ᠭᠦᠭᠡᠬᠤᠲᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠴᠦᠸᠠᠨ ᠰᠢᠶᠠᠨ ᠤ ᠠᠬᠤᠢ ᠳᠠᠯᠠᠪᠠᠢ ᠶᠢᠨ ᠬᠤᠷᠠᠯ ᠶᠠᠪᠤᠭᠳᠠᠪᠠ  ᠪᠦᠦ ᠭᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/8/21

    8 ᠰᠠᠷ᠎ᠠ ᠶᠢᠨ 19 ᠤ ᠡᠳᠦᠷ᠂ ᠭᠦᠭᠡᠬᠤᠲᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠴᠦᠸᠠᠨ ᠰᠢᠶᠠᠨ ᠤ ᠠᠬᠤᠢ ᠳᠠᠯᠠᠪᠠᠢ ᠶᠢᠨ ᠬᠤᠷᠠᠯ ᠶᠠᠪᠤᠭᠳᠠᠪᠠ᠃

    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠭᠦᠭᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃

    ᠬᠤᠷᠠᠯ ᠳᠤ ᠣᠷᠣᠯᠴᠠᠭᠰᠠᠳ ᠦᠴᠦᠸᠠᠨ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠯᠡᠩ᠂ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠭᠦ ᠲᠣᠰᠬᠤᠨ ᠹᠦ᠋ ᠷᠦ᠋ ᠵᠡᠭᠦᠨ ᠲᠣᠰᠬᠤᠨ ᠪᠠ ᠦᠴᠦᠸᠠᠨ ᠮᠦᠽᠧᠢ ᠶᠢ ᠲᠣᠭᠤᠷᠢᠨ ᠦᠵᠡᠪᠡ᠃ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠪᠦᠳᠦᠮᠵᠢᠳᠡᠢ ᠲᠤᠷᠰᠢᠯᠭ᠎ᠠ ᠰᠠᠶᠢᠨ ᠠᠷᠭ᠎ᠠ ᠬᠢᠳᠡᠯ ᠢᠶᠠᠨ ᠳ᠋ᠦᠩᠨᠡᠨ ᠬᠤᠪᠢᠶᠠᠯᠴᠠᠬᠤ ᠪᠠᠷ ᠳᠡᠮᠵᠢᠨ ᠪᠦᠭᠦ ᠬᠤᠲᠠ ᠶᠢᠨ ᠺᠠᠳ᠋ᠷᠴᠤᠳ ᠤᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠣᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠶᠢ ᠵᠣᠷᠢᠭᠵᠢᠭᠤᠯᠪᠠ᠃

    ᠬᠤᠷᠠᠯ ᠠᠴᠠ ᠦᠴᠦᠸᠠᠨ ᠰᠢᠶᠠᠨ ᠤ ᠬᠢᠨ ᠪᠣᠬᠢᠷᠳᠤᠯ ᠦᠭᠡᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠡᠩ ᠤᠯᠠᠨ ᠠᠮᠢ ᠠᠬᠤᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ᠂ ᠠᠵᠤ ᠠᠬᠤᠢ ᠶᠢᠨ ᠳᠠᠪᠠᠭᠤᠯᠢᠭ᠂ ᠠᠷᠠᠳ ᠢ ᠪᠠᠶᠠᠵᠢᠭᠤᠯᠬᠤ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ︽ᠣᠨᠴᠠᠯᠢᠭᠲᠤ ᠲᠡᠮᠳᠡᠭᠲᠦ︾ ᠶᠢ ᠰᠠᠶᠢᠲᠤᠷ ᠬᠢᠬᠦ ᠬᠡᠷᠡᠭᠲᠡᠢ᠃ ᠴᠡᠪᠡᠷ ᠡᠨᠧᠷᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠴᠡᠪᠡᠷ ᠡᠨᠧᠷᠭᠢ ᠭᠠᠷᠭᠠᠬᠤ ᠰᠠᠭᠤᠷᠢᠨ ᠢ ᠪᠦᠭᠦ ᠬᠦᠴᠦᠨ ᠢᠶᠠᠷ ᠪᠠᠶᠢᠭᠤᠯᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠭᠦ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠠᠳᠬᠤᠵᠤ᠂ ᠪᠦᠭᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ