ᠥᠪᠥᠷ ᠮᠣᠩᠭᠤᠯ ᠤᠨ ᠥᠪᠡᠷᠲᠡᠭᠡᠨ ᠵᠠᠰᠠᠬᠤ
ᠣᠷᠣᠨ ᠤ ᠠᠷᠠᠳ ᠤᠨ ᠵᠠᠰᠠᠭ ᠤᠨ ᠣᠷᠳᠣᠨ
ᠥᠪᠥᠷ ᠵᠠᠰᠠᠭ ᠦᠰᠦᠭ ﹇2024 ﹈ 131 ᠳ᠋ᠦ᠋ᠭᠡᠷ ᠲᠣᠭᠠᠲᠤ
2024 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ ᠤ ᠬᠤᠯᠪᠣᠭᠳᠠᠯ ᠪᠦᠬᠦᠢ
ᠤᠴᠢᠷ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠤᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠥᠬᠦ ᠣᠷᠣᠨ ᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠰᠠᠶᠢᠲᠤᠷ ᠪᠠᠲᠤᠯᠠᠵᠤ᠂ ᠠᠷᠠᠳ ᠣᠯᠠᠨ ᠤ ᠬᠦᠷᠲᠡᠮᠵᠢᠲᠦ ᠰᠡᠳᠬᠢᠭᠳᠡᠯ᠂ ᠵᠣᠯ ᠵᠢᠷᠭᠠᠯᠲᠤ ᠰᠡᠳᠬᠢᠭᠳᠡᠯ᠂ ᠠᠮᠤᠷ ᠲᠦᠪᠰᠢᠨ ᠰᠡᠳᠬᠢᠭᠳᠡᠯ ᠢ ᠨᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠤᠰᠠᠳᠠ᠂ ᠡᠳᠦᠭᠡ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠳᠤ ᠲᠥᠰᠥᠭᠡᠯᠡᠨ ᠵᠢᠱᠢᠵᠦ ᠲᠣᠭᠲᠠᠭᠠᠭᠰᠠᠨ 2024 ᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃
ᠨᠢᠭᠡ᠂ ᠬᠢᠨᠠᠨ ᠬᠠᠷᠭᠤᠭᠤᠯᠵᠤ ᠲᠣᠭᠲᠠᠭᠠᠭᠠᠳ ᠪᠠᠶᠢᠭ᠎ᠠ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ
2024 ᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ 2024 ᠣᠨ ᠤ 7 ᠳ᠋ᠤᠭᠠᠷ ᠰᠠᠷ᠎ᠠ ᠠᠴᠠ ᠡᠬᠢᠯᠡᠵᠦ ᠬᠡᠷᠡᠭᠵᠢᠭᠦᠯᠦᠨ᠎ᠡ ︵ᠡᠯ᠎ᠡ ᠠᠶᠢᠮᠠᠭ ᠬᠤᠲᠠ ᠶᠢᠨ ᠬᠡᠷᠡᠭᠵᠢᠭᠦᠯᠬᠦ ᠪᠠᠷᠢᠮᠵᠢᠶᠠᠨ ᠤ ᠨᠠᠷᠢᠨ ᠪᠠᠶᠢᠳᠠᠯ ᠢ ᠳᠠᠭᠠᠯᠳᠤᠭᠤᠯᠤᠯ ᠳᠤ ᠦᠵᠡᠭᠡᠷᠡᠢ︶᠃ ᠡᠯ᠎ᠡ ᠭᠠᠵᠠᠷ ᠣᠷᠣᠨ ᠤ ᠬᠢᠨ ᠴᠠᠭ ᠲᠤᠬᠠᠢ ᠳᠤ ᠨᠢ ᠨᠡᠶᠢᠭᠡᠮ ᠨᠡᠶᠢᠳᠡ ᠳᠤ ᠨᠡᠶᠢᠲᠡᠯᠡᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢ ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠣᠯᠭᠤᠵᠤ ᠥᠭᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠲᠣᠰ ᠣᠨ ᠳᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠳᠠᠬᠢᠨᠲᠠ ᠲᠣᠬᠢᠷᠠᠭᠤᠯᠬᠤ ᠴᠢᠬᠤᠯᠠ ᠲᠠᠢ ᠪᠠᠶᠢᠪᠠᠯ ᠡᠷᠬᠡᠪᠰᠢ ᠬᠤᠯᠪᠣᠭᠳᠠᠯ ᠪᠦᠬᠦᠢ ᠲᠠᠰ ᠳᠠᠷᠠᠭᠠᠯᠠᠯ ᠶᠣᠰᠣᠭᠠᠷ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠪᠠᠷᠢᠮᠵᠢᠶ᠎ᠠ ᠪᠠᠨ ᠳᠡᠭᠡᠭᠰᠢᠯᠡᠭᠦᠯᠦᠭᠰᠡᠨ ᠤ ᠳᠠᠷᠠᠭ᠎ᠠ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠪᠦᠷᠢ ᠶᠢᠨ ᠲᠦᠪᠰᠢᠨ ᠢ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶᠠᠨ ᠤ ᠨᠡᠮᠡᠭᠳᠡᠴᠡ ᠯᠦᠭᠡ ᠬᠠᠷᠢᠯᠴᠠᠨ ᠵᠣᠬᠢᠴᠠᠯᠳᠤᠭᠤᠯᠬᠤ ᠬᠡᠷᠡᠭᠲᠡᠢ᠂ ᠬᠠᠮᠢᠶ᠎ᠠ ᠪᠦᠬᠦᠢ ᠭᠠᠵᠠᠷ ᠣᠷᠣᠨ ᠨᠢ ᠪᠠᠲᠤᠯᠠᠭ᠎ᠠ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠦᠭᠰᠡᠨ ᠤ ᠳᠠᠷᠠᠭᠠᠬᠢ ᠰᠢᠨ᠎ᠡ ᠪᠠᠷ ᠭᠤᠶᠤᠴᠢᠯᠠᠭᠰᠠᠨ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠭᠦᠷᠲᠡᠬᠦ ᠵᠢᠴᠢ ᠣᠨᠴᠠ ᠬᠦᠴᠢᠷᠳᠡᠯᠲᠡᠢ ᠬᠥᠮᠥᠰ ᠤᠨ ᠭᠡᠷ ᠪᠦᠯᠢ ᠶᠢᠨ ᠬᠢᠨ ᠤ ᠣᠷᠣᠯᠭ᠎ᠠ ᠶᠢ ᠲᠥᠰᠥᠭᠡᠯᠡᠨ ᠪᠣᠳᠣᠬᠤ ᠪᠠ ᠤᠤᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠤᠨ ᠨᠥᠬᠦᠪᠦᠷᠢ ᠶᠢᠨ ᠪᠠᠷᠢᠮᠵᠢᠶ᠎ᠠ ᠶᠢ ᠨᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠪᠠᠲᠤᠯᠠᠪᠠᠰᠤ ᠵᠣᠬᠢᠬᠤ ᠶᠢ ᠨᠢ ᠴᠢᠳᠠᠬᠤ ᠶᠢᠨ ᠳᠣᠲᠣᠷ᠎ᠠ ᠪᠠᠲᠤᠯᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃
ᠬᠤᠶᠠᠷ᠂ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ ᠤ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ
ᠡᠯ᠎ᠡ ᠭᠠᠵᠠᠷ ᠣᠷᠣᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ︽ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶᠠᠨ ᠤ ᠲᠣᠭᠲᠠᠭᠠᠨ ᠲᠣᠬᠢᠷᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠵᠢᠯᠣᠭᠤᠳᠬᠤ ᠰᠠᠨᠠᠯ︾ ︵ᠠᠷᠠᠳ ᠲᠠᠷᠬᠠᠭᠠᠭᠰᠠᠨ ﹇2024 ﹈ 16 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠣᠰ ᠤᠳᠠᠭᠠᠨ ᠤ ᠲᠣᠬᠢᠷᠠᠭᠤᠯᠤᠯᠲᠠ ᠯᠤᠭ᠎ᠠ ᠤᠶᠠᠯᠳᠤᠭᠤᠯᠵᠤ᠂ ᠲᠤᠷᠰᠢᠯᠭ᠎ᠠ ᠪᠠᠨ ᠢᠳᠡᠪᠬᠢᠲᠡᠢ ᠳ᠋ᠦᠩᠨᠡᠨ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶᠠᠨ ᠤ ᠲᠣᠭᠲᠠᠭᠠᠬᠤ ᠪᠠ ᠲᠣᠬᠢᠷᠠᠭᠤᠯᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠳᠡᠭᠡᠷ᠎ᠡ ᠣᠨ ᠤ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠬᠡᠷᠡᠭᠯᠡᠭᠡ ᠶᠢᠨ ᠵᠠᠷᠤᠯᠭ᠎ᠠ ᠯᠤᠭ᠎ᠠ ᠬᠤᠯᠪᠣᠭᠳᠠᠭᠤᠯᠵᠤ ᠪᠠᠶᠢᠭ᠎ᠠ ᠬᠡᠮᠵᠢᠶᠡᠵᠢᠭᠦᠯᠦᠭᠰᠡᠨ ᠬᠠᠷᠢᠴᠠᠯ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠥᠰᠥᠭᠡᠯᠡᠨ ᠪᠣᠳᠣᠵᠤ ᠲᠣᠭᠲᠠᠭᠠᠨ᠂ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠬᠢᠭᠡᠳ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ᠂ ᠠᠵᠢᠯ ᠠᠯᠳᠠᠭᠰᠠᠳ ᠤᠨ ᠳᠠᠭᠠᠳᠬᠠᠯ ᠢ ᠵᠣᠬᠢᠰᠲᠠᠢ ᠵᠣᠯᠭᠠᠭᠤᠯᠬᠤ ᠠᠵᠢᠯ ᠢ ᠴᠢᠩᠭᠠᠷᠠᠭᠤᠯᠤᠨ᠂ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ ᠤ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠢᠶᠠᠨ ᠬᠤᠲᠠ ᠬᠥᠳᠡᠭᠡ ᠪᠠᠷ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠂ ᠬᠦᠴᠢᠷᠳᠡᠯᠲᠡᠢ ᠣᠯᠠᠨ ᠲᠦᠮᠡᠨ ᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠳᠤ ᠪᠠᠨ ᠬᠦᠷᠲᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃
ᠭᠤᠷᠪᠠ᠂ ᠬᠦᠴᠢᠷᠳᠡᠯᠲᠡᠢ ᠣᠯᠠᠨ ᠲᠦᠮᠡᠨ ᠳᠤ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠣᠯᠭᠤᠬᠤ ᠶᠢ ᠵᠢᠷᠤᠮᠵᠢᠭᠤᠯᠬᠤ ᠬᠡᠷᠡᠭᠲᠡᠢ
ᠡᠯ᠎ᠡ ᠭᠠᠵᠠᠷ ᠣᠷᠣᠨ ᠨᠢ ᠡᠳ᠋ ᠤᠨ ᠵᠠᠰᠠᠭ ᠤᠨ ᠦᠯᠡᠳᠡᠭᠳᠡᠯ ᠪᠡᠯᠡ ᠮᠥᠩᠭᠦ ᠶᠢ ᠢᠳᠡᠪᠬᠢᠲᠡᠢ ᠭᠦᠢᠯᠭᠡᠭᠡᠨ ᠬᠥᠭᠵᠢᠭᠦᠯᠵᠦ᠂ ᠳ᠋ᠦᠩᠨᠡᠨ ᠰᠢᠯᠵᠢᠭᠦᠯᠦᠭᠡᠳ ᠦᠯᠡᠳᠡᠭᠰᠡᠨ ᠪᠡᠯᠡ ᠮᠥᠩᠭᠦ ᠶᠢ ᠲᠣᠬᠢᠷᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠬᠡᠷᠡᠭᠯᠡᠬᠦ ᠦᠷ᠎ᠡ ᠠᠰᠢᠭ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ ᠵᠢᠴᠢ ᠬᠠᠷᠢᠶ᠎ᠠ ᠬᠤᠰᠢᠭᠤ ᠰᠢᠶᠠᠨ ︵ ᠬᠤᠲᠠ᠂ ᠲᠣᠭᠤᠷᠢᠭ ︶ ᠨᠢ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠪᠠᠨ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠲᠡᠩᠬᠡᠷᠡᠭᠦᠯᠦᠨ ᠲᠤᠰᠠᠯᠠᠬᠤ ᠪᠡᠯᠡ ᠮᠥᠩᠭᠦᠨ ᠤ ᠣᠷᠤᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠪᠡᠯᠡ ᠮᠥᠩᠭᠦ ᠪᠠᠷ ᠳᠠᠭᠠᠭᠠᠨ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠬᠦᠴᠢᠷᠳᠡᠯᠲᠡᠢ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢᠨ ᠲᠥᠰᠥᠪ ᠤᠨ ᠬᠡᠷᠡᠭᠵᠢᠭᠦᠯᠦᠯᠲᠡ ᠪᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠᠨ ᠴᠢᠩᠭᠠᠷᠠᠭᠤᠯᠵᠤ᠂ ᠪᠡᠯᠡ ᠮᠥᠩᠭᠦᠨ ᠤ ᠵᠠᠷᠤᠯᠭ᠎ᠠ ᠶᠢᠨ ᠠᠬᠢᠴᠠ ᠪᠠᠨ ᠲᠦᠷᠭᠡᠳᠬᠡᠨ᠂ ᠣᠷᠣᠨ ᠨᠤᠲᠤᠭ ᠤᠨ ᠲᠥᠰᠥᠪ ᠲᠤ ᠪᠠᠶᠢᠭᠰᠠᠨ ᠴᠦ ᠵᠠᠷᠤᠬᠤ ᠦᠭᠡᠢ᠂ ᠪᠠᠶᠢᠭᠰᠠᠨ ᠴᠦ ᠪᠠᠭ᠎ᠠ ᠵᠠᠷᠤᠬᠤ ᠵᠢᠴᠢ ᠵᠢᠯ ᠤᠨ ᠡᠴᠦᠰ ᠲᠤ ︽ ᠵᠣᠭᠤᠰ ᠢᠶᠠᠨ ᠵᠠᠪᠳᠤᠨ ᠵᠠᠷᠤᠬᠤ ︾ ᠦᠵᠡᠭᠳᠡᠯ ᠭᠠᠷᠬᠤ ᠶᠢ ᠬᠤᠷᠢᠭᠯᠠᠬᠤ ᠬᠡᠷᠡᠭᠲᠡᠢ᠃
ᠳᠥᠷᠪᠡ᠂ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠰᠢᠨᠵᠢᠬᠦ ᠪᠠ ᠪᠠᠶᠢᠩᠭᠤᠵᠢᠭᠤᠯᠤᠭᠰᠠᠨ ᠲᠡᠩᠬᠡᠷᠡᠭᠦᠯᠦᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠬᠤ ᠬᠡᠷᠡᠭᠲᠡᠢ
ᠡᠯ᠎ᠡ ᠭᠠᠵᠠᠷ ᠣᠷᠣᠨ ᠨᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠦᠪᠰᠢᠨ ᠳᠤ ᠣᠶᠢᠷᠠᠳᠴᠤ ᠪᠠᠶᠢᠭ᠎ᠠ ᠭᠡᠷ ᠪᠦᠯᠢ᠂ ᠵᠠᠶᠢᠯᠠᠰᠢ ᠦᠭᠡᠢ ᠵᠠᠷᠤᠯᠭ᠎ᠠ ᠳᠤ ᠪᠠᠨ ᠬᠦᠴᠢᠷᠳᠡᠵᠦ ᠪᠠᠶᠢᠭ᠎ᠠ ᠭᠡᠷ ᠪᠦᠯᠢ ᠪᠠᠷ ᠮᠠᠭᠠᠳᠯᠠᠨ ᠲᠣᠭᠲᠠᠭᠠᠬᠤ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠢ ᠬᠥᠮᠥᠨ ᠠᠮᠠ ᠶᠢᠨ ᠮᠠᠭᠠᠳᠯᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠰᠢᠨᠵᠢᠬᠦ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠬᠥᠳᠡᠯᠦᠩᠭᠦᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤ ᠳᠤ ᠪᠠᠨ ᠬᠦᠷᠲᠡᠬᠦ ᠪᠠ ᠮᠡᠳᠡᠭᠡ ᠵᠠᠩᠭᠢ ᠶᠢ ᠬᠠᠷᠢᠴᠠᠭᠤᠯᠬᠤ ᠪᠠᠨ ᠥᠷᠭᠡᠵᠢᠭᠦᠯᠦᠨ ᠨᠡᠮᠡᠭᠳᠡᠭᠦᠯᠵᠦ᠂ ︽ᠨᠢᠭᠡ ᠰᠠᠯᠠᠭ᠎ᠠ ᠮᠥᠴᠢᠷ ᠢᠶᠠᠷ ᠬᠥᠮᠥᠷᠭᠡ ᠳᠤ ᠣᠷᠣᠭᠤᠯᠬᠤ᠂ ᠲᠡᠰ ᠳᠠᠪᠬᠤᠷᠭ᠎ᠠ ᠬᠤᠪᠢᠶᠠᠨ ᠬᠠᠮᠢᠶᠠᠷᠬᠤ᠂ ᠬᠥᠳᠡᠯᠦᠩᠭᠦᠢ ᠬᠢᠨᠠᠨ ᠰᠢᠨᠵᠢᠬᠦ᠂ ᠬᠡᠷᠡᠭᠴᠡᠭᠡ ᠶᠢ ᠨᠢ ᠦᠨᠳᠦᠰᠦᠯᠡᠵᠦ ᠲᠣᠬᠢᠷᠠᠯᠴᠠᠭᠤᠯᠵᠤ ᠶᠠᠪᠤᠭᠤᠯᠬᠤ︾ ᠪᠠᠶᠢᠩᠭᠤᠵᠢᠭᠤᠯᠤᠭᠰᠠᠨ ᠲᠡᠩᠬᠡᠷᠡᠭᠦᠯᠦᠨ ᠲᠤᠰᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠠᠷᠢᠯᠢᠭ ᠣᠨᠣᠴᠠᠲᠠᠢ ᠠᠪᠤᠷᠠᠨ ᠲᠤᠰᠠᠯᠠᠬᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠣᠷᠣᠯᠭ᠎ᠠ ᠪᠠᠭᠠᠲᠠᠢ ᠬᠥᠮᠥᠨ ᠠᠮᠠ ᠶᠢᠨ ᠲᠡᠩᠬᠡᠷᠡᠭᠦᠯᠦᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠠᠰᠠᠭ ᠤᠨ ᠣᠷᠳᠣᠨ ᠤ ᠲᠡᠩᠬᠡᠷᠡᠭᠦᠯᠦᠨ ᠲᠤᠰᠠᠯᠠᠬᠤ ᠪᠠ ᠨᠢᠭᠦᠯᠡᠰᠦᠩᠭᠦᠢ ᠶᠢᠨ ᠬᠢᠨ ᠤ ᠬᠠᠪᠰᠤᠷᠤᠨ ᠲᠡᠳᠬᠦᠬᠦ ᠶᠢ ᠪᠦᠲᠦᠮᠵᠢᠲᠡᠶ ᠵᠣᠯᠭᠠᠭᠤᠯᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠠ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ᠪᠤᠴᠠᠭᠠᠳ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠰᠢᠨᠵᠢᠯᠲᠡ ᠶᠢᠨ ᠲᠤᠭ᠎ᠠ ᠪᠠᠷᠢᠮᠲᠠ ᠶᠢᠨ ᠬᠠᠷᠢᠴᠠᠭᠤᠯᠤᠯ ᠤᠨ ᠬᠠᠮᠲᠤ ᠪᠠᠷ ᠬᠦᠷᠲᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠪᠤᠴᠠᠭᠠᠳ ᠶᠠᠳᠠᠭᠤᠷᠠᠬᠤ ᠠᠴᠠ ᠰᠡᠷᠭᠡᠶᠢᠯᠡᠬᠦ ᠳᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠲᠠᠷᠢᠶᠠᠯᠠᠬᠤ ᠮᠠᠯᠵᠢᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠳᠤ ᠪᠠᠶᠢᠩᠭᠤᠵᠢᠭᠤᠯᠤᠭᠰᠠᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠᠨ ᠵᠣᠯᠭᠠᠭᠤᠯᠤᠨ ᠨᠢᠭᠡᠳᠬᠡᠬᠦ ᠶᠢ ᠲᠦᠷᠭᠡᠳᠬᠡᠨ ᠠᠬᠢᠭᠤᠯᠵᠤ᠂ ᠬᠡᠪᠴᠢᠶᠡᠵᠢᠭᠰᠡᠨ ᠴᠢᠨᠠᠷᠲᠠᠢ ᠪᠤᠴᠠᠭᠠᠳ ᠶᠠᠳᠠᠭᠤᠷᠠᠬᠤ ᠦᠵᠡᠭᠳᠡᠯ ᠡᠭᠦᠰᠬᠦ ᠦᠭᠡᠢ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃
ᠳᠠᠭᠠᠯᠳᠤᠭᠤᠯᠤᠯ ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶᠠᠨ ᠤ ᠲᠣᠳᠣᠷᠬᠠᠢ ᠬᠦᠰᠦᠨᠦᠭᠲᠦ
附件+1+最低生活保障+.pdf
2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠤᠨ ᠪᠠᠷᠢᠮᠵᠢᠶᠠᠨ ᠤ ᠲᠣᠳᠣᠷᠬᠠᠢ ᠬᠦᠰᠦᠨᠦᠭᠲᠦ
附件+2+特困人员基本生活+.pdf
3.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠣᠨᠴᠠ ᠬᠦᠴᠢᠷᠳᠡᠯᠲᠡᠢ ᠬᠥᠮᠥᠰ ᠢ ᠠᠰᠠᠷᠠᠵᠤ ᠬᠠᠷᠠᠭᠠᠯᠵᠠᠨ ᠰᠤᠪᠢᠯᠠᠬᠤ ᠪᠠᠷᠢᠮᠵᠢᠶᠠᠨ ᠤ ᠲᠣᠳᠣᠷᠬᠠᠢ ᠬᠦᠰᠦᠨᠦᠭᠲᠦ
附件+3+特困人员照料护理.pdf
2024 ᠣᠨ ᠤ 6 ᠳ᠋ᠤᠭᠠᠷ ᠰᠠᠷ᠎ᠠ ᠶᠢᠨ 28 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶