|
ᠥᠪᠥᠷ ᠮᠣᠩᠭᠤᠯ ᠤᠨ 9 ᠠᠶᠢᠮᠠᠭ ᠬᠤᠲᠠ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ | ᠭᠦᠢᠴᠡᠳᠭᠡᠬᠦ︾ ᠪᠣᠯᠪᠠ |
|
|
ᠨᠡᠶᠢᠲᠡᠯᠡᠭᠰᠡᠨ ᠴᠠᠭ᠄
2024/8/27
|
|
8 ᠳ᠋ᠤᠭᠠᠷ ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠪᠥᠬᠦ ᠣᠷᠣᠨ ᠳᠠᠬᠢ ᠬᠥᠬᠡᠬᠤᠲᠠ᠂ ᠪᠤᠭᠤᠲᠤ᠂ ᠬᠥᠯᠥᠨ ᠪᠤᠶᠢᠷ᠂ ᠲᠦᠩᠯᠢᠶᠣᠤ᠂ ᠤᠯᠠᠭᠠᠨᠬᠠᠳᠠ᠂ ᠤᠯᠠᠭᠠᠨᠴᠠᠪ᠂ ᠣᠷᠳᠣᠰ᠂ ᠪᠠᠶᠠᠨᠨᠠᠭᠤᠷ᠂ ᠠᠯᠠᠱᠠ ᠵᠡᠷᠭᠡ 9 ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠢᠶᠠᠷ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠥᠬᠡᠶ ᠭᠡᠷᠡᠴᠢ ᠶᠢᠨ ︽ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠲᠤᠬᠠᠶᠢᠯᠠᠭᠰᠠᠨ ᠠᠵᠢᠯ ᠲᠠᠢ ᠪᠣᠯᠪᠠ ᠃ 2023 ᠣᠨ ᠳᠤ ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠭᠠᠷᠭᠠᠬᠤ ᠲᠤᠬᠠᠶᠢᠯᠠᠭᠰᠠᠨ ᠠᠵᠢᠯ ᠢ ᠨᠡᠶᠢᠲᠡ 50 ᠭᠠᠷᠤᠢ ᠲᠦᠮᠡᠨ ᠬᠤᠪᠢ ᠭᠦᠢᠴᠡᠳᠬᠡᠭᠰᠡᠨ ᠪᠣᠯᠬᠤᠷ ᠲᠤᠰ ᠲᠤᠬᠠᠶᠢᠯᠠᠭᠰᠠᠨ ᠠᠵᠢᠯ ᠨᠢᠭᠡᠨᠲᠡ ᠥᠨᠳᠥᠷ ᠳᠠᠪᠲᠠᠮᠵᠢ ᠲᠠᠢ ᠠᠵᠢᠯ ᠶᠠᠪᠤᠳᠠᠯ ᠳᠤ ᠲᠣᠭᠠᠴᠠᠭᠳᠠᠪᠠ ᠃ ᠣᠯᠠᠨ ᠲᠦᠮᠡᠨ ᠢ ︽ᠳᠤᠲᠠᠭᠤ ᠭᠦᠶᠦᠯᠭᠡᠨ ᠪᠠᠶᠢᠵᠤ ᠠᠵᠢᠯ ᠶᠠᠪᠤᠳᠠᠯ ᠢ ᠨᠢ ᠭᠦᠢᠴᠡᠳᠬᠡᠬᠦ ︾᠂ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ ᠨᠠᠷ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠣᠨᠣᠯᠵᠢᠬᠤᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠤᠯᠪᠤᠭᠳᠠᠯ ᠪᠥᠬᠦᠶ ᠠᠵᠢᠯ ᠲᠥᠷᠥᠯ ᠤᠨ ᠴᠠᠭᠳᠠᠭ᠎ᠠ ᠪᠠ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ ᠂ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠳᠤ ᠲᠦᠰᠢᠭᠯᠡᠨ᠂ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠭᠠᠷᠭᠠᠬᠤ ᠲᠤᠬᠠᠶᠢᠯᠠᠭᠰᠠᠨ ᠠᠵᠢᠯ ᠤᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ︾ ᠴᠢᠳᠠᠮᠵᠢ ᠶᠢ ᠨᠡᠭᠡᠭᠡᠨ ᠠᠵᠢᠯᠯᠠᠭᠤᠯᠵᠤ ᠂ ᠠᠶᠢᠮᠠᠭ ᠬᠤᠲᠠ ᠨᠤᠭᠤᠳ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠪᠦᠯᠦᠭ ᠬᠤᠪᠢᠶᠠᠨ ᠵᠣᠬᠢᠶᠠᠨ ᠪᠠᠶᠢᠭᠤᠯᠵᠤ ᠰᠦᠯᠵᠢᠶᠡᠨ ᠳᠡᠭᠡᠷ᠎ᠡ ᠲᠤᠷᠰᠢᠨ ᠠᠵᠢᠯᠯᠠᠭᠤᠯᠵᠤ ᠡᠬᠢᠯᠡᠪᠡ ᠃ ᠡᠨᠡ ᠬᠦ ᠴᠢᠳᠠᠮᠵᠢ ᠶᠢ ᠰᠦᠯᠵᠢᠶᠡᠨ ᠳᠤ ᠭᠠᠷᠭᠠᠭᠰᠠᠨ ᠠᠴᠠ ᠨᠠᠭᠠᠰᠢ ᠂ ᠣᠯᠠᠨ ᠲᠦᠮᠡᠨ ᠨᠠᠭᠠᠰᠢ ᠴᠠᠭᠠᠰᠢ ᠬᠦᠶᠦᠬᠦ ᠴᠢᠬᠤᠯᠠ ᠥᠬᠡᠶ ᠪᠣᠯᠵᠤ ᠂ ᠵᠥᠪᠬᠡᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠳᠤ ᠦᠨᠡᠨ ᠨᠡᠷ᠎ᠡ ᠪᠠᠨ ᠳᠠᠩᠰᠠᠯᠠᠭᠤᠯᠵᠤ᠂ ᠲᠠᠪᠴᠠᠩ ᠤᠨ ᠪᠡᠶ᠎ᠡ ᠬᠡᠮ ᠬᠢᠨᠠᠨ ᠰᠢᠯᠭᠠᠬᠤ ᠴᠢᠳᠠᠮᠵᠢ ᠶᠢ ᠨᠢ ᠠᠰᠢᠭᠯᠠᠨ᠂ ᠮᠡᠳᠡᠭᠡ ᠵᠠᠩᠭᠢ ᠪᠠᠨ ᠠᠦ᠋ᠲ᠋ᠣ᠋ ᠪᠠᠷ ᠬᠠᠷᠭᠤᠭᠤᠯᠤᠨ ᠰᠢᠯᠭᠠᠭᠤᠯᠪᠠᠯ ᠭᠤᠶᠤᠴᠢᠯᠠᠯ ᠢᠶᠠᠨ ᠲᠤᠰᠢᠶᠠᠵᠤ ᠪᠣᠯᠣᠨ᠎ᠠ᠃ ᠠᠷᠠᠳ ᠤᠨ ᠴᠠᠭᠳᠠᠭ᠎ᠠ ᠭᠤᠶᠤᠴᠢᠯᠠᠭᠰᠠᠨ ᠵᠦᠢᠯ ᠢ ᠨᠢ ᠭᠦᠢᠴᠡᠳᠬᠡᠭᠰᠡᠨ ᠤ ᠳᠠᠷᠠᠭ᠎ᠠ᠂ ᠭᠠᠷᠭᠠᠵᠤ ᠥᠭᠭᠦᠭᠰᠡᠨ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠡᠯᠧᠺᠲᠷᠣᠨ ᠬᠡᠪᠯᠡᠯ ᠢ ᠲᠠᠪᠴᠠᠩ ᠤᠨ ᠬᠤᠪᠢ ᠬᠥᠮᠦᠨ ᠤ ᠲᠥᠪ ᠠᠴᠠ ᠬᠠᠶᠢᠨ ᠦᠵᠡᠵᠦ ᠪᠣᠯᠣᠨ᠎ᠠ᠂ ᠲᠡᠷᠡᠴᠢᠯᠡᠨ ᠲᠠᠪᠴᠠᠩ ᠤᠨ ᠲᠤᠰ ᠴᠢᠳᠠᠮᠵᠢ ᠨᠢ ᠮᠡᠷᠭᠡᠨ ᠴᠣᠬᠤᠷ ᠢ ᠰᠢᠷᠪᠢᠬᠦ ᠂ ᠰᠦᠯᠵᠢᠶᠡᠨ ᠳᠡᠭᠡᠷ᠎ᠡ ᠰᠢᠯᠭᠠᠨ ᠪᠠᠲᠤᠯᠠᠬᠤ ᠵᠡᠷᠭᠡ ᠣᠯᠠᠨ ᠵᠦᠢᠯ ᠤᠨ ᠬᠠᠷᠭᠤᠭᠤᠯᠤᠨ ᠪᠠᠶᠢᠴᠠᠭᠠᠬᠤ ᠠᠷᠭ᠎ᠠ ᠮᠠᠶ᠋ᠢᠭ ᠢ ᠳᠡᠮᠵᠢᠨ᠎ᠡ ᠃ ᠣᠲᠣ ᠪᠣᠯᠲᠠᠯ᠎ᠠ᠂ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠥᠬᠡᠶ ᠭᠡᠷᠡᠴᠢ ᠶᠢᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠬᠦ︾ ᠲᠤᠬᠠᠶᠢᠯᠠᠭᠰᠠᠨ ᠠᠵᠢᠯ ᠤᠨ ᠴᠢᠳᠠᠮᠵᠢ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠨᠡᠶᠢᠲᠡ 17.3 ᠲᠦᠮᠡ ᠭᠠᠷᠤᠶ ᠬᠤᠪᠢ ᠭᠡᠷᠡᠴᠢ ᠭᠠᠷᠭᠠᠵᠤ ᠥᠭᠪᠡ ᠃ ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠤᠨ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠲᠤᠬᠠᠶᠢᠯᠠᠭᠰᠠᠨ ᠠᠵᠢᠯ ᠤᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠴᠢᠳᠠᠮᠵᠢ ᠪᠠᠨ 2024 ᠣᠨ ᠤ ᠵᠢᠯ ᠤᠨ ᠡᠴᠦᠰ ᠢᠶᠠᠷ ᠪᠥᠬᠦ ᠣᠷᠣᠨ ᠤ ᠰᠦᠯᠵᠢᠶᠡᠨ ᠳᠡᠭᠡᠷ᠎ᠡ ᠵᠢᠩᠬᠢᠨᠢ ᠪᠠᠷ ᠠᠵᠢᠯᠯᠠᠭᠤᠯᠬᠤ ᠪᠠᠷ ᠵᠢᠱᠢᠵᠦ ᠪᠠᠶᠢᠨ᠎ᠠ ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|