ᠬᠢᠩᠭᠠᠨ ᠠᠶᠢᠮᠠᠭ ᠤᠨ ᠬᠢᠨ ᠪᠡᠭᠡᠵᠢᠩ ᠤᠨ ᠳᠦᠷᠪᠡᠨ ᠲᠣᠭᠤᠷᠢᠭ ᠯᠤᠭ᠎ᠠ ᠬᠠᠮᠲᠤᠷᠠᠯᠴᠠᠨ 25 ᠲᠦᠷᠦᠯ ᠵᠦᠢᠯ ᠳᠤ ᠠᠮᠵᠢᠯᠲᠠ ᠲᠠᠢ ᠭᠠᠷ ᠤᠨ ᠦᠰᠦᠭ ᠵᠢᠷᠤᠵᠤ ᠳ᠋ᠦᠩᠰᠢᠭᠤᠷ ᠰᠢᠬᠠᠮ ᠲᠥᠭᠦᠷᠢᠭ ᠤᠨ ᠭᠡᠷ᠎ᠡ ᠲᠣᠭᠲᠠᠪᠠ︕
ᠨᠡᠶᠢᠲᠡᠯᠡᠭᠰᠡᠨ ᠴᠠᠭ᠄
2024/8/27

      ᠪᠡᠭᠡᠵᠢᠩ ᠥᠪᠥᠷ ᠮᠣᠩᠭᠤᠯ ᠤᠨ ᠨᠢᠭᠡᠳᠦᠮᠡᠯ ᠹᠷᠣᠨᠲ ᠤᠨ ᠬᠠᠮᠵᠢᠯᠴᠠᠭᠠᠨ ᠤ ᠠᠵᠢᠯ ᠤᠨ ᠬᠠᠮᠲᠤᠷᠠᠭᠰᠠᠨ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠭᠡᠵᠢᠩ ᠬᠢᠩᠭᠠᠨ ᠬᠤᠶᠠᠷ ᠭᠠᠵᠠᠷ ᠤᠨ ᠨᠢᠭᠡᠳᠦᠮᠡᠯ ᠹᠷᠣᠨᠲ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠭᠦᠨᠵᠡᠭᠡᠶᠢᠷᠡᠨ ᠪᠣᠳᠠᠲᠠᠶᠢᠵᠢᠬᠤ ᠶᠢ ᠴᠢᠨᠠᠭᠰᠢᠳᠠ ᠠᠬᠢᠭᠤᠯᠬᠤ ᠶᠢᠨ ᠲᠦᠯᠦᠭᠡ᠂ 8 ᠳ᠋ᠤᠭᠠᠷ ᠰᠠᠷ᠎ᠠ ᠶᠢᠨ 13 ᠤ ᠡᠳᠦᠷ ᠠᠴᠠ 16 ᠤ ᠡᠳᠦᠷ ᠪᠣᠯᠲᠠᠯ᠎ᠠ᠂ ᠬᠢᠩᠭᠠᠨ ᠠᠶᠢᠮᠠᠭ ᠬᠢᠭᠡᠳ ᠪᠡᠭᠡᠵᠢᠩ ᠬᠤᠳᠠ ᠶᠢᠨ ᠳ᠋ᠦᠩᠴᠧᠩ᠂ ᠬᠠᠶᠢᠳᠢᠶᠠᠨ᠂ ᠹᠧᠩᠲ᠋ᠠᠢ᠂ ᠹᠠᠩᠱᠠᠨ ᠲᠦᠷᠪᠡᠨ ᠲᠣᠭᠤᠷᠢᠭ ᠤᠨ ᠨᠢᠭᠡᠳᠦᠮᠡᠯ ᠹᠷᠣᠨᠲ ᠤᠨ ᠬᠠᠮᠵᠢᠯᠴᠠᠭᠠᠨ ᠤ ᠠᠵᠢᠯ ᠤᠨ ᠠᠬᠢᠭᠤᠯᠬᠤ ᠬᠤᠷᠠᠯ ᠢ ᠬᠤᠷᠠᠯᠳᠤᠭᠤᠯᠪᠠ᠂ ᠬᠠᠶᠢᠳᠢᠶᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠢᠦᠢ ᠵᠧᠨ ᠲᠤᠤ ᠪᠦᠯᠬᠦᠮ ᠳᠠᠭᠠᠭᠤᠯᠤᠨ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠪᠠ᠃

      16 ᠤ ᠡᠳᠦᠷ ᠶᠠᠪᠤᠭᠳᠠᠭᠰᠠᠨ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠳ᠋ᠦᠩᠴᠧᠩ ᠲᠣᠭᠤᠷᠢᠭ ᠬᠢᠭᠡᠳ ᠷᠠᠰᠢᠶᠠᠨ ᠬᠤᠲᠠ᠂ ᠹᠧᠩᠲ᠋ᠠᠢ ᠲᠣᠭᠤᠷᠢᠭ ᠬᠢᠭᠡᠳ ᠵᠠᠯᠠᠶᠢᠳ ᠬᠤᠰᠢᠭᠤ᠂ ᠬᠠᠶᠢᠳᠢᠶᠠᠨ ᠲᠣᠭᠤᠷᠢᠭ ᠬᠢᠭᠡᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠵᠢᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠹᠠᠩᠱᠠᠨ ᠲᠣᠭᠤᠷᠢᠭ ᠬᠢᠭᠡᠳ ᠲᠦᠴᠢᠦᠸᠠᠨ ᠰᠢᠶᠠᠨ ᠲᠣᠰ ᠲᠣᠰ ᠭᠡᠷ᠎ᠡ ᠲᠣᠭᠲᠠᠪᠠ᠃ ᠲᠣᠰ ᠤᠳᠠᠭ᠎ᠠ ᠨᠡᠶᠢᠲᠡ 9 ᠲᠠᠯ᠎ᠠ ᠶᠢᠨ 25 ᠪᠣᠳᠠᠲᠠᠢ ᠲᠦᠷᠦᠯ ᠵᠦᠢᠯ ᠳᠤ ᠭᠠᠷ ᠤᠨ ᠥᠰᠥᠭ ᠵᠢᠷᠤᠵᠤ᠂ ᠪᠡᠯᠡ ᠮᠥᠩᠭᠦᠨ ᠤ ᠪᠥᠬᠦ ᠲᠤᠭ᠎ᠠ ᠨᠢ 1 ᠳ᠋ᠦᠩᠰᠢᠭᠤᠷ ᠰᠢᠬᠠᠮ ᠲᠥᠭᠦᠷᠢᠭ ᠲᠤ ᠬᠦᠷᠴᠡᠢ᠃

      2021 ᠣᠨ ᠳᠤ ᠰᠢᠨ᠎ᠡ ᠨᠢᠭᠡ ᠡᠭᠡᠯᠵᠢ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠬᠢᠭᠰᠡᠨ ᠠᠴᠠ ᠨᠠᠭᠠᠰᠢ᠂ ᠪᠡᠭᠡᠵᠢᠩ ᠬᠤᠲᠠ ᠶᠢᠨ ᠳᠥᠷᠪᠡᠨ ᠲᠣᠭᠤᠷᠢᠭ ᠬᠢᠭᠡᠳ ᠬᠢᠩᠭᠠᠨ ᠠᠶᠢᠮᠠᠭ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠮᠵᠢᠯᠴᠠᠬᠤ ᠬᠤᠰᠢᠭᠤ ᠰᠢᠶᠠᠨ ᠬᠤᠲᠠ ᠨᠤᠭᠤᠳ ᠠᠳᠠᠯᠢ ᠴᠢᠭᠯᠡᠯ ᠢᠶᠠᠷ ᠠᠯᠬᠤᠭ᠎ᠠ ᠨᠢᠭᠡᠲᠡᠢ ᠤᠷᠤᠭᠰᠢᠯᠠᠵᠤ᠂ ᠠᠵᠤ ᠦᠢᠯᠡᠰ ᠤᠨ ᠬᠠᠮᠲᠤᠷᠠᠯᠴᠠᠭ᠎ᠠ᠂ ᠡᠬᠢ ᠪᠠᠶᠠᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠥᠳᠡᠯᠮᠦᠷᠢ ᠦᠢᠯᠡᠴᠢᠯᠡᠭᠡ ᠪᠠᠷ ᠵᠣᠯᠭᠠᠭᠤᠯᠬᠤ᠂ ᠴᠢᠳᠠᠪᠤᠷᠢᠲᠠᠨ ᠤ ᠰᠣᠯᠢᠯᠴᠠᠭ᠎ᠠ ᠶᠢ ᠪᠥᠬᠦ ᠲᠠᠯ᠎ᠠ ᠪᠠᠷ ᠴᠢᠩᠭᠠᠳᠬᠠᠭᠰᠠᠨ ᠢᠶᠠᠷ᠂ ᠪᠡᠭᠡᠵᠢᠩ ᠤᠨ ᠬᠤᠲᠠ ᠲᠣᠭᠤᠷᠢᠭ ᠬᠤᠶᠠᠷ ᠱᠠᠲᠤᠨ ᠤ ᠲᠤᠰᠠᠯᠠᠮᠵᠢ ᠶᠢᠨ ᠪᠡᠯᠡ ᠮᠥᠩᠭᠦ ᠨᠢ ᠨᠡᠶᠢᠲᠡ 14.41 ᠳ᠋ᠦᠩᠰᠢᠭᠤᠷ ᠲᠥᠭᠦᠷᠢᠭ ᠲᠤ ᠬᠦᠷᠴᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠢ 531 ᠬᠡᠷᠡᠭᠵᠢᠭᠦᠯᠵᠦ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠡᠯ᠎ᠡ ᠬᠦᠷᠢᠶᠡᠨ ᠳᠠᠬᠢ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠬᠦᠳᠡᠯᠭᠡᠭᠴᠢ ᠬᠦᠴᠦᠨ ᠨᠡᠮᠡᠷᠢᠯᠡᠪᠡ᠃

      ᠬᠤᠷᠠᠯ ᠤᠨ ᠬᠤᠭᠤᠴᠠᠭᠠᠨ ᠳᠤ᠂ ᠪᠡᠭᠡᠵᠢᠩ ᠬᠤᠳᠠ ᠶᠢᠨ ᠲᠦᠷᠪᠡᠨ ᠲᠣᠭᠤᠷᠢᠭ ᠠᠴᠠ ᠬᠦᠷᠦᠯᠴᠡᠨ ᠢᠷᠡᠭᠰᠡᠨ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠤ ᠵᠦᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠥᠬᠦᠳ ᠵᠢᠴᠢ ᠬᠤᠯᠪᠣᠭᠳᠠᠯ ᠪᠦᠬᠦᠢ ᠠᠷᠠᠳᠴᠢᠯᠠᠭᠰᠠᠨ ᠨᠠᠮ ᠪᠦᠯᠦᠭ ᠤᠨ ᠬᠥᠮᠥᠰ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠮᠥᠰ ᠬᠢᠩᠭᠠᠨ ᠠᠶᠢᠮᠠᠭ ᠤᠨ ᠤᠯᠠᠨ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢᠨ ᠭᠦᠨ ᠵᠤᠵᠠᠭᠠᠨ ᠠᠬᠤᠭᠤᠯᠤᠮᠵᠢ ᠶᠢ ᠣᠶᠢᠯᠠᠭᠠᠨ᠂ ᠬᠤᠪᠢᠰᠬᠠᠯ ᠤᠨ ᠰᠣᠶᠣᠯ ᠤᠨ ᠤᠯᠠᠮᠵᠢᠯᠠᠯ ᠵᠠᠯᠭᠠᠮᠵᠢᠯᠠᠯ ᠢ ᠭᠡᠷᠡᠴᠢᠯᠡᠵᠦ᠂ ᠲᠠᠯ᠎ᠠ ᠨᠤᠲᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠪᠡᠶᠡᠴᠢᠯᠡᠨ ᠣᠶᠢᠯᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠬᠠᠮᠲᠤ ᠪᠠᠷ ᠰᠦᠪᠡᠭᠴᠢᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠢᠷᠡᠭᠡᠳᠦᠢ ᠳᠤ ᠨᠡᠩ ᠰᠠᠶᠢᠨ ᠰᠠᠶᠢᠬᠠᠨ ᠵᠢᠷᠤᠭ ᠲᠥᠰᠥᠪ ᠢ ᠵᠢᠷᠤᠭᠯᠠᠪᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ