ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠷᠭ᠎ᠠ
ᠨᠡᠶᠢᠲᠡᠯᠡᠭᠰᠡᠨ ᠴᠠᠭ᠄
2024/8/2

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ

267 ᠳ᠋ᠤᠭᠠᠷ ᠲᠣᠭᠠᠲᠤ

 

       《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠷᠭ᠎ᠠ》 ᠶᠢ ᠨᠢᠭᠡᠨᠲᠡ 2024 ᠣᠨ ᠤ 5 ᠳ᠋ᠤᠭᠠᠷ ᠰᠠᠷ᠎ᠠ ᠶᠢᠨ 23 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 14 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

 

                           ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ   ᠸᠠᠩ ᠯᠢ ᠰᠢᠶᠠ

                                              2024 ᠣᠨ ᠤ 5 ᠳ᠋ᠤᠭᠠᠷ ᠰᠠᠷ᠎ᠠ ᠶᠢᠨ 28 ᠤ ᠡᠳᠦᠷ

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ

ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠷᠭ᠎ᠠ

      ︵2018 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 236 ᠳ᠋ᠤᠭᠠᠷ ᠲᠣᠭᠠᠲᠤ ᠪᠠᠷ ᠨᠡᠶᠢᠲᠡᠯᠡᠪᠡ

      2024 ᠣᠨ ᠤ 5 ᠳ᠋ᠤᠭᠠᠷ ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 267 ᠳ᠋ᠤᠭᠠᠷ ᠲᠣᠭᠠᠲᠤ ᠪᠠᠷ ᠵᠠᠰᠠᠪᠤᠷᠢ ᠣᠷᠣᠭᠤᠯᠪᠠ︶

      ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠦᠢᠯᠡᠰ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠤᠨ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠲᠠᠳ ᠤᠨ ᠢᠳᠡᠪᠬᠢᠲᠡᠢ ᠰᠤᠳᠤᠯᠬᠤ᠂ ᠰᠢᠨ᠎ᠡ ᠶᠢ ᠡᠭᠦᠳᠬᠦ ᠶᠢ ᠨᠢ ᠵᠣᠷᠢᠭᠵᠢᠭᠤᠯᠬᠤ ᠶᠢᠨ ᠲᠤᠰᠠᠳᠠ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃

      ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠵᠢᠯ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃

      ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠢᠶᠠᠨ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠶᠢ ᠪᠠᠳᠠᠷᠠᠭᠤᠯᠤᠨ᠂ ᠵᠥᠪ ᠣᠨᠣᠪᠴᠢᠲᠠᠢ ᠤᠯᠤᠰ ᠲᠥᠷᠥ ᠶᠢᠨ ᠴᠢᠭᠯᠡᠯ᠂ ᠡᠷᠳᠡᠮ ᠰᠢᠨᠵᠢᠯᠡᠭᠡᠨ ᠤ ᠤᠳᠤᠷᠢᠳᠤᠮᠵᠢ᠂ ᠥᠷᠳᠡᠭ ᠤᠨ ᠬᠠᠨᠳᠤᠯᠭ᠎ᠠ ᠶᠢ ᠪᠠᠷᠢᠮᠲᠠᠯᠠᠵᠤ᠂ ᠢᠯᠡ ᠲᠣᠳᠣ᠂ ᠲᠥᠪ ᠭᠤᠣᠯᠴᠢ᠂ ᠲᠥᠪ ᠴᠢᠭᠡᠴᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠃

      ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠳᠤ ᠳᠣᠣᠷ᠎ᠠ ᠵᠢᠭᠰᠠᠭᠠᠭᠰᠠᠨ ᠱᠠᠩᠨᠠᠯ ᠤᠨ ᠵᠦᠢᠯ ᠢ ᠲᠣᠬᠢᠷᠠᠭᠤᠯᠤᠨ᠎ᠠ᠄

      ︵ᠨᠢᠭᠡ︶ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ︔

      ︵ᠬᠤᠶᠠᠷ︶ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠲᠠᠨ ᠤ ᠱᠠᠩᠨᠠᠯ︔

      ︵ᠭᠤᠷᠪᠠ︶ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠴᠢᠳᠠᠪᠤᠷᠢᠲᠠᠨ ᠤ ᠱᠠᠩᠨᠠᠯ︔

      ︵ᠳᠥᠷᠪᠡ︶ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠠᠭᠠᠢ ᠬᠤᠪᠢ ᠨᠡᠮᠡᠷᠢ ᠶᠢᠨ ᠱᠠᠩᠨᠠᠯ᠃

      ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠬᠤᠶᠠᠷ ᠵᠢᠯ ᠳᠤ ᠨᠢᠭᠡ ᠤᠳᠠᠭ᠎ᠠ ᠰᠢᠯᠭᠠᠷᠠᠭᠤᠯᠤᠨ᠎ᠠ᠃

      ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ ᠳᠤ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠲᠣᠬᠢᠷᠠᠭᠤᠯᠵᠤ᠂ ᠨᠢᠭᠡᠳᠦᠭᠡᠷ ᠳᠡᠰ ᠤᠨ ᠱᠠᠩᠨᠠᠯ ᠤᠨ ᠣᠷᠣᠨ ᠲᠤᠭ᠎ᠠ ᠶᠢ ᠤᠳᠠᠭ᠎ᠠ ᠪᠦᠷᠢ ᠠᠷᠪᠠᠨ ᠬᠤᠶᠠᠷ ᠵᠦᠢᠯ ᠠᠴᠠ ᠳᠠᠪᠠᠭᠤᠯᠬᠤ ᠦᠭᠡᠢ᠂ ᠬᠤᠶᠠᠳᠤᠭᠠᠷ ᠳᠡᠰ ᠤᠨ ᠱᠠᠩᠨᠠᠯ ᠤᠨ ᠣᠷᠣᠨ ᠲᠤᠭ᠎ᠠ ᠶᠢ ᠤᠳᠠᠭ᠎ᠠ ᠪᠦᠷᠢ ᠵᠠᠭᠤ ᠬᠤᠷᠢᠨ ᠵᠦᠢᠯ ᠠᠴᠠ ᠳᠠᠪᠠᠭᠤᠯᠬᠤ ᠦᠭᠡᠢ᠂ ᠭᠤᠷᠪᠠᠳᠤᠭᠠᠷ ᠳᠡᠰ ᠤᠨ ᠱᠠᠩᠨᠠᠯ ᠤᠨ ᠣᠷᠣᠨ ᠲᠤᠭ᠎ᠠ ᠶᠢ ᠤᠳᠠᠭ᠎ᠠ ᠪᠦᠷᠢ ᠬᠤᠶᠠᠷ ᠵᠠᠭᠤ ᠳᠥᠴᠢᠨ ᠵᠦᠢᠯ ᠠᠴᠠ ᠳᠠᠪᠠᠭᠤᠯᠬᠤ ᠦᠭᠡᠢ︔ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠲᠠᠨ ᠤ ᠱᠠᠩᠨᠠᠯ ᠤᠨ ᠣᠷᠣᠨ ᠲᠤᠭ᠎ᠠ ᠶᠢ ᠤᠳᠠᠭ᠎ᠠ ᠪᠦᠷᠢ ᠬᠤᠶᠠᠷ ᠠᠴᠠ ᠳᠠᠪᠠᠭᠤᠯᠬᠤ ᠦᠭᠡᠢ︔ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠴᠢᠳᠠᠪᠤᠷᠢᠲᠠᠨ ᠤ ᠱᠠᠩᠨᠠᠯ ᠤᠨ ᠣᠷᠣᠨ ᠲᠤᠭ᠎ᠠ ᠶᠢ ᠤᠳᠠᠭ᠎ᠠ ᠪᠦᠷᠢ ᠲᠠᠪᠤ ᠠᠴᠠ ᠳᠠᠪᠠᠭᠤᠯᠬᠤ ᠦᠭᠡᠢ︔ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠠᠭᠠᠢ ᠬᠤᠪᠢ ᠨᠡᠮᠡᠷᠢ ᠶᠢᠨ ᠱᠠᠩᠨᠠᠯ ᠤᠨ ᠣᠷᠣᠨ ᠲᠤᠭ᠎ᠠ ᠶᠢ ᠤᠳᠠᠭ᠎ᠠ ᠪᠦᠷᠢ ᠲᠠᠪᠤ ᠠᠴᠠ ᠳᠠᠪᠠᠭᠤᠯᠬᠤ ᠦᠭᠡᠢ᠃

      ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠠᠵᠢᠯ ᠤᠨ ᠵᠠᠷᠤᠳᠠᠯ ᠪᠠ ᠱᠠᠩᠨᠠᠯ ᠤᠨ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠤᠨ᠎ᠠ᠃

      ᠨᠠᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃

      ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠨᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠤᠳᠠᠭ᠎ᠠ ᠪᠦᠷᠢ ᠶᠢᠨ ᠰᠢᠯᠭᠠᠷᠠᠭᠤᠯᠬᠤ ᠪᠠ ᠱᠠᠩᠨᠠᠬᠤ ᠠᠵᠢᠯ ᠢ ᠥᠷᠨᠢᠭᠦᠯᠬᠦ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠺᠣᠮᠢᠰ ᠢ ᠵᠣᠬᠢᠶᠠᠨ ᠪᠠᠶᠢᠭᠤᠯᠬᠤ ᠬᠡᠷᠡᠭᠲᠡᠢ᠃ ᠰᠢᠯᠭᠠᠷᠠᠭᠤᠯᠬᠤ ᠺᠣᠮᠢᠰ ᠤᠨ ᠪᠦᠷᠢᠯᠳᠦᠭᠦᠨ ᠨᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠡᠩᠨᠡᠭᠡᠨ ᠤ ᠲᠤᠰᠬᠠᠢ ᠮᠡᠷᠭᠡᠵᠢᠯᠲᠡᠨ ᠡᠷᠳᠡᠮᠲᠡᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠵᠦ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠠᠵᠢᠯ ᠤᠨ ᠴᠢᠬᠤᠯᠠ ᠶᠡᠭᠡ ᠵᠦᠢᠯᠡᠰ ᠢ ᠬᠢᠨᠠᠨ ᠵᠥᠪᠯᠡᠬᠦ ᠶᠢ ᠬᠠᠷᠢᠭᠤᠴᠠᠨ᠎ᠠ᠃

      ᠶᠢᠰᠦᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠵᠢᠯ ᠳᠤ ᠣᠷᠣᠯᠴᠠᠬᠤ ᠰᠢᠯᠭᠠᠷᠠᠭᠤᠯᠤᠭᠴᠢ ᠪᠠ ᠠᠵᠢᠯᠲᠠᠨ ᠨᠢ ᠦᠨᠡᠨᠴᠢ ᠢᠲᠡᠭᠡᠮᠵᠢ ᠲᠠᠢ ᠪᠠᠶᠢᠬᠤ᠂ ᠠᠵᠢᠯ ᠮᠡᠷᠭᠡᠵᠢᠯ ᠤᠨ ᠶᠣᠰᠣ ᠮᠣᠷᠠᠯ ᠢ ᠬᠢᠴᠢᠶᠡᠩᠭᠦᠶᠢᠯᠡᠨ ᠵᠢᠷᠤᠮᠯᠠᠬᠤ᠂ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠬᠤ᠂ ᠠᠵᠢᠯ ᠤᠨ ᠨᠢᠭᠤᠴᠠ ᠶᠢ ᠬᠠᠮᠠᠭᠠᠯᠠᠭᠰᠠᠨ ᠪᠠᠶᠢᠬᠤ ᠬᠡᠷᠡᠭᠲᠡᠢ︔ ᠭᠤᠶᠤᠴᠢᠯᠠᠨ ᠮᠡᠳᠡᠭᠦᠯᠦᠭᠴᠢ ᠵᠢᠴᠢ ᠦᠷ᠎ᠡ ᠪᠦᠲᠦᠭᠡᠯ ᠤᠨ ᠨᠡᠷ᠎ᠡ ᠪᠢᠴᠢᠭᠴᠢ ᠲᠠᠢ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ᠂ ᠵᠠᠶᠢᠯᠠᠬᠤ ᠬᠡᠷᠡᠭᠲᠡᠢ᠃

      ᠠᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ ᠨᠢ ᠤᠤᠭᠠᠯ ᠪᠦᠲᠦᠭᠡᠯᠴᠢ ᠴᠢᠨᠠᠷ ᠲᠠᠢ ᠂ ᠴᠠᠭ ᠦᠶᠡᠴᠢ ᠴᠢᠨᠠᠷ ᠲᠠᠢ ᠦᠷ᠎ᠡ ᠪᠦᠲᠦᠭᠡᠯ ᠢ ᠱᠠᠩᠨᠠᠬᠤ ᠶᠢ ᠴᠢᠬᠤᠯᠠᠴᠢᠯᠠᠨ᠂ ᠰᠠᠭᠤᠷᠢ ᠰᠢᠨᠵᠢᠯᠡᠭᠡᠨ ᠤ ᠰᠠᠯᠠᠭᠠᠨ ᠤ ᠦᠷ᠎ᠡ ᠪᠦᠲᠦᠭᠡᠯ ᠪᠠ ᠬᠡᠷᠡᠭᠯᠡᠭᠡᠨ ᠤ ᠦᠢᠯᠡᠳᠦᠯᠭᠡ ᠶᠢᠨ ᠦᠷ᠎ᠡ ᠪᠦᠲᠦᠭᠡᠯ ᠢ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠬᠡᠷᠡᠭᠯᠡᠭᠡᠨ ᠤ ᠠᠷᠭ᠎ᠠ ᠪᠣᠳᠣᠯᠭ᠎ᠠ ᠶᠢᠨ ᠰᠤᠳᠤᠯᠭᠠᠨ ᠤ ᠦᠷ᠎ᠡ ᠪᠦᠲᠦᠭᠡᠯ ᠲᠡᠶᠢᠰᠢ ᠵᠣᠬᠢᠬᠤ ᠬᠡᠮᠵᠢᠶ᠎ᠡ ᠪᠠᠷ ᠬᠡᠯᠪᠡᠶᠢᠯᠭᠡᠨ᠎ᠡ᠃

      ᠠᠷᠪᠠᠨ ᠨᠢᠭᠡᠳᠦᠭᠡᠷ ᠵᠦᠢᠯ   ᠤᠯᠤᠰ ᠤᠨ ᠳᠣᠲᠣᠭᠠᠳᠤ ᠳᠤ ᠢᠯᠡ ᠪᠠᠷ ᠬᠡᠪᠯᠡᠭᠰᠡᠨ ᠪᠠ ᠨᠡᠶᠢᠲᠡᠯᠡᠭᠰᠡᠨ ᠵᠣᠬᠢᠬᠤ ᠬᠡᠮᠵᠢᠶᠡᠨ ᠤ ᠡᠷᠳᠡᠮ ᠰᠢᠨᠵᠢᠯᠡᠭᠡᠨ ᠤ ᠥᠷᠳᠡᠭ ᠲᠠᠢ ᠲᠤᠰᠬᠠᠢ ᠵᠣᠬᠢᠶᠠᠯ ᠪᠦᠲᠦᠭᠡᠯ᠂ ᠣᠷᠴᠢᠭᠤᠯᠤᠭᠰᠠᠨ ᠵᠣᠬᠢᠶᠠᠯ ᠪᠦᠲᠦᠭᠡᠯ᠂ ᠨᠠᠶᠢᠷᠠᠭᠤᠯᠤᠭᠰᠠᠨ ᠵᠣᠬᠢᠶᠠᠯ ᠪᠦᠲᠦᠭᠡᠯ᠂ ᠡᠷᠲᠡᠨ ᠤ ᠨᠣᠮ ᠪᠢᠴᠢᠭ ᠢ ᠡᠮᠬᠢᠯᠡᠬᠦ ᠠᠵᠢᠯ᠂ ᠣᠷᠣᠨ ᠨᠤᠲᠤᠭ ᠤᠨ ᠣᠶᠢᠯᠠᠯᠭ᠎ᠠ᠂ ᠪᠠᠭᠠᠵᠢ ᠪᠢᠴᠢᠭ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠩᠰᠢᠬᠤ ᠪᠢᠴᠢᠭ᠂ ᠥᠭᠦᠯᠡᠯ ᠵᠢᠴᠢ ᠲᠢᠩᠬᠢᠮ ᠲᠣᠪᠴᠢᠶᠠᠨ ᠤ ᠳᠡᠰ ᠠᠴᠠ ᠳᠡᠭᠡᠭᠰᠢᠬᠢ ᠨᠢᠭᠡᠴᠢ ᠳᠤ ᠬᠡᠷᠡᠭᠯᠡᠭᠳᠡᠭᠰᠡᠨ ᠪᠤᠶᠤ ᠮᠤᠵᠢ ᠶᠠᠮᠤᠨ ᠤ ᠳᠡᠰ ᠠᠴᠠ ᠳᠡᠭᠡᠭᠰᠢᠬᠢ ᠤᠳᠤᠷᠢᠳᠤᠯᠭ᠎ᠠ ᠳᠤ ᠨᠤᠲᠠᠯᠠᠯᠲᠠ ᠶᠢᠨ ᠴᠢᠨᠠᠷᠲᠠᠢ ᠴᠣᠬᠤᠯᠠᠪᠤᠷᠢᠯᠠᠭᠳᠠᠭᠰᠠᠨ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠵᠥᠪᠯᠡᠯᠭᠡ ᠶᠢᠨ ᠮᠡᠳᠡᠭᠦᠯᠦᠯᠲᠡ᠂ ᠨᠤᠲᠠᠯᠠᠯᠲᠠ ᠶᠢᠨ ᠮᠡᠳᠡᠭᠦᠯᠦᠯᠲᠡ ᠵᠡᠷᠭᠡ ᠪᠠᠷ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠣᠨ᠎ᠠ᠃

      ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠭᠤᠶᠤᠴᠢᠯᠠᠨ ᠮᠡᠳᠡᠭᠦᠯᠦᠭᠰᠡᠨ ᠤ ᠬᠢᠨ ᠨᠢᠭᠡᠳᠦᠭᠡᠷ ᠵᠣᠬᠢᠶᠠᠭᠴᠢ ᠶᠢᠨ ᠨᠡᠷ᠎ᠡ ᠬᠠᠳᠠᠭᠰᠠᠨ ᠨᠢᠭᠡᠴᠢ ᠶᠢᠨ ᠰᠠᠭᠤᠭ᠎ᠠ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠠᠶᠢᠬᠤ ᠬᠡᠷᠡᠭᠲᠡᠢ᠃

      ᠬᠡᠯᠡᠨ ᠤ ᠰᠢᠨᠵᠢᠯᠡᠯ ᠤᠨ ᠪᠤᠰᠤ ᠦᠷ᠎ᠡ ᠪᠦᠲᠦᠭᠡᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠭᠰᠡᠨ ᠦᠭᠡᠢ ᠪᠠᠶᠢᠪᠠᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠥᠬᠦ ᠠᠭᠤᠯᠭ᠎ᠠ ᠶᠢᠨ ᠣᠷᠴᠢᠭᠤᠯᠭ᠎ᠠ ᠶᠢ ᠬᠠᠩᠭᠠᠬᠤ ᠬᠡᠷᠡᠭᠲᠡᠢ᠃

      ᠠᠷᠪᠠᠨ ᠬᠤᠶᠠᠳᠤᠭᠠᠷ ᠵᠦᠢᠯ   ᠳᠣᠣᠷ᠎ᠠ ᠵᠢᠭᠰᠠᠭᠠᠭᠰᠠᠨ ᠪᠠᠶᠢᠳᠠᠯ ᠠᠴᠠ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠦᠷ᠎ᠡ ᠪᠦᠲᠦᠭᠡᠯ ᠤᠨ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠬᠤ ᠦᠭᠡᠢ᠄

      ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠪᠠᠶᠢᠬᠤ︔

      ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠬᠤ︔

      ︵ᠭᠤᠷᠪᠠ︶ ᠤᠯᠤᠰ ᠤᠨ ᠨᠢᠭᠤᠴᠠ ᠳᠤ ᠬᠤᠯᠪᠣᠭᠳᠠᠭᠰᠠᠨ︔

      ︵ᠳᠥᠷᠪᠡ︶ ᠵᠣᠬᠢᠶᠠᠯ ᠪᠦᠲᠦᠭᠡᠯ ᠤᠨ ᠡᠷᠬᠡ ᠳᠤ ᠮᠠᠷᠭᠤᠭᠠᠨ ᠲᠠᠢ ᠪᠠᠶᠢᠬᠤ︔

      ︵ᠲᠠᠪᠤ︶ ᠬᠠᠭᠤᠯᠤᠨ ᠬᠤᠯᠠᠭᠠᠶᠢᠯᠠᠬᠤ᠂ ᠵᠣᠬᠢᠶᠠᠯ ᠬᠤᠯᠠᠭᠠᠶᠢᠯᠠᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠡᠷᠳᠡᠮ ᠰᠢᠨᠵᠢᠯᠡᠭᠡᠨ ᠤ ᠲᠥᠪ ᠪᠤᠰᠤ ᠦᠢᠯᠡ ᠠᠵᠢᠯᠯᠠᠭ᠎ᠠ ᠣᠷᠣᠰᠢᠵᠤ ᠪᠠᠶᠢᠬᠤ︔

      ︵ᠵᠢᠷᠭᠤᠭ᠎ᠠ︶ ᠥᠭᠦᠯᠡᠯ ᠤᠨ ᠲᠡᠭᠦᠪᠦᠷᠢ᠂ ᠵᠢᠭᠠᠬᠤ ᠮᠠᠲ᠋ᠧᠷᠢᠶᠠᠯ᠂ ᠤᠳᠬ᠎ᠠ ᠤᠷᠠᠯᠢᠭ ᠤᠨ ᠪᠦᠲᠦᠭᠡᠯ᠂ ᠰᠣᠨᠢᠨ ᠮᠡᠳᠡᠭᠡᠯᠡᠯ᠂ ᠣᠨ ᠤ ᠲᠣᠯᠢ᠂ ᠲᠣᠮᠣ ᠠᠵᠢᠯ ᠶᠠᠪᠤᠳᠠᠯ ᠤᠨ ᠲᠡᠮᠳᠡᠭᠯᠡᠯ᠂ ᠲᠣᠮᠣ ᠰᠢᠷᠢᠰ ᠨᠣᠮ ᠪᠢᠴᠢᠭ᠂ ᠳᠠᠭᠤ ᠳᠦᠷᠰᠦ ᠰᠢᠩᠭᠡᠭᠡᠯᠲᠡ ᠶᠢᠨ ᠦᠢᠯᠡᠳᠭᠦᠨ ᠤ ᠬᠡᠯᠪᠡᠷᠢ ᠶᠢᠨ ᠦᠷ᠎ᠡ ᠪᠦᠲᠦᠭᠡᠯ︔

      ︵ᠳᠣᠯᠤᠭ᠎ᠠ︶ ᠨᠢᠭᠡᠨᠲᠡ ᠮᠤᠵᠢ ᠶᠠᠮᠤᠨ ᠤ ᠳᠡᠰ ᠠᠴᠠ ᠳᠡᠭᠡᠭᠰᠢᠬᠢ ᠱᠠᠩᠨᠠᠯ ᠢ ᠬᠦᠷᠲᠡᠭᠰᠡᠨ︔

      ︵ᠨᠠᠢᠮᠠ︶ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ ᠪᠣᠯᠬᠤ ᠦᠭᠡᠢ ᠪᠤᠰᠤᠳ ᠪᠠᠶᠢᠳᠠᠯ᠃

      ᠠᠷᠪᠠᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠲᠠᠨ ᠤ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢᠯᠡᠬᠦ ᠤᠬᠠᠭᠠᠨ ᠤ ᠵᠠᠯᠠᠭᠤ ᠴᠢᠳᠠᠪᠤᠷᠢᠲᠠᠨ ᠤ ᠱᠠᠩᠨᠠᠯ ᠪᠠ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠠᠭᠠᠢ ᠬᠤᠪᠢ ᠨᠡᠮᠡᠷᠢ ᠶᠢᠨ ᠱᠠᠩᠨᠠᠯ ᠢ ᠭᠤᠶᠤᠴᠢᠯᠠᠨ ᠮᠡᠳᠡᠭᠦᠯᠦᠭᠰᠡᠨ ᠬᠥᠮᠥᠰ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠨ᠂ ᠡᠬᠡ ᠤᠯᠤᠰ ᠢᠶᠠᠨ ᠬᠠᠶᠢᠷᠠᠯᠠᠵᠤ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠦᠢᠯᠡᠰ ᠢ ᠬᠠᠮᠠᠭᠠᠯᠠᠨ᠂ ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠠᠵᠢᠯ ᠮᠡᠷᠭᠡᠵᠢᠯ ᠤᠨ ᠶᠣᠰᠣ ᠮᠣᠷᠠᠯ ᠢ ᠵᠢᠷᠤᠮᠯᠠᠨ᠂ ᠲᠡᠷᠢᠭᠦᠨ ᠤ ᠦᠵᠡᠯ ᠰᠠᠨᠠᠭ᠎ᠠ ᠶᠢ ᠰᠠᠨᠠᠭᠠᠴᠢᠯᠠᠵᠤ᠂ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ᠃

      ᠠᠷᠪᠠᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠲᠠᠨ ᠤ ᠱᠠᠩᠨᠠᠯ ᠢ ᠭᠤᠶᠤᠴᠢᠯᠠᠨ ᠮᠡᠳᠡᠭᠦᠯᠬᠦ ᠬᠥᠮᠥᠰ ᠨᠢ ᠳᠣᠣᠷ᠎ᠠ ᠵᠢᠭᠰᠠᠭᠠᠭᠰᠠᠨ ᠨᠦᠭᠦᠴᠡᠯ ᠢ ᠪᠦᠷᠢᠳᠦᠭᠦᠯᠬᠦ ᠬᠡᠷᠡᠭᠲᠡᠢ᠄

      ︵ᠨᠢᠭᠡ︶ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠢ ᠬᠤᠷᠢᠨ ᠵᠢᠯ ᠠᠴᠠ ᠳᠡᠭᠡᠭᠰᠢ ᠬᠢᠭᠰᠡᠨ᠂ ᠥᠪᠡᠷᠲᠡᠭᠡᠨ ᠵᠠᠰᠠᠬᠤ ᠣᠷᠣᠨ ᠤ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔

      ︵ᠬᠤᠶᠠᠷ︶ ᠪᠠᠲᠤ ᠪᠠᠬᠢ ᠡᠷᠳᠡᠮ ᠰᠢᠨᠵᠢᠯᠡᠭᠡᠨ ᠤ ᠪᠦᠲᠦᠮᠵᠢ ᠲᠠᠢ ᠪᠠᠶᠢᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶ᠎ᠡ ᠴᠠᠷᠠᠭᠠᠨ ᠳᠤ ᠴᠢᠬᠤᠯᠠ ᠶᠡᠭᠡ ᠰᠤᠳᠤᠯᠭᠠᠨ ᠤ ᠦᠷ᠎ᠡ ᠪᠦᠲᠦᠭᠡᠯ ᠪᠠ ᠨᠡᠯᠢᠶᠡᠳ ᠥᠨᠳᠥᠷ ᠡᠷᠳᠡᠮ ᠰᠢᠨᠵᠢᠯᠡᠭᠡᠨ ᠤ ᠠᠯᠳᠠᠷ ᠬᠦᠨᠳᠦ ᠲᠠᠢ ︔

      ︵ᠭᠤᠷᠪᠠ︶ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢᠯᠡᠭᠡᠨ ᠤ ᠪᠠᠶᠢᠭᠤᠯᠤᠯᠲᠠ ᠶᠢᠨ ᠲᠠᠯ᠎ᠠ  ᠳᠤ᠂ ᠤᠤᠭᠠᠯ ᠪᠦᠲᠦᠭᠡᠯᠴᠢ ᠴᠢᠨᠠᠷᠲᠠᠢ ᠰᠤᠳᠤᠯᠭᠠᠨ ᠤ ᠦᠷ᠎ᠡ ᠪᠦᠲᠦᠭᠡᠯ ᠦᠯᠡᠮᠵᠢ᠂ ᠶᠠᠮᠠᠷ ᠨᠢᠭᠡᠨ ᠰᠢᠨ᠎ᠡ ᠪᠠᠷ ᠬᠥᠭᠵᠢᠭᠰᠡᠨ ᠰᠢᠨᠵᠢᠯᠡᠭᠡᠨ ᠤ ᠰᠠᠯᠠᠭ᠎ᠠ ᠪᠤᠶᠤ ᠰᠢᠨ᠎ᠡ ᠰᠤᠳᠤᠯᠭᠠᠨ ᠤ ᠴᠢᠭᠯᠡᠯ ᠢ ᠨᠡᠭᠡᠭᠡᠵᠦ᠂ ᠲᠣᠰ ᠰᠢᠨᠵᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ᠂ ᠲᠣᠰ ᠰᠢᠨᠵᠢᠯᠡᠭᠡᠨ ᠤ ᠰᠣᠶᠣᠯ ᠢ ᠤᠯᠠᠮᠵᠢᠯᠠᠨ ᠳᠡᠯᠭᠡᠷᠡᠭᠦᠯᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠣᠷᠣᠨ ᠤ ᠳᠣᠲᠣᠨ᠎ᠠ ᠭᠠᠳᠠᠨ᠎ᠠ ᠴᠢᠬᠤᠯᠠ ᠡᠷᠳᠡᠮ ᠰᠢᠨᠵᠢᠯᠡᠭᠡᠨ ᠤ ᠨᠥᠯᠥᠭᠡ ᠦᠵᠡᠭᠦᠯᠦᠭᠰᠡᠨ︔ ᠬᠡᠷᠡᠭᠯᠡᠭᠡᠨ ᠤ ᠦᠢᠯᠡᠳᠦᠯᠭᠡ ᠶᠢᠨ ᠲᠠᠯ᠎ᠠ ᠳᠤ᠂ ᠤᠯᠤᠰ ᠤᠨ ᠵᠢᠴᠢ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠭᠦᠭᠰᠡᠨ ᠪᠤᠶᠤ ᠨᠡᠶᠢᠭᠡᠮ ᠤᠨ ᠦᠢᠯᠡᠴᠢᠯᠡᠭᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠦ᠂ ᠠᠵᠤ ᠠᠬᠤᠢ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ ᠠᠬᠤᠢ ᠵᠡᠷᠭᠡ ᠬᠦᠷᠢᠶ᠎ᠡ ᠴᠠᠷᠠᠭᠠᠨ ᠳᠤ ᠰᠠᠶᠢᠨ ᠰᠠᠶᠢᠬᠠᠨ ᠨᠡᠶᠢᠭᠡᠮ ᠤᠨ ᠨᠥᠯᠥᠭᠡᠯᠡᠯ ᠪᠤᠶᠤ ᠠᠵᠤ ᠠᠬᠤᠢ ᠶᠢᠨ ᠦᠷ᠎ᠡ ᠠᠰᠢᠭ ᠭᠠᠷᠭᠠᠭᠰᠠᠨ᠃

      ᠠᠷᠪᠠᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠴᠢᠳᠠᠪᠤᠷᠢᠲᠠᠨ ᠤ ᠱᠠᠩᠨᠠᠯ ᠢ ᠭᠤᠶᠤᠴᠢᠯᠠᠨ ᠮᠡᠳᠡᠭᠦᠯᠬᠦ ᠬᠥᠮᠥᠰ ᠨᠢ ᠳᠣᠣᠷ᠎ᠠ ᠵᠢᠭᠰᠠᠭᠠᠭᠰᠠᠨ ᠨᠦᠭᠦᠴᠡᠯ ᠢ ᠪᠦᠷᠢᠳᠦᠭᠦᠯᠬᠦ ᠬᠡᠷᠡᠭᠲᠡᠢ᠄

      ︵ᠨᠢᠭᠡ︶ ᠪᠦᠬᠦᠯᠢ ᠳᠥᠴᠢᠨ ᠲᠠᠪᠤᠨ ᠨᠠᠰᠤᠨ ᠠᠴᠠ ᠬᠡᠲᠦᠷᠡᠭᠰᠡᠨ ᠦᠭᠡᠢ︔

      ︵ᠬᠤᠶᠠᠷ︶ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠢ ᠵᠢᠷᠭᠤᠭᠠᠨ ᠵᠢᠯ ᠠᠴᠠ ᠳᠡᠭᠡᠭᠰᠢ ᠬᠢᠵᠦ᠂ ᠥᠪᠡᠷᠲᠡᠭᠡᠨ ᠵᠠᠰᠠᠬᠤ ᠣᠷᠣᠨ ᠤ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔

      ︵ᠭᠤᠷᠪᠠ︶ ᠡᠷᠳᠡᠮ ᠰᠢᠨᠵᠢᠯᠡᠭᠡᠨ ᠤ ᠪᠣᠯᠪᠠᠰᠤᠷᠠᠯ ᠤᠨ ᠰᠠᠭᠤᠷᠢ ᠪᠠᠲᠤ ᠪᠠᠬᠢ ᠮᠥᠷᠲᠡᠭᠡᠨ ᠪᠠᠷᠠᠯᠠᠬᠢᠯᠠᠯᠲᠤ ᠴᠢᠨᠠᠷᠲᠠᠢ ᠡᠷᠳᠡᠮ ᠰᠢᠨᠵᠢᠯᠡᠭᠡᠨ ᠤ ᠬᠠᠷᠠᠭᠠᠰᠤ᠂ ᠬᠥᠭᠵᠢᠯᠲᠡ ᠶᠢᠨ ᠳᠠᠯᠳᠠ ᠴᠢᠨᠠᠷ ᠲᠠᠢ ᠪᠠᠶᠢᠬᠤ︔

      ︵ᠳᠥᠷᠪᠡ︶ ᠣᠨᠣᠯ ᠤᠨ ᠰᠢᠨ᠎ᠡ ᠡᠭᠦᠳᠦᠯᠲᠡ ᠪᠤᠶᠤ ᠬᠡᠷᠡᠭᠯᠡᠭᠡᠨ ᠤ ᠦᠢᠯᠡᠳᠦᠯᠭᠡ ᠳᠤᠮᠳᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ᠃

      ᠠᠷᠪᠠᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠠᠭᠠᠢ ᠬᠤᠪᠢ ᠨᠡᠮᠡᠷᠢ ᠶᠢᠨ ᠱᠠᠩᠨᠠᠯ ᠢ ᠭᠤᠶᠤᠴᠢᠯᠠᠨ ᠮᠡᠳᠡᠭᠦᠯᠬᠦ ᠬᠥᠮᠥᠰ ᠨᠢ ᠳᠣᠣᠷ᠎ᠠ ᠵᠢᠭᠰᠠᠭᠠᠭᠰᠠᠨ ᠨᠦᠭᠦᠴᠡᠯ ᠢ ᠪᠦᠷᠢᠳᠦᠭᠦᠯᠬᠦ ᠬᠡᠷᠡᠭᠲᠡᠢ᠄

      ︵ᠨᠢᠭᠡ︶ ᠠᠵᠢᠯᠯᠠᠵᠤ ᠪᠠᠶᠢᠭ᠎ᠠ ᠨᠢᠭᠡᠴᠢ ᠶᠢᠨ ᠰᠠᠭᠤᠭ᠎ᠠ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠭᠠᠳᠠᠨ᠎ᠠ ᠪᠠᠶᠢᠬᠤ︔

      ︵ᠬᠤᠶᠠᠷ︶ ᠥᠪᠡᠷᠲᠡᠭᠡᠨ ᠵᠠᠰᠠᠬᠤ ᠣᠷᠣᠨ ᠤ ᠦᠢᠯᠡᠳᠦᠯᠭᠡ ᠶᠢᠨ ᠠᠰᠠᠭᠤᠳᠠᠯ ᠢ ᠰᠤᠳᠤᠯᠵᠤ᠂ ᠰᠤᠳᠤᠯᠭᠠᠨ ᠤ ᠦᠷ᠎ᠡ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠯᠠᠪᠯᠠᠯᠲᠠ ᠶᠢᠨ ᠦᠨ᠎ᠡ ᠥᠷᠳᠡᠭ ᠣᠯᠭᠤᠭᠰᠠᠨ᠃

      ᠠᠷᠪᠠᠨ ᠳᠣᠯᠣᠳᠤᠭᠠᠷ ᠵᠦᠢᠯ   ᠳᠣᠣᠷ᠎ᠠ ᠵᠢᠭᠰᠠᠭᠠᠭᠰᠠᠨ ᠪᠠᠶᠢᠳᠠᠯ ᠠᠴᠠ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠲᠠᠨ ᠤ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠴᠢᠳᠠᠪᠤᠷᠢᠲᠠᠨ ᠤ ᠱᠠᠩᠨᠠᠯ ᠪᠠ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠠᠭᠠᠢ ᠬᠤᠪᠢ ᠨᠡᠮᠡᠷᠢ ᠶᠢᠨ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠬᠤ ᠦᠭᠡᠢ᠄

      ︵ᠨᠢᠭᠡ︶ ᠭᠤᠣᠯ ᠰᠤᠳᠤᠯᠭᠠᠨ ᠤ ᠦᠷ᠎ᠡ ᠪᠦᠲᠦᠭᠡᠯ ᠨᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠢ ᠳᠤ ᠪᠠᠭᠲᠠᠬᠤ ᠦᠭᠡᠢ︔

      ︵ᠬᠤᠶᠠᠷ︶ ᠬᠠᠭᠤᠯᠤᠨ ᠬᠤᠯᠠᠭᠠᠶᠢᠯᠠᠬᠤ᠂ ᠵᠣᠬᠢᠶᠠᠯ ᠬᠤᠯᠠᠭᠠᠶᠢᠯᠠᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠡᠷᠳᠡᠮ ᠰᠢᠨᠵᠢᠯᠡᠭᠡᠨ ᠤ ᠲᠥᠪ ᠪᠤᠰᠤ ᠦᠢᠯᠡ ᠠᠵᠢᠯᠯᠠᠭ᠎ᠠ ᠣᠷᠣᠰᠢᠵᠤ ᠪᠠᠶᠢᠬᠤ︔

      ︵ᠭᠤᠷᠪᠠ︶ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠵᠦ ᠪᠣᠯᠬᠤ ᠦᠭᠡᠢ ᠪᠤᠰᠤᠳ ᠪᠠᠶᠢᠳᠠᠯ᠃

      ᠠᠷᠪᠠᠨ ᠨᠠᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠭᠤᠶᠤᠴᠢᠯᠠᠨ ᠮᠡᠳᠡᠭᠦᠯᠦᠨ᠎ᠡ᠄

      ︵ᠨᠢᠭᠡ︶ ᠵᠢᠩᠬᠢᠨᠢ ᠠᠩᠬᠢ ᠶᠢᠨ ᠶᠡᠭᠡ ᠳᠡᠭᠡᠳᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠳᠡᠰ ᠤᠨ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠪᠠ ᠪᠤᠰᠤᠳ ᠥᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡᠴᠢ ᠶᠢᠨ ᠭᠤᠶᠤᠴᠢᠯᠠᠨ ᠮᠡᠳᠡᠭᠦᠯᠦᠭᠴᠢ ᠨᠢ ᠪᠠᠶᠢᠭ᠎ᠠ ᠨᠢᠭᠡᠴᠢ ᠪᠤᠶᠤ ᠥᠪᠡᠷᠲᠡᠭᠡᠨ ᠵᠠᠰᠠᠬᠤ ᠣᠷᠣᠨ ᠤ ᠳᠡᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠭᠤᠶᠤᠴᠢᠯᠠᠨ ᠮᠡᠳᠡᠭᠦᠯᠦᠨ᠎ᠡ︔

      ︵ᠬᠤᠶᠠᠷ︶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠡᠯ᠎ᠡ ᠠᠶᠢᠮᠠᠭ ᠪᠠ ᠲᠣᠭᠤᠷᠢᠭ ᠪᠠᠶᠢᠭᠤᠯᠤᠭᠰᠠᠨ ᠬᠤᠲᠠ ᠵᠢᠴᠢ ᠲᠡᠭᠦᠨ ᠠᠴᠠ ᠳᠣᠣᠷ᠎ᠠ ᠱᠠᠲᠤᠨ ᠤ ᠨᠢᠭᠡᠴᠢ ᠶᠢᠨ ᠭᠤᠶᠤᠴᠢᠯᠠᠨ ᠮᠡᠳᠡᠭᠦᠯᠦᠭᠴᠢ ᠨᠢ ᠪᠠᠶᠢᠭ᠎ᠠ ᠭᠠᠵᠠᠷ ᠤᠨ ᠠᠶᠢᠮᠠᠭ ᠪᠠ ᠲᠣᠭᠤᠷᠢᠭ ᠪᠠᠶᠢᠭᠤᠯᠤᠭᠰᠠᠨ ᠬᠤᠲᠠ ᠶᠢᠨ ᠢᠶᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠳᠤ ᠭᠤᠶᠤᠴᠢᠯᠠᠨ ᠮᠡᠳᠡᠭᠦᠯᠦᠨ᠎ᠡ︔

      ︵ᠭᠤᠷᠪᠠ︶ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠨᠴᠠᠭᠠᠢ ᠬᠤᠪᠢ ᠨᠡᠮᠡᠷᠢ ᠶᠢᠨ ᠱᠠᠩᠨᠠᠯ ᠤᠨ ᠭᠤᠶᠤᠴᠢᠯᠠᠨ ᠮᠡᠳᠡᠭᠦᠯᠦᠭᠴᠢ ᠨᠢ ᠰᠢᠭᠤᠳ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠳᠤ ᠭᠤᠶᠤᠴᠢᠯᠠᠨ ᠮᠡᠳᠡᠭᠦᠯᠦᠨ᠎ᠡ᠃

      ᠠᠷᠪᠠ ᠶᠢᠰᠦᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠤᠨ ᠰᠢᠯᠭᠠᠷᠠᠭᠤᠯᠬᠤ ᠠᠵᠢᠯ ᠢ ᠠᠩᠬᠠᠨ ᠤ ᠰᠢᠯᠭᠠᠷᠠᠭᠤᠯᠤᠯᠲᠠ᠂ ᠳᠠᠬᠢᠨ ᠰᠢᠯᠭᠠᠷᠠᠭᠤᠯᠤᠯᠲᠠ᠂ ᠡᠴᠦᠰ ᠤᠨ ᠰᠢᠯᠭᠠᠷᠠᠭᠤᠯᠤᠯᠲᠠ ᠭᠡᠬᠦ ᠭᠤᠷᠪᠠᠨ ᠱᠠᠲᠤ ᠬᠤᠪᠢᠶᠠᠨ᠎ᠠ᠃

      ᠭᠤᠶᠤᠴᠢᠯᠠᠨ ᠮᠡᠳᠡᠭᠦᠯᠦᠯᠲᠡ ᠶᠢ ᠬᠦᠯᠢᠶᠡᠨ ᠠᠪᠤᠭᠰᠠᠨ ᠨᠢᠭᠡᠴᠢ ᠨᠢ ᠠᠩᠬᠠᠨ ᠤ ᠰᠢᠯᠭᠠᠷᠠᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠩᠬᠠᠨ ᠤ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠳᠤ ᠮᠡᠳᠡᠭᠦᠯᠦᠨ᠎ᠡ᠃

       ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠠᠴᠠ ᠳᠠᠬᠢᠨ ᠰᠢᠯᠭᠠᠷᠠᠭᠤᠯᠤᠯᠲᠠ ᠶᠢ ᠲᠥᠷᠥᠯ ᠬᠤᠪᠢᠶᠠᠵᠤ ᠵᠣᠬᠢᠶᠠᠨ ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠺᠣᠮᠢᠰ ᠲᠤ ᠳᠠᠬᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠬᠢᠨᠠᠨ ᠵᠥᠪᠯᠡᠭᠦᠯᠬᠦ ᠪᠠᠷ ᠳᠡᠪᠰᠢᠭᠦᠯᠦᠨ᠎ᠡ᠃

      ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠺᠣᠮᠢᠰ ᠠᠴᠠ ᠡᠴᠦᠰ ᠤᠨ ᠰᠢᠯᠭᠠᠷᠠᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠠᠬᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠳᠠᠬᠢᠨ ᠵᠥᠪᠯᠡᠨ᠎ᠡ᠃

      ᠬᠤᠷᠢᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠬᠡᠷᠡᠭᠲᠡᠢ᠃ ᠠᠩᠬᠠᠨ ᠤ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠭᠤᠶᠤᠴᠢᠯᠠᠭᠰᠠᠨ ᠮᠡᠳᠡᠭᠦᠯᠦᠯᠲᠡ ᠶᠢ ᠬᠦᠯᠢᠶᠠᠨ ᠠᠪᠤᠭᠰᠠᠨ ᠨᠢᠭᠡᠴᠢ ᠠᠴᠠ ᠵᠠᠷᠯᠠᠨ ᠨᠡᠶᠢᠲᠡᠯᠡᠵᠦ᠂ ᠳᠠᠬᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠪᠠ ᠡᠴᠦᠰ ᠤᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠠᠴᠠ ᠵᠠᠷᠯᠠᠨ ᠨᠡᠶᠢᠯᠡᠵᠦ᠂ ᠱᠠᠲᠤ ᠪᠦᠷᠢ ᠳᠠᠬᠢ ᠵᠠᠷᠯᠠᠨ ᠨᠡᠶᠢᠲᠡᠯᠡᠬᠦ ᠬᠤᠭᠤᠴᠠᠭ᠎ᠠ ᠨᠢ ᠴᠥᠮ ᠲᠠᠪᠤᠨ ᠠᠵᠢᠯᠯᠠᠬᠤ ᠡᠳᠦᠷ ᠪᠣᠯᠣᠨ᠎ᠠ᠃

      ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠥᠨ ᠰᠢᠯᠭᠠᠷᠠᠭᠤᠯᠤᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ᠵᠠᠷᠯᠠᠨ ᠨᠡᠶᠢᠲᠡᠯᠡᠵᠦ ᠪᠠᠶᠢᠭ᠎ᠠ ᠬᠤᠭᠤᠴᠠᠭᠠᠨ ᠳᠤ ᠳᠤᠷᠠᠳᠴᠤ ᠪᠣᠯᠣᠨ᠎ᠠ᠂ ᠬᠤᠯᠪᠣᠭᠳᠠᠯ ᠪᠦᠬᠦᠢ ᠨᠢᠭᠡᠴᠢ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃

      ᠬᠤᠷᠢᠨ ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠵᠦ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠢᠨ ᠤ ᠬᠤᠯᠪᠣᠭᠠᠲᠤ ᠬᠤᠷᠠᠯ ᠨᠢ ᠰᠢᠯᠭᠠᠷᠠᠭᠤᠯᠤᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠠᠶᠢᠰᠢᠶᠠᠬᠤ ᠪᠠ ᠬᠥᠬᠢᠭᠦᠯᠦᠨ ᠱᠠᠩᠨᠠᠵᠤ᠂ ᠦᠨᠡᠮᠯᠡᠯ ᠪᠠ ᠱᠠᠩᠨᠠᠯ ᠤᠨ ᠮᠥᠩᠭᠦ ᠣᠯᠭᠤᠨ᠎ᠠ᠃

      ᠬᠤᠷᠢᠨ ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠱᠠᠩᠨᠠᠯ ᠣᠯᠣᠭᠰᠨᠳ ᠤᠨ ᠠᠵᠢᠯ ᠤᠨ ᠠᠮᠵᠢᠯᠲᠠ ᠶᠢ ᠰᠢᠯᠭᠠᠨ ᠬᠢᠨᠠᠬᠤ᠂ ᠲᠤᠰᠬᠠᠢ ᠮᠡᠷᠭᠡᠵᠢᠯ ᠤᠨ ᠲᠤᠰᠢᠶᠠᠯ ᠳᠡᠪᠰᠢᠬᠦ ᠪᠠ ᠡᠯ᠎ᠡ ᠳᠡᠰ ᠤᠨ ᠡᠯ᠎ᠡ ᠲᠥᠷᠥᠯ ᠤᠨ ᠴᠢᠳᠠᠪᠤᠷᠢᠲᠠᠨ ᠤ ᠲᠥᠷᠥᠯ ᠵᠦᠢᠯ ᠢ ᠰᠢᠯᠭᠠᠷᠠᠭᠤᠯᠬᠤ ᠴᠢᠬᠤᠯᠠ ᠦᠨᠳᠦᠰᠦᠯᠡᠯ ᠤᠨ ᠨᠢᠭᠡ ᠪᠣᠯᠭᠠᠬᠤ ᠬᠡᠷᠡᠭᠲᠡᠢ᠃

      ᠬᠤᠷᠢᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠭᠤᠶᠤᠴᠢᠯᠠᠨ ᠮᠡᠳᠡᠭᠦᠯᠦᠭᠴᠢ ᠳᠤ ᠬᠠᠭᠤᠯᠤᠨ ᠬᠤᠯᠠᠭᠠᠶᠢᠯᠠᠬᠤ᠂ ᠵᠣᠬᠢᠶᠠᠯ ᠬᠤᠯᠠᠭᠠᠶᠢᠯᠠᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠡᠷᠳᠡᠮ ᠰᠢᠨᠵᠢᠯᠡᠭᠡᠨ ᠤ ᠲᠥᠪ ᠪᠤᠰᠤ ᠦᠢᠯᠡ ᠠᠵᠢᠯᠯᠠᠭ᠎ᠠ ᠣᠷᠣᠰᠢᠵᠤ ᠪᠠᠶᠢᠬᠤ᠂ ᠡᠰᠡᠭᠦᠯ᠎ᠡ ᠪᠤᠰᠤᠳ ᠵᠦᠢ ᠪᠤᠰᠤ ᠠᠷᠭ᠎ᠠ ᠬᠢᠳᠡᠯ ᠢᠶᠠᠷ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠮᠡᠬᠡᠯᠡᠨ ᠣᠯᠣᠭᠰᠠᠨ ᠪᠣᠯ᠂ ᠲᠡᠭᠦᠨ ᠤ ᠰᠢᠯᠭᠠᠷᠠᠭᠤᠯᠤᠭᠳᠠᠬᠤ ᠬᠢᠷᠢ ᠭᠡᠮ ᠢ ᠨᠢ ᠬᠠᠰᠤᠨ᠎ᠠ︔ ᠨᠢᠭᠡᠨᠲᠡ ᠱᠠᠩᠨᠠᠯ ᠣᠯᠣᠭᠰᠠᠨ ᠪᠣᠯ ᠱᠠᠩᠨᠠᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠦᠨᠡᠮᠯᠡᠯ ᠪᠠ ᠱᠠᠩᠨᠠᠯ ᠤᠨ ᠮᠥᠩᠭᠦ ᠶᠢ ᠨᠡᠬᠡᠵᠦ ᠬᠤᠷᠢᠶᠠᠨ᠎ᠠ᠃

      ᠰᠢᠯᠭᠠᠷᠠᠭᠤᠯᠬᠤ ᠬᠢᠷᠢ ᠭᠡᠮ ᠢ ᠨᠢ ᠬᠠᠰᠤᠭᠰᠠᠨ ᠪᠤᠶᠤ ᠱᠠᠩᠨᠠᠯ ᠢ ᠨᠢ ᠬᠦᠴᠦᠨ ᠦᠭᠡᠢ ᠪᠣᠯᠭᠠᠭᠰᠠᠨ ᠪᠣᠯ ᠵᠢᠷᠭᠤᠭᠠᠨ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠬᠤ ᠦᠭᠡᠢ᠃

      ᠬᠤᠷᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠬᠤ ᠪᠠ ᠱᠠᠩᠨᠠᠬᠤ ᠠᠵᠢᠯ ᠤᠨ ᠳᠤᠮᠳᠠ ᠠᠯᠪᠠᠨ ᠲᠤᠰᠢᠶᠠᠯ ᠳᠤ ᠠᠯᠮᠠᠶᠢᠷᠠᠨ ᠣᠰᠣᠯᠳᠠᠬᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠬᠦ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠳᠠᠯ ᠭᠠᠷᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ︔ ᠶᠠᠯ᠎ᠠ ᠳᠤ ᠬᠥᠷᠥᠭᠰᠡᠨ ᠪᠠᠶᠢᠪᠠᠯ᠂ ᠬᠠᠥᠯᠢ ᠶᠣᠰᠣᠭᠠᠷ ᠡᠷᠡᠭᠦᠦ ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃

      ᠬᠤᠷᠢᠨ ᠲᠠᠪᠤᠳᠤᠭᠠᠷ ᠵᠦᠢᠯ   ᠲᠣᠰ ᠠᠷᠭ᠎ᠠ ᠶᠢ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

 

                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                                               2024 ᠣᠨ ᠤ 5 ᠳ᠋ᠤᠭᠠᠷ ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠪᠠ


 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ