ᠬᠥᠬᠡᠬᠤᠲᠠ ᠶᠢᠨ ᠬᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠᠷ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠪᠤᠲᠠᠲᠠᠶᠢᠵᠢᠭᠤᠯᠬᠤ ᠶᠢ ᠳᠡᠮᠵᠢᠵᠦ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/8/26

      ᠬᠥᠬᠡᠬᠤᠲᠠ ᠶᠢᠨ ᠬᠢᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠᠷ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠪᠤᠲᠠᠲᠠᠶᠢᠵᠢᠭᠤᠯᠬᠤ ᠶᠢ ᠳᠡᠮᠵᠢᠵᠦ ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠢ ᠨᠡᠪᠲᠡᠷᠡᠭᠦᠯᠪᠡ ᠃ ᠨᠢᠭᠡ ᠳᠤ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠬᠠᠮᠤᠷᠬᠤ ᠬᠡᠪᠴᠢᠶ᠎ᠡ ᠶᠢ ᠦᠷᠭᠡᠳᠬᠡᠪᠡ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠴᠡᠭ ᠲᠣᠭᠲᠠᠭᠠᠭᠰᠠᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠲᠦᠯᠲᠡᠢ ᠲᠦᠯᠦᠪᠯᠡᠬᠦ ᠳᠤ ᠣᠷᠣᠭᠤᠯᠪᠠ︔ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ 11 ᠵᠦᠢᠯ ᠤᠨ ᠵᠠᠷᠤᠳᠠᠯ ᠢ ᠴᠡᠭ ᠲᠣᠭᠲᠠᠭᠠᠭᠰᠠᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠡᠬᠢᠯᠡᠵᠦ ᠲᠥᠯᠥᠬᠦ ᠱᠤᠭᠤᠮ ᠦᠭᠡᠢ ᠪᠣᠯᠭᠠᠵᠤ ᠂ 100%᠎ ᠪᠠᠷ ᠲᠠᠩᠰᠠ ᠲᠠᠶᠢᠯᠬᠤ ᠶᠢ ᠪᠡᠶᠡᠯᠡᠭᠦᠯᠪᠡ ᠃ ᠣᠲᠣ ᠪᠣᠯᠲᠠᠯ᠎ᠠ᠂ ᠪᠥᠬᠦ ᠬᠤᠲᠠ ᠳᠤ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠬᠥᠮᠥᠨ ᠤ ᠲᠤᠭ᠎ᠠ ᠎ ᠨᠢ 194.17 ᠲᠦᠮᠡ ᠳᠤ ᠬᠦᠷᠴᠡᠢ᠃ ᠬᠤᠶᠠᠷ ᠲᠤ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠤᠨ᠎ᠠ᠃ ᠪᠥᠬᠦ ᠬᠤᠲᠠ ᠳᠤ ᠭᠡᠷ ᠪᠦᠯᠢ ᠶᠢᠨ ᠡᠮᠴᠢ ᠶᠢᠨ 884 ᠪᠦᠯᠬᠦᠮ ᠢ ᠵᠣᠬᠢᠶᠠᠨ ᠪᠠᠶᠢᠭᠤᠯᠵᠤ᠂ 10 ᠵᠦᠢᠯ ᠤᠨ ᠬᠡᠷᠡᠭᠴᠡᠭᠡ ᠱᠠᠭᠠᠷᠳᠠᠯᠭᠠᠲᠦ ᠦᠢᠯᠡᠴᠢᠯᠡᠭᠡᠨ ᠤ ᠪᠣᠭᠤᠳᠠᠯ ᠲᠣᠭᠲᠠᠭᠠᠨ᠂ ᠭᠤᠷᠪᠠᠳᠤᠭᠠᠷ ᠳᠡᠰ ᠤᠨ ᠬᠥᠬᠡ ᠵᠡᠷᠭᠡ ᠶᠢᠨ 7 ᠡᠮᠨᠡᠯᠭᠡ ᠶᠢᠨ ᠬᠤᠷᠢᠶᠠᠨ ᠤ ᠳᠡᠳ᠋ ᠡᠷᠬᠢᠯᠡᠭᠴᠢ ᠵᠢᠴᠢ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠤᠯᠠ ᠲᠠᠢ 115 ᠡᠮᠴᠢ ᠨᠡᠶᠢᠲᠡ 1183 ᠤᠳᠠᠭ᠎ᠠ ᠡᠮᠴᠢᠯᠡᠭᠡ ᠬᠢᠭᠰᠡᠨ ᠪᠠ ᠡᠷᠦᠬᠡ ᠳᠤ ᠬᠦᠷᠴᠦ ᠵᠢᠭᠠᠨ ᠵᠢᠯᠤᠭᠤᠳᠴᠤ᠂ ᠠᠰᠢᠭ ᠬᠦᠷᠲᠡᠭᠰᠡᠨ ᠣᠯᠠᠨ ᠲᠦᠮᠡᠨ 3.2 ᠲᠦᠮᠡᠨ ᠬᠥᠮᠥᠨ ᠤᠳᠠᠭ᠎ᠠ ᠳᠤ ᠬᠦᠷᠪᠡ ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠦᠢᠯᠡᠴᠢᠯᠡᠭᠡ ᠶᠢ 2.9 ᠲᠦᠮᠡᠨ ᠬᠥᠮᠥᠨ ᠤᠳᠠᠭ᠎ᠠ ᠬᠠᠩᠭᠠᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠡᠭᠦᠳᠡᠨ ᠡᠮᠨᠡᠯᠭᠡ ᠶᠢᠨ ᠡᠮᠴᠢᠯᠡᠭᠡ ᠶᠢ 11.7 ᠲᠦᠮᠡᠨ ᠬᠥᠮᠥᠨ ᠤᠳᠠᠭ᠎ᠠ ᠥᠷᠨᠢᠭᠦᠯᠵᠦ᠂ ᠠᠳᠠᠯᠢ ᠬᠤᠭᠤᠴᠠᠭᠠᠨ ᠤ ᠬᠢ ᠠᠴᠠ ᠪᠠᠨ 32.2%᠎ ᠢᠶᠠᠷ ᠨᠡᠮᠡᠭᠳᠡᠪᠡ᠃ ᠭᠤᠷᠪᠠ ᠳᠤ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠤᠯᠤᠰ ᠤᠨ ᠲᠤᠷᠰᠢᠯᠲᠠ ᠶᠢᠨ ᠴᠡᠭ ᠢ ᠬᠡᠷᠡᠭᠵᠢᠭᠦᠯᠪᠡ᠃ ᠰᠢᠨ᠎ᠡ ᠬᠤᠲᠠ ᠲᠣᠭᠤᠷᠢᠭ ᠤᠨ ᠬᠠᠭᠤᠴᠢᠨ ᠠᠶᠢᠯ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ︽ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ ᠵᠠᠷᠤᠳᠠᠯ︾᠎ ᠤᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠦ᠂ ᠡᠪᠡᠳᠴᠢᠲᠡᠳ ᠲᠤ ᠥᠪᠡᠷᠮᠢᠴᠡ ᠮᠠᠶ᠋ᠢᠭ ᠤᠨ ᠡᠮ ᠬᠡᠷᠡᠭᠯᠡᠬᠦ ᠵᠢᠯᠣᠭᠤᠳᠤᠯᠭ᠎ᠠ ᠬᠢᠬᠦ ᠦᠢᠯᠡᠴᠢᠯᠡᠭᠡ ᠬᠠᠩᠭᠠᠪᠠ᠃ ᠣᠲᠣ ᠪᠣᠯᠲᠠᠯ᠎ᠠ᠂ ᠨᠢᠭᠡᠨᠲᠡ ᠡᠪᠡᠳᠴᠢᠲᠡᠳ ᠲᠤ 8482 ᠬᠥᠮᠥᠨ ᠤᠳᠠᠭ᠎ᠠ ᠦᠢᠯᠡᠴᠢᠯᠡᠵᠦ᠂ ᠵᠠᠷᠤᠯᠭ᠎ᠠ ᠶᠢᠨ ᠬᠠᠷᠠᠭᠠᠯᠵᠠᠯ ᠨᠢ 12.72 ᠲᠦᠮᠡᠨ ᠲᠥᠭᠦᠷᠢᠭ ᠲᠤ ᠬᠦᠷᠴᠡᠢ᠃ ︵ᠬᠥᠬᠡᠬᠤᠲᠠ ᠶᠢᠨ ᠵᠠᠰᠠᠭ ᠤᠨ ᠣᠷᠳᠣᠨ︶ 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ