|
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠤᠮᠳᠠᠳᠤ ᠶᠢᠨ ᠪᠦᠭᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ ᠸᠠᠩ ᠯᠢ ᠰᠢᠶᠠ ᠬᠠᠨ ᠯᠢ ᠫᠢᠩ ᠭᠠᠷ ᠤᠨ ᠦᠰᠦᠭ ᠵᠢᠷᠤᠬᠤ ᠶᠢ | ᠭᠡᠷᠡᠴᠢᠯᠡᠵᠡᠢ |
|
|
ᠨᠡᠶᠢᠲᠡᠯᠡᠭᠰᠡᠨ ᠴᠠᠭ᠄
2024/8/22
|
|
8 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠳᠤᠮᠳᠠᠳᠤ ᠶᠢᠨ ᠪᠦᠭᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠭᠦᠭᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ᠂ ᠳᠤᠮᠳᠠᠳᠤ ᠶᠢᠨ ᠪᠦᠭᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠡᠷᠭᠢᠯᠡᠭᠴᠢᠳ ᠤᠨ ᠬᠤᠷᠠᠯ ᠤᠨ ᠳᠡᠳ᠋ ᠡᠷᠭᠢᠯᠡᠭᠴᠢ ᠬᠠᠨ ᠯᠢ ᠫᠢᠩ ᠭᠠᠷ ᠤᠨ ᠥᠰᠥᠭ ᠵᠢᠷᠤᠬᠤ ᠶᠢ ᠭᠡᠷᠡᠴᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠪᠣᠯᠣᠨ ᠳᠤᠮᠳᠠᠳᠤ ᠶᠢᠨ ᠪᠦᠭᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠶᠢᠨ ᠬᠡᠷᠡᠭ ᠡᠷᠭᠢᠯᠡᠭᠴᠢᠳ ᠤᠨ ᠬᠤᠷᠠᠯ ᠤᠨ ᠳᠡᠳ᠋ ᠡᠷᠭᠢᠯᠡᠭᠴᠢ ᠵᠠᠩ ᠮᠧᠶ ᠯᠢᠨ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠬᠠᠮᠲᠤ ᠪᠠᠷ ᠠᠬᠢᠭᠤᠯᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠬᠤᠷᠰᠢᠶ᠎ᠠ ᠶᠢᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠴᠢᠳᠠᠪᠤᠷᠢᠲᠠᠨ ᠤ ᠡᠩᠨᠡᠭᠡ ᠶᠢᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠲᠣᠣᠷ᠂ ᠰᠢᠶᠠᠨ ᠤ ᠬᠡᠪᠴᠢᠶᠡᠨ ᠤ ᠭᠦᠢᠯᠭᠡᠭᠡᠨ ᠤ ᠦᠢᠯᠡᠴᠢᠯᠡᠭᠡᠨ ᠤ ᠲᠣᠣᠷ ᠢ ᠲᠡᠭᠦᠯᠳᠡᠷᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ᠂ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠳᠤ ᠬᠦᠴᠦᠨ ᠢᠶᠠᠨ ᠲᠥᠪᠯᠡᠷᠡᠭᠦᠯᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠶᠡᠷᠦᠩᠬᠡᠶᠢᠯᠡᠭᠰᠡᠨ ᠲᠠᠪᠴᠠᠩ᠂ ᠨᠠᠮ ᠪᠣᠯᠣᠨ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢ ᠪᠠᠶᠢᠭᠤᠯᠬᠤ ᠪᠣᠯᠣᠨ᠎ᠠ᠃
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|