|
ᠴᠡᠯᠡᠭᠡᠷ ᠲᠠᠯ᠎ᠠ ᠣᠯᠠᠨ ᠤᠯᠤᠰ ᠤᠨ ᠠᠮᠢᠲᠠᠨ ᠤ ᠸᠠᠺᠼᠢᠨ ᠤ ᠰᠢᠨ᠎ᠡ ᠶᠢ ᠡᠭᠦᠳᠬᠦ ᠶᠡᠭᠡ ᠬᠤᠷᠠᠯ ᠶᠠᠪᠤᠭᠳᠠᠵᠠᠢ ᠪᠣᠣ ᠰᠢᠶᠠᠨ ᠬᠤᠸᠠ ᠪᠠᠶᠠᠷ ᠤᠨ ᠦᠭᠡ ᠬᠡᠯᠡᠪᠡ |
|
|
ᠨᠡᠶᠢᠲᠡᠯᠡᠭᠰᠡᠨ ᠴᠠᠭ᠄
2024/8/22
|
|
8 ᠰᠠᠷ᠎ᠠ ᠶᠢᠨ 20 ᠤ ᠡᠳᠦᠷ᠂ ᠴᠡᠯᠡᠭᠡᠷ ᠲᠠᠯ᠎ᠠ ᠣᠯᠠᠨ ᠤᠯᠤᠰ ᠤᠨ ᠠᠮᠢᠲᠠᠨ ᠤ ᠸᠠᠺᠼᠢᠨ ᠤ ᠰᠢᠨ᠎ᠡ ᠶᠢ ᠡᠭᠦᠳᠬᠦ ᠶᠡᠭᠡ ᠬᠤᠷᠠᠯ ᠬᠥᠬᠡᠬᠤᠲᠠ ᠶᠢᠨ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠤᠨ ᠲᠥᠪ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠵᠢᠴᠢ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ ᠲᠤᠰᠠᠯᠠᠬᠤ ᠶᠡᠷᠦᠩᠬᠡᠢ ᠠᠵᠢᠯᠯᠠᠭᠴᠢ᠂ ᠮᠠᠯ ᠠᠵᠤ ᠠᠬᠤᠢ ᠶᠢᠨ ᠦᠢᠯᠡᠳᠪᠦᠷᠢᠯᠡᠯ ᠵᠢᠴᠢ ᠠᠮᠢᠲᠠᠨ ᠤ ᠡᠷᠡᠭᠦᠯ ᠬᠠᠮᠠᠭᠠᠯᠠᠯ ᠤᠨ ᠵᠤᠷᠭᠠᠨ ᠤ ᠳᠠᠷᠤᠭ᠎ᠠ ᠲᠠᠨᠠᠸᠠᠲ · ᠲᠢᠶᠠᠨᠰᠢᠨ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃ ᠶᠡᠭᠡ ᠬᠤᠷᠠᠯ ᠳᠤ ᠡᠬᠢᠯᠡᠯᠲᠡ ᠶᠢᠨ ᠶᠣᠰᠣᠯᠠᠯ᠂ ᠭᠤᠣᠯ ᠵᠣᠷᠢᠯᠲᠠᠲᠤ ᠶᠠᠷᠢᠶ᠎ᠠ ᠢᠯᠡᠳᠬᠡᠯ ᠪᠠ ᠬᠤᠶᠠᠷ ᠲᠠᠯᠠᠪᠤᠷ ᠵᠡᠷᠭᠡᠴᠡᠭᠡ ᠬᠤᠷᠠᠯ ᠵᠡᠷᠭᠡ ᠭᠤᠷᠪᠠᠨ ᠵᠦᠢᠯ ᠤᠨ ᠠᠵᠢᠯᠯᠠᠭ᠎ᠠ ᠶᠢᠨ ᠠᠭᠤᠯᠭ᠎ᠠ ᠶᠢ ᠪᠠᠭᠲᠠᠭᠠᠵᠤ᠂ ︽ᠳᠤᠮᠳᠠᠳᠤ ᠤᠯᠤᠰ ᠤᠨ ᠤᠮᠠᠷᠠᠲᠤ ᠬᠢᠯᠢ · ᠠᠮᠢᠲᠠᠨ ᠤ ᠡᠷᠡᠭᠦᠯ ᠤᠨ ᠬᠤᠩᠭᠢᠯ︾ ᠤᠨ ᠬᠥᠬᠡᠬᠤᠲᠠ ᠶᠢᠨ ᠲᠤᠩᠬᠠᠭ ᠢ ᠨᠡᠶᠢᠲᠡᠯᠡᠭᠰᠡᠨ ᠪᠠ ᠭᠠᠷ ᠤᠨ ᠦᠰᠦᠭ ᠵᠢᠷᠤᠵᠤ᠂ ︽ᠤᠯᠤᠰ ᠤᠨ ᠠᠮᠢᠳᠤ ᠭᠠᠭ᠋ᠠᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ︾ ᠤᠨ ᠫᠠᠶᠢᠰᠠ ᠶᠢ ᠰᠡᠬᠦᠪᠡ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|