|
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠣᠷᠣᠰ ᠤᠨ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠤ ᠵᠠᠰᠠᠭ ᠤᠨ ᠣᠷᠳᠣᠨ ᠤ | ᠬᠤᠭᠤᠷᠣᠨᠳᠤᠬᠢ ᠲᠣᠭᠲᠠᠮᠠᠯ ᠬᠤᠭᠤᠴᠠᠭᠠᠲᠤ ᠠᠭᠤᠯᠵᠠᠯᠲᠠ ᠶᠢᠨ ᠲᠣᠭᠲᠠᠴᠠ ᠶᠢᠨ ᠳᠥᠷᠪᠡᠳᠦᠭᠡᠷ ᠤᠳᠠᠭ᠎ᠠ ᠶᠢᠨ ᠠᠭᠤᠯᠵᠠᠯᠲᠠ ᠶᠠᠪᠤᠭᠳᠠᠪᠠ ᠮᠢᠷᠠᠬᠠᠶᠢᠳᠠᠯᠣᠹ · | ᠮ᠊ · ᠹ᠊ ᠪᠣᠯᠣᠨ ᠶᠠᠩ ᠶᠢᠨ ᠬᠤᠷᠠᠯ ᠳᠤ ᠣᠷᠣᠯᠴᠠᠵᠠᠢ |
|
|
ᠨᠡᠶᠢᠲᠡᠯᠡᠭᠰᠡᠨ ᠴᠠᠭ᠄
2024/8/22
|
|
8 ᠰᠠᠷ᠎ᠠ ᠶᠢᠨ 20 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠣᠷᠣᠰ ᠤᠨ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠤ ᠵᠠᠰᠠᠭ ᠤᠨ ᠣᠷᠳᠣᠨ ᠤ ᠬᠤᠭᠤᠷᠣᠨᠳᠤᠬᠢ ᠲᠣᠭᠲᠠᠮᠠᠯ ᠬᠤᠭᠤᠴᠠᠭᠠᠲᠤ ᠠᠭᠤᠯᠵᠠᠯᠲᠠ ᠶᠢᠨ ᠲᠣᠭᠲᠠᠴᠠ ᠶᠢᠨ ᠳᠥᠷᠪᠡᠳᠦᠭᠡᠷ ᠤᠳᠠᠭ᠎ᠠ ᠶᠢᠨ ᠠᠭᠤᠯᠵᠠᠯᠲᠠ ᠬᠥᠬᠡᠬᠤᠲᠠ ᠳᠤ ᠶᠠᠪᠤᠭᠳᠠᠵᠠᠢ᠃ ᠣᠷᠣᠰ ᠤᠨ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠤ ᠵᠠᠰᠠᠭ ᠤᠨ ᠣᠷᠳᠣᠨ ᠤ ᠨᠢᠭᠡᠳᠦᠭᠡᠷ ᠳᠡᠳ᠋ ᠲᠡᠷᠢᠭᠦᠯᠡᠭᠴᠢ᠂ ᠵᠠᠰᠠᠭ ᠵᠠᠬᠢᠷᠭᠠᠨ ᠤ ᠳᠠᠷᠤᠭ᠎ᠠ ᠶᠢᠨ ᠠᠯᠪᠠᠨ ᠲᠢᠩᠬᠢᠮ ᠤᠨ ᠡᠷᠬᠢᠯᠡᠭᠴᠢ ᠮᠢᠷᠠᠬᠠᠶᠢᠳᠠᠯᠣᠹ · ᠮ᠊ · ᠹ᠊ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠭᠰᠠᠨ ᠪᠥᠭᠡᠳ ᠠᠭᠤᠯᠵᠠᠯᠲᠠ ᠶᠢᠨ ᠲᠣᠪᠴᠢ ᠲᠡᠮᠳᠡᠭᠯᠡᠯ ᠳᠤ ᠭᠠᠷ ᠤᠨ ᠦᠰᠦᠭ ᠵᠢᠷᠤᠪᠠ᠃ ᠬᠤᠶᠠᠷ ᠭᠠᠵᠠᠷ ᠤᠨ ᠬᠢᠨ ᠬᠤᠶᠠᠷ ᠤᠯᠤᠰ ᠤᠨ ᠲᠡᠷᠢᠭᠦᠨ ᠤ ᠴᠢᠬᠤᠯᠠ ᠬᠠᠮᠲᠤ ᠶᠢᠨ ᠲᠠᠨᠢᠯᠲᠠ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠢ ᠠᠷᠠᠯᠵᠢᠶ᠎ᠠ᠂ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ᠂ ᠰᠣᠶᠣᠯ ᠢᠷᠭᠡᠨᠰᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠪᠣᠳᠠᠲᠠᠢ ᠶᠢ ᠡᠷᠬᠢᠮᠯᠡᠭᠰᠡᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠨᠢᠭᠦᠯᠬᠦ ᠪᠣᠯᠣᠨ᠎ᠠ᠃ ᠥᠪᠥᠷ ᠮᠣᠩᠭᠤᠯ ᠬᠢᠭᠡᠳ ᠣᠷᠣᠰ ᠤᠨ ᠠᠷᠤ ᠪᠠᠶᠢᠭᠠᠯ ᠤᠨ ᠬᠢᠯᠢ ᠬᠢᠵᠠᠭᠠᠷ ᠣᠷᠣᠨ ᠬᠥᠷᠰᠢ ᠵᠡᠷᠭᠡᠯᠡᠳᠡᠭᠡ ᠪᠠᠶᠢᠷᠢᠯᠠᠵᠤ᠂ ᠣᠶᠢᠷ᠎ᠠ ᠶᠢᠨ ᠵᠢᠯ ᠠᠴᠠ ᠬᠤᠶᠠᠷ ᠭᠠᠵᠠᠷ ᠤᠨ ᠬᠢᠨ ᠰᠣᠯᠢᠯᠴᠠᠭ᠎ᠠ ᠶᠠᠪᠤᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠥᠷᠭᠡᠨ ᠬᠦᠷᠢᠶ᠎ᠡ ᠴᠠᠷᠠᠭ᠎ᠠ᠂ ᠣᠯᠠᠨ ᠳᠡᠰ ᠳᠠᠪᠬᠤᠷᠭ᠎ᠠ ᠶᠢᠨ ᠨᠥᠬᠦᠷᠰᠡᠭ ᠬᠠᠮᠲᠤᠷᠠᠯᠴᠠᠭᠠᠨ ᠤ ᠪᠠᠶᠢᠳᠠᠯ ᠢ ᠠᠯᠬᠤᠮ ᠠᠯᠬᠤᠮ ᠢᠶᠠᠷ ᠪᠦᠷᠢᠯᠳᠦᠭᠦᠯᠵᠡᠢ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|