ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠤᠨ ᠲᠠᠯ᠎ᠠ ᠪᠠᠷ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠶᠢᠨ ᠭᠠᠷᠳᠠᠮ ᠢ ᠭᠦᠢᠴᠡᠳᠬᠡᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/8/23

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

       

ᠥᠪᠥᠷ ᠵᠠᠰᠠᠭ ᠠᠯᠪᠠᠨ ᠲᠠᠷᠬᠠᠭᠠᠭᠰᠠᠨ ﹇2024 ﹈ 33 ᠳ᠋ᠤᠭᠠᠷ ᠲᠣᠭᠠᠲᠤ

      

ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠤᠨ ᠲᠠᠯ᠎ᠠ ᠪᠠᠷ ᠨᠤᠲᠤᠭ ᠪᠡᠯᠴᠢᠭᠡᠷ

ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠶᠢᠨ ᠭᠠᠷᠳᠠᠮ ᠢ ᠭᠦᠢᠴᠡᠳᠬᠡᠬᠦ ᠬᠤᠯᠪᠣᠭᠳᠠᠯ ᠪᠦᠬᠦᠢ ᠠᠰᠠᠭᠤᠳᠠᠯ ᠤᠨ

ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

      

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

      ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ︵ ᠲᠥᠷᠥ ᠲᠠᠷᠬᠠᠭᠠᠭᠰᠠᠨ ﹇2023 ﹈ 16 ᠳ᠋ᠤᠭᠠᠷ ᠲᠣᠭᠠᠲᠤ︶ ᠪᠠ ︽ᠥᠪᠥᠷ ᠮᠣᠩᠭᠤᠯ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ ᠴᠢᠨᠠᠷ ᠰᠠᠶᠢᠲᠠᠢ ᠬᠥᠭᠵᠢᠯᠲᠡ ᠪᠠᠨ ᠠᠬᠢᠭᠤᠯᠬᠤ ᠶᠢ ᠳᠡᠮᠵᠢᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ ︾ ︵ ᠪᠠᠶᠢᠭᠠᠯᠢ ᠡᠬᠢ ᠵᠠᠬᠢᠳᠠᠯ ﹇2024 ﹈ 224 ᠳ᠋ᠦ᠋ᠭᠡᠷ ᠲᠣᠭᠠᠲᠤ ︶᠎ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠴᠢᠩᠭ᠎ᠠ ᠠᠳᠬᠤᠨ᠂ ᠠᠭᠤᠷᠬᠠᠢ ᠶᠢᠨ ᠡᠬᠢ ᠪᠠᠶᠠᠯᠢᠭ ᠢ ᠬᠡᠷᠡᠭᠯᠡᠬᠦ ᠡᠷᠬᠡ ᠪᠠᠨ ᠤᠯᠠᠮ ᠨᠢᠭᠡ ᠠᠯᠬᠤᠮ ᠬᠥᠭᠵᠢᠭᠡᠵᠦ᠂ ᠪᠥᠬᠦ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠷᠥᠯ ᠵᠦᠢᠯ ᠳᠤ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠶᠢᠨ ᠭᠠᠷᠳᠠᠮ ᠢ ᠭᠦᠢᠴᠡᠳᠬᠡᠬᠦ ᠪᠠᠨ ᠬᠠᠤᠯᠢ ᠲᠣᠭᠲᠠᠭᠠᠯ ᠶᠣᠰᠣᠭᠠᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠰᠠᠭᠤᠳᠠᠯ ᠤᠳ ᠢ ᠳᠣᠣᠷᠠᠬᠢ ᠮᠡᠲᠦ ᠮᠡᠳᠡᠭᠳᠡᠪᠡ᠃

      ᠨᠢᠭᠡ᠂ ︽ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ ᠳᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ ︾ ︵ ᠥᠪᠥᠷ ᠵᠠᠰᠠᠭ ᠠᠯᠪᠠᠨ ᠲᠠᠷᠬᠠᠭᠠᠭᠰᠠᠨ ﹇2021 ﹈ 7 ᠳ᠋ᠤᠭᠠᠷ ᠲᠣᠭᠠᠲᠤ ︶ ᠪᠠ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶᠠᠨ ᠤ ︽ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠨᠤᠲᠤᠭ ᠪᠡᠯᠴᠢᠭᠡᠷ ᠣᠶᠢᠲᠤ ᠭᠠᠵᠠᠷ ᠤᠨ ᠬᠤᠪᠢᠶᠠᠷᠢᠯᠠᠯ ᠤᠨ ᠬᠡᠷᠡᠭᠴᠡᠭᠡᠨ ᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠬᠦ ᠲᠤᠬᠠᠢ ᠮᠡᠳᠡᠭᠳᠡᠯ ︾ ︵ ᠥᠪᠥᠷ ᠣᠢ ᠪᠡᠯᠴᠢᠭᠡᠷ ᠪᠡᠯᠴᠢᠭᠡᠷ ᠬᠢᠨᠠᠯᠲᠠ ᠲᠠᠷᠬᠠᠭᠠᠭᠰᠠᠨ ﹇2021 ﹈ 257 ᠳ᠋ᠤᠭᠠᠷ ᠲᠣᠭᠠᠲᠤ ︶ ᠵᠡᠷᠭᠡ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ᠂ ︽ᠰᠢᠨ᠎ᠡ ᠨᠡᠭᠡᠭᠡᠭᠰᠡᠨ ᠵᠠᠳᠠᠭᠠᠢ ᠠᠭᠤᠷᠬᠠᠢ ︾ ᠭᠡᠳᠡᠭ ᠨᠢ 2021 ᠣᠨ ᠤ 2 ᠳ᠋ᠤᠭᠠᠷ ᠰᠠᠷ᠎ᠠ ᠶᠢᠨ 6᠎ ᠤ ᠡᠳᠦᠷ ᠥᠪᠥᠷ ᠵᠠᠰᠠᠭ ᠠᠯᠪᠠᠨ ᠲᠠᠷᠬᠠᠭᠠᠭᠰᠠᠨ ﹇2021 ﹈ 7 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ ᠰᠢᠨ᠎ᠡ ᠬᠤᠳᠠᠯᠳᠤᠨ ᠰᠢᠯᠵᠢᠭᠦᠯᠦᠭᠰᠡᠨ ᠵᠠᠳᠠᠭᠠᠢ ᠠᠷᠭ᠎ᠠ ᠮᠠᠶ᠋ᠢᠭ ᠢᠶᠠᠷ ᠨᠡᠭᠡᠭᠡᠵᠦ ᠮᠠᠯᠲᠠᠭᠰᠠᠨ ᠠᠭᠤᠷᠬᠠᠢ ᠶᠢᠨ ᠡᠬᠢ ᠪᠠᠶᠠᠯᠢᠭ ᠢ ᠬᠡᠷᠡᠭᠯᠡᠬᠦ ᠡᠷᠬᠡ ᠲᠠᠢ ᠲᠥᠷᠥᠯ ᠵᠦᠢᠯ ᠢ ᠵᠢᠭᠠᠵᠤ ᠪᠣᠶ︔ ᠥᠪᠥᠷ ᠵᠠᠰᠠᠭ ᠠᠯᠪᠠᠨ ᠲᠠᠷᠬᠠᠭᠠᠭᠰᠠᠨ ﹇2021 ﹈ 7 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠬᠦ ᠠᠴᠠ ᠡᠮᠦᠨ᠎ᠡ ᠨᠢᠭᠡᠨᠲᠡ ᠠᠭᠤᠷᠬᠠᠢ ᠬᠠᠶᠢᠬᠤ ᠡᠷᠬᠡ᠂ ᠠᠭᠤᠷᠬᠠᠢ ᠬᠠᠶᠢᠬᠤ ᠡᠷᠬᠡ ᠪᠠᠨ ᠠᠭᠤᠷᠬᠠᠢ ᠮᠠᠯᠲᠠᠬᠤ ᠡᠷᠬᠡ ᠪᠣᠯᠭᠠᠨ ᠰᠢᠯᠵᠢᠭᠦᠯᠦᠭᠰᠡᠨ᠂ ᠠᠭᠤᠷᠬᠠᠢ ᠮᠠᠯᠲᠠᠬᠤ ᠡᠷᠬᠡ᠂ ᠡᠰᠡᠬᠦᠯ᠎ᠡ ᠵᠠᠬ᠎ᠠ ᠳᠡᠯᠭᠡᠭᠦᠷ ᠢᠶᠠᠷ ᠬᠤᠳᠠᠯᠳᠤᠨ ᠰᠢᠯᠵᠢᠭᠦᠯᠦᠭᠰᠡᠨ᠂ ᠠᠭᠤᠷᠬᠠᠢ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠪᠠᠨ ᠬᠤᠳᠠᠯᠳᠤᠨ ᠰᠢᠯᠵᠢᠭᠦᠯᠦᠭᠰᠡᠨ ᠠᠰᠢᠭ ᠣᠯᠵᠠᠪᠤᠷᠢ ᠶᠢ ᠨᠢ ᠲᠤᠰᠢᠶᠠᠭᠰᠠᠨ ᠠᠭᠤᠷᠬᠠᠢ ᠶᠢᠨ ᠡᠬᠢ ᠪᠠᠶᠠᠯᠢᠭ ᠤᠨ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠲᠥᠷᠥᠯ ᠵᠦᠢᠯ ᠢ ᠬᠠᠤᠯᠢ ᠶᠣᠰᠣᠭᠠᠷ ᠣᠯᠣᠭᠰᠠᠨ ᠪᠠᠶᠢᠪᠠᠯ᠂ ᠰᠢᠨ᠎ᠡ ᠨᠡᠭᠡᠭᠡᠭᠰᠡᠨ ᠠᠭᠤᠷᠬᠠᠢ ᠪᠠᠷ ᠲᠣᠭᠲᠠᠭᠠᠬᠤ ᠦᠭᠡᠢ ︔ ︽ᠨᠤᠲᠤᠭ ᠪᠡᠯᠴᠢᠭᠡᠷ ᠤᠨ ᠠᠮᠢ ᠠᠬᠤᠢ ᠶᠢᠨ ᠤᠯᠠᠭᠠᠨ ᠱᠤᠭᠤᠮ ᠤᠨ ᠳᠣᠲᠣᠷ᠎ᠠ ︾ ᠭᠡᠳᠡᠭ ᠨᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠣᠲᠣᠷᠠᠬᠢ ᠨᠤᠲᠤᠭ ᠪᠡᠯᠴᠢᠭᠡᠷ ᠪᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠠᠴᠠ ᠭᠠᠳᠠᠨᠠᠬᠢ ᠦᠨᠳᠦᠰᠦᠨ ᠨᠤᠲᠤᠭ ᠪᠡᠯᠴᠢᠭᠡᠷ ᠢ ᠵᠢᠭᠠᠵᠤ ᠪᠣᠢ᠂ ᠡᠭᠦᠨ ᠠᠴᠠ ᠪᠤᠰᠤᠳ ᠨᠤᠲᠤᠭ ᠪᠡᠯᠴᠢᠭᠡᠷ ᠨᠢ ᠡᠩ ᠤᠨ ᠨᠤᠲᠤᠭ ᠪᠡᠯᠴᠢᠭᠡᠷ ᠲᠤ ᠬᠠᠷᠢᠶᠠᠯᠠᠭᠳᠠᠬᠤ ᠪᠣᠯᠬᠤᠷ᠂ ᠨᠤᠲᠤᠭ ᠪᠡᠯᠴᠢᠭᠡᠷ ᠤᠨ ᠬᠤᠪᠢᠶᠠᠷᠢᠯᠠᠯ ᠤᠨ ᠬᠡᠷᠡᠭᠴᠡᠭᠡᠨ ᠤ ᠬᠠᠮᠢᠶᠠᠷᠤᠨ ᠡᠵᠡᠮᠳᠡᠬᠦ ᠳᠦᠷᠢᠮ ᠢ ᠬᠡᠷᠡᠭᠵᠢᠭᠦᠯᠬᠦ ᠬᠡᠷᠡᠭᠲᠡᠢ᠃

      ᠬᠤᠶᠠᠷ᠂ ᠥᠪᠥᠷ ᠵᠠᠰᠠᠭ ᠠᠯᠪᠠᠨ ᠲᠠᠷᠬᠠᠭᠠᠭᠰᠠᠨ ﹇2021 ﹈ 7 ᠳ᠋ᠤᠭᠠᠷ ᠲᠣᠭᠠᠲᠤ ᠶᠢ ᠳᠠᠷᠤᠮᠠᠯᠯᠠᠨ ᠶᠠᠪᠤᠭᠤᠯᠬᠤ ᠠᠴᠠ ᠡᠮᠦᠨ᠎ᠡ ᠨᠢᠭᠡᠨᠲᠡ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠲᠣᠬᠢᠷᠠᠭᠤᠯᠤᠭᠠᠳ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠭᠤᠷᠬᠠᠢ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠪᠥᠭᠡᠮᠨᠡᠷᠡᠯ ᠳᠤ ᠴᠢᠬᠤᠯᠠ ᠶᠡᠭᠡ ᠲᠤᠯᠭᠠᠭᠤᠷᠢᠯᠠᠬᠤ ᠦᠢᠯᠡᠳᠦᠯ ᠲᠠᠢ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢᠨ ᠲᠥᠷᠥᠯ ᠵᠦᠢᠯ ︵ ᠠᠮᠢ ᠠᠬᠤᠢ ᠣᠷᠴᠢᠨ ᠲᠣᠭᠤᠷᠢᠨ ᠢ ᠶᠡᠭᠡ ᠪᠠᠷ ᠡᠪᠳᠡᠭᠰᠡᠨ᠂ ᠣᠷᠣᠨ ᠨᠤᠲᠤᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠳᠣᠣᠷ᠎ᠠ ᠪᠠᠶᠢᠭ᠎ᠠ ᠵᠠᠳᠠᠭᠠᠢ ᠨᠡᠭᠡᠭᠡᠨ ᠮᠠᠯᠲᠠᠬᠤ ᠲᠥᠷᠥᠯ ᠵᠦᠢᠯ ᠠᠴᠠ ᠭᠠᠳᠠᠨ᠎ᠠ ︶ ᠪᠣᠯᠬᠤ᠂ ᠲᠡᠭᠡᠬᠦ ᠮᠥᠷᠲᠡᠭᠡᠨ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠦᠭᠡᠢ ᠪᠠᠶᠢᠪᠠᠯ᠂ ᠨᠤᠲᠤᠭ ᠪᠡᠯᠴᠢᠭᠡᠷ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢᠴᠡᠳᠬᠡᠬᠦ ᠶᠢ ᠳᠡᠰ ᠳᠠᠷᠠᠭᠠᠯᠠᠯ ᠲᠠᠢ ᠪᠠᠷ ᠠᠬᠢᠭᠤᠯᠵᠤ ᠪᠣᠯᠣᠨ᠎ᠠ᠃

      ᠭᠤᠷᠪᠠ᠂ ᠡᠬᠢ ᠪᠠᠶᠠᠯᠢᠭ ᠢᠶᠠᠨ ᠡᠷᠴᠢᠮᠵᠢᠭᠦᠯᠦᠨ ᠠᠷᠪᠢᠲᠠᠢ ᠠᠰᠢᠭᠯᠠᠬᠤ ᠶᠢ ᠠᠬᠢᠭᠤᠯᠬᠤ ᠶᠢᠨ ᠲᠤᠰᠠᠳᠠ᠂ ᠨᠡᠭᠦᠷᠡᠰᠦᠨ ᠤ ᠦᠢᠷᠡᠮᠡᠭ ᠤᠨ ᠡᠬᠢ ᠪᠠᠶᠠᠯᠢᠭ ︵ ᠨᠡᠭᠦᠷᠡᠰᠦᠨ ᠤ ᠠᠭᠤᠷᠬᠠᠢ ᠶᠢᠨ ᠲᠣᠭᠤᠷᠢᠭ ᠤᠨ ᠶᠡᠷᠦᠩᠬᠡᠢ ᠲᠥᠯᠦᠪᠵᠢᠭᠦᠯᠭᠡ ᠳᠤ ᠲᠣᠬᠢᠷᠠᠭᠤᠯᠤᠭᠰᠠᠨ ᠨᠡᠭᠦᠷᠡᠰᠦᠨ ᠤ ᠠᠭᠤᠷᠬᠠᠢ ᠶᠢᠨ ᠠᠢ ᠰᠠᠪᠠ ᠶᠢᠨ ᠬᠡᠪᠴᠢᠶ᠎ᠡ ᠬᠢᠭᠡᠳ ᠲᠣᠬᠢᠷᠠᠭᠤᠯᠤᠭᠠᠳ ᠪᠠᠶᠢᠭ᠎ᠠ ᠨᠡᠭᠦᠷᠡᠰᠦᠨ ᠤ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢᠨ ᠬᠡᠪᠴᠢᠶᠡᠨ ᠳᠠᠬᠢ ᠬᠡᠯᠪᠡᠷᠢ ᠳᠦᠷᠰᠦ ᠨᠢ ᠡᠮᠬᠢ ᠦᠭᠡᠢ᠂ ᠲᠠᠯᠠᠪᠠᠶ ᠨᠢ ᠨᠡᠯᠢᠶᠡᠳ ᠪᠠᠭ᠎ᠠ᠂ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠨᠢ ᠲᠤᠰᠠᠭᠠᠷ ᠬᠤᠪᠢᠶᠠᠷᠢᠯᠠᠬᠤ ᠳᠤ ᠲᠣᠬᠢᠷᠠᠬᠤ ᠦᠭᠡᠢ᠂ ᠭᠡᠪᠡᠴᠦ ᠮᠥᠨ ᠬᠦ ᠡᠬᠢ ᠪᠠᠶᠠᠯᠢᠭ ᠤᠨ ᠨᠥᠭᠡᠴᠡ ᠲᠠᠢ ᠪᠠᠶᠢᠭ᠎ᠠ ᠬᠤᠭᠤᠰᠤᠨ ᠣᠷᠣᠨ ︶᠎ ᠨᠢ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠳᠤ ᠬᠤᠯᠪᠣᠭᠳᠠᠭᠰᠠᠨ ᠪᠠᠶᠢᠪᠠᠯ᠂ ᠨᠡᠭᠦᠷᠡᠰᠦᠨ ᠤ ᠦᠢᠷᠡᠮᠡᠭ ᠤᠨ ᠡᠬᠢ ᠪᠠᠶᠠᠯᠢᠭ ᠢ ᠬᠤᠳᠠᠯᠳᠤᠨ ᠰᠢᠯᠵᠢᠭᠦᠯᠬᠦ ᠵᠢᠴᠢ ᠬᠤᠶᠢᠰᠢᠳᠠ ᠡᠷᠬᠢᠨ ᠲᠣᠭᠤᠷᠢᠨ ᠳᠤ ᠨᠢ ᠲᠣᠬᠢᠷᠠᠭᠤᠯᠤᠭᠠᠳ ᠪᠠᠶᠢᠭ᠎ᠠ ᠠᠭᠤᠷᠬᠠᠢ ᠮᠠᠯᠲᠠᠬᠤ ᠡᠷᠬᠡ ᠯᠦᠭᠡ ᠡᠮᠬᠢᠯᠡᠨ ᠨᠡᠶᠢᠯᠡᠭᠦᠯᠬᠦ ᠭᠠᠷᠳᠠᠮ ᠭᠦᠢᠴᠡᠳᠬᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃

      ᠳᠥᠷᠪᠡ᠂ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠬᠦ ᠯᠦᠭᠡ ᠬᠤᠯᠪᠣᠭᠳᠠᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠲᠥᠷᠥᠯ ᠵᠦᠢᠯ ᠳᠤ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠢᠶᠠᠷ ᠳᠠᠬᠢᠵᠤ ᠢᠯᠭᠠᠬᠤ ᠦᠭᠡᠢ᠂ ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠠᠬᠢ ︽ᠦᠨᠳᠦᠰᠦᠨ ᠨᠤᠲᠤᠭ ᠪᠡᠯᠴᠢᠭᠡᠷ ᠲᠤ ᠬᠠᠤᠯᠢ ᠲᠣᠭᠲᠠᠭᠠᠯ ᠶᠣᠰᠣᠭᠠᠷ ᠵᠥᠪᠰᠢᠶᠡᠷᠡᠭᠦᠯᠦᠭᠰᠡᠨ ᠤᠯᠤᠰ ᠤᠨ ᠴᠢᠬᠤᠯᠠ ᠶᠡᠭᠡ ᠠᠭᠤᠷᠬᠠᠢ ᠶᠢᠨ ᠡᠬᠢ ᠪᠠᠶᠠᠯᠢᠭ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠲᠥᠷᠥᠯ ᠵᠦᠢᠯ ᠢ ᠰᠢᠨ᠎ᠡ ᠪᠠᠷ ᠲᠣᠬᠢᠷᠠᠭᠤᠯᠬᠤ ᠶᠢ ᠨᠢ ᠵᠥᠪᠰᠢᠶᠡᠷᠡᠨ᠎ᠡ ︾᠂ ᠪᠠᠶᠢᠭᠠᠯᠢ ᠡᠬᠢ ᠵᠠᠬᠢᠳᠠᠯ ﹇2024﹈ 224 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠳᠠᠬᠢ ︽ᠦᠨᠳᠦᠰᠦᠨ ᠨᠤᠲᠤᠭ ᠪᠡᠯᠴᠢᠭᠡᠷ ᠲᠤ ᠬᠠᠤᠯᠢ ᠲᠣᠭᠲᠠᠭᠠᠯ ᠶᠣᠰᠣᠭᠠᠷ ᠵᠥᠪᠰᠢᠶᠡᠷᠡᠭᠦᠯᠦᠭᠰᠡᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠲᠥᠷᠥᠯ ᠵᠦᠢᠯ ᠢ ᠰᠢᠨ᠎ᠡ ᠪᠠᠷ ᠲᠣᠬᠢᠷᠠᠭᠤᠯᠬᠤ ᠶᠢ ᠨᠢ ᠵᠥᠪᠰᠢᠶᠡᠷᠡᠨ᠎ᠡ ︾ ᠭᠡᠰᠡᠨ ᠲᠣᠭᠲᠠᠭᠠᠯ ᠶᠣᠰᠣᠭᠠᠷ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢᠴᠡᠳᠬᠡᠬᠦ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠬᠤ ᠬᠡᠷᠡᠭᠲᠡᠢ᠃

      ᠲᠠᠪᠤ᠂ ︽ᠬᠠᠶᠢᠷ ᠴᠢᠯᠠᠭᠤ ᠨᠡᠭᠡᠭᠡᠨ ᠮᠠᠯᠲᠠᠬᠤ ᠬᠠᠮᠢᠶᠠᠷᠤᠯᠲᠠ ᠶᠢ ᠵᠢᠷᠤᠮᠵᠢᠭᠤᠯᠤᠨ ᠲᠡᠭᠦᠯᠳᠡᠷᠵᠢᠭᠦᠯᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︾ ︵ ᠪᠠᠶᠢᠭᠠᠯᠢ ᠡᠬᠢ ᠲᠠᠷᠬᠠᠭᠠᠭᠰᠠᠨ ﹇2023 ﹈ 57 ᠳ᠋ᠤᠭᠠᠷ ᠲᠣᠭᠠᠲᠤ ︶᠂ ︽ᠠᠭᠤᠷᠬᠠᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠦᠢᠯᠡᠰ ᠤᠳ ᠤᠨ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠨᠠᠯ ︾ ︵ ᠪᠠᠶᠢᠭᠠᠯᠢ ᠡᠬᠢ ᠲᠥᠯᠦᠪᠵᠢᠭᠦᠯᠭᠡ ﹇2023﹈ 6 ᠳ᠋ᠤᠭᠠᠷ ᠲᠣᠭᠠᠲᠤ ︶᠎ ᠳᠠᠬᠢ ᠬᠠᠶᠢᠷ ᠰᠢᠷᠣᠢ ᠶᠢᠨ ᠠᠭᠤᠷᠬᠠᠢ ᠮᠠᠯᠲᠠᠬᠤ ᠡᠷᠬᠡ ᠲᠠᠢ ︽ᠴᠡᠪᠡᠷ ᠠᠭᠤᠷᠬᠠᠢ ︾᠎ ᠶᠢ ᠰᠢᠯᠵᠢᠭᠦᠯᠦᠨ ᠬᠤᠳᠠᠯᠳᠤᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠴᠢᠬᠤᠯᠠ ᠶᠡᠭᠡ ᠲᠥᠷᠥᠯ ᠵᠦᠢᠯ ᠵᠢᠴᠢ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠬᠠᠶᠢᠷ ᠰᠢᠷᠣᠢ ᠶᠢᠨ ᠠᠭᠤᠷᠬᠠᠢ ᠨᠢ ᠦᠨᠳᠦᠰᠦᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠰᠡᠨ ᠦᠭᠡᠢ ᠪᠠᠶᠢᠪᠠᠯ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠵᠡᠷᠭᠡ ᠭᠠᠷᠳᠠᠮ ᠭᠦᠢᠴᠡᠳᠬᠡᠬᠦ ᠶᠢ ᠨᠢ ᠤᠷᠢᠳ ᠢᠶᠠᠷ ᠠᠬᠢᠭᠤᠯᠵᠤ ᠪᠣᠯᠣᠨ᠎ᠠ᠃

      ᠵᠢᠷᠭᠤᠭ᠎ᠠ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠡᠵᠡᠯᠡᠨ ᠬᠡᠷᠡᠭᠯᠡᠬᠦ ᠯᠦᠭᠡ ᠬᠤᠯᠪᠣᠭᠳᠠᠭᠰᠠᠨ ᠠᠴᠠ ᠪᠡᠯᠡ ᠣᠷᠣᠭᠤᠯᠤᠯᠲᠠ ᠶᠢᠨ ᠮᠠᠷᠭᠤᠯᠳᠤᠭᠠᠨ ᠡᠭᠦᠰᠦᠭᠰᠡᠨ ᠪᠠᠶᠢᠪᠠᠯ᠂ ᠨᠢᠭᠡ ᠨᠢᠭᠡ ᠤᠴᠢᠷ ᠢᠶᠠᠷ ᠵᠥᠪᠯᠡᠬᠦ ᠠᠷᠭ᠎ᠠ ᠮᠠᠶ᠋ᠢᠭ ᠢ ᠬᠡᠷᠡᠭᠯᠡᠨ᠂ ᠳᠡᠰ ᠳᠠᠷᠠᠭᠠᠯᠠᠯ ᠤᠨ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃

2024 ᠣᠨ ᠤ 7 ᠳ᠋ᠤᠭᠠᠷ ᠰᠠᠷ᠎ᠠ ᠶᠢᠨ 3᠎ ᠤ ᠡᠳᠦᠷ

      ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶


ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

2024 ᠣᠨ ᠤ 7 ᠳ᠋ᠤᠭᠠᠷ ᠰᠠᠷ᠎ᠠ ᠶᠢᠨ 3᠎ ᠤ ᠡᠳᠦᠷ ᠳᠠᠷᠤᠮᠠᠯᠯᠠᠨ ᠲᠠᠷᠬᠠᠭᠠᠪᠠ



ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ