ᠂ ᠬᠥᠯᠥᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠵᠡᠷᠭᠡ ᠤᠰᠤᠨ ᠣᠷᠣᠨ ᠢᠶᠠᠷ ᠭᠤᠣᠯᠳᠠᠯᠭ᠎ᠠ ᠪᠣᠯᠭᠠᠨ᠂ ᠪᠦᠬᠦ ᠣᠷᠣᠨ ᠤ ᠤᠰᠤᠨ ᠤ ᠡᠬᠢ ᠪᠠᠶᠠᠯᠢᠭ ᠢ ᠬᠢᠨᠠᠨ ᠰᠢᠨᠵᠢᠵᠦ ᠰᠡᠷᠡᠮᠵᠢᠯᠡᠭᠦᠯᠬᠦ ᠵᠠᠳᠠᠯᠤᠯᠲᠠ ᠬᠢᠬᠦ ᠶᠢ ᠴᠢᠩᠭᠠᠳᠬᠠᠨ᠎ᠠ᠃
20. ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠶᠤᠨᠯᠢᠭ ᠢᠶᠠᠷ ᠬᠢᠨᠠᠨ ᠰᠢᠨᠵᠢᠬᠦ ᠪᠠ ᠬᠥᠳᠡᠯᠦᠩᠭᠦᠢ ᠪᠠᠷ ᠲᠣᠭᠠᠴᠠᠭ᠎ᠠ ᠬᠢᠬᠦ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠤᠰᠤᠨ ᠤ ᠡᠷᠬᠡ᠂ ᠪᠣᠬᠢᠷᠲᠤᠯ ᠭᠠᠳᠠᠭᠰᠢᠯᠠᠭᠤᠯᠬᠤ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠡᠷᠭᠡ ᠲᠣᠭᠠᠵᠢᠭᠤᠯᠤᠭᠰᠠᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠪᠠ ᠡᠨᠧᠷᠭᠢ ᠶᠢᠨ ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠰᠢᠨᠵᠢᠬᠦ ᠰᠢᠰᠲ᠋ᠧᠮ ᠤᠨ ᠬᠡᠷᠡᠭᠯᠡᠭᠡ ᠶᠢ ᠴᠢᠩᠭᠠᠳᠬᠠᠨ᠂ ᠡᠷᠴᠢᠮᠵᠢᠭᠦᠯᠦᠨ ᠠᠷᠪᠢᠯᠠᠬᠤ᠂ ᠡᠷᠭᠢᠯᠳᠦᠭᠦᠯᠦᠨ ᠥᠨᠳᠥᠷ ᠪᠦᠲᠦᠮᠵᠢᠲᠡᠶ ᠪᠠᠶᠢᠯᠭᠠᠬᠤ᠂ ᠨᠡᠶᠢᠳᠡᠮ ᠠᠰᠢᠭ ᠬᠦᠷᠲᠡᠭᠡᠨ ᠬᠠᠮᠲᠤ ᠳᠤ ᠪᠠᠨ ᠬᠦᠷᠲᠡᠬᠦ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠤᠷᠤᠭᠰᠢᠲᠠᠢ ᠪᠡᠶᠡᠯᠡᠭᠦᠯᠬᠦ ᠶᠢ ᠦᠢᠯᠡᠴᠢᠯᠡᠨ ᠪᠠᠲᠤᠯᠠᠨ᠎ᠠ᠃
21. ᠵᠠᠰᠠᠭ ᠵᠠᠬᠢᠷᠭᠠᠨ ᠤ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠣᠲᠣᠭᠠᠳᠤ ᠶᠢᠨ ᠠᠯᠪᠠᠯᠠᠬᠤ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠵᠡᠷᠭᠡ ᠲᠠᠯ᠎ᠠ ᠪᠠᠷ ᠬᠢ ᠨᠡᠶᠢᠲᠡᠯᠢᠭ ᠴᠢᠨᠠᠷᠲᠠᠢ ᠠᠯᠪᠠᠯᠠᠬᠤ ᠬᠡᠷᠡᠭᠯᠡᠭᠡᠨ ᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠬᠠᠮᠵᠢᠯᠴᠠᠨ ᠠᠯᠪᠠᠯᠠᠬᠤ ᠲᠠᠪᠴᠠᠩ᠂ ᠡᠯᠧᠺᠲᠷᠣᠨ ᠵᠠᠰᠠᠭ ᠤᠨ ᠶᠠᠪᠤᠳᠠᠯ ᠤᠨ ᠳᠣᠲᠣᠷ ᠰᠦᠯᠵᠢᠶ᠎ᠡ OA ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠢᠴᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠬᠠᠮᠵᠢᠯᠴᠠᠨ ᠠᠯᠪᠠᠯᠠᠬᠤ ᠲᠣᠭᠲᠠᠯᠴᠠᠭ᠎ᠠ ᠶᠢ ᠪᠠᠶᠢᠭᠤᠯᠵᠤ᠂ ᠪᠠᠶᠢᠭᠤᠯᠭ᠎ᠠ ᠶᠢᠨ ᠳᠣᠲᠣᠭᠠᠳᠤ ᠶᠢᠨ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠤᠨ᠂ ᠪᠠᠶᠢᠭᠤᠯᠭ᠎ᠠ ᠶᠢᠨ ᠠᠵᠢᠯᠯᠠᠭᠠᠨ ᠤ ᠦᠷ᠎ᠡ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
22. ᠪᠠᠶᠢᠭᠤᠯᠭ᠎ᠠ ᠶᠢᠨ ᠳᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠪᠠᠶᠢᠭᠤᠯᠭ᠎ᠠ ᠶᠢᠨ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ ᠤᠨ ᠪᠠᠷᠢᠮᠵᠢᠶᠠᠵᠢᠭᠤᠯᠤᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢ ᠠᠬᠢᠭᠤᠯᠵᠤ᠂ ᠢᠷᠡᠯᠲᠡ ᠨᠢ ᠨᠠᠶᠢᠳᠠᠪᠤᠷᠢᠲᠠᠢ᠂ ᠲᠠᠰ ᠳᠠᠷᠠᠭᠠᠯᠠᠯ ᠨᠢ ᠵᠢᠷᠤᠮᠵᠢᠭᠤᠨ᠂ ᠬᠦᠴᠦᠨ ᠵᠦᠢᠯ ᠨᠢ ᠲᠣᠭᠲᠠᠭᠠᠯ ᠳᠤ ᠨᠡᠶᠢᠴᠡᠭᠰᠡᠨ ᠡᠯᠧᠺᠲᠷᠣᠨ ᠪᠢᠴᠢᠭ ᠮᠠᠲ᠋ᠧᠷᠢᠶᠠᠯ ᠢ ᠪᠦᠷᠢᠯᠳᠦᠯᠭᠦᠯᠵᠦ᠂ ᠡᠯᠧᠺᠲᠷᠣᠨ ᠪᠢᠴᠢᠭ ᠮᠠᠲ᠋ᠧᠷᠢᠶᠠᠯ ᠤᠨ ᠲᠠᠩ ᠢᠵᠢ ᠶᠢᠨ ᠳᠦᠷᠢᠮᠲᠦ ᠳᠠᠩᠰᠠᠨ ᠳᠤ ᠣᠷᠣᠭᠤᠯᠬᠤ ᠶᠢ ᠬᠡᠷᠡᠭᠵᠢᠭᠦᠯᠦᠨ᠎ᠡ᠃ ᠳ᠋ᠢᠵᠢᠲ᠋ᠠᠯ ᠳᠠᠩᠰᠠ ᠡᠪᠬᠡᠮᠡᠯ ᠤᠨ ᠰᠠᠩ ︵ᠲᠠᠰᠤᠭ ︶ ᠤᠨ ᠪᠠᠶᠢᠭᠤᠯᠤᠯᠲᠠ ᠶᠢ ᠠᠬᠢᠭᠤᠯᠵᠤ᠂ ᠤᠯᠠᠮᠵᠢᠯᠠᠯᠲᠤ ᠠᠴᠢᠶᠠᠯᠠᠪᠤᠷᠢ ᠶᠢᠨ ᠳᠠᠩᠰᠠ ᠡᠪᠬᠡᠮᠡᠯ ᠤᠨ ᠲᠣᠭᠠᠵᠢᠭᠤᠯᠤᠯᠲᠠ ᠶᠢ ᠲᠦᠷᠭᠡᠳᠬᠡᠨ᠂ ᠡᠯᠧᠺᠲᠷᠣᠨ ᠪᠢᠴᠢᠭ ᠮᠠᠲ᠋ᠧᠷᠢᠶᠠᠯ ᠪᠠ ᠡᠯᠧᠺᠲᠷᠣᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠳ᠋ᠢᠵᠢᠲ᠋ᠠᠯ ᠳᠠᠩᠰᠠ ᠡᠪᠬᠡᠮᠡᠯ ᠤᠨ ᠡᠬᠢ ᠪᠠᠶᠠᠯᠢᠭ ᠤᠨ ᠲᠣᠭᠲᠠᠯᠴᠠᠭ᠎ᠠ ᠶᠢ ᠪᠠᠶᠢᠭᠤᠯᠤᠨ᠎ᠠ᠃
23. ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠲᠦᠪᠰᠢᠨ ᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢᠴᠢᠯᠠᠯᠲᠠ ᠶᠢᠨ ᠲᠠᠪᠴᠠᠩ ᠢᠶᠠᠷ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠠᠵᠢᠯᠯᠠᠭᠠᠨ ᠤ ᠴᠤᠪᠤᠷᠠᠯ ᠢ ᠲᠣᠭᠲᠠᠪᠤᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠵᠦᠢᠯᠡᠰ ᠤᠨ ᠪᠥᠬᠦ ᠠᠮᠢ ᠨᠠᠰᠤᠨ ᠤ ᠦᠶᠡᠯᠡᠯ ᠢ ᠰᠦᠯᠵᠢᠶᠡᠨ ᠳᠡᠭᠡᠷ᠎ᠡ ᠠᠵᠢᠯᠯᠠᠭᠤᠯᠬᠤ᠂ ᠮᠥᠷᠳᠡᠬᠦᠶᠢᠴᠡ ᠣᠷᠣᠮ ᠦᠯᠡᠳᠡᠭᠡᠬᠦ᠂ ᠬᠢᠨᠠᠯᠲᠠ ᠲᠠᠯᠪᠢᠵᠤ ᠰᠡᠷᠡᠮᠵᠢᠯᠡᠭᠦᠯᠬᠦ ᠶᠢ ᠠᠬᠢᠭᠤᠯᠤᠨ᠂ ᠵᠠᠰᠠᠭ ᠵᠠᠬᠢᠷᠭᠠᠨ ᠤ ᠡᠷᠬᠡ ᠶᠢᠨ ᠵᠢᠷᠤᠮᠵᠢᠭᠤᠨ ᠪᠥᠭᠡᠳ ᠢᠯᠡ ᠲᠣᠳᠣ ᠠᠵᠢᠯᠯᠠᠭᠤᠯᠬᠤ ᠶᠢ ᠠᠬᠢᠭᠤᠯᠤᠨ᠎ᠠ᠃ ᠠᠯᠲᠠᠨ ᠬᠢᠨᠠᠯᠲᠠ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠵᠤ᠂ ᠬᠢᠨᠠᠨ ᠪᠣᠳᠣᠯᠲᠠ ᠪᠠᠷ ᠬᠢᠨᠠᠯᠲᠠ ᠲᠠᠯᠪᠢᠬᠤ ᠦᠷ᠎ᠡ ᠴᠢᠳᠠᠮᠵᠢ ᠶᠢ ᠳᠡᠭᠡᠭᠰᠢᠯᠡᠭᠦᠯᠦᠨ᠎ᠡ᠃ ︽ᠢᠨᠲ᠋ᠧᠷ ᠰᠦᠯᠵᠢᠶ᠎ᠡ + ᠰᠢᠮᠳᠠᠭᠤᠯᠤᠨ ᠪᠠᠶᠢᠴᠠᠭᠠᠬᠤ ︾ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠠᠯᠲᠠ ᠨᠢ ᠣᠨᠣᠴᠠᠲᠠᠢ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠭᠰᠡᠨ᠂ ᠨᠡᠪᠲᠡᠯᠬᠦ ᠴᠢᠨᠠᠷ ᠢᠶᠠᠷ ᠴᠢᠩᠭ᠎ᠠ ᠰᠢᠨ᠎ᠡ ᠬᠡᠯᠪᠡᠷᠢ ᠶᠢᠨ ᠰᠢᠮᠳᠠᠭᠤᠯᠤᠨ ᠪᠠᠶᠢᠴᠠᠭᠠᠬᠤ ᠵᠠᠭᠪᠤᠷ ᠢ ᠪᠦᠷᠢᠯᠳᠦᠭᠦᠯᠵᠦ᠂ ᠰᠢᠮᠳᠠᠭᠤᠯᠤᠨ ᠪᠠᠶᠢᠴᠠᠭᠠᠬᠤ ᠦᠷ᠎ᠡ ᠴᠢᠳᠠᠮᠵᠢ ᠶᠢ ᠳᠡᠭᠡᠭᠰᠢᠯᠡᠭᠦᠯᠦᠨ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠪᠠᠲᠤᠯᠠᠨ᠎ᠠ᠃
24. ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠲᠣᠭᠠᠵᠢᠭᠤᠯᠤᠨ ᠨᠡᠶᠢᠲᠡᠯᠡᠬᠦ ᠶᠢ ᠰᠢᠯᠢᠳᠡᠭᠵᠢᠭᠦᠯᠦᠨ᠎ᠡ᠃ ᠪᠥᠬᠦ ᠣᠷᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠢ ᠲᠡᠭᠦᠯᠳᠡᠷᠵᠢᠭᠦᠯᠵᠦ᠂ ᠲᠥᠷᠥᠯ ᠲᠠᠰ ᠬᠤᠪᠢᠶᠠᠭᠰᠠᠨ᠂ ᠲᠥᠪᠯᠡᠷᠡᠩᠭᠦᠢ ᠨᠢᠭᠡᠳᠦᠯᠲᠡᠢ᠂ ᠬᠠᠮᠲᠤ ᠳᠤ ᠪᠠᠨ ᠬᠦᠷᠲᠡᠵᠦ ᠬᠠᠮᠲᠤ ᠪᠠᠷ ᠬᠡᠷᠡᠭᠯᠡᠬᠦ᠂ ᠬᠥᠳᠡᠯᠦᠩᠭᠦᠢ ᠪᠠᠷ ᠰᠢᠨᠡᠳᠬᠡᠬᠦ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠥᠮᠥᠷᠭᠡ ᠶᠢ ᠪᠠᠶᠢᠭᠤᠯᠤᠨ᠎ᠠ᠃ ᠰᠦᠯᠵᠢᠶᠡᠨ ᠳᠡᠭᠡᠷ᠎ᠡ ᠨᠡᠶᠢᠲᠡᠯᠡᠬᠦ ᠪᠠᠷ ᠭᠤᠣᠯᠯᠠᠭᠤᠯᠤᠭᠰᠠᠨ᠂ ᠪᠤᠰᠤᠳ ᠨᠡᠶᠢᠲᠡᠯᠡᠬᠦ ᠠᠷᠭ᠎ᠠ ᠵᠠᠮ ᠢᠶᠠᠷ ᠬᠠᠪᠰᠤᠷᠤᠭᠤᠯᠤᠭᠰᠠᠨ ᠲᠥᠷᠥ ᠶᠢᠨ ᠪᠣᠳᠣᠯᠭ᠎ᠠ ᠨᠡᠶᠢᠲᠡᠯᠡᠬᠦ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠣᠶᠤᠨᠴᠢ ᠪᠠᠷ ᠳᠡᠪᠰᠢᠭᠦᠯᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ︽ᠬᠥᠮᠥᠨ ᠲᠥᠷᠥ ᠶᠢᠨ ᠪᠣᠳᠣᠯᠭ᠎ᠠ ᠶᠢ ᠡᠷᠢᠬᠦ ︾ ᠪᠠᠶᠢᠭᠰᠠᠨ ᠠᠴᠠ ︽ᠲᠥᠷᠥ ᠶᠢᠨ ᠪᠣᠳᠣᠯᠭ᠎ᠠ ᠬᠥᠮᠥᠨ ᠢ ᠡᠷᠢᠬᠦ ︾ ᠪᠣᠯᠭᠠᠨ᠎ᠠ᠃ ᠲᠣᠭᠠᠵᠢᠭᠤᠯᠬᠤ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ ᠨᠢᠭᠤᠴᠠ ᠶᠢ ᠬᠠᠮᠠᠭᠠᠯᠠᠬᠤ ᠶᠢᠨ ᠬᠢᠨᠠᠨ ᠪᠠᠶᠢᠴᠠᠭᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠢᠨᠠᠨ ᠪᠠᠶᠢᠴᠠᠭᠠᠬᠤ ᠪᠠᠷᠢᠮᠵᠢᠶ᠎ᠠ ᠶᠢ ᠴᠢᠩᠳᠠᠯᠠᠨ᠂ ᠠᠮᠤᠷ ᠲᠦᠪᠰᠢᠨ ᠤ ᠭᠡᠮ ᠰᠣᠭᠤᠭ ᠢ ᠠᠷᠢᠯᠭᠠᠨ᠎ᠠ᠃
25. ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠳᠠᠪᠠᠭᠤᠯᠢᠭ ᠢ ᠪᠠᠳᠠᠷᠠᠭᠤᠯᠵᠤ ᠲᠥᠷᠥ ᠶᠢᠨ ᠪᠣᠳᠣᠯᠭ᠎ᠠ ᠶᠢᠨ ᠤᠯᠠᠮᠵᠢᠯᠠᠭᠠᠨ ᠢ ᠰᠠᠶᠢᠲᠤᠷ ᠬᠢᠨ᠎ᠡ᠃ ᠪᠥᠬᠦ ᠣᠷᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠵᠢᠭᠰᠠᠭᠠᠯ ᠤᠨ ᠲᠣᠭᠲᠠᠯᠴᠠᠭ᠎ᠠ ᠶᠢ ᠢᠳᠡᠪᠬᠢᠲᠡᠢ ᠪᠠᠶᠢᠭᠤᠯᠵᠤ᠂ ᠪᠦᠬᠦᠯᠢ ᠴᠣᠭᠴᠠ ᠪᠠᠷ ᠬᠤᠯᠪᠤᠭᠠᠯᠠᠨ ᠬᠥᠳᠡᠯᠦᠯᠴᠡᠭᠰᠡᠨ᠂ ᠠᠳᠠᠯᠢ ᠳᠠᠪᠲᠠᠮᠵᠢ ᠪᠠᠷ ᠵᠡᠷᠭᠡ ᠪᠠᠷ ᠶᠠᠪᠤᠭᠳᠠᠬᠤ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠤᠯᠠᠮᠵᠢᠯᠠᠨ ᠳᠠᠮᠵᠢᠭᠤᠯᠬᠤ ᠪᠠᠶᠢᠷᠢᠰᠢᠯ ᠢ ᠪᠦᠷᠢᠯᠳᠦᠭᠦᠯᠦᠨ᠎ᠡ᠃ ᠠᠳᠠᠯᠢ ᠪᠤᠰᠤ ᠲᠥᠷᠥᠯ ᠬᠡᠯᠪᠡᠷᠢ ᠪᠦᠬᠦᠢ ᠰᠢᠨ᠎ᠡ ᠵᠠᠭᠤᠴᠢᠯᠠᠭᠤᠷ ᠤᠨ ᠲᠠᠪᠴᠠᠩ ᠤᠨ ᠤᠯᠠᠮᠵᠢᠯᠠᠨ ᠳᠠᠭᠤᠷᠢᠰᠬᠠᠬᠤ ᠣᠨᠴᠠᠯᠢᠭ ᠲᠤ ᠵᠣᠬᠢᠴᠠᠭᠤᠯᠤᠨ᠂ ᠣᠯᠠᠨ ᠶᠠᠩᠵᠤᠴᠢᠯᠠᠭᠰᠠᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠲᠦᠰᠢᠭᠯᠡᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠲᠤᠰᠬᠠᠬᠤ ᠠᠵᠢᠯ ᠢ ᠰᠠᠶᠢᠲᠤᠷ ᠬᠢᠨ᠎ᠡ᠃
26. ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠰᠢᠯᠤᠭᠤᠳᠬᠠᠨ᠎ᠠ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡᠨ ᠤ ᠡᠷᠴᠢᠮᠵᠢᠭᠦᠯᠦᠭᠰᠡᠨ ᠲᠠᠪᠴᠠᠩ ᠢ ᠰᠢᠯᠢᠳᠡᠭᠵᠢᠭᠦᠯᠵᠦ᠂ ᠨᠢᠭᠡᠳᠦᠯᠲᠡᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠬᠥᠮᠥᠷᠭᠡ ᠶᠢ ᠪᠠᠶᠢᠭᠤᠯᠵᠤ᠂ ᠵᠠᠰᠠᠭ ᠪᠠ ᠠᠷᠠᠳ ᠤᠨ ᠬᠠᠷᠢᠯᠴᠠᠨ ᠬᠥᠳᠡᠯᠦᠯᠴᠡᠬᠦ ᠶᠢ ᠠᠮᠢᠳᠤᠯᠢᠭ ᠢᠶᠠᠷ ᠥᠷᠨᠢᠭᠦᠯᠵᠦ᠂ ᠲᠣᠭᠠᠵᠢᠭᠤᠯᠤᠭᠰᠠᠨ ᠠᠷᠭ᠎ᠠ ᠪᠠᠷᠢᠯ ᠢᠶᠠᠷ ᠨᠡᠶᠢᠭᠡᠮ ᠤᠨ ᠪᠠᠶᠢᠳᠠᠯ ᠢ ᠮᠡᠳᠡᠷᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠰᠠᠯᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠭᠦᠨ᠎ᠡ᠃
︵ᠬᠤᠶᠠᠷ ︶ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠳᠦᠷᠢᠮ ᠵᠢᠷᠤᠮᠯᠠᠯ ᠢ ᠲᠡᠭᠦᠯᠳᠡᠷᠵᠢᠭᠦᠯᠦᠨ᠎ᠡ᠃
27. ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠣᠰᠣᠭᠠᠷ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠷᠪᠢᠴᠢ ᠭᠠᠮᠲᠠᠢ ᠠᠮᠢᠳᠤᠷᠠᠬᠤ ᠦᠵᠡᠯ ᠰᠠᠨᠠᠭ᠎ᠠ ᠶᠢ ᠪᠠᠷᠢᠮᠲᠠᠯᠠᠨ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠠᠬᠢ ᠵᠢᠷᠤᠮᠵᠢᠭᠰᠠᠨ ᠬᠠᠮᠢᠶᠠᠷᠤᠯᠲᠠ ᠪᠠᠨ ᠴᠢᠩᠭᠠᠷᠠᠭᠤᠯᠤᠨ᠎ᠠ᠃
28. ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠢᠭᠡᠳᠦᠯᠲᠡᠢ ᠠᠵᠢᠯᠯᠠᠭᠤᠯᠤᠨ ᠪᠠᠲᠤᠯᠠᠵᠤ ᠬᠠᠮᠢᠶᠠᠷᠬᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠤ ᠬᠢᠨᠠᠨ ᠵᠥᠪᠰᠢᠶᠡᠷᠡᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯᠯᠠᠭᠤᠯᠵᠤ ᠪᠠᠲᠤᠯᠠᠬᠤ ᠵᠠᠷᠤᠳᠠᠯ ᠢ ᠪᠠᠲᠤᠯᠠᠬᠤ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠳᠡᠯᠭᠡᠷᠡᠭᠦᠯᠦᠨ ᠬᠡᠷᠡᠭᠯᠡᠬᠦ ᠪᠦᠬᠦᠢ ᠠᠵᠢᠯᠯᠠᠭᠤᠯᠵᠤ ᠪᠠᠲᠤᠯᠠᠬᠤ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ ᠶᠢ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠤᠯᠵᠤ ᠪᠠᠲᠤᠯᠠᠬᠤ ᠶᠢ ᠡᠷᠴᠢᠮᠵᠢᠭᠦᠯᠬᠦ᠂ ᠪᠠᠷᠢᠮᠵᠢᠶᠠᠵᠢᠭᠤᠯᠬᠤ᠂ ᠣᠶᠤᠨᠴᠢᠯᠠᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠪᠠᠷᠢᠮᠵᠢᠶ᠎ᠠ ᠵᠢᠷᠤᠮᠵᠢᠯ ᠪᠠ ᠦᠨᠡᠯᠡᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠲᠣᠭᠲᠠᠭᠠᠨ᠎ᠠ᠃ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ ᠶᠢ ᠴᠢᠩᠭᠠᠷᠠᠭᠤᠯᠵᠤ᠂ ᠠᠵᠢᠯᠯᠠᠭᠤᠯᠵᠤ ᠪᠠᠲᠤᠯᠠᠬᠤ ᠪᠡᠯᠡ ᠮᠥᠩᠭᠦᠨ ᠤ ︽ ᠰᠢᠰᠲ᠋ᠧᠮᠵᠢᠭᠦᠯᠬᠦ ︾ ᠬᠠᠮᠢᠶᠠᠷᠤᠯᠲᠠ ᠶᠢ ᠬᠡᠷᠡᠭᠵᠢᠭᠦᠯᠦᠨ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠣᠷᠣᠭᠤᠯᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠎ᠠ᠃
29. ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠳ᠋ᠢᠵᠢᠲ᠋ᠠᠯ ᠬᠠᠤᠯᠢᠵᠢᠯ ᠤᠨ ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠠᠬᠢ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠯᠤᠭ᠎ᠠ ᠥᠯᠥ ᠵᠣᠬᠢᠴᠠᠬᠤ ᠵᠦᠢᠯ ᠵᠤᠷᠪᠤᠰ ᠲᠤ ᠵᠠᠰᠠᠪᠤᠷᠢ ᠣᠷᠣᠭᠤᠯᠬᠤ ᠪᠠ ᠢᠯᠭᠠᠷᠠᠭᠤᠯᠬᠤ ᠶᠢ ᠠᠬᠢᠭᠤᠯᠵᠤ᠂ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠶᠢᠨ ᠦᠷ᠎ᠡ ᠪᠦᠲᠦᠭᠡᠯ ᠢ ᠴᠠᠭ ᠲᠤᠬᠠᠢ ᠳᠤ ᠨᠢ ᠳᠦᠷᠢᠮ ᠵᠢᠷᠤᠮᠵᠢᠯ ᠪᠣᠯᠭᠠᠨ ᠲᠣᠭᠲᠠᠭᠠᠨ ᠪᠠᠲᠤᠳᠬᠠᠨ᠎ᠠ᠃
30. ᠪᠠᠷᠢᠮᠵᠢᠶ᠎ᠠ ᠵᠢᠷᠤᠮᠵᠢᠯ ᠢ ᠪᠦᠷᠢᠨᠰᠢᠭᠦᠯᠦᠨ᠎ᠡ᠃ ᠳ᠋ᠠᠶᠢᠲ᠋ᠠ ᠶᠢ ᠨᠡᠭᠡᠭᠡᠨ ᠠᠰᠢᠭᠯᠠᠬᠤ᠂ ᠰᠢᠰᠲ᠋ᠧᠮ ᠢ ᠨᠡᠶᠢᠳᠬᠡᠵᠦ ᠬᠠᠮᠲᠤ ᠳᠤ ᠪᠠᠨ ᠬᠦᠷᠲᠡᠬᠦ᠂ ᠨᠡᠶᠢᠲᠡᠯᠢᠭ ᠴᠢᠨᠠᠷᠲᠠᠢ ᠠᠯᠪᠠᠯᠠᠬᠤ ᠬᠡᠷᠡᠭᠯᠡᠭᠡᠨ᠂ ᠵᠠᠰᠠᠭ ᠤᠨ ᠶᠠᠪᠤᠳᠠᠯ ᠤᠨ ᠵᠠᠩᠭᠢᠯᠠᠭ᠎ᠠ ᠶᠢᠨ ᠬᠡᠷᠡᠭᠯᠡᠭᠡᠨ ᠵᠡᠷᠭᠡ ᠶᠢᠨ ᠪᠠᠷᠢᠮᠵᠢᠶ᠎ᠠ ᠶᠢ ᠲᠣᠭᠲᠠᠭᠠᠬᠤ ᠶᠢ ᠠᠬᠢᠭᠤᠯᠵᠤ᠂ ᠨᠢᠭᠡᠨᠲᠡ ᠪᠠᠶᠢᠭ᠎ᠠ ᠵᠠᠩᠭᠢᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠨ ᠲᠠᠯᠠᠲᠤ ᠪᠠᠷᠢᠮᠵᠢᠶᠠᠲᠤ ᠵᠢᠷᠤᠮᠵᠢᠯ ᠤᠨ ᠲᠣᠭᠲᠠᠯᠴᠠᠭ᠎ᠠ ᠪᠠᠶᠢᠭᠤᠯᠬᠤ ᠶᠢ ᠠᠬᠢᠭᠤᠯᠤᠨ᠎ᠠ᠃ ᠳ᠋ᠢᠵᠢᠲ᠋ᠠᠯ ᠵᠠᠰᠠᠭ ᠤᠨ ᠣᠷᠳᠣᠨ ᠤ ᠪᠠᠷᠢᠮᠵᠢᠶ᠎ᠠ ᠶᠢ ᠳᠡᠯᠭᠡᠷᠡᠭᠦᠯᠦᠨ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠦᠨᠡᠯᠡᠨ ᠵᠢᠱᠢᠵᠦ ᠰᠢᠯᠭᠠᠨ ᠪᠠᠲᠤᠯᠠᠬᠤ ᠲᠣᠭᠲᠠᠴᠠ ᠶᠢ ᠪᠠᠶᠢᠭᠤᠯᠤᠨ᠂ ᠬᠡᠷᠡᠭᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠪᠠᠷᠢᠮᠵᠢᠶᠠᠵᠢᠭᠤᠯᠤᠯᠲᠠ ᠪᠠᠷ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠵᠢᠷᠤᠮᠵᠢᠭᠤᠯᠤᠯᠲᠠ ᠶᠢ ᠠᠬᠢᠭᠤᠯᠤᠨ᠎ᠠ᠃
31. ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠢ ᠵᠢᠷᠤᠮᠵᠢᠭᠤᠯᠤᠨ ᠬᠠᠮᠢᠶᠠᠷᠬᠤ ᠪᠠ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠪᠡᠶᠡᠯᠡᠭᠦᠯᠵᠦ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠰᠦᠯᠵᠢᠶᠡᠨ ᠳᠡᠭᠡᠷ᠎ᠡ ᠠᠵᠢᠯᠯᠠᠬᠤ᠂ ᠬᠥᠳᠡᠯᠦᠩᠭᠦᠢ ᠪᠠᠷ ᠬᠠᠮᠢᠶᠠᠷᠬᠤ ᠶᠢ ᠠᠬᠢᠭᠤᠯᠤᠨ᠎ᠠ᠃ ᠬᠢᠨᠠᠨ ᠬᠠᠮᠢᠶᠠᠷᠬᠤ ᠶᠢᠨ ᠬᠠᠮᠵᠢᠯᠴᠠᠬᠤ ᠲᠣᠭᠲᠠᠴᠠ ᠶᠢ ᠴᠢᠩᠭᠠᠷᠠᠭᠤᠯᠵᠤ᠂ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠢ ᠨᠠᠪᠲᠠᠷᠡᠭᠦᠯᠵᠦ᠂ ᠠᠵᠢᠯ ᠶᠠᠪᠤᠳᠠᠯ ᠠᠴᠠ ᠡᠮᠦᠨᠡᠬᠢ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠨ ᠬᠢᠨᠠᠨ ᠬᠠᠮᠢᠶᠠᠷᠬᠤ ᠴᠢᠳᠠᠪᠤᠷᠢ ᠶᠢ ᠪᠦᠷᠢᠯᠳᠦᠭᠦᠯᠦᠨ᠎ᠡ᠃
︵ᠭᠤᠷᠪᠠ ︶ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠵᠦ ᠴᠢᠯᠦᠭᠡᠲᠡᠢ ᠨᠡᠭᠡᠭᠡᠬᠦ ᠶᠢ ᠠᠬᠢᠭᠤᠯᠤᠨ᠎ᠠ᠃
32. ᠳ᠋ᠠᠶᠢᠲ᠋ᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠵᠠᠰᠠᠭ ᠵᠠᠬᠢᠷᠭᠠᠨ ᠤ ᠣᠷᠣᠨ ᠳᠠᠬᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠤᠨ ᠨᠡᠶᠢᠯᠡᠭᠦᠯᠬᠦ᠂ ᠬᠠᠮᠲᠤ ᠳᠤ ᠪᠠᠨ ᠭᠥᠷᠳᠡᠵᠦ ᠴᠢᠯᠦᠭᠡᠲᠡᠢ ᠨᠡᠭᠡᠭᠡᠬᠦ᠂ ᠨᠡᠭᠡᠭᠡᠨ ᠠᠰᠢᠭᠯᠠᠬᠤ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠬᠤ᠂ ᠵᠠᠰᠠᠬᠤ᠂ ᠬᠠᠷᠭᠤᠭᠤᠯᠤᠨ ᠬᠢᠨᠠᠬᠤ᠂ ᠰᠢᠨᠡᠳᠬᠡᠬᠦ᠂ ᠬᠠᠮᠲᠤ ᠳᠤ ᠪᠠᠨ ᠭᠥᠷᠳᠡᠬᠦ᠂ ᠴᠢᠯᠦᠭᠡᠲᠡᠢ ᠨᠡᠭᠡᠭᠡᠬᠦ᠂ ᠬᠡᠷᠡᠭᠯᠡᠬᠦ᠂ ᠠᠮᠤᠷ ᠲᠦᠪᠰᠢᠨ᠂ ᠬᠠᠳᠠᠭᠠᠯᠠᠬᠤ᠂ ᠳᠠᠩᠰᠠᠨ ᠳᠤ ᠣᠷᠣᠭᠤᠯᠬᠤ ᠵᠡᠷᠭᠡ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠳ᠋ᠠᠶᠢᠲ᠋ᠠ ᠶᠢᠨ ᠴᠢᠯᠦᠭᠡᠲᠡᠢ ᠨᠡᠭᠡᠭᠡᠵᠦ ᠬᠠᠮᠲᠤ ᠳᠤ ᠪᠠᠨ ᠭᠥᠷᠳᠡᠬᠦ ᠶᠢ ᠠᠬᠢᠭᠤᠯᠬᠤ ᠥᠨᠳᠥᠷ ᠪᠦᠲᠦᠮᠵᠢᠲᠡᠶ ᠠᠵᠢᠯᠯᠠᠭᠠᠨ ᠤ ᠲᠣᠭᠲᠠᠴᠠ ᠶᠢ ᠪᠦᠷᠢᠯᠳᠦᠭᠦᠯᠦᠨ᠎ᠡ᠃
33. ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠠᠭᠤᠷᠢ ᠲᠤᠯᠭᠠᠭᠤᠷᠢᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠪᠠ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠰᠠᠭᠤᠷᠢ ᠬᠥᠮᠥᠷᠭᠡ᠂ ᠭᠤᠣᠯ ᠰᠡᠳᠦᠪᠲᠦ ᠳ᠋ᠠᠶᠢᠲ᠋ᠠ ᠶᠢᠨ ᠬᠥᠮᠥᠷᠭᠡ ᠪᠠ ᠲᠤᠰᠬᠠᠢ ᠳ᠋ᠠᠶᠢᠲ᠋ᠠ ᠶᠢᠨ ᠬᠥᠮᠥᠷᠭᠡ ᠶᠢ ᠨᠢᠭᠡᠳᠦᠯᠲᠡᠢ ᠲᠥᠯᠥᠪᠯᠡᠨ ᠪᠠᠶᠢᠭᠤᠯᠵᠤ᠂ ᠪᠠᠷᠢᠮᠵᠢᠶ᠎ᠠ ᠨᠢ ᠨᠢᠭᠡᠳᠦᠯᠲᠡᠢ᠂ ᠪᠠᠶᠢᠷᠢᠰᠢᠭᠤᠯᠤᠯ ᠨᠢ ᠵᠦᠢ ᠵᠣᠬᠢᠰᠲᠠᠢ᠂ ᠬᠠᠮᠢᠶᠠᠷᠤᠯᠲᠠ ᠨᠢ ᠬᠠᠮᠵᠢᠯᠴᠠᠭᠰᠠᠨ᠂ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠣᠭᠲᠠᠯᠴᠠᠭ᠎ᠠ ᠶᠢ ᠪᠠᠶᠢᠭᠤᠯᠤᠨ᠂ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠦᠢᠯᠡᠴᠢᠯᠡᠭᠡ᠂ ᠡᠬᠢ ᠪᠠᠶᠠᠯᠢᠭ ᠤᠨ ᠴᠤᠭᠯᠠᠷᠠᠯ᠂ ᠨᠡᠭᠡᠭᠡᠨ ᠠᠰᠢᠭᠯᠠᠬᠤ᠂ ᠠᠮᠤᠷ ᠲᠦᠪᠰᠢᠨ ᠤ ᠪᠠᠲᠤᠯᠠᠭ᠎ᠠ ᠵᠡᠷᠭᠡ ᠨᠢᠭᠡ ᠴᠣᠭᠴᠠᠵᠢᠭᠰᠠᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃
34. ᠳ᠋ᠠᠶᠢᠲ᠋ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠳ᠋ᠠᠶᠢᠲ᠋ᠠ ᠶᠢᠨ ᠵᠠᠰᠠᠯᠲᠠ ᠶᠢᠨ ᠪᠠᠷᠢᠮᠵᠢᠶ᠎ᠠ ᠵᠢᠷᠤᠮᠵᠢᠯ ᠢ ᠲᠦᠷᠭᠡᠳᠬᠡᠨ ᠲᠡᠭᠦᠯᠳᠡᠷᠵᠢᠭᠦᠯᠦᠨ᠎ᠡ᠃ ︽ᠬᠡᠨ ᠴᠤᠭᠯᠠᠭᠤᠯᠪᠠᠯ ᠲᠡᠷᠡ ᠬᠠᠷᠢᠭᠤᠴᠠᠬᠤ ︾᠂ ︽ᠬᠡᠨ ᠵᠠᠰᠠᠪᠠᠯ ᠲᠡᠷᠡ ᠬᠠᠷᠢᠭᠤᠴᠠᠬᠤ ︾᠂ ︽ᠬᠡᠨ ᠬᠠᠷᠭᠤᠭᠤᠯᠪᠠᠯ ᠲᠡᠷᠡ ᠬᠠᠷᠢᠭᠤᠴᠠᠬᠤ ︾ ᠵᠠᠷᠴᠢᠮ ᠢ ᠦᠨᠳᠦᠰᠦᠯᠡᠨ᠂ ᠳ᠋ᠠᠶᠢᠲ᠋ᠠ ᠶᠢᠨ ᠵᠠᠰᠠᠯᠲᠠ ᠪᠠ ᠪᠥᠬᠦ ᠠᠮᠢ ᠨᠠᠰᠤᠨ ᠤ ᠦᠶᠡᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠳ᠋ᠠᠶᠢᠲ᠋ᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠵᠢᠴᠢ ᠰᠢᠨᠡᠳᠬᠡᠭᠰᠡᠨ ᠪᠠᠶᠢᠳᠠᠯ ᠵᠡᠷᠭᠡ ᠶᠢ ᠴᠠᠭ ᠲᠤᠬᠠᠢ ᠳᠤ ᠨᠢ ᠬᠢᠨᠠᠨ ᠰᠢᠨᠵᠢᠵᠦ᠂ ᠳ᠋ᠠᠶᠢᠲ᠋ᠠ ᠶᠢᠨ ᠪᠠᠶᠢᠳᠠᠯ ᠢ ᠮᠡᠳᠡᠷᠡᠬᠦᠶᠢᠴᠡ᠂ ᠳ᠋ᠠᠶᠢᠲ᠋ᠠ ᠶᠢ ᠬᠡᠷᠡᠭᠯᠡᠭᠰᠡᠨ ᠢ ᠮᠥᠷᠳᠡᠬᠦᠶᠢᠴᠡ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤᠶᠢᠴᠠ ᠪᠣᠯᠭᠠᠵᠤ᠂ ᠳ᠋ᠠᠶᠢᠲ᠋ᠠ ᠶᠢᠨ ᠦᠨᠡᠨ ᠪᠣᠳᠠᠲᠠᠢ᠂ ᠵᠥᠪ ᠣᠨᠣᠴᠠᠲᠠᠢ᠂ ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠨ᠎ᠠ᠃
35. ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠤᠨ ᠨᠠᠷᠢᠨ ᠳᠠᠩᠰᠠᠴᠢᠯᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠪᠥᠬᠦ ᠤᠯᠤᠰ ᠤᠨ ᠨᠢᠭᠡᠳᠦᠯᠲᠡᠢ ᠪᠠᠷᠢᠮᠵᠢᠶ᠎ᠠ ᠶᠣᠰᠣᠭᠠᠷ᠂ ᠬᠥᠳᠡᠯᠦᠩᠭᠦᠢ ᠪᠠᠷ ᠬᠠᠮᠢᠶᠠᠷᠬᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠪᠠ ᠰᠢᠨᠡᠳᠬᠡᠬᠦ ᠲᠣᠭᠲᠠᠴᠠ ᠶᠢ ᠪᠠᠶᠢᠭᠤᠯᠵᠤ᠂ ︽ᠨᠢᠭᠡ ᠳ᠋ᠠᠶᠢᠲ᠋ᠠ ᠨᠢᠭᠡ ᠢᠷᠡᠯᠲᠡ ᠨᠢᠭᠡ ᠪᠠᠷᠢᠮᠵᠢᠶ᠎ᠠ ︾ ᠶᠢ ᠬᠡᠷᠡᠭᠵᠢᠭᠦᠯᠦᠨ᠎ᠡ᠃ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ᠂ ᠬᠡᠷᠡᠭᠴᠡᠭᠡ ᠱᠠᠭᠠᠷᠳᠠᠯᠭ᠎ᠠ ᠶᠢᠨ ᠲᠣᠳᠣᠷᠬᠠᠢ ᠬᠠᠭᠤᠳᠠᠰᠤ᠂ ᠠᠯᠳᠠᠭᠳᠠᠯ ᠲᠠᠢ ᠵᠦᠢᠯᠡᠰ ᠤᠨ ᠲᠣᠳᠣᠷᠬᠠᠢ ᠬᠠᠭᠤᠳᠠᠰᠤ ᠶᠢᠨ ᠬᠥᠳᠡᠯᠦᠩᠭᠦᠢ ᠪᠠᠷ ᠰᠢᠨᠡᠳᠬᠡᠬᠦ ᠲᠣᠭᠲᠠᠴᠠ ᠶᠢ ᠪᠠᠶᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠤᠨ ᠨᠠᠷᠢᠨ ᠳᠠᠩᠰᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃
36. ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠲᠦᠪᠰᠢᠨ ᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠠᠮᠲᠤ ᠳᠤ ᠪᠠᠨ ᠬᠦᠷᠲᠡᠬᠦ ᠭᠤᠶᠤᠴᠢᠯᠠᠯ ᠢ ᠨᠢᠭᠡᠳᠦᠯᠲᠡᠢ ᠪᠠᠷ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠦᠢᠯᠡᠴᠢᠯᠡᠭᠡ ᠬᠠᠩᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠵᠡᠷᠭᠡ ᠲᠠᠰ ᠱᠠᠲᠤ ᠶᠢ ᠬᠠᠮᠤᠷᠤᠭᠰᠠᠨ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠰᠣᠯᠢᠯᠴᠠᠬᠤ ᠲᠣᠭᠲᠠᠯᠴᠠᠭ᠎ᠠ ᠶᠢ ᠪᠦᠷᠢᠯᠳᠦᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠢᠰᠲ᠋ᠧᠮ ᠬᠢᠭᠡᠳ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠳ᠋ᠠᠶᠢᠲ᠋ᠠ ᠶᠢ ᠬᠡᠷᠡᠭᠴᠡᠭᠡ ᠶᠣᠰᠣᠭᠠᠷ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠤᠨ ᠰᠢᠭᠤᠳ ᠪᠠᠶᠢᠭᠤᠯᠤᠭᠰᠠᠨ ᠰᠢᠰᠲ᠋ᠧᠮ ᠢ ᠠᠶᠢᠮᠠᠭ ᠬᠤᠲᠠ ᠶᠢᠨ ᠳ᠋ᠠᠶᠢᠲ᠋ᠠ ᠶᠢᠨ ᠲᠠᠪᠴᠠᠩ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠳ᠋ᠠᠶᠢᠲ᠋ᠠ ᠯᠤᠭ᠎ᠠ ᠬᠤᠣᠰ ᠴᠢᠭᠯᠡᠯ ᠢᠶᠠᠷ ᠬᠠᠮᠲᠤ ᠳᠤ ᠪᠠᠨ ᠬᠦᠷᠲᠡᠬᠦ ᠶᠢ ᠲᠦᠷᠭᠡᠳᠬᠡᠨ ᠠᠬᠢᠭᠤᠯᠵᠤ᠂ ᠳ᠋ᠠᠶᠢᠲ᠋ᠠ ᠶᠢᠨ ᠳᠡᠭᠡᠭᠰᠢ ᠪᠠᠨ ᠴᠤᠭᠯᠠᠷᠠᠬᠤ ᠪᠠ ᠳᠣᠷᠣᠭᠰᠢ ᠪᠠᠨ ᠪᠤᠴᠠᠬᠤ ᠶᠢ ᠪᠡᠶᠡᠯᠡᠭᠦᠯᠦᠨ᠂ ᠳ᠋ᠠᠶᠢᠲ᠋ᠠ ᠶᠢ ᠡᠷᠭᠢᠯᠳᠦᠭᠦᠯᠦᠨ ᠰᠢᠢᠳᠪᠦᠷᠢᠯᠡᠬᠦ ᠪᠢᠲᠡᠭᠦᠦ ᠴᠥᠷᠬᠡᠯᠡᠭᠡ ᠶᠢ ᠪᠦᠷᠢᠯᠳᠦᠭᠦᠯᠦᠨ᠎ᠡ᠃ ᠬᠡᠷᠡᠭᠯᠡᠭᠡᠨ ᠤ ᠠᠬᠤᠢ ᠪᠠᠶᠢᠳᠠᠯ ᠢᠶᠠᠷ ᠬᠥᠲᠥᠯᠥᠮᠵᠢ ᠪᠣᠯᠭᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳ᠋ᠠᠶᠢᠲ᠋ᠠ ᠶᠢ ᠣᠨᠣᠴᠠᠲᠠᠢ ᠥᠨᠳᠥᠷ ᠪᠦᠲᠦᠮᠵᠢᠲᠡᠶ ᠪᠠᠷ ᠬᠠᠮᠲᠤ ᠳᠤ ᠪᠠᠨ ᠭᠥᠷᠳᠡᠬᠦ ᠶᠢ ᠠᠬᠢᠭᠤᠯᠤᠨ᠂ ᠳ᠋ᠠᠶᠢᠲ᠋ᠠ ᠶᠢ ᠬᠠᠮᠲᠤ ᠳᠤ ᠪᠠᠨ ᠭᠥᠷᠳᠡᠬᠦ ᠶᠢᠨ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃
37. ᠣᠯᠠᠨ ᠨᠡᠶᠢᠲᠡ ᠶᠢᠨ ᠳ᠋ᠠᠶᠢᠲ᠋ᠠ ᠶᠢ ᠨᠡᠭᠡᠭᠡᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠭᠡᠳᠦᠯᠲᠡᠢ ᠵᠢᠷᠤᠮᠵᠢᠭᠰᠠᠨ᠂ ᠬᠤᠯᠪᠣᠯᠳᠤᠨ ᠨᠡᠪᠲᠡᠷᠡᠯᠴᠡᠭᠰᠡᠨ᠂ ᠠᠮᠤᠷ ᠲᠦᠪᠰᠢᠨ ᠡᠵᠡᠮᠳᠡᠬᠦᠶᠢᠴᠡ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠬᠤᠶᠠᠷ ᠱᠠᠲᠤᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠨᠡᠭᠡᠭᠡᠯᠲᠡ ᠶᠢᠨ ᠲᠠᠪᠴᠠᠩ ᠢ ᠲᠦᠷᠭᠡᠳᠬᠡᠨ ᠪᠠᠶᠢᠭᠤᠯᠵᠤ᠂ ᠪᠥᠬᠦ ᠣᠷᠣᠨ ᠤ ᠣᠯᠠᠨ ᠨᠡᠶᠢᠲᠡ ᠶᠢᠨ ᠳ᠋ᠠᠶᠢᠲ᠋ᠠ ᠶᠢᠨ ᠨᠡᠭᠡᠭᠡᠯᠲᠡ ᠶᠢᠨ ᠭᠠᠷᠴᠠᠭ ᠵᠢᠴᠢ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠣᠯᠠᠨ ᠨᠡᠶᠢᠲᠡ ᠶᠢᠨ ᠳ᠋ᠠᠶᠢᠲ᠋ᠠ ᠶᠢ ᠲᠥᠷᠥᠯ ᠲᠠᠰ ᠬᠤᠪᠢᠶᠠᠨ ᠴᠢᠯᠦᠭᠡᠲᠡᠢ ᠨᠡᠭᠡᠭᠡᠵᠦ᠂ ᠣᠯᠠᠨ ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠤᠨ᠂ ᠡᠯ᠎ᠡ ᠠᠵᠢᠯ ᠲᠥᠷᠥᠯ ᠡᠯ᠎ᠡ ᠬᠦᠷᠢᠶᠡᠨ ᠤ ᠣᠯᠠᠨ ᠨᠡᠶᠢᠲᠡ ᠶᠢᠨ ᠳ᠋ᠠᠶᠢᠲ᠋ᠠ ᠶᠢ ᠬᠡᠷᠡᠭᠯᠡᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃
38. ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠤᠨ᠎ᠠ᠃ ᠣᠯᠠᠨ ᠨᠡᠶᠢᠲᠡ ᠶᠢᠨ ᠳ᠋ᠠᠶᠢᠲ᠋ᠠ ᠶᠢᠨ ᠡᠷᠬᠡ ᠣᠯᠭᠤᠵᠤ ᠠᠵᠢᠯᠯᠠᠭᠤᠯᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠣᠯᠠᠨ ᠨᠡᠶᠢᠲᠡ ᠶᠢᠨ ᠳ᠋ᠠᠶᠢᠲ᠋ᠠ ᠶᠢᠨ ᠡᠷᠬᠡ ᠣᠯᠭᠤᠵᠤ ᠠᠵᠢᠯᠯᠠᠭᠤᠯᠬᠤ ᠶᠢ ᠥᠷᠨᠢᠭᠦᠯᠦᠨ᠎ᠡ᠃ ᠨᠡᠶᠢᠭᠡᠮ ᠤᠨ ᠳ᠋ᠠᠶᠢᠲ᠋ᠠ ᠶᠢ ︽ᠨᠢᠭᠡᠳᠦᠯᠲᠡᠢ ᠴᠤᠭᠯᠠᠭᠤᠯᠵᠤ ᠬᠠᠮᠲᠤ ᠪᠠᠷ ᠬᠡᠷᠡᠭᠯᠡᠬᠦ ︾ ᠶᠢ ᠠᠬᠢᠭᠤᠯᠵᠤ᠂ ᠳ᠋ᠠᠶᠢᠲ᠋ᠠ ᠶᠢ ᠭᠠᠵᠠᠷ ᠣᠷᠣᠨ᠂ ᠰᠠᠯᠠᠭ᠎ᠠ ᠮᠥᠴᠢᠷ᠂ ᠲᠠᠰ ᠱᠠᠲᠤ ᠠᠯᠤᠰᠯᠠᠨ ᠬᠠᠮᠲᠤ ᠳᠤ ᠪᠠᠨ ᠬᠦᠷᠲᠡᠵᠦ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠳ᠋ᠠᠶᠢᠲ᠋ᠠ ᠬᠢᠭᠡᠳ ᠨᠡᠶᠢᠭᠡᠮ ᠤᠨ ᠳ᠋ᠠᠶᠢᠲ᠋ᠠ ᠶᠢ ᠠᠭᠤᠰᠤᠯᠴᠠᠭᠤᠯᠤᠨ ᠬᠡᠷᠡᠭᠯᠡᠬᠦ ᠳᠤ ᠰᠢᠨ᠎ᠡ ᠶᠢ ᠡᠭᠦᠳᠬᠦ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠠᠵᠤ ᠠᠬᠤᠶᠢᠯᠠᠯ ᠤᠨ ᠬᠢᠨ ᠤ ᠣᠯᠠᠨ ᠨᠡᠶᠢᠲᠡ ᠶᠢᠨ ᠳ᠋ᠠᠶᠢᠲ᠋ᠠ ᠶᠢ ᠠᠰᠢᠭᠯᠠᠨ ᠬᠠᠤᠯᠢ ᠲᠣᠭᠲᠠᠭᠠᠯ ᠶᠣᠰᠣᠭᠠᠷ ᠰᠢᠨᠵᠢᠯᠡᠬᠦ ᠤᠬᠠᠭᠠᠨ ᠤ ᠰᠤᠳᠤᠯᠭᠠᠨ᠂ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠳ᠋ᠠᠶᠢᠲ᠋ᠠ ᠶᠢ ᠡᠳ᠋ᠰᠢᠭᠦᠯᠬᠦ ᠵᠡᠷᠭᠡ ᠠᠵᠢᠯᠯᠠᠭ᠎ᠠ ᠥᠷᠨᠢᠭᠦᠯᠬᠦ ᠶᠢ ᠨᠢ ᠵᠣᠷᠢᠭᠵᠢᠭᠤᠯᠤᠨ᠎ᠠ᠃
︵ᠳᠥᠷᠪᠡ ︶ ᠲᠠᠪᠴᠠᠩ ᠤᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃
39. ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠤᠨ ᠲᠣᠭᠲᠠᠯᠴᠠᠭ᠎ᠠ ᠶᠢ ᠪᠠᠶᠢᠭᠤᠯᠤᠨ᠎ᠠ᠃ ︽ᠹᠢᠽᠢᠺ ᠤᠨ ᠲᠠᠯ᠎ᠠ ᠪᠠᠷ ᠪᠤᠲᠠᠷᠬᠠᠢ᠂ ᠯᠣᠭᠢᠭ ᠢᠶᠠᠷ ᠲᠥᠪᠯᠡᠷᠡᠩᠭᠦᠢ᠂ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ᠂ ᠠᠮᠤᠷ ᠲᠦᠪᠰᠢᠨ ᠡᠵᠡᠮᠳᠡᠬᠦᠶᠢᠴᠡ ︾ ᠵᠠᠷᠴᠢᠮ ᠶᠣᠰᠣᠭᠠᠷ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠣᠲᠣ ᠶᠢᠨ ᠪᠠᠶᠢᠭ᠎ᠠ ᠡᠯ᠎ᠡ ᠱᠠᠲᠤᠨ ᠤ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠠᠭᠤᠰᠤᠯᠴᠠᠭᠤᠯᠤᠨ᠂ ᠵᠠᠰᠠᠭ ᠤᠨ ᠶᠠᠪᠤᠳᠠᠯ ᠤᠨ ᠡᠭᠦᠯᠡᠨ ᠲᠤᠯᠭᠠᠭᠤᠷᠢᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤ ᠨᠢᠭᠡᠳᠦᠯᠲᠡᠢ ᠪᠤᠳᠤᠬᠤ᠂ ᠬᠠᠳᠠᠭᠠᠯᠠᠬᠤ᠂ ᠰᠦᠯᠵᠢᠶ᠎ᠡ ᠵᠡᠷᠭᠡ ᠰᠠᠭᠤᠷᠢ ᠪᠡᠯᠡᠳᠬᠡᠮᠵᠢ ᠶᠢᠨ ᠲᠤᠯᠭᠠᠭᠤᠷᠢᠯᠠᠯ ᠪᠠ ᠭᠠᠮᠰᠢᠭ ᠢ ᠪᠠᠭᠲᠠᠭᠠᠬᠤ ᠪᠡᠯᠡᠳᠬᠡᠯ ᠦᠢᠯᠡᠴᠢᠯᠡᠭᠡ ᠬᠠᠩᠭᠠᠵᠤ᠂ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠪᠠᠶᠢᠭᠤᠯᠬᠤ᠂ ᠨᠢᠭᠡᠳᠦᠯᠲᠡᠢ ᠲᠣᠬᠢᠷᠠᠭᠤᠯᠬᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠡᠷᠴᠢᠮᠵᠢᠭᠦᠯᠦᠨ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠦᠨ᠎ᠡ᠃
40. ᠡᠷᠴᠢᠮᠵᠢᠭᠦᠯᠦᠭᠰᠡᠨ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ᠃ ᠰᠠᠯᠠᠭ᠎ᠠ ᠮᠥᠴᠢᠷ ᠤᠨ ᠥᠪᠡᠰᠦᠪᠡᠨ ᠪᠠᠶᠢᠭᠤᠯᠤᠭᠰᠠᠨ ᠮᠡᠳᠡᠭᠡ ᠵᠠᠩᠭᠢ ᠶᠢᠨ ᠰᠢᠰᠲ᠋ᠧᠮ ᠢ ᠨᠡᠶᠢᠳᠬᠡᠵᠦ ᠬᠠᠮᠲᠤ ᠳᠤ ᠪᠠᠨ ᠭᠥᠷᠳᠡᠬᠦ ᠶᠢ ᠲᠦᠷᠭᠡᠳᠬᠡᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠭᠦᠯᠡᠨ ᠲᠠᠪᠴᠠᠩ ᠳᠤ ᠰᠢᠯᠵᠢᠭᠦᠯᠬᠦ ᠶᠢ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠳᠤ ᠨᠢᠭᠡᠳᠦᠯᠲᠡᠢ ᠪᠠᠶᠢᠷᠢᠯᠠᠭᠤᠯᠬᠤ ᠶᠢ ᠪᠡᠶᠡᠯᠡᠭᠦᠯᠦᠨ᠎ᠡ᠃ ᠪᠥᠬᠦ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠭᠤᠶᠤᠴᠢᠯᠠᠬᠤ᠂ ᠬᠡᠷᠡᠭᠯᠡᠬᠦ᠂ ᠬᠦᠴᠦᠨ ᠦᠭᠡᠢ ᠪᠣᠯᠭᠠᠬᠤ ᠵᠡᠷᠭᠡ ᠭᠤᠭᠴᠤᠭ᠎ᠠ ᠶᠢ ᠪᠥᠬᠦ ᠲᠠᠯ᠎ᠠ ᠪᠠᠷ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠦᠷ᠎ᠡ ᠴᠢᠳᠠᠮᠵᠢ ᠶᠢ ᠳᠡᠭᠡᠭᠰᠢᠯᠡᠭᠦᠯᠵᠦ᠂ ︽ᠳ᠋ᠠᠶᠢᠲ᠋ᠠ ᠡᠭᠦᠯᠡ ᠰᠦᠯᠵᠢᠶ᠎ᠡ ᠦᠵᠦᠭᠦᠷ ︾ ᠢ ᠨᠢᠭᠡ ᠴᠣᠭᠴᠠᠵᠢᠭᠤᠯᠤᠨ ᠠᠭᠤᠰᠤᠯᠴᠠᠭᠤᠯᠤᠭᠰᠠᠨ ᠰᠠᠭᠤᠷᠢ ᠪᠡᠯᠡᠳᠬᠡᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ ᠬᠠᠮᠢᠶᠠᠷᠤᠯᠲᠠ ᠶᠢᠨ ᠪᠠᠶᠢᠭᠤᠯᠤᠯ ᠪᠠ ᠡᠵᠡᠩᠨᠡᠯᠲᠡ ᠶᠢᠨ ᠵᠠᠭᠪᠤᠷ ᠲᠤ ᠰᠢᠨ᠎ᠡ ᠶᠢ ᠡᠭᠦᠳᠴᠦ᠂ ᠦᠯᠡᠳᠡᠭᠡᠯ ᠢ ᠬᠥᠭᠵᠢᠭᠡᠬᠦ ᠪᠠ ᠨᠡᠮᠡᠭᠳᠡᠯ ᠢ ᠨᠢᠭᠡᠳᠦᠯᠲᠡᠢ ᠲᠥᠯᠥᠪᠯᠡᠬᠦ ᠪᠠᠷ ᠳᠠᠮᠵᠢᠭᠤᠯᠤᠨ᠂ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠬᠤ ᠪᠠ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠴᠢᠩᠭᠠᠳᠬᠠᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡ ᠶᠢ ᠥᠨᠳᠥᠷ ᠪᠦᠲᠦᠮᠵᠢᠲᠡᠶ᠂ ᠳᠥᠭᠦᠮ ᠳᠥᠲᠡ᠂ ᠵᠢᠷᠤᠮᠵᠢᠭᠰᠠᠨ᠂ ᠠᠵᠤ ᠦᠢᠯᠡᠰᠴᠢᠭᠰᠡᠨ ᠲᠡᠶᠢᠰᠢ ᠬᠥᠭᠵᠢᠭᠦᠯᠬᠦ ᠶᠢ ᠠᠬᠢᠭᠤᠯᠤᠨ᠎ᠠ᠃
41. ᠡᠷᠴᠢᠮᠵᠢᠭᠰᠡᠨ ᠨᠠᠶᠢᠳᠠᠪᠤᠷᠢᠲᠠᠢ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶ᠎ᠡ ᠶᠢ ᠪᠠᠶᠢᠭᠤᠯᠤᠨ᠎ᠠ᠃ ᠪᠥᠬᠦ ᠣᠷᠣᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠴᠢᠩᠭᠠᠷᠠᠭᠤᠯᠵᠤ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶᠡᠨ ᠤ ᠨᠢᠷᠤᠭᠤᠪᠴᠢ ᠳᠠᠪᠲᠠᠮᠵᠢ ᠶᠢᠨ ᠪᠦᠰᠡ ᠶᠢ ᠥᠷᠭᠡᠳᠬᠡᠵᠦ᠂ ᠠᠮᠤᠷ ᠲᠦᠪᠰᠢᠨ ᠡᠵᠡᠮᠳᠡᠬᠦᠶᠢᠴᠡ ᠤᠷᠢᠲᠠᠯ ᠳᠣᠣᠷ᠎ᠠ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶᠡᠨ ᠤ ᠰᠢᠯᠵᠢᠮᠡᠯ ᠵᠠᠯᠭᠠᠯᠲᠠ ᠶᠢ ᠲᠤᠷᠰᠢᠵᠤ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠂ ᠬᠡᠷᠡᠭᠴᠡᠭᠡ ᠶᠣᠰᠣᠭᠠᠷ ᠠᠯᠬᠤᠮ ᠠᠯᠬᠤᠮ ᠢᠶᠠᠷ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠬᠦᠷᠲᠡᠯ᠎ᠡ ᠤᠷᠲᠤᠳᠬᠠᠨ᠎ᠠ᠃ ᠪᠥᠬᠦ ᠣᠷᠣᠨ ᠤ ᠵᠠᠰᠠᠭ ᠤᠨ ᠶᠠᠪᠤᠳᠠᠯ ᠤᠨ ᠸᠢᠳᠢᠤ᠋ ᠡᠬᠢ ᠪᠠᠶᠠᠯᠢᠭ ᠢ ᠬᠠᠮᠲᠤ ᠳᠤ ᠪᠠᠨ ᠭᠥᠷᠳᠡᠵᠦ ᠬᠡᠷᠡᠭᠯᠡᠬᠦ ᠰᠦᠯᠵᠢᠶᠡᠨ ᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃
42. ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠲᠤᠰᠬᠠᠢ ᠰᠦᠯᠵᠢᠶ᠎ᠡ ᠶᠢ ᠨᠡᠶᠢᠳᠬᠡᠬᠦ ᠶᠢ ᠠᠬᠢᠭᠤᠯᠤᠨ᠎ᠠ᠃ ᠬᠤᠯᠪᠣᠪᠠᠰᠤ ᠵᠣᠬᠢᠬᠤ ᠶᠢ ᠨᠢ ᠪᠦᠬᠦᠨ ᠢ ᠬᠤᠯᠪᠣᠬᠤ ᠵᠠᠷᠴᠢᠮ ᠶᠣᠰᠣᠭᠠᠷ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠲᠤᠰᠬᠠᠢ ᠰᠦᠯᠵᠢᠶ᠎ᠡ ᠶᠢ ᠨᠢᠭᠡᠳᠦᠯᠲᠡᠢ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶ᠎ᠡ ᠲᠡᠶᠢᠰᠢ ᠨᠡᠶᠢᠳᠬᠡᠨ ᠰᠢᠯᠵᠢᠭᠦᠯᠬᠦ ᠪᠤᠶᠤ ᠡᠵᠡᠮᠳᠡᠬᠦᠶᠢᠴᠡ ᠬᠠᠷᠢᠯᠴᠠᠨ ᠬᠤᠯᠪᠣᠬᠤ ᠶᠢ ᠠᠬᠢᠭᠤᠯᠵᠤ᠂ ᠨᠡᠶᠢᠳᠬᠡᠨ ᠰᠢᠯᠵᠢᠭᠦᠯᠬᠦ ᠠᠷᠭ᠎ᠠ ᠪᠠᠷ ᠰᠠᠯᠠᠭ᠎ᠠ ᠮᠥᠴᠢᠷ ᠤᠨ ᠤᠤᠯ ᠤᠨ ᠮᠠᠰᠢᠨ ᠤ ᠥᠷᠥᠭᠡ ᠶᠢ ᠠᠯᠬᠤᠮ ᠠᠯᠬᠤᠮ ᠢᠶᠠᠷ ᠣᠭᠴᠣᠷᠤᠭᠤᠯᠤᠨᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠵᠠᠷᠴᠢᠮ ᠳᠡᠭᠡᠷ᠎ᠡ ᠪᠠᠨ ᠲᠤᠬᠠᠶᠢᠯᠠᠭᠰᠠᠨ ᠠᠵᠢᠯ ᠤᠨ ᠲᠤᠰᠬᠠᠢ ᠰᠦᠯᠵᠢᠶ᠎ᠡ ᠪᠠ ᠰᠠᠯᠠᠭ᠎ᠠ ᠮᠥᠴᠢᠷ ᠤᠨ ᠮᠠᠰᠢᠨ ᠤ ᠥᠷᠥᠭᠡ ᠶᠢ ᠳᠠᠭᠢᠵᠤ ᠰᠢᠨ᠎ᠡ ᠪᠠᠷ ᠪᠠᠶᠢᠭᠤᠯᠬᠤ ᠦᠭᠡᠢ᠃ ᠴᠢᠬᠤᠯᠠ ᠶᠡᠭᠡ ᠲᠤᠬᠠᠶᠢᠯᠠᠭᠰᠠᠨ ᠠᠵᠢᠯ ᠤᠨ ᠬᠡᠷᠡᠭᠯᠡᠭᠡ ᠪᠠᠷ ᠬᠥᠲᠥᠯᠥᠮᠵᠢ ᠪᠣᠯᠭᠠᠵᠤ᠂ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠰᠦᠯᠵᠢᠶ᠎ᠡ ᠠᠯᠤᠰᠯᠠᠭᠰᠠᠨ ᠳ᠋ᠠᠶᠢᠲ᠋ᠠ ᠶᠢ ᠳᠠᠮᠵᠢᠭᠤᠯᠬᠤ ᠲᠣᠭᠲᠠᠴᠠ ᠶᠢ ᠨᠢᠭᠡᠳᠦᠯᠲᠡᠢ ᠲᠥᠯᠥᠪᠯᠡᠨ ᠪᠠᠶᠢᠭᠤᠯᠵᠤ᠂ ᠨᠢᠭᠤᠴᠠ ᠳᠤ ᠥᠯᠥ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠲᠤᠰᠬᠠᠢ ᠰᠦᠯᠵᠢᠶ᠎ᠡ ᠶᠢ ᠰᠢᠯᠵᠢᠭᠦᠯᠦᠨ ᠨᠡᠶᠢᠳᠬᠡᠬᠦ ᠪᠠ ᠠᠮᠤᠷ ᠲᠦᠪᠰᠢᠨ ᠢᠶᠠᠷ ᠬᠠᠷᠢᠯᠴᠠᠨ ᠬᠤᠯᠪᠣᠬᠤ ᠶᠢ ᠡᠮᠬᠢ ᠵᠢᠷᠤᠮ ᠲᠠᠢ ᠠᠬᠢᠭᠤᠯᠤᠨ᠂ ᠰᠠᠯᠠᠭ᠎ᠠ ᠮᠥᠴᠢᠷ᠂ ᠭᠠᠵᠠᠷ ᠣᠷᠣᠨ᠂ ᠲᠠᠰ ᠱᠠᠲᠤ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠶᠢ ᠪᠥᠬᠦ ᠲᠠᠯ᠎ᠠ ᠪᠠᠷ ᠲᠤᠯᠭᠠᠭᠤᠷᠢᠯᠠᠨ᠎ᠠ᠃
43. ᠲᠣᠭᠠᠵᠢᠭᠤᠯᠤᠭᠰᠠᠨ ᠨᠡᠶᠢᠲᠡᠯᠢᠭ ᠴᠢᠨᠠᠷᠲᠠᠢ ᠬᠡᠷᠡᠭᠯᠡᠭᠡ ᠶᠢᠨ ᠡᠷᠴᠢᠮᠵᠢᠭᠦᠯᠦᠭᠰᠡᠨ ᠪᠠᠶᠢᠭᠤᠯᠤᠯᠲᠠ ᠶᠢ ᠠᠬᠢᠭᠤᠯᠤᠨ᠎ᠠ᠃ ᠪᠡᠶ᠎ᠡ ᠶᠢᠨ ᠭᠠᠷᠤᠯ ᠤᠨ ᠨᠢᠭᠡᠳᠦᠯᠲᠡᠢ ᠭᠡᠷᠡᠴᠢᠯᠡᠭᠡ᠂ ᠳ᠋ᠢᠵᠢᠲ᠋ᠠᠯ ᠲᠠᠩᠰᠠ ᠡᠪᠬᠡᠮᠡᠯ ᠤᠨ ᠡᠬᠢ ᠪᠠᠶᠠᠯᠢᠭ᠂ ᠡᠳ᠋ ᠤᠨ ᠵᠠᠰᠠᠭ ᠤᠨ ᠡᠯᠧᠺᠲᠷᠣᠨ ᠪᠠᠷᠢᠮᠲᠠ ᠶᠢᠨ ᠦᠢᠯᠡᠴᠢᠯᠡᠭᠡ᠂ ᠨᠢᠭᠡᠳᠦᠯᠲᠡᠢ ᠣᠯᠠᠨ ᠨᠡᠶᠢᠲᠡ ᠶᠢᠨ ᠲᠣᠭᠠᠴᠠᠭ᠎ᠠ ᠬᠢᠬᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡ᠂ ᠣᠷᠣᠨ ᠵᠠᠢ ᠶᠢᠨ ᠭᠠᠵᠠᠷ ᠵᠦᠢ ᠶᠢᠨ ᠮᠡᠳᠡᠭᠡ ᠵᠠᠩᠭᠢ᠂ ᠡᠯᠧᠺᠲᠷᠣᠨ ᠲᠠᠮᠠᠭ᠎ᠠ ᠵᠡᠷᠭᠡ ᠨᠡᠶᠢᠳᠡᠮ ᠬᠡᠷᠡᠭᠯᠡᠬᠦ ᠨᠡᠶᠢᠲᠡᠯᠢᠭ ᠴᠢᠨᠠᠷᠲᠠᠢ ᠬᠡᠷᠡᠭᠯᠡᠭᠡ ᠶᠢᠨ ᠨᠢᠭᠡᠳᠦᠯᠲᠡᠢ ᠪᠠᠶᠢᠭᠤᠯᠤᠯᠲᠠ᠂ ᠠᠵᠢᠯᠯᠠᠭᠤᠯᠵᠤ ᠪᠠᠲᠤᠯᠠᠬᠤ ᠠᠵᠢᠯ᠂ ᠬᠠᠮᠢᠶᠠᠷᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠳ᠋ᠢᠵᠢᠲ᠋ᠠᠯ ᠵᠠᠰᠠᠭ ᠤᠨ ᠣᠷᠳᠣᠨ ᠤ ᠬᠡᠷᠡᠭᠯᠡᠭᠡ ᠶᠢᠨ ᠲᠤᠯᠭᠠᠭᠤᠷᠢᠯᠠᠬᠤ ᠴᠢᠳᠠᠪᠤᠷᠢ ᠶᠢ ᠪᠦᠷᠢᠯᠳᠦᠭᠦᠯᠦᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠵᠢᠴᠢ ᠲᠠᠰ ᠱᠠᠲᠤ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ ᠠᠯᠤᠰᠯᠠᠭᠰᠠᠨ ᠶᠡᠷᠦᠩᠬᠡᠢ ᠲᠤᠬᠠᠶᠢᠯᠠᠭᠰᠠᠨ ᠠᠵᠢᠯ ᠳᠤ ᠬᠡᠷᠡᠭᠯᠡᠭᠡᠨ ᠤ ᠲᠤᠯᠭᠠᠭᠤᠷᠢᠯᠠᠬᠤ ᠦᠢᠯᠡᠴᠢᠯᠡᠭᠡ ᠬᠠᠩᠭᠠᠨ᠎ᠠ᠃
44. ᠲᠣᠭᠠᠵᠢᠭᠤᠯᠤᠭᠰᠠᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠬᠡᠷᠡᠭᠯᠡᠭᠡ ᠶᠢ ᠠᠬᠢᠭᠤᠯᠤᠨ᠎ᠠ᠃ ᠴᠢᠮᠡᠭᠡ ᠬᠤᠯᠪᠣᠭ᠎ᠠ᠂ ᠵᠣᠬᠢᠶᠠᠮᠠᠯ ᠣᠶᠤᠨ᠂ ᠬᠡᠰᠡᠭ ᠤᠳ ᠤᠨ ᠬᠡᠯᠬᠢᠶ᠎ᠡ᠂ ᠸᠢᠳᠢᠤ᠋ ᠶᠢᠨ ᠡᠭᠦᠯᠡ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ᠂ ᠰᠢᠯᠵᠢᠮᠡᠯ ᠨᠡᠭᠡᠭᠡᠯᠲᠡ ᠵᠡᠷᠭᠡ ᠮᠡᠷᠭᠡᠵᠢᠯ ᠤᠨ ᠬᠡᠷᠡᠭᠯᠡᠭᠡ ᠨᠦᠭᠦᠳ ᠢ ᠠᠭᠤᠰᠤᠯᠴᠠᠭᠤᠯᠬᠤ ᠶᠢ ᠴᠢᠩᠭᠠᠳᠬᠠᠵᠤ᠂ ᠬᠠᠷᠠᠭᠠᠨ ᠵᠢᠷᠤᠭ ᠤᠨ ᠣᠶᠤᠨᠴᠢ ᠵᠠᠳᠠᠯᠤᠯᠲᠠ᠂ ᠠᠪᠢᠶ᠎ᠠ ᠶᠢ ᠲᠠᠨᠢᠬᠤ᠂ ᠣᠶᠤᠨᠴᠢ ᠠᠰᠠᠭᠤᠯᠲᠠ ᠬᠠᠷᠢᠭᠤᠯᠲᠠ᠂ ᠮᠡᠳᠡᠭᠡ ᠵᠠᠩᠭᠢ ᠶᠢ ᠲᠦᠷᠭᠡᠨ ᠳᠠᠮᠵᠢᠭᠤᠯᠬᠤ᠂ ᠭᠡᠨᠡᠳᠲᠡ ᠶᠢᠨ ᠬᠡᠷᠡᠭ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠢᠷᠡᠯᠲᠡ ᠶᠢ ᠨᠢ ᠮᠥᠷᠳᠡᠬᠦ ᠵᠡᠷᠭᠡ ᠶᠢᠨ ᠲᠣᠭᠠᠵᠢᠭᠤᠯᠤᠭᠰᠠᠨ᠂ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠦᠨ᠎ᠡ᠃
︵ᠲᠠᠪᠤ ︶ ᠳ᠋ᠢᠵᠢᠲ᠋ᠠᠯ ᠵᠠᠰᠠᠭ ᠤᠨ ᠣᠷᠳᠣᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃
45. ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠦᠯᠵᠢᠶᠡᠨ ᠤ ᠠᠮᠤᠷ ᠲᠦᠪᠰᠢᠨ᠂ ᠳ᠋ᠠᠶᠢᠲ᠋ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠠᠭᠤᠷᠢ ᠪᠡᠯᠡᠳᠬᠡᠮᠵᠢ᠂ ᠮᠡᠳᠡᠭᠡ ᠵᠠᠩᠭᠢ ᠶᠢᠨ ᠰᠢᠰᠲ᠋ᠧᠮ ᠪᠠ ᠳ᠋ᠠᠶᠢᠲ᠋ᠠ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠵᠠᠷ ᠣᠷᠣᠨ᠂ ᠰᠠᠯᠠᠭ᠎ᠠ ᠮᠥᠴᠢᠷ᠂ ᠲᠠᠰ ᠱᠠᠲᠤ ᠠᠯᠤᠰᠯᠠᠭᠰᠠᠨ ᠬᠤᠷᠰᠢᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠦᠨ᠎ᠡ᠃
46. ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠳ᠋ᠢᠵᠢᠲ᠋ᠠᠯ ᠵᠠᠰᠠᠭ ᠤᠨ ᠣᠷᠳᠣᠨ ᠤ ᠠᠮᠤᠷ ᠲᠦᠪᠰᠢᠨ ᠢ ᠦᠨᠡᠯᠡᠨ ᠵᠢᠱᠢᠬᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠴᠢᠬᠤᠯᠠ ᠶᠡᠭᠡ ᠬᠡᠷᠡᠭ ᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠰᠦᠯᠵᠢᠶᠡᠨ ᠤ ᠠᠮᠤᠷ ᠲᠦᠪᠰᠢᠨ᠂ ᠳ᠋ᠠᠶᠢᠲ᠋ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠳ᠋ᠠᠶᠢᠲ᠋ᠠ ᠶᠢ ᠥᠭᠡᠷᠡᠲᠦᠭᠦᠯᠬᠦ᠂ ᠵᠠᠳᠠᠷᠠᠭᠤᠯᠬᠤ ᠪᠠ ᠳᠤᠷ᠎ᠠ ᠪᠠᠷ ᠬᠡᠷᠡᠭᠯᠡᠬᠦ ᠶᠢ ᠦᠨᠡᠨ ᠬᠦ ᠰᠡᠷᠭᠡᠶᠢᠯᠡᠨ᠎ᠡ᠃ ᠤᠯᠤᠰ ᠤᠨ ︽ᠵᠠᠰᠠᠭ ᠤᠨ ᠣᠷᠳᠣᠨ ᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠳᠤ ᠠᠵᠤ ᠠᠬᠤᠶᠢᠯᠠᠯ ᠤᠨ ᠣᠷᠣᠯᠴᠠᠬᠤ ᠶᠢ ᠵᠢᠷᠤᠮᠵᠢᠭᠤᠯᠵᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠢ ᠴᠢᠩᠭᠠᠳᠬᠠᠬᠤ ᠬᠠᠮᠢᠶᠠᠷᠤᠯᠲᠠ ᠶᠢᠨ ᠠᠷᠭ᠎ᠠ ︾ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠳᠤ ᠣᠷᠣᠯᠴᠠᠭᠰᠠᠨ ᠠᠵᠢᠯᠯᠠᠭᠤᠯᠵᠤ ᠪᠠᠲᠤᠯᠠᠬᠤ ᠠᠵᠤ ᠠᠬᠤᠶᠢᠯᠠᠯ ᠳᠠᠬᠢ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠰᠢᠰᠲ᠋ᠧᠮ ᠪᠠ ᠳ᠋ᠠᠶᠢᠲ᠋ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠵᠠᠭᠠᠭ ᠨᠢ ᠲᠣᠳᠣ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃
47. ᠤᠯᠤᠰ ᠤᠨ ᠨᠢᠭᠤᠴᠠ ᠳᠤ ᠬᠤᠯᠪᠣᠭᠳᠠᠬᠤ ᠰᠢᠰᠲ᠋ᠧᠮ ᠤᠨ ᠳᠡᠰ ᠬᠤᠪᠢᠶᠠᠨ ᠬᠠᠮᠠᠭᠠᠯᠠᠬᠤ᠂ ᠰᠢᠯᠭᠠᠨ ᠦᠨᠡᠯᠡᠬᠦ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠳᠦᠷᠢᠮ ᠢ ᠨᠠᠶᠢᠳᠠᠪᠤᠷᠢᠵᠢᠭᠤᠯᠤᠨ᠎ᠠ᠃ ᠨᠢᠭᠤᠴᠠ ᠳᠤ ᠬᠤᠯᠪᠣᠭᠳᠠᠬᠤ ᠰᠦᠯᠵᠢᠶ᠎ᠡ ᠪᠠ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠨᠢᠭᠤᠴᠠ ᠳᠤ ᠬᠤᠯᠪᠣᠭᠳᠠᠬᠤ ᠰᠢᠰᠲ᠋ᠧᠮ ᠤᠨ ᠳᠡᠰ ᠬᠤᠪᠢᠶᠠᠨ ᠬᠠᠮᠠᠭᠠᠯᠠᠵᠤ ᠰᠢᠯᠭᠠᠨ ᠦᠨᠡᠯᠡᠬᠦ ᠪᠠ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠴᠢᠩᠭᠠᠳᠬᠠᠨ᠎ᠠ᠃
48. ᠤᠯᠤᠰ ᠤᠨ ᠰᠦᠯᠵᠢᠶᠡᠨ ᠤ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ᠂ ᠨᠢᠭᠤᠴᠠ ᠺᠣᠳ᠋ ᠤᠨ ᠬᠡᠷᠡᠭᠯᠡᠭᠡᠨ ᠵᠡᠷᠭᠡ ᠳᠦᠷᠢᠮ ᠢ ᠨᠠᠶᠢᠳᠠᠪᠤᠷᠢᠵᠢᠭᠤᠯᠤᠨ᠎ᠠ᠃ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠠᠮᠤᠷ ᠲᠦᠪᠰᠢᠨ ᠤ ᠬᠠᠮᠠᠭᠠᠯᠠᠯᠲᠠ ᠪᠠ ᠰᠦᠯᠵᠢᠶᠡᠨ ᠤ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠪᠠ ᠨᠢᠭᠤᠴᠠ ᠺᠣᠳ᠋ ᠤᠨ ᠬᠡᠷᠡᠭᠯᠡᠭᠡᠨ ᠤ ᠠᠮᠤᠷ ᠲᠦᠪᠰᠢᠨ ᠤ ᠴᠢᠨᠠᠷ ᠤᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠦᠯᠵᠢᠶᠡᠨ ᠤ ᠠᠮᠤᠷ ᠲᠦᠪᠰᠢᠨ᠂ ᠨᠢᠭᠤᠴᠠ ᠺᠣᠳ᠋ ᠤᠨ ᠬᠡᠷᠡᠭᠯᠡᠭᠡᠨ ᠤ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠳ᠋ᠢᠵᠢᠲ᠋ᠠᠯ ᠵᠠᠰᠠᠭ ᠤᠨ ᠣᠷᠳᠣᠨ ᠤ ᠬᠦᠷᠢᠶᠡᠨ ᠳᠠᠬᠢ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢ ᠬᠠᠮᠠᠭᠠᠯᠠᠬᠤ ᠲᠦᠪᠰᠢᠨ ᠢ ᠳᠡᠭᠡᠭᠰᠢᠯᠡᠭᠦᠯᠦᠨ᠎ᠡ᠃
49. ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠰᠦᠯᠵᠢᠶᠡᠨ ᠤ ᠠᠮᠤᠷ ᠲᠦᠪᠰᠢᠨ ᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ᠂ ᠬᠢᠨᠠᠨ ᠰᠢᠨᠵᠢᠵᠦ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠬᠠᠮᠵᠢᠯᠴᠠᠨ ᠵᠠᠰᠠᠬᠤ ᠵᠡᠷᠭᠡ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠭᠦᠯᠡ᠂ ᠰᠦᠯᠵᠢᠶ᠎ᠡ᠂ ᠦᠵᠦᠭᠦᠷ᠂ ᠳ᠋ᠠᠶᠢᠲ᠋ᠠ᠂ ᠬᠡᠷᠡᠭᠯᠡᠭᠡ ᠶᠢᠨ ᠰᠡᠷᠭᠡᠶᠢᠯᠡᠨ ᠬᠠᠮᠠᠭᠠᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃
50. ᠳ᠋ᠠᠶᠢᠲ᠋ᠠ ᠶᠢᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠳ᠋ᠠᠶᠢᠲ᠋ᠠ ᠶᠢᠨ ᠪᠥᠬᠦ ᠠᠮᠢ ᠨᠠᠰᠤᠨ ᠤ ᠦᠶᠡᠯᠡᠯ ᠳᠠᠬᠢ ᠠᠮᠤᠷ ᠲᠦᠪᠰᠢᠨ ᠤ ᠬᠠᠮᠢᠶᠠᠷᠤᠯᠲᠠ ᠪᠠ ᠮᠡᠷᠭᠡᠵᠢᠯ ᠤᠨ ᠬᠠᠮᠠᠭᠠᠯᠠᠯᠲᠠ ᠶᠢ ᠴᠢᠩᠭᠠᠷᠠᠭᠤᠯᠵᠤ᠂ ᠳ᠋ᠠᠶᠢᠲ᠋ᠠ ᠶᠢᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠳ᠋ᠠᠶᠢᠲ᠋ᠠ ᠶᠢ ᠨᠢᠭᠤᠴᠠᠯᠠᠬᠤ᠂ ᠳ᠋ᠠᠶᠢᠲ᠋ᠠ ᠶᠢᠨ ᠬᠠᠷᠰᠢᠮᠠᠲᠠᠭᠠᠢ ᠶᠢ ᠲᠠᠶᠢᠯᠬᠤ᠂ ᠳ᠋ᠠᠶᠢᠲ᠋ᠠ ᠶᠢᠨ ᠨᠢᠭᠤᠴᠠ ᠬᠡ᠂ ᠳ᠋ᠠᠶᠢᠲ᠋ᠠ ᠶᠢ ᠨᠥᠭᠡᠴᠡᠯᠡᠬᠦ᠂ ᠳ᠋ᠠᠶᠢᠲ᠋ᠠ ᠶᠢᠨ ᠢᠷᠡᠯᠲᠡ ᠶᠢ ᠮᠥᠷᠳᠡᠬᠦ᠂ ᠨᠢᠭᠤᠴᠠᠯᠠᠨ ᠪᠤᠳᠤᠬᠤ ᠮᠡᠷᠭᠡᠵᠢᠯ ᠤᠨ ᠴᠢᠳᠠᠪᠤᠷᠢ ᠶᠢᠨ ᠪᠥᠬᠦ ᠲᠠᠯ᠎ᠠ ᠶᠢᠨ ᠬᠡᠷᠡᠭᠯᠡᠭᠡ ᠶᠢ ᠠᠬᠢᠭᠤᠯᠤᠨ᠎ᠠ᠃ ᠴᠢᠬᠤᠯᠠ ᠳ᠋ᠠᠶᠢᠲ᠋ᠠ ᠶᠢᠨ ᠬᠢᠯᠢ ᠠᠴᠠ ᠭᠠᠷᠬᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠨᠢᠭᠤᠴᠠ ᠺᠣᠳ᠋ ᠤᠨ ᠡᠭᠦᠯᠡᠨ ᠤ ᠪᠠᠶᠢᠭᠤᠯᠤᠯᠲᠠ ᠶᠢ ᠲᠦᠷᠭᠡᠳᠬᠡᠵᠦ᠂ ᠨᠢᠭᠤᠴᠠ ᠺᠣᠳ᠋ ᠤᠨ ᠬᠡᠷᠡᠭᠯᠡᠭᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠳ᠋ᠠᠶᠢᠲ᠋ᠠ ᠶᠢᠨ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠨ᠎ᠠ᠃ ᠳ᠋ᠠᠶᠢᠲ᠋ᠠ ᠶᠢᠨ ᠠᠮᠤᠷ ᠲᠦᠪᠰᠢᠨ ᠢ ᠲᠥᠷᠥᠯ ᠠᠩᠭᠢᠯᠠᠨ ᠲᠠᠰ ᠬᠤᠪᠢᠶᠠᠨ ᠬᠠᠮᠠᠭᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠳ᠋ᠠᠶᠢᠲ᠋ᠠ ᠶᠢᠨ ᠪᠣᠳᠠᠲᠠᠢ ᠭᠠᠷᠴᠠᠭ ᠢ ᠲᠣᠭᠲᠠᠭᠠᠵᠤ᠂ ᠰᠦᠯᠵᠢᠶᠡᠨ ᠤ ᠳ᠋ᠠᠶᠢᠲ᠋ᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠨᠡᠶᠢᠲᠡᠯᠡᠨ᠂ ᠳ᠋ᠠᠶᠢᠲ᠋ᠠ ᠶᠢᠨ ᠠᠮᠤᠷ ᠲᠦᠪᠰᠢᠨ ᠪᠠ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠦᠨᠡᠯᠡᠨ ᠵᠢᠱᠢᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠦᠯᠵᠢᠶᠡᠨ ᠤ ᠳ᠋ᠠᠶᠢᠲ᠋ᠠ ᠶᠢᠨ ᠠᠮᠤᠷ ᠲᠦᠪᠰᠢᠨ ᠤ ᠲᠦᠭᠰᠢᠭᠦᠷᠢ ᠪᠠ ᠠᠵᠢᠯ ᠬᠡᠷᠡᠭ ᠤᠨ ᠬᠢᠨᠠᠯᠲᠠ ᠲᠠᠯᠪᠢᠨ ᠰᠡᠷᠡᠮᠵᠢᠯᠡᠭᠦᠯᠬᠦ᠂ ᠨᠡᠪᠲᠡᠷᠡᠭᠦᠯᠦᠨ ᠮᠡᠳᠡᠭᠡᠯᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃
51. ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠳᠡᠮᠵᠢᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠨᠠᠶᠢᠳᠠᠪᠤᠷᠢᠲᠠᠢ ᠮᠡᠷᠭᠡᠵᠢᠯ ᠪᠠ ᠪᠦᠲᠦᠭᠡᠭᠳᠡᠬᠦᠨ ᠤ ᠬᠡᠷᠡᠭᠯᠡᠭᠡ ᠶᠢ ᠴᠢᠩᠭᠠᠷᠠᠭᠤᠯᠵᠤ᠂ ᠭᠤᠣᠯᠯᠠᠬᠤ ᠮᠡᠷᠭᠡᠵᠢᠯ ᠤᠨ ᠪᠡᠶ᠎ᠡ ᠪᠠᠨ ᠳᠠᠭᠠᠭᠠᠭᠰᠠᠨ ᠪᠥᠭᠡᠳ ᠡᠵᠡᠮᠳᠡᠬᠦᠶᠢᠴᠡ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃
52. ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠠᠮᠤᠷ ᠲᠦᠪᠰᠢᠨ ᠢ ᠬᠠᠮᠠᠭᠠᠯᠠᠬᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠹᠢᠽᠢᠺ ᠤᠨ ᠪᠡᠯᠡᠳᠬᠡᠮᠵᠢ᠂ ᠰᠦᠯᠵᠢᠶ᠎ᠡ᠂ ᠲᠠᠪᠴᠠᠩ᠂ ᠬᠡᠷᠡᠭᠯᠡᠭᠡᠨ᠂ ᠳ᠋ᠠᠶᠢᠲ᠋ᠠ ᠶᠢ ᠬᠠᠮᠤᠷᠤᠭᠰᠠᠨ ᠪᠡᠶ᠎ᠡ ᠪᠠᠨ ᠳᠠᠭᠠᠭᠠᠵᠤ ᠡᠵᠡᠮᠳᠡᠬᠦᠶᠢᠴᠡ ᠠᠮᠤᠷ ᠲᠦᠪᠰᠢᠨ ᠮᠡᠷᠭᠡᠵᠢᠯ ᠤᠨ ᠰᠡᠷᠭᠡᠶᠢᠯᠡᠨ ᠬᠠᠮᠠᠭᠠᠯᠠᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠠᠵᠢᠯᠯᠠᠭᠤᠯᠤᠨ ᠪᠠᠲᠤᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠬᠠᠮᠠᠭᠠᠯᠠᠯᠲᠠ ᠶᠢᠨ ᠵᠠᠭᠠᠭ ᠨᠢ ᠲᠣᠳᠣ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠢ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃
53. ᠠᠮᠤᠷ ᠲᠦᠪᠰᠢᠨ ᠤ ᠦᠨᠡᠯᠡᠨ ᠵᠢᠱᠢᠯᠲᠡ ᠶᠢ ᠴᠢᠩᠭᠠᠳᠬᠠᠨ᠎ᠠ᠃ ᠰᠢᠨ᠎ᠡ ᠮᠡᠷᠭᠡᠵᠢᠯ ᠰᠢᠨ᠎ᠡ ᠬᠡᠷᠡᠭᠯᠡᠭᠡᠨ ᠤ ᠠᠮᠤᠷ ᠲᠦᠪᠰᠢᠨ ᠤ ᠦᠨᠡᠯᠡᠨ ᠵᠢᠱᠢᠯᠲᠡ ᠶᠢ ᠥᠷᠨᠢᠭᠦᠯᠵᠦ᠂ ᠪᠤᠳᠤᠬᠤ ᠠᠷᠭ᠎ᠠ ᠶᠢ ᠬᠢᠨᠠᠨ ᠬᠠᠷᠭᠤᠭᠤᠯᠬᠤ᠂ ᠬᠡᠷᠡᠭᠯᠡᠬᠦ ᠵᠡᠷᠭᠡ ᠳᠤ ᠬᠢᠨᠠᠯᠲᠠ ᠲᠠᠯᠪᠢᠨ ᠬᠠᠮᠢᠶᠠᠷᠬᠤ ᠪᠠᠨ ᠴᠢᠩᠭᠠᠳᠬᠠᠨ᠎ᠠ᠃
ᠭᠤᠷᠪᠠ᠂ ᠲᠣᠭᠠᠵᠢᠭᠤᠯᠤᠭᠰᠠᠨ ᠬᠥᠭᠵᠢᠯᠲᠡ ᠳᠤ ᠬᠥᠳᠡᠯᠭᠡᠭᠦᠷ ᠣᠯᠭᠤᠵᠤ ᠲᠡᠭᠦᠨ ᠢ ᠬᠥᠲᠥᠯᠥᠨ ᠳᠠᠭᠠᠭᠤᠯᠤᠨ᠎ᠠ
︵ᠨᠢᠭᠡ ︶ ᠳ᠋ᠢᠵᠢᠲ᠋ᠠᠯ ᠠᠵᠤ ᠠᠬᠤᠢ ᠶᠢᠨ ᠬᠥᠭᠵᠢᠯᠲᠡ ᠶᠢ ᠳᠡᠮᠵᠢᠨ ᠠᠬᠢᠭᠤᠯᠤᠨ᠎ᠠ᠃
54. ᠳ᠋ᠢᠵᠢᠲ᠋ᠠᠯ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠳ᠋ᠢᠵᠢᠲ᠋ᠠᠯ ᠵᠠᠰᠠᠭ ᠤᠨ ᠣᠷᠳᠣᠨ ᠤ ᠦᠯᠡᠮᠵᠢ ᠬᠡᠮᠵᠢᠶᠡᠨ ᠤ ᠳ᠋ᠠᠶᠢᠲ᠋ᠠ ᠪᠠ ᠡᠯᠪᠡᠭ ᠪᠠᠶᠠᠯᠢᠭ ᠬᠡᠷᠡᠭᠯᠡᠭᠡᠨ ᠤ ᠪᠠᠶᠢᠳᠠᠯ ᠤᠨ ᠳᠠᠪᠠᠭᠤᠯᠢᠭ ᠢ ᠪᠠᠳᠠᠷᠠᠭᠤᠯᠵᠤ᠂ ᠡᠯ᠎ᠡ ᠲᠥᠷᠥᠯ ᠤᠨ ᠳ᠋ᠢᠵᠢᠲ᠋ᠠᠯ ᠠᠵᠤ ᠠᠬᠤᠶᠢᠯᠠᠯ ᠢ ᠲᠠᠲᠠᠵᠤ ᠥᠪᠡᠷᠲᠡᠭᠡᠨ ᠵᠠᠰᠠᠬᠤ ᠣᠷᠣᠨ ᠳᠤ ᠪᠡᠯᠡ ᠣᠷᠣᠭᠤᠯᠤᠨ ᠦᠢᠯᠡᠰ ᠪᠣᠰᠬᠠᠵᠤ᠂ ᠳ᠋ᠢᠵᠢᠲ᠋ᠠᠯ ᠠᠵᠤ ᠠᠬᠤᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠴᠢᠳᠠᠪᠤᠷᠢ ᠶᠢ ᠪᠣᠶᠢᠵᠢᠭᠤᠯᠤᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳ᠋ᠢᠵᠢᠲ᠋ᠠᠯ ᠠᠵᠤ ᠠᠬᠤᠢ ᠶᠢᠨ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠲᠤ ᠪᠠᠭᠲᠠᠭᠠᠮᠵᠢᠲᠠᠢ ᠪᠥᠭᠡᠳ ᠬᠢᠨᠠᠭᠤᠷ ᠪᠣᠯᠭᠤᠮᠵᠢᠲᠠᠢ ᠬᠠᠨᠳᠤᠵᠤ᠂ ᠳ᠋ᠢᠵᠢᠲ᠋ᠠᠯ ᠠᠵᠤ ᠠᠬᠤᠶᠢᠯᠠᠯ ᠤᠨ ᠬᠢᠨ ᠤ ᠰᠢᠨ᠎ᠡ ᠪᠦᠲᠦᠭᠡᠭᠳᠡᠬᠦᠨ᠂ ᠰᠢᠨ᠎ᠡ ᠮᠡᠷᠭᠡᠵᠢᠯ ᠢ ᠤᠷᠢᠳ ᠢᠶᠠᠷ ᠬᠡᠷᠡᠭᠯᠡᠬᠦ ᠶᠢ ᠨᠢ ᠵᠣᠷᠢᠭᠵᠢᠭᠤᠯᠤᠨ᠎ᠠ᠃
55. ᠳ᠋ᠢᠵᠢᠲ᠋ᠠᠯ ᠠᠵᠤ ᠠᠬᠤᠢ ᠶᠢᠨ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠳ᠋ᠢᠵᠢᠲ᠋ᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠯᠦᠭᠡ ᠵᠣᠬᠢᠴᠠᠭᠰᠠᠨ ᠵᠠᠰᠠᠯᠲᠠ ᠶᠢᠨ ᠠᠷᠭ᠎ᠠ ᠬᠡᠯᠪᠡᠷᠢ ᠶᠢ ᠰᠦᠪᠡᠭᠴᠢᠯᠡᠨ ᠪᠠᠶᠢᠭᠤᠯᠵᠤ᠂ ᠳ᠋ᠢᠵᠢᠲ᠋ᠠᠯ ᠠᠵᠤ ᠠᠬᠤᠢ ᠶᠢᠨ ᠶᠡᠭᠡ ᠣᠷᠴᠢᠯ ᠳᠤ ᠢᠳᠡᠪᠬᠢᠲᠡᠢ ᠠᠭᠤᠰᠤᠯᠴᠠᠵᠤ᠂ ᠳ᠋ᠢᠵᠢᠲ᠋ᠠᠯ ᠠᠵᠤ ᠦᠢᠯᠡᠰ ᠤᠨ ᠰᠤᠳᠤᠯᠤᠨ ᠨᠡᠭᠡᠭᠡᠯᠲᠡ᠂ ᠦᠢᠯᠡᠳᠪᠦᠷᠢᠯᠡᠯ᠂ ᠭᠦᠢᠯᠭᠡᠭᠡ᠂ ᠦᠢᠯᠡᠴᠢᠯᠡᠭᠡ᠂ ᠬᠡᠷᠡᠭᠯᠡᠭᠡ ᠶᠢᠨ ᠪᠦᠬᠦ ᠥᠷᠲᠡᠭ ᠤᠨ ᠬᠡᠯᠬᠢᠶ᠎ᠡ ᠶᠢᠨ ᠬᠠᠮᠵᠢᠯᠴᠠᠬᠤ ᠤᠶᠠᠨ ᠬᠠᠳᠠᠨ ᠴᠢᠨᠠᠷ ᠢ ᠴᠢᠩᠭᠠᠳᠬᠠᠵᠤ᠂ ᠨᠢᠭᠡ ᠴᠣᠭᠴᠠᠵᠢᠭᠤᠯᠤᠭᠰᠠᠨ ᠰᠠᠭᠤᠷᠢᠨ ᠳᠡᠭᠡᠷᠡᠬᠢ ᠪᠢᠴᠢᠯ ᠣᠷᠴᠢᠯ ᠢ ᠰᠢᠯᠤᠭᠤᠳᠬᠠᠨ᠎ᠠ᠃ ᠳ᠋ᠠᠶᠢᠲ᠋ᠠ ᠶᠢᠨ ᠡᠬᠢ ᠪᠠᠶᠠᠯᠢᠭ ᠤᠨ ᠭᠦᠢᠯᠭᠡᠭᠡᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢ ᠥᠷᠨᠢᠭᠦᠯᠵᠦ᠂ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ᠂ ᠳ᠋ᠠᠶᠢᠲ᠋ᠠ ᠶᠢ ᠠᠷᠠᠯᠵᠢᠶᠠᠯᠠᠬᠤ᠂ ᠳ᠋ᠠᠶᠢᠲ᠋ᠠ ᠶᠢᠨ ᠡᠷᠬᠡ ᠶᠢ ᠲᠣᠳᠣᠯᠠᠨ ᠲᠣᠭᠲᠠᠭᠠᠬᠤ ᠵᠡᠷᠭᠡ ᠪᠠᠷᠢᠮᠵᠢᠶ᠎ᠠ ᠶᠢ ᠲᠣᠭᠲᠠᠭᠠᠨ᠎ᠠ᠃ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠳ᠋ᠠᠶᠢᠲ᠋ᠠ ᠶᠢᠨ ᠲᠥᠪ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠠᠵᠢᠯ ᠢ ᠥᠷᠨᠢᠭᠦᠯᠵᠦ᠂ ᠳ᠋ᠢᠵᠢᠲ᠋ᠠᠯ ᠰᠠᠭᠤᠷᠢ ᠪᠡᠯᠡᠳᠬᠡᠮᠵᠢ ᠶᠢᠨ ᠬᠦᠷᠢᠶᠡᠨ ᠳᠠᠬᠢ ᠪᠠᠷᠢᠮᠵᠢᠶ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃
56. ᠳ᠋ᠠᠶᠢᠲ᠋ᠠ ᠶᠢᠨ ᠦᠢᠯᠡᠴᠢᠯᠡᠭᠡᠨ ᠤ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠤᠯᠤᠰ ᠤᠨ ᠳᠣᠲᠣᠭᠠᠳᠤ ᠶᠢᠨ ᠥᠷᠢᠰᠦᠯᠳᠦᠬᠦ ᠬᠦᠴᠦᠨ ᠲᠠᠢ ᠳ᠋ᠠᠶᠢᠲ᠋ᠠ ᠶᠢᠨ ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ ᠶᠢᠨ ᠥᠨᠳᠦᠷᠯᠢᠭ ᠭᠠᠵᠠᠷ ᠢ ᠢᠳᠡᠪᠬᠢᠲᠡᠢ ᠴᠣᠭᠴᠠᠯᠠᠵᠤ᠂ ᠳ᠋ᠢᠵᠢᠲ᠋ᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠨ᠎ᠡ᠃ ᠠᠵᠤ ᠠᠬᠤᠶᠢᠯᠠᠯ ᠤᠨ ᠬᠢᠨ ᠤ ᠬᠠᠶᠢᠯᠲᠠ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠨᠡᠶᠢᠭᠡᠮ ᠤᠨ ᠬᠠᠷᠢᠯᠴᠠᠭ᠎ᠠ ᠵᠡᠷᠭᠡ ᠶᠢᠨ ᠳ᠋ᠠᠶᠢᠲ᠋ᠠ ᠪᠠᠨ ᠬᠠᠤᠯᠢ ᠲᠣᠭᠲᠠᠭᠠᠯ ᠶᠣᠰᠣᠭᠠᠷ ᠴᠢᠯᠦᠭᠡᠲᠡᠢ ᠨᠡᠭᠡᠭᠡᠬᠦ ᠶᠢ ᠵᠣᠷᠢᠭᠵᠢᠭᠤᠯᠵᠤ᠂ ᠣᠯᠠᠨ ᠨᠡᠶᠢᠲᠡ ᠶᠢᠨ ᠳ᠋ᠠᠶᠢᠲ᠋ᠠ ᠬᠢᠭᠡᠳ ᠠᠵᠤ ᠦᠢᠯᠡᠰ ᠤᠨ ᠳ᠋ᠠᠶᠢᠲ᠋ᠠ ᠶᠢ ᠠᠭᠤᠰᠤᠯᠴᠠᠭᠤᠯᠤᠨ ᠴᠤᠭᠯᠠᠭᠤᠯᠬᠤ᠂ ᠭᠦᠨᠵᠡᠭᠡᠢ ᠨᠡᠭᠡᠭᠡᠨ ᠬᠥᠭᠵᠢᠭᠦᠯᠬᠦ ᠶᠢ ᠠᠬᠢᠭᠤᠯᠤᠨ᠂ ᠳ᠋ᠠᠶᠢᠲ᠋ᠠ ᠶᠢᠨ ᠴᠤᠭᠯᠠᠷᠠᠯ᠂ ᠭᠦᠢᠯᠭᠡᠭᠡᠨ᠂ ᠠᠷᠠᠯᠵᠢᠶᠠᠨ ᠳᠠᠬᠢ ᠳ᠋ᠢᠵᠢᠲ᠋ᠠᠯ ᠮᠡᠷᠭᠡᠵᠢᠯ ᠤᠨ ᠬᠡᠷᠡᠭᠯᠡᠭᠡᠨ ᠢ ᠠᠬᠢᠭᠤᠯᠵᠤ᠂ ᠳ᠋ᠠᠶᠢᠲ᠋ᠠ ᠶᠢᠨ ᠠᠰᠢᠭ ᠣᠯᠵᠠᠪᠤᠷᠢ ᠶᠢ ᠤᠯᠠᠮ ᠨᠢᠭᠡ ᠠᠯᠬᠤᠮ ᠢᠯᠡᠷᠡᠭᠦᠯᠦᠨ᠂ ᠳ᠋ᠠᠶᠢᠲ᠋ᠠ ᠶᠢ ᠦᠨ᠎ᠡ ᠥᠷᠲᠡᠭ ᠲᠠᠢ ᠪᠣᠯᠭᠠᠬᠤ ᠶᠢ ᠪᠡᠶᠡᠯᠡᠭᠦᠯᠦᠨ᠎ᠡ᠃
︵ᠬᠤᠶᠠᠷ ︶ ᠳ᠋ᠢᠵᠢᠲ᠋ᠠᠯ ᠨᠡᠶᠢᠭᠡᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠤᠨ᠎ᠠ᠃
57. ᠲᠣᠭᠠᠵᠢᠭᠤᠯᠤᠭᠰᠠᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠬᠡᠷᠡᠭᠯᠡᠭᠡ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳ᠋ᠠᠶᠢᠲ᠋ᠠ ᠶᠢᠨ ᠡᠬᠢ ᠪᠠᠶᠠᠯᠢᠭ ᠢ ᠲᠥᠪᠯᠡᠷᠡᠭᠦᠯᠦᠨ ᠬᠠᠮᠲᠤ ᠳᠤ ᠪᠠᠨ ᠬᠦᠷᠲᠡᠵᠦ ᠴᠢᠯᠦᠭᠡᠲᠡᠢ ᠨᠡᠭᠡᠭᠡᠬᠦ ᠶᠢ ᠠᠬᠢᠭᠤᠯᠵᠤ᠂ ᠪᠠᠷᠠᠭ᠎ᠠ ᠬᠤᠳᠠᠯᠳᠤᠨ ᠠᠪᠬᠤ ᠬᠡᠷᠡᠭᠯᠡᠭᠡ᠂ ᠭᠡᠷ ᠵᠠᠭᠤᠷ᠎ᠠ ᠶᠢᠨ ᠠᠮᠢᠳᠤᠷᠠᠯ᠂ ᠵᠢᠭᠤᠯᠴᠢᠯᠠᠯ ᠰᠡᠯᠡᠭᠦᠴᠡᠯ᠂ ᠵᠠᠮ ᠬᠠᠷᠢᠯᠴᠠᠭ᠎ᠠ ᠶᠠᠪᠤᠵᠤ ᠰᠠᠭᠤᠬᠤ ᠵᠡᠷᠭᠡ ᠡᠯ᠎ᠡ ᠲᠥᠷᠥᠯ ᠤᠨ ᠠᠬᠤᠢ ᠲᠠᠯᠠᠪᠠᠶ ᠶᠢᠨ ᠲᠣᠭᠠᠵᠢᠭᠤᠯᠤᠭᠰᠠᠨ ᠬᠡᠷᠡᠭᠯᠡᠭᠡᠨ ᠢ ᠠᠬᠢᠭᠤᠯᠤᠨ᠎ᠠ᠃
58. ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠶᠢᠨ ᠮᠡᠳᠡᠭᠡ ᠵᠠᠩᠭᠢ ᠶᠢᠨ ᠵᠠᠭᠪᠤᠷ᠂ ᠳ᠋ᠢᠵᠢᠲ᠋ᠠᠯ ᠢᠬᠡᠷ᠎ᠡ ᠵᠡᠷᠭᠡ ᠰᠢᠨ᠎ᠡ ᠮᠡᠷᠭᠡᠵᠢᠯ ᠤᠨ ᠠᠰᠢᠭᠯᠠᠯᠲᠠ ᠶᠢ ᠰᠦᠪᠡᠭᠴᠢᠯᠡᠵᠦ᠂ ᠬᠤᠲᠠ ᠶᠢᠨ ᠠᠵᠢᠯᠯᠠᠭᠠᠨ ᠢ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ ︾ ᠶᠢ ᠠᠬᠢᠭᠤᠯᠵᠤ᠂ ᠬᠤᠲᠠ ᠶᠢᠨ ᠵᠠᠰᠠᠯᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠤᠯᠤᠭᠰᠠᠨ᠂ ᠣᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠬᠤ ᠪᠠᠷ ᠲᠣᠬᠢᠶᠠᠯ ᠪᠣᠯᠭᠠᠵᠤ᠂ ᠬᠤᠲᠠ ᠶᠢᠨ ᠬᠤᠭᠤᠷᠣᠨᠳᠣᠬᠢ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ᠂ ᠣᠶᠤᠨᠴᠢ ᠪᠠᠷ ᠲᠠᠰ ᠳᠡᠪᠰᠢᠭᠦᠯᠬᠦ᠂ ᠠᠭᠤᠰᠤᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃
59. ᠳ᠋ᠢᠵᠢᠲ᠋ᠠᠯ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠣᠭᠠᠵᠢᠭᠤᠯᠤᠯᠲᠠ ᠪᠠᠷ ᠣᠲᠣ ᠦᠶ᠎ᠡ ᠶᠢᠨ ᠲᠠᠷᠢᠶᠠᠯᠠᠬᠤ ᠮᠠᠯᠵᠢᠬᠤ ᠣᠷᠣᠨ ᠤ ᠵᠠᠰᠠᠯᠲᠠ ᠶᠢᠨ ᠲᠣᠭᠲᠠᠯᠴᠠᠭ᠎ᠠ ᠶᠢ ᠲᠤᠯᠭᠠᠭᠤᠷᠢᠯᠠᠵᠤ᠂ ᠲᠠᠷᠢᠶᠠᠯᠠᠬᠤ ᠮᠠᠯᠵᠢᠬᠤ ᠣᠷᠣᠨ ᠤ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠲᠠᠷᠢᠶᠠᠯᠠᠬᠤ ᠮᠠᠯᠵᠢᠬᠤ ᠣᠷᠣᠨ ᠤ ᠳ᠋ᠢᠵᠢᠲ᠋ᠠᠯ ᠰᠠᠭᠤᠷᠢ ᠪᠡᠯᠡᠳᠬᠡᠮᠵᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠲᠠᠷᠢᠶᠠᠯᠠᠩ ᠮᠠᠯ ᠠᠵᠤ ᠠᠬᠤᠢ ᠶᠢᠨ ᠳ᠋ᠠᠶᠢᠲ᠋ᠠ ᠶᠢᠨ ᠡᠬᠢ ᠪᠠᠶᠠᠯᠢᠭ ᠤᠨ ᠵᠠᠰᠠᠯᠲᠠ ᠶᠢᠨ ᠬᠡᠷᠡᠭᠯᠡᠭᠡᠨ ᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠶᠢ ᠪᠠᠶᠢᠭᠤᠯᠤᠨ᠂ ᠳ᠋ᠢᠵᠢᠲ᠋ᠠᠯ ᠣᠯᠠᠨ ᠨᠡᠶᠢᠲᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ᠂ ᠲᠠᠷᠢᠶᠠᠴᠢᠨ ᠮᠠᠯᠴᠢᠨ ᠳᠤ ᠬᠠᠨᠳᠤᠭᠤᠯᠤᠭᠰᠠᠨ ᠮᠡᠳᠡᠭᠡ ᠵᠠᠩᠭᠢ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠬᠥᠳᠡᠭᠡ ᠲᠣᠰᠬᠤᠨ ᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠤᠨ᠎ᠠ᠃
︵ᠭᠤᠷᠪᠠ ︶ ᠰᠠᠶᠢᠨ ᠰᠠᠶᠢᠬᠠᠨ ᠳ᠋ᠢᠵᠢᠲ᠋ᠠᠯ ᠠᠮᠢ ᠠᠬᠤᠢ ᠶᠢ ᠪᠠᠶᠢᠭᠤᠯᠤᠨ᠎ᠠ᠃
60. ᠳ᠋ᠠᠶᠢᠲ᠋ᠠ ᠶᠢᠨ ᠰᠠᠭᠤᠷᠢ ᠳᠦᠷᠢᠮ ᠤᠨ ᠲᠣᠭᠲᠠᠯᠴᠠᠭ᠎ᠠ ᠶᠢ ᠪᠠᠶᠢᠭᠤᠯᠤᠨ᠎ᠠ᠃ ᠳ᠋ᠠᠶᠢᠲ᠋ᠠ ᠶᠢᠨ ᠬᠦᠴᠦᠨ ᠵᠦᠢᠯ ᠤᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠳ᠋ᠠᠶᠢᠲ᠋ᠠ ᠶᠢ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠪᠠ ᠨᠡᠶᠢᠭᠡᠮ ᠤᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠡᠯ᠎ᠡ ᠭᠤᠭᠴᠤᠭ᠎ᠠ ᠳᠤ ᠪᠥᠬᠦ ᠲᠠᠯ᠎ᠠ ᠪᠠᠷ ᠠᠭᠤᠰᠤᠯᠴᠠᠭᠤᠯᠬᠤ ᠶᠢ ᠠᠬᠢᠭᠤᠯᠤᠨ᠎ᠠ᠃ ᠳ᠋ᠠᠶᠢᠲ᠋ᠠ ᠶᠢᠨ ᠥᠮᠴᠢᠯᠡᠯ ᠤᠨ ᠡᠷᠬᠡ ᠶᠢᠨ ᠳᠦᠷᠢᠮ᠂ ᠳ᠋ᠠᠶᠢᠲ᠋ᠠ ᠶᠢᠨ ᠭᠦᠢᠯᠭᠡᠭᠡ ᠪᠠ ᠠᠷᠠᠯᠵᠢᠶᠠᠨ ᠤ ᠳᠦᠷᠢᠮ᠂ ᠳ᠋ᠠᠶᠢᠲ᠋ᠠ ᠶᠢᠨ ᠬᠦᠴᠦᠨ ᠵᠦᠢᠯ ᠤᠨ ᠠᠰᠢᠭ ᠬᠤᠪᠢᠶᠠᠷᠢᠯᠠᠯ ᠤᠨ ᠳᠦᠷᠢᠮ᠂ ᠳ᠋ᠠᠶᠢᠲ᠋ᠠ ᠶᠢᠨ ᠵᠠᠰᠠᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠦᠴᠦᠨ ᠵᠦᠢᠯ ᠤᠨ ᠳᠠᠯᠳᠠ ᠬᠦᠴᠦᠨ ᠢ ᠪᠦᠬᠦ ᠲᠠᠯ᠎ᠠ ᠪᠠᠷ ᠬᠥᠭᠵᠢᠭᠡᠨ᠎ᠡ᠃
61. ᠳ᠋ᠠᠶᠢᠲ᠋ᠠ ᠶᠢᠨ ᠬᠦᠴᠦᠨ ᠵᠦᠢᠯ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠤᠨ᠎ᠠ᠃ ᠳ᠋ᠠᠶᠢᠲ᠋ᠠ ᠶᠢᠨ ᠬᠦᠴᠦᠨ ᠵᠦᠢᠯ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳ᠋ᠠᠶᠢᠲ᠋ᠠ ᠶᠢᠨ ᠬᠦᠴᠦᠨ ᠵᠦᠢᠯ ᠤᠨ ᠭᠦᠢᠯᠭᠡᠭᠡ ᠠᠷᠠᠯᠵᠢᠶ᠎ᠠ ᠶᠢ ᠠᠬᠢᠭᠤᠯᠤᠨ᠎ᠠ᠃ ᠬᠥᠬᠡᠬᠤᠲᠠ᠂ ᠤᠯᠠᠭᠠᠨᠴᠠᠪ ᠵᠡᠷᠭᠡ ᠭᠠᠵᠠᠷ ᠣᠷᠣᠨ ᠤ ᠳ᠋ᠠᠶᠢᠲ᠋ᠠ ᠶᠢᠨ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠲᠤᠷᠰᠢᠯᠲᠠ ᠥᠷᠨᠢᠭᠦᠯᠬᠦ ᠶᠢ ᠳᠡᠮᠵᠢᠨ᠎ᠡ᠃
62. ᠳ᠋ᠠᠶᠢᠲ᠋ᠠ ᠶᠢᠨ ᠬᠦᠴᠦᠨ ᠵᠦᠢᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ᠎ᠠ᠃ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠪᠠᠷ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠵᠦ ᠴᠢᠯᠦᠭᠡᠲᠡᠢ ᠨᠡᠭᠡᠭᠡᠭᠰᠡᠨ ᠬᠡᠷᠡᠭᠯᠡᠭᠡ ᠶᠢᠨ ᠰᠢᠨ᠎ᠡ ᠡᠭᠦᠳᠦᠯᠲᠡ ᠶᠢ ᠬᠥᠭᠵᠢᠭᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳ᠋ᠠᠶᠢᠲ᠋ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ᠂ ᠪᠥᠬᠦ ᠨᠡᠶᠢᠭᠡᠮ ᠤᠨ ᠳ᠋ᠠᠶᠢᠲ᠋ᠠ ᠶᠢᠨ ᠠᠭᠤᠰᠤᠯᠴᠠᠭᠰᠠᠨ ᠬᠡᠷᠡᠭᠯᠡᠭᠡᠨ ᠢ ᠠᠬᠢᠭᠤᠯᠬᠤ ᠶᠢ ᠨᠢ ᠵᠣᠷᠢᠭᠵᠢᠭᠤᠯᠵᠤ᠂ ᠦᠨᠡᠨ ᠪᠣᠳᠠᠲᠤ ᠡᠳ᠋ᠰᠢᠭᠦᠯᠭᠡ ᠪᠠ ᠰᠢᠨ᠎ᠡ ᠡᠭᠦᠳᠦᠯᠲᠡ ᠶᠢᠨ ᠴᠢᠨᠠᠷᠲᠠᠢ ᠬᠥᠳᠡᠯᠮᠦᠷᠢ ᠪᠠᠷ ᠳᠠᠮᠵᠢᠭᠤᠯᠤᠨ ᠳ᠋ᠠᠶᠢᠲ᠋ᠠ ᠶᠢᠨ ᠪᠦᠲᠦᠭᠡᠭᠳᠡᠬᠦᠨ ᠪᠠ ᠦᠢᠯᠡᠴᠢᠯᠡᠭᠡ ᠶᠢ ᠪᠦᠷᠢᠯᠳᠦᠭᠦᠯᠦᠨ᠎ᠡ᠃
63. ᠣᠯᠠᠨ ᠲᠠᠯ᠎ᠠ ᠪᠠᠷ ᠬᠠᠮᠵᠢᠯᠴᠠᠭᠰᠠᠨ ᠳ᠋ᠢᠵᠢᠲ᠋ᠠᠯ ᠵᠠᠰᠠᠭ ᠤᠨ ᠣᠷᠳᠣᠨ ᠤ ᠰᠦᠯᠵᠢᠶᠡᠨ ᠤ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠪᠠᠶᠢᠭᠤᠯᠤᠨ᠎ᠠ᠃ ᠳ᠋ᠢᠵᠢᠲ᠋ᠠᠯ ᠵᠠᠰᠠᠭ ᠤᠨ ᠣᠷᠳᠣᠨ ᠤ ᠰᠦᠯᠵᠢᠶᠡᠨ ᠤ ᠠᠮᠤᠷ ᠲᠦᠪᠰᠢᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ᠂ ᠴᠢᠬᠤᠯᠠ ᠳ᠋ᠠᠶᠢᠲ᠋ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠪᠦᠬᠦ ᠨᠡᠶᠢᠭᠡᠮ ᠤᠨ ᠰᠦᠯᠵᠢᠶᠡᠨ ᠤ ᠠᠮᠤᠷ ᠲᠦᠪᠰᠢᠨ ᠪᠠᠶᠢᠬᠤ ᠲᠦᠪᠰᠢᠨ ᠢ ᠳᠡᠭᠡᠭᠰᠢᠯᠡᠭᠦᠯᠵᠦ᠂ ᠲᠣᠭᠠᠵᠢᠭᠤᠯᠬᠤ ᠬᠥᠭᠵᠢᠯᠲᠡ ᠳᠤ ᠠᠮᠤᠷ ᠲᠦᠪᠰᠢᠨ ᠨᠠᠶᠢᠳᠠᠪᠤᠷᠢᠲᠠᠢ ᠣᠷᠴᠢᠨ ᠨᠥᠬᠦᠴᠡᠯ ᠢ ᠪᠣᠢ ᠪᠣᠯᠭᠠᠵᠤ ᠥᠭᠭᠦᠨ᠎ᠡ᠃
ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ
︵ᠨᠢᠭᠡ ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃
64. ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠥᠯᠥᠪᠯᠡᠨ ᠨᠠᠶᠢᠳᠠᠪᠤᠷᠢᠵᠢᠭᠤᠯᠵᠤ᠂ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠲᠣᠰ ᠱᠠᠲᠤᠨ ᠤ ᠨᠠᠮ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ᠃
65. ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃
︵ᠬᠤᠶᠠᠷ ︶ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃
66. ᠤᠳᠤᠷᠢᠳᠬᠤ ᠲᠣᠭᠲᠠᠴᠠ ᠶᠢ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠪᠠ ᠳ᠋ᠢᠵᠢᠲ᠋ᠠᠯ ᠵᠠᠰᠠᠭ ᠤᠨ ᠣᠷᠳᠣᠨ ᠢ ᠪᠦᠲᠦᠭᠡᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠪᠥᠬᠦ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠵᠢᠯᠤᠭᠤᠳᠴᠤ᠂ ᠵᠠᠰᠠᠭ ᠤᠨ ᠣᠷᠳᠣᠨ ᠤ ᠲᠣᠭᠠᠵᠢᠭᠤᠯᠵᠤ ᠬᠡᠯᠪᠡᠷᠢ ᠪᠠᠨ ᠬᠤᠪᠢᠷᠠᠭᠤᠯᠬᠤ ᠶᠢ ᠨᠢ ᠬᠥᠲᠥᠯᠥᠨ ᠵᠢᠯᠤᠭᠤᠳᠴᠤ᠂ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠷ᠎ᠡ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠤᠨ᠂ ᠡᠯ᠎ᠡ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠰᠠᠯᠠᠭ᠎ᠠ ᠮᠥᠴᠢᠷ᠂ ᠭᠠᠵᠠᠷ ᠣᠷᠣᠨ ᠠᠯᠤᠰᠯᠠᠭᠰᠠᠨ ᠰᠢᠢᠳᠪᠦᠷᠢᠲᠦ ᠪᠣᠳᠣᠯᠭ᠎ᠠ ᠶᠢᠨ ᠬᠦᠴᠦᠨ ᠴᠢᠳᠠᠪᠤᠷᠢ ᠪᠠ ᠬᠠᠮᠵᠢᠯᠴᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
67. ᠠᠬᠢᠭᠤᠯᠬᠤ ᠲᠣᠭᠲᠠᠴᠠ ᠶᠢ ᠪᠠᠶᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠤᠳᠤᠷᠢᠳᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠨᠢᠭᠡᠳᠦᠯᠲᠡᠢ ᠲᠥᠯᠥᠪᠯᠡᠨ ᠲᠥᠯᠥᠪᠵᠢᠭᠦᠯᠬᠦ ᠪᠠᠨ ᠴᠢᠩᠭᠠᠳᠬᠠᠵᠤ᠂ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠨ᠂ ᠴᠢᠬᠤᠯᠠ ᠶᠡᠭᠡ ᠵᠦᠢᠯᠡᠰ ᠢ ᠴᠠᠭ ᠲᠤᠬᠠᠢ ᠳᠤ ᠨᠢ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠰᠠᠯᠠᠭ᠎ᠠ ᠮᠥᠴᠢᠷ ᠨᠢ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠲᠡᠢ᠃
︵ᠭᠤᠷᠪᠠ ︶ ᠳ᠋ᠢᠵᠢᠲ᠋ᠠᠯ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃
68. ᠳ᠋ᠢᠵᠢᠲ᠋ᠠᠯ ᠬᠡᠪ ᠪᠣᠯᠪᠠᠰᠤᠷᠠᠯ ᠪᠠ ᠤᠷ᠎ᠠ ᠴᠢᠳᠠᠪᠤᠷᠢ ᠶᠢᠨ ᠬᠥᠮᠦᠵᠢᠯ ᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠣᠭᠠᠵᠢᠭᠤᠯᠤᠭᠰᠠᠨ ᠰᠤᠷᠤᠯᠴᠠᠯᠭ᠎ᠠ ᠬᠥᠮᠦᠵᠢᠯ ᠤᠨ ᠲᠠᠪᠴᠠᠩ ᠢ ᠪᠠᠶᠢᠭᠤᠯᠵᠤ᠂ ᠪᠥᠬᠦ ᠣᠷᠣᠨ ᠤ ᠺᠠᠳ᠋ᠷ ᠣᠯᠠᠨ ᠲᠦᠮᠡᠨ ᠤ ᠲᠣᠭᠠᠵᠢᠭᠤᠯᠤᠭᠰᠠᠨ ᠮᠡᠳᠡᠯᠭᠡ ᠪᠠ ᠤᠷ᠎ᠠ ᠴᠢᠳᠠᠪᠤᠷᠢ ᠶᠢᠨ ᠰᠤᠷᠤᠯᠴᠠᠯᠭ᠎ᠠ ᠳᠤ ᠢᠳᠡᠪᠬᠢᠲᠡᠢ ᠣᠷᠣᠯᠴᠠᠬᠤ ᠶᠢ ᠨᠢ ᠠᠬᠢᠭᠤᠯᠵᠤ᠂ ᠲᠣᠭᠠᠵᠢᠭᠤᠯᠤᠭᠰᠠᠨ ᠬᠡᠷᠡᠭᠯᠡᠭᠡᠨ ᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠦᠨ᠎ᠡ᠃
69. ᠺᠠᠳ᠋ᠷ ᠤᠨ ᠪᠣᠯᠪᠠᠰᠤᠷᠠᠯ ᠢ ᠴᠢᠩᠭᠠᠳᠬᠠᠨ᠎ᠠ᠃ ᠤᠳᠤᠷᠢᠳᠬᠤ ᠺᠠᠳ᠋ᠷᠴᠤᠳ ᠤᠨ ᠳ᠋ᠢᠵᠢᠲ᠋ᠠᠯ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠪᠥᠬᠦ ᠣᠷᠣᠨ ᠤ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠶᠢᠨ ᠴᠢᠬᠤᠯᠠ ᠵᠢᠭᠠᠨ ᠰᠤᠷᠭᠠᠯᠲᠠ ᠶᠢᠨ ᠪᠣᠯᠪᠠᠰᠤᠷᠠᠯ ᠤᠨ ᠠᠭᠤᠯᠭ᠎ᠠ ᠪᠣᠯᠭᠠᠵᠤ᠂ ᠺᠠᠳ᠋ᠷ ᠤᠨ ᠡᠩᠨᠡᠭᠡᠨ ᠤ ᠳ᠋ᠢᠵᠢᠲ᠋ᠠᠯ ᠰᠡᠳᠬᠢᠬᠦᠢ᠂ ᠳ᠋ᠢᠵᠢᠲ᠋ᠠᠯ ᠤᠷ᠎ᠠ ᠴᠢᠳᠠᠪᠤᠷᠢ ᠪᠠ ᠳ᠋ᠢᠵᠢᠲ᠋ᠠᠯ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠦᠨ ᠬᠡᠷᠡᠭᠯᠡᠬᠦ ᠲᠣᠭᠲᠠᠴᠠ ᠳᠤ ᠰᠢᠨ᠎ᠡ ᠶᠢ ᠡᠭᠦᠳᠴᠦ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ᠂ ᠮᠡᠷᠭᠡᠵᠢᠯ ᠡᠵᠡᠮᠰᠢᠭᠰᠡᠨ ᠬᠠᠮ ᠬᠡᠯᠪᠡᠷᠢ ᠶᠢᠨ ᠺᠠᠳ᠋ᠷᠴᠤᠳ ᠤᠨ ᠡᠩᠨᠡᠭᠡ ᠶᠢ ᠪᠠᠶᠢᠭᠤᠯᠤᠨ᠎ᠠ᠃
70. ᠤᠨᠤᠯ ᠤᠨ ᠰᠤᠳᠤᠯᠭᠠᠨ ᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠮᠡᠷᠭᠡᠵᠢᠯᠲᠡᠳ ᠤᠨ ᠵᠥᠪᠯᠡᠯ ᠢ ᠪᠠᠶᠢᠭᠤᠯᠤᠨ᠎ᠠ᠃ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠳ᠋ᠢᠵᠢᠲ᠋ᠠᠯ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠲᠣᠬᠢᠷᠠᠭᠤᠯᠵᠤ᠂ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠳᠠᠬᠢ ᠪᠥᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠲᠥᠰᠥᠭᠡᠯᠡᠬᠦ ᠰᠢᠨᠵᠢᠲᠡᠢ ᠠᠰᠠᠭᠤᠳᠠᠯ ᠢ ᠭᠦᠨᠵᠡᠭᠡᠢ ᠰᠤᠳᠤᠯᠵᠤ᠂ ᠦᠢᠯᠡᠳᠦᠯᠭᠡ ᠶᠢᠨ ᠰᠠᠭᠤᠷᠢᠨ ᠳᠡᠭᠡᠷᠡᠬᠢ ᠣᠨᠣᠯ ᠤᠨ ᠰᠢᠨ᠎ᠡ ᠡᠭᠦᠳᠦᠯᠲᠡ ᠶᠢ ᠠᠬᠢᠭᠤᠯᠤᠨ᠎ᠠ᠃
︵ᠳᠥᠷᠪᠡ ︶ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃
71. ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ᠎ᠠ᠃ ᠡᠯ᠎ᠡ ᠱᠠᠲᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠪᠠᠶᠢᠩᠭᠤᠵᠢᠭᠰᠠᠨ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠤᠳᠤᠷᠢᠳᠬᠤ ᠪᠠᠭ ᠪᠠ ᠬᠤᠯᠪᠣᠭᠳᠠᠯ ᠪᠦᠬᠦᠢ ᠤᠳᠤᠷᠢᠳᠬᠤ ᠺᠠᠳ᠋ᠷ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠶᠢᠨ ᠴᠢᠬᠤᠯᠠ ᠯᠠᠪᠯᠠᠯᠲᠠ ᠪᠣᠯᠭᠠᠨ᠎ᠠ᠃
72. ᠦᠨᠡᠯᠡᠨ ᠵᠢᠱᠢᠬᠦ ᠲᠣᠭᠲᠠᠯᠴᠠᠭ᠎ᠠ ᠶᠢ ᠪᠣᠶ ᠪᠣᠯᠭᠠᠨ᠎ᠠ᠃ ᠪᠥᠬᠦ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ᠂ ᠨᠡᠶᠢᠭᠡᠮ ᠤᠨ ᠬᠢᠨᠠᠯᠲᠠ ᠲᠠᠯᠪᠢᠨ ᠦᠨᠡᠯᠡᠬᠦ ᠶᠢ ᠴᠢᠩᠭᠠᠳᠬᠠᠵᠤ᠂ ᠭᠤᠣᠯᠳᠠᠭᠤ ᠨᠢᠭᠡᠳᠦᠯᠲᠡᠢ ᠲᠥᠯᠥᠪᠯᠡᠨ ᠬᠠᠮᠢᠶᠠᠷᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠳ᠋ᠠᠶᠢᠲ᠋ᠠ ᠶᠢ ᠬᠠᠮᠲᠤ ᠳᠤ ᠪᠠᠨ ᠬᠦᠷᠲᠡᠵᠦ ᠴᠢᠯᠦᠭᠡᠲᠡᠢ ᠨᠡᠭᠡᠭᠡᠬᠦ᠂ ᠠᠮᠤᠷ ᠲᠦᠪᠰᠢᠨ ᠤ ᠪᠠᠲᠤᠯᠠᠭ᠎ᠠ᠂ ᠬᠡᠷᠡᠭᠯᠡᠭᠡᠨ ᠤ ᠦᠷ᠎ᠡ ᠪᠦᠲᠦᠮᠵᠢ ᠵᠡᠷᠭᠡ ᠲᠠᠯ᠎ᠠ ᠶᠢᠨ ᠪᠠᠶᠢᠳᠠᠯ ᠢ ᠦᠨᠡᠯᠡᠨ ᠵᠢᠱᠢᠵᠦ᠂ ᠳ᠋ᠢᠵᠢᠲ᠋ᠠᠯ ᠵᠠᠰᠠᠭ ᠤᠨ ᠣᠷᠳᠣᠨ ᠤ ᠬᠡᠷᠡᠭᠯᠡᠭᠡᠨ ᠤ ᠦᠷ᠎ᠡ ᠴᠢᠳᠠᠮᠵᠢ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
ᠳᠠᠭᠠᠯᠳᠤᠭᠤᠯᠤᠯ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳ᠋ᠢᠵᠢᠲ᠋ᠠᠯ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠬᠦᠰᠦᠨᠦᠭᠲᠦ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2024 ᠣᠨ ᠤ 3 ᠳ᠋ᠤᠭᠠᠷ ᠰᠠᠷ᠎ᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ