ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2024/8/27

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

            ᠥᠪᠥᠷ ᠵᠠᠰᠠᠭ ᠠᠯᠪᠠᠨ ᠲᠠᠷᠬᠠᠭᠠᠭᠰᠠᠨ 〔2024〕 5 ᠳ᠋ᠤᠭᠠᠷ ᠲᠣᠭᠠᠲᠤ

 

ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

      ᠥᠪᠡᠷᠲᠡᠭᠡᠨ ᠵᠠᠰᠠᠬᠤ ᠣᠷᠣᠨ ᠤ ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ︵ᠳᠣᠷᠣᠭᠰᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠭᠡᠵᠦ ᠲᠣᠪᠴᠢᠯᠠᠨ᠎ᠠ︶ ᠤ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠬᠤᠷᠳᠤ ᠨᠡᠮᠡᠨ ᠠᠬᠢᠭᠤᠯᠵᠤ᠂ ᠨᠡᠩ ᠥᠨᠳᠥᠷ ᠳᠡᠰ ᠳᠠᠪᠬᠤᠷᠭ᠎ᠠ ᠶᠢᠨ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠦᠨ᠂ ᠭᠠᠵᠠᠷ ᠣᠷᠣᠨ ᠤ ᠠᠵᠤ ᠠᠬᠤᠢ ᠶᠢ ᠨᠥᠯᠥᠭᠡᠯᠡᠨ ᠳᠠᠶᠢᠴᠢᠯᠠᠬᠤ ᠦᠢᠯᠡᠳᠦᠯ ᠢ ᠴᠢᠩᠭᠠᠳᠬᠠᠵᠤ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ᠂ ᠬᠥᠯᠥᠨ ᠪᠣᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠵᠡᠷᠭᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠬᠢ ᠬᠥᠲᠥᠯᠥᠨ ᠳᠠᠭᠠᠭᠤᠯᠬᠤ ᠣᠷᠣᠨ᠂ ᠥᠭᠡᠷᠡᠴᠢᠯᠡᠯᠲᠡ ᠨᠡᠭᠡᠭᠡᠯᠲᠡ ᠶᠢ ᠤᠷᠢᠳ ᠢᠶᠠᠷ ᠬᠡᠷᠡᠭᠵᠢᠭᠦᠯᠬᠦ ᠣᠷᠣᠨ᠂ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠪᠣᠯᠭᠠᠨ ᠴᠣᠭᠴᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃

      ᠨᠢᠭᠡ᠂ ᠵᠢᠯᠣᠭᠤᠳᠬᠤ ᠦᠵᠡᠯ ᠰᠠᠨᠠᠭ᠎ᠠ

      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠬᠡᠪᠴᠢᠶ᠎ᠡ ᠪᠠ ᠶᠠᠰᠤ ᠴᠢᠨᠠᠷ ᠤᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠭᠠᠳᠠᠭᠠᠳᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠪᠠᠳᠠᠷᠠᠭᠠᠨ ᠬᠥᠭᠵᠢᠭᠡᠬᠦ ᠪᠠ ᠠᠵᠤ ᠦᠢᠯᠡᠰ ᠤᠨ ᠪᠣᠳᠠᠲᠤ ᠬᠦᠴᠦᠨ ᠢ ᠪᠤᠵᠠᠭᠠᠶᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠬᠦ ᠪᠠᠷ ᠭᠠᠷᠳᠠᠴᠠ ᠪᠣᠯᠭᠠᠨ᠂ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠬᠤ ᠪᠠᠷ ᠲᠤᠯᠭᠠᠭᠤᠷᠢᠯᠠᠯ ᠪᠣᠯᠭᠠᠵᠤ᠂ ᠨᠡᠩ ᠢᠯᠡᠭᠦᠦ ᠲᠣᠪᠴᠢ ᠠᠪᠰᠠᠷᠬᠠᠨ ᠥᠨᠳᠥᠷ ᠪᠦᠲᠦᠮᠵᠢᠲᠡᠢ ᠬᠠᠮᠢᠶᠠᠷᠤᠯᠲᠠ ᠶᠢᠨ ᠪᠠᠶᠢᠭᠤᠯᠤᠯ᠂ ᠨᠡᠩ ᠢᠯᠡᠭᠦᠦ ᠠᠮᠢᠳᠤᠯᠢᠭ ᠪᠣᠳᠠᠲᠤ ᠬᠡᠷᠡᠭᠯᠡᠭᠡᠨ ᠤ ᠨᠡᠭᠡᠭᠡᠨ ᠬᠥᠭᠵᠢᠭᠦᠯᠵᠦ ᠡᠵᠡᠩᠨᠡᠨ ᠠᠵᠢᠯᠯᠠᠭᠤᠯᠬᠤ ᠲᠣᠭᠲᠠᠴᠠ᠂ ᠠᠵᠢᠯ ᠬᠢᠵᠦ ᠦᠢᠯᠡᠰ ᠴᠣᠭᠴᠠᠯᠠᠬᠤ ᠶᠢ ᠨᠡᠩ ᠢᠯᠡᠭᠦᠦ ᠤᠷᠮᠠᠰᠢᠭᠤᠯᠵᠤ ᠳᠡᠶᠢᠯᠬᠦ ᠬᠥᠮᠥᠨ ᠰᠣᠩᠭᠤᠵᠤ ᠬᠥᠮᠥᠨ ᠬᠡᠷᠡᠭᠯᠡᠬᠦ ᠳᠦᠷᠢᠮ᠂ ᠨᠡᠩ ᠢᠯᠡᠭᠦᠦ ᠰᠢᠰᠲ᠋ᠧᠮᠵᠢᠭᠦᠯᠦᠨ ᠬᠤᠷᠠᠭᠤᠯᠤᠭᠰᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠲᠣᠭᠲᠠᠯᠴᠠᠭ᠎ᠠ ᠪᠠ ᠬᠤᠳᠠᠯᠳᠤᠭᠠᠴᠢᠨ ᠢ ᠨᠡᠩ ᠢᠯᠡᠭᠦᠦ ᠳᠣᠲᠣᠨᠣᠴᠢᠯᠠᠬᠤ ᠬᠤᠳᠠᠯᠳᠤᠭᠠᠴᠢᠨ ᠢ ᠨᠡᠩ ᠢᠯᠡᠭᠦᠦ ᠰᠠᠨᠠᠭ᠎ᠠ ᠠᠮᠤᠷ ᠪᠠᠶᠢᠯᠭᠠᠬᠤ ᠬᠤᠳᠠᠯᠳᠤᠭᠠᠴᠢᠨ ᠢ ᠨᠡᠩ ᠢᠯᠡᠭᠦᠦ ᠪᠠᠶᠠᠵᠢᠭᠤᠯᠬᠤ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠲᠦᠷᠭᠡᠳᠭᠡᠨ ᠪᠠᠶᠢᠭᠤᠯᠵᠤ᠂ ᠨᠡᠭᠡᠭᠡᠯᠲᠡ ᠳᠤ ᠰᠢᠨ᠎ᠡ ᠶᠢ ᠡᠭᠦᠳᠬᠦ᠂ ᠳᠦᠷᠢᠮ ᠳᠤ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠭᠠᠳᠠᠭᠠᠳᠤ ᠲᠠᠢ ᠬᠠᠮᠲᠤᠷᠠᠨ ᠠᠵᠢᠯᠯᠠᠬᠤ ᠬᠢᠷᠢ ᠲᠦᠪᠰᠢᠨ ᠪᠠ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ︽ᠬᠤᠣᠰ ᠳᠡᠭᠡᠭᠰᠢᠯᠡᠯᠲᠡ︾ ᠶᠢ ᠪᠡᠶᠡᠯᠡᠭᠦᠯᠬᠦ ᠪᠠᠷ ᠴᠢᠷᠮᠠᠶᠢᠨ᠂ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠴᠣᠭᠴᠠᠯᠠᠨ᠎ᠠ᠃

      ᠬᠤᠶᠠᠷ᠂ ᠬᠥᠭᠵᠢᠯᠲᠡ ᠶᠢᠨ ᠬᠠᠷᠠᠯᠲᠠ

      2027 ᠣᠨ ᠪᠣᠯᠬᠤ ᠳᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠨᠡᠭᠡᠭᠡᠯᠲᠡ ᠬᠢᠵᠦ ᠬᠥᠭᠵᠢᠭᠦᠯᠬᠦ ᠬᠢᠷᠢ ᠲᠦᠪᠰᠢᠨ ᠪᠠ ᠣᠷᠣᠨ ᠪᠦᠰᠡ ᠶᠢᠨ ᠠᠵᠤ ᠠᠬᠤᠢ ᠳᠤ ᠨᠡᠮᠡᠷᠢ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠳᠠᠶᠢᠴᠢᠯᠠᠬᠤ ᠬᠦᠴᠦᠨ ᠪᠠ ᠲᠤᠯᠭᠠᠭᠤᠷᠢᠯᠠᠬᠤ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃

      — ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠬᠤᠯᠠ ᠶᠡᠭᠡ ᠦᠷ᠎ᠡ ᠪᠦᠲᠦᠮᠵᠢ ᠲᠠᠢ ᠪᠣᠯᠭᠠᠵᠤ᠂ ᠬᠦᠷᠢᠶᠡᠯᠡᠩ‌ᠣᠷᠣᠨ ᠤ ᠵᠠᠰᠠᠯᠲᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠂ ᠪᠠᠶᠢᠭᠤᠯᠤᠯ ᠲᠣᠭᠲᠠᠴᠠ ᠶᠢ ᠨᠡᠩ ᠪᠣᠯᠪᠠᠰᠤᠷᠠᠩᠭᠤᠢ ᠪᠣᠯᠭᠠᠵᠤ ᠲᠡᠭᠦᠯᠳᠡᠷᠵᠢᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠤᠯᠤᠰ ᠤᠨ ᠳᠣᠲᠣᠭᠠᠳᠤᠬᠢ ᠲᠡᠷᠢᠭᠦᠨ ᠤ ᠬᠢᠷᠢ ᠲᠦᠪᠰᠢᠨ ᠳᠤ ᠬᠦᠷᠦᠭᠦᠯᠦᠨ᠎ᠡ︔

      — ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ᠂ ᠰᠢᠨ᠎ᠡ ᠶᠢ ᠡᠭᠦᠳᠦᠨ ᠬᠥᠭᠵᠢᠭᠦᠯᠬᠦ ᠴᠢᠳᠠᠪᠤᠷᠢ᠂ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ︵GDP︶ ᠤᠨ ᠵᠢᠯ ᠪᠦᠷᠢ ᠶᠢᠨ ᠨᠡᠮᠡᠭᠳᠡᠯ ᠤᠨ ᠬᠤᠷᠳᠤᠴᠠ ᠶᠢ 8% ᠠᠴᠠ ᠳᠡᠭᠡᠭᠰᠢ ᠪᠠᠶᠢᠯᠭᠠᠵᠤ᠂ ᠠᠵᠤ ᠦᠢᠯᠡᠳᠪᠦᠷᠢ ᠶᠢᠨ ᠦᠢᠯᠡᠳᠭᠦᠨ ᠤ ᠶᠡᠷᠦᠩᠬᠡᠢ ᠥᠷᠳᠡᠭ ᠤᠨ ᠨᠡᠮᠡᠭᠳᠡᠯ ᠤᠨ ᠬᠡᠮᠵᠢᠶ᠎ᠡ ᠶᠢ 15% ᠠᠴᠠ ᠳᠡᠭᠡᠭᠰᠢ ᠳᠤ ᠬᠦᠷᠦᠭᠦᠯᠵᠦ᠂ ᠪᠠᠶᠢᠭ᠎ᠠ ᠭᠠᠵᠠᠷ ᠣᠷᠣᠨ ᠤ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠬᠥᠳᠡᠯᠭᠡᠭᠦᠷ ᠪᠣᠯᠭᠠᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠵᠢᠨ‌ᠣᠷᠣᠨ ᠤ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠤ ᠰᠢᠯᠭᠠᠨ ᠬᠢᠨᠠᠯᠲᠠ ᠦᠨᠡᠯᠡᠯᠲᠡ ᠳᠠᠬᠢ ᠨᠡᠷᠡᠰ ᠤᠨ ᠵᠢᠭᠰᠠᠭᠠᠯᠲᠠ ᠶᠢ ᠨᠡᠯᠢᠶᠡᠳ ᠤᠷᠤᠭᠰᠢ ᠳᠡᠪᠰᠢᠭᠦᠯᠬᠦ ᠶᠢ ᠪᠡᠶᠡᠯᠡᠭᠦᠯᠦᠨ᠂ ᠪᠥᠬᠦ ᠤᠯᠤᠰ ᠤᠨ ᠡᠮᠦᠨ᠎ᠡ 150 ᠨᠡᠷᠡᠰ᠂ ᠪᠠᠷᠠᠭᠤᠨ ᠬᠡᠰᠡᠭ ᠭᠠᠵᠠᠷ ᠣᠷᠣᠨ ᠤ ᠡᠮᠦᠨ᠎ᠡ 25 ᠨᠡᠷᠡᠰ ᠲᠤ ᠣᠷᠣᠭᠤᠯᠬᠤ ᠪᠠᠷ ᠬᠦᠴᠦᠯᠡᠨ ᠴᠢᠷᠮᠠᠶᠢᠨ᠎ᠠ︔

      — ᠣᠳᠣ ᠦᠶ᠎ᠡ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠦ᠂ ᠡᠯ᠎ᠡ ᠭᠤᠣᠯᠯᠠᠬᠤ ᠠᠵᠤ ᠦᠢᠯᠡᠰ ᠤᠨ ᠪᠦᠬᠦᠯᠢ ᠴᠣᠭᠴᠠ ᠪᠠᠷ ᠰᠢᠨ᠎ᠡ ᠶᠢ ᠡᠭᠦᠳᠦᠨ ᠳᠡᠰ ᠳᠡᠪᠰᠢᠭᠦᠯᠬᠦ ᠶᠢ ᠪᠡᠶᠡᠯᠡᠭᠦᠯᠦᠨ᠂ ᠬᠡᠰᠡᠭ ᠠᠵᠤ ᠦᠢᠯᠡᠰ ᠤᠨ ᠬᠥᠭᠵᠢᠯᠲᠡ ᠶᠢ ᠪᠥᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠭᠤᠯᠵᠤ᠂ ᠠᠵᠤ ᠦᠢᠯᠡᠰ ᠤᠨ ᠳᠡᠭᠡᠳᠦ ᠳᠡᠰᠵᠢᠭᠦᠯᠬᠦ᠂ ᠣᠶᠤᠨᠴᠢᠯᠠᠬᠤ᠂ ᠪᠣᠬᠢᠷᠲᠤᠯ ᠦᠭᠡᠢ ᠪᠣᠯᠭᠠᠬᠤ ᠬᠥᠭᠵᠢᠯᠲᠡ ᠳᠤ ᠰᠢᠨ᠎ᠡ ᠰᠢᠪᠲᠤᠯᠤᠯᠲᠠ ᠭᠠᠷᠭᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠬᠢᠷᠢ ᠲᠦᠪᠰᠢᠨ ᠤ ᠰᠢᠨ᠎ᠡ ᠳᠠᠪᠠᠯᠲᠠ ᠶᠢ ᠪᠡᠶᠡᠯᠡᠭᠦᠯᠦᠨ᠎ᠡ︔

      — ᠳᠡᠭᠡᠳᠦ ᠳᠡᠰ ᠳᠠᠪᠬᠤᠷᠭ᠎ᠠ ᠶᠢᠨ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢ ᠠᠩᠬ᠎ᠠ ᠠᠯᠬᠤᠮ ᠪᠦᠲᠦᠭᠡᠨ ᠪᠠᠶᠢᠭᠤᠯᠵᠦ᠂ ᠭᠠᠳᠠᠭᠠᠳᠤ ᠠᠷᠠᠯᠵᠢᠶ᠎ᠡ ᠭᠠᠳᠠᠭᠠᠳᠤ ᠪᠡᠯᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠨ ᠶᠡᠬᠡᠰᠭᠡᠵᠦ᠂ ᠭᠠᠳᠠᠭᠰᠢᠯ ᠠᠵᠤ ᠠᠬᠤᠢ ᠶᠢᠨ ᠶᠠᠰᠤ ᠴᠢᠨᠠᠷ ᠤᠨ ᠬᠢᠷᠢ ᠲᠦᠪᠰᠢᠨ ᠢ ᠨᠡᠯᠢᠶᠡᠳ ᠶᠡᠭᠡ ᠪᠠᠷ ᠳᠡᠭᠡᠭᠰᠢᠯᠡᠭᠦᠯᠦᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠣᠳᠠᠲᠠᠢ ᠬᠡᠷᠡᠭᠯᠡᠬᠦ ᠭᠠᠳᠠᠭᠠᠳᠤ ᠪᠡᠯᠡ ᠶᠢ ᠵᠢᠯ ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠦᠨ᠂ ᠪᠠᠶᠢᠭ᠎ᠠ ᠠᠶᠢᠮᠠᠭ ᠬᠤᠲᠠ ᠶᠢᠨ ᠢᠶᠠᠨ ᠪᠣᠳᠠᠲᠠᠢ ᠬᠡᠷᠡᠭᠯᠡᠬᠦ ᠭᠠᠳᠠᠭᠠᠳᠤ ᠪᠡᠯᠡ ᠳᠤ ᠡᠵᠡᠯᠡᠬᠦ ᠬᠤᠪᠢ ᠶᠢᠨ ᠵᠢᠩ ᠢ ᠨᠢ 30% ᠠᠴᠠ ᠳᠡᠭᠡᠭᠰᠢ ᠳᠤ ᠬᠦᠷᠦᠭᠦᠯᠦᠨ᠎ᠡ᠃

      ᠭᠤᠷᠪᠠ᠂ ᠭᠤᠣᠯᠳᠠᠯᠭᠠᠲᠤ ᠡᠭᠦᠷᠭᠡ

      ︵ᠨᠢᠭᠡ︶ ᠥᠭᠡᠷᠡᠴᠢᠯᠡᠯᠲᠡ ᠳᠤ ᠤᠯᠠᠮ ᠶᠡᠭᠡ ᠡᠵᠡ ᠮᠡᠳᠡᠬᠦ ᠡᠷᠬᠡ ᠣᠯᠭᠤᠨ᠎ᠠ᠃

      1.ᠡᠷᠬᠡ ᠶᠢ ᠨᠢ ᠥᠷᠭᠡᠳᠭᠡᠨ ᠬᠦᠴᠦᠨ ᠴᠢᠳᠠᠮᠵᠢ ᠶᠢ ᠡᠷᠴᠢᠮᠯᠡᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ︽ᠡᠷᠬᠡ ᠪᠠ ᠬᠠᠷᠢᠭᠤᠴᠠᠯᠭ᠎ᠠ ᠶᠢ ᠠᠳᠠᠯᠢ ᠲᠡᠭᠰᠢ ᠪᠠᠶᠢᠯᠭᠠᠬᠤ᠂ ᠡᠭᠦᠷᠭᠡ ᠴᠢᠳᠠᠪᠤᠷᠢ ᠶᠢ ᠲᠣᠬᠢᠷᠠᠯᠴᠠᠭᠤᠯᠬᠤ᠂ ᠲᠠᠯᠪᠢᠪᠠᠰᠤ ᠵᠣᠬᠢᠬᠤ ᠶᠢ ᠨᠢ ᠪᠥᠬᠦᠨ ᠢ ᠲᠠᠯᠪᠢᠬᠤ︾ ᠵᠠᠷᠴᠢᠮ ᠶᠣᠰᠣᠭᠠᠷ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠡᠷᠬᠡ ᠶᠢ ᠨᠢ ᠥᠷᠭᠡᠳᠭᠡᠨ ᠬᠦᠴᠦᠨ ᠴᠢᠳᠠᠮᠵᠢ ᠶᠢ ᠨᠢ ᠡᠷᠴᠢᠮᠯᠡᠬᠦ ᠶᠢ ᠲᠦᠷᠭᠡᠳᠬᠡᠨ ᠠᠬᠢᠭᠤᠯᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠳᠡᠰ ᠤᠨ ᠠᠵᠤ ᠠᠬᠤᠢ ᠶᠢᠨ ᠬᠠᠮᠢᠶᠠᠷᠤᠯᠲᠠ ᠶᠢᠨ ᠬᠢᠨᠠᠨ ᠵᠥᠪᠰᠢᠶᠡᠷᠡᠬᠦ ᠡᠷᠬᠡ ᠣᠯᠭᠤᠵᠤ᠂ ᠦᠨᠡᠨ ᠬᠦ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠨᠢᠭᠡᠳᠦᠯᠲᠡᠢ ᠵᠣᠬᠢᠴᠠᠭᠤᠯᠤᠨ ᠬᠠᠮᠢᠶᠠᠷᠬᠤ ᠴᠢᠬᠤᠯᠠᠲᠠᠢ ᠵᠦᠢᠯᠡᠰ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠳᠤ ᠬᠠᠤᠯᠢ ᠶᠣᠰᠣᠭᠠᠷ ᠡᠷᠬᠡ ᠣᠯᠭᠤᠬᠤ ᠪᠤᠶᠤ ᠨᠠᠶᠢᠳᠠᠨ ᠬᠡᠷᠡᠭᠵᠢᠭᠦᠯᠦᠭᠦᠯᠵᠦ᠂ ᠬᠡᠷᠡᠭᠵᠢᠭᠦᠯᠬᠦ ᠬᠡᠪᠴᠢᠶ᠎ᠡ ᠨᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠵᠢᠨ‌ᠣᠷᠣᠨ ᠤ ᠪᠥᠬᠦ ᠬᠠᠷᠢᠶ᠎ᠠ ᠣᠷᠣᠨ ᠪᠦᠰᠡ ᠶᠢ ᠬᠠᠮᠤᠷᠤᠨ᠎ᠠ᠃ ᠨᠦᠭᠦᠴᠡᠯ ᠪᠦᠷᠢᠳᠦᠭᠦᠯᠦᠭᠰᠡᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠲᠥᠪᠯᠡᠷᠡᠩᠭᠦᠢ ᠬᠡᠷᠡᠭ ᠡᠷᠬᠢᠯᠡᠬᠦ ᠭᠠᠵᠠᠷ ᠲᠣᠬᠢᠷᠠᠭᠤᠯᠬᠤ ᠶᠢ ᠳᠡᠮᠵᠢᠵᠦ᠂ ᠲᠦᠷ ᠴᠠᠭ ᠲᠤ ᠳᠣᠷᠣᠭᠰᠢ ᠪᠠᠭᠤᠯᠭᠠᠵᠤ ᠳᠡᠶᠢᠯᠬᠦ ᠦᠭᠡᠢ ᠡᠷᠬᠡ ᠶᠢᠨ ᠵᠦᠢᠯᠡᠰ ᠲᠤ᠂ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠬᠡᠷᠡᠭ ᠡᠷᠬᠢᠯᠡᠬᠦ ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠰᠢᠭᠤᠳ ᠵᠠᠯᠭᠠᠯᠳᠤᠭᠤᠯᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠠᠭᠠᠳ ᠦᠭᠡᠢ ᠨᠡᠪᠲᠡᠷᠡᠬᠦ ᠳᠥᠭᠦᠮ ᠨᠦᠭᠦᠴᠡᠯ ᠢ ᠬᠦᠷᠲᠡᠭᠡᠨ᠎ᠡ᠃ ᠡᠯ᠎ᠡ ᠬᠤᠯᠪᠣᠭᠳᠠᠯ ᠪᠦᠬᠦᠢ ᠠᠶᠢᠮᠠᠭ ᠬᠤᠲᠠ ᠨᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠡᠯ᠎ᠡ ᠲᠥᠷᠥᠯ ᠤᠨ ᠣᠷᠣᠨ ᠲᠣᠭᠠᠨ ᠤ ᠡᠬᠢ ᠪᠠᠶᠠᠯᠢᠭ ᠢ ᠲᠣᠭᠲᠠᠭᠠᠯ ᠶᠣᠰᠣᠭᠠᠷ ᠨᠢᠭᠡᠳᠦᠯᠲᠡᠢ ᠲᠥᠯᠥᠪᠯᠡᠨ ᠬᠡᠷᠡᠭᠯᠡᠵᠦ ᠪᠣᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      2. ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠵᠥᠪᠰᠢᠶᠡᠷᠡᠨ ᠣᠷᠣᠭᠤᠯᠬᠤ ᠭᠠᠷᠳᠠᠮ ᠢ ᠬᠠᠤᠯᠢ ᠶᠣᠰᠣᠭᠠᠷ ᠴᠣᠮᠬᠠᠳᠬᠠᠨ᠂ ᠬᠢᠨᠠᠨ ᠵᠥᠪᠰᠢᠶᠡᠷᠡᠬᠦ ᠳᠠᠰ ᠳᠠᠷᠠᠭᠠᠯᠠᠯ ᠢ ᠳᠥᠭᠦᠮᠴᠢᠯᠡᠵᠦ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠰᠢᠯᠭᠠᠬᠤ ᠬᠠᠮᠢᠶᠠᠷᠤᠯᠲᠠ ᠶᠢᠨ ᠰᠢᠨ᠎ᠡ ᠵᠠᠭᠪᠤᠷ ᠢ ᠬᠡᠷᠡᠭᠵᠢᠭᠦᠯᠦᠨ᠎ᠡ᠃ ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠪᠥᠬᠦ ᠴᠤᠪᠤᠷᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠲᠠᠭᠤ ᠶᠢ ᠬᠦᠯᠢᠶᠡᠨ ᠠᠪᠴᠤ ᠬᠢᠨᠠᠨ ᠵᠥᠪᠰᠢᠶᠡᠷᠡᠬᠦ ᠳᠠᠷᠠᠭᠠᠯᠠᠯ ᠳᠤ ᠣᠷᠣᠭᠤᠯᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ︔ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠥᠷᠨᠢᠭᠦᠯᠦᠨ᠂ ᠬᠢᠨᠠᠨ ᠵᠥᠪᠰᠢᠶᠡᠷᠡᠬᠦ ᠴᠤᠪᠤᠷᠠᠯ ᠢ ᠨᠢᠭᠡᠳᠭᠡᠨ᠂ ᠮᠡᠳᠡᠭᠡ ᠵᠠᠩᠬᠢ ᠶᠢᠨ ᠲᠤᠭ᠎ᠠ ᠪᠠᠷᠢᠮᠲᠠ ᠶᠢᠨ ᠲᠠᠪᠴᠠᠩ ᠢ ᠨᠢᠭᠡᠳᠭᠡᠨ᠂ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠣᠭᠲᠠᠯᠴᠠᠭ᠎ᠠ ᠶᠢ ᠨᠢᠭᠡᠳᠭᠡᠨ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠨᠢᠭᠡᠳᠭᠡᠨ᠎ᠡ᠃ ᠬᠦᠷᠢᠶᠡᠯᠡᠩ‌ᠣᠷᠣᠨ ᠤ ᠲᠥᠷᠥᠯ ᠵᠦᠢᠯ ᠣᠷᠣᠭᠤᠯᠤᠨ ᠠᠪᠴᠢᠷᠠᠬᠤ ᠲᠥᠯᠥᠪᠵᠢᠭᠦᠯᠭᠡ ᠪᠠᠨ ᠴᠢᠩᠭᠠᠳᠬᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠤᠨ ᠭᠤᠣᠯᠳᠠᠯᠭ᠎ᠠ ᠶᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠯᠥᠪᠯᠡᠨ ᠲᠥᠯᠥᠪᠵᠢᠭᠦᠯᠬᠦ᠂ ᠲᠥᠷᠥᠯ ᠵᠦᠢᠯ ᠢ ᠪᠣᠳᠠᠲᠠᠶᠢᠵᠢᠭᠤᠯᠬᠤ ᠭᠤᠭᠴᠤᠭ᠎ᠠ ᠳᠤ ᠲᠥᠪᠯᠡᠷᠡᠭᠦᠯᠵᠦ᠂ ᠠᠵᠤ ᠠᠬᠤᠶᠢᠯᠠᠯ ᠠᠴᠠ ᠪᠡᠯᠡ ᠣᠷᠣᠭᠤᠯᠤᠨ ᠲᠦᠭᠰᠢᠭᠦᠷᠢ ᠪᠠᠨ ᠥᠪᠡᠰᠦᠪᠡᠨ ᠳᠠᠭᠠᠭᠠᠨ ᠡᠭᠦᠷᠬᠡᠯᠡᠬᠦ ᠲᠥᠷᠥᠯ ᠵᠦᠢᠯ ᠳᠤ᠂ ᠬᠢᠨᠠᠨ ᠵᠥᠪᠰᠢᠶᠡᠷᠡᠬᠦ ᠶᠠᠪᠤᠴᠠ ᠳᠤ ᠮᠡᠳᠡᠭᠳᠡᠨ ᠠᠮᠠᠯᠳᠠᠬᠤ ᠳᠦᠷᠢᠮ ᠢ ᠬᠡᠷᠡᠭᠵᠢᠭᠦᠯᠦᠨ᠂ ᠠᠮᠠᠯᠳᠠᠭᠰᠠᠨ ᠵᠦᠢᠯᠡᠰ ᠤᠨ ᠠᠵᠢᠯ ᠶᠠᠪᠤᠳᠠᠯ ᠤᠨ ᠳᠤᠮᠳᠠᠬᠢ᠂ ᠠᠵᠢᠯ ᠶᠠᠪᠤᠳᠠᠯ ᠤᠨ ᠬᠤᠶᠢᠨᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      3.ᠵᠣᠬᠢᠬᠤ ᠬᠡᠮᠵᠢᠶ᠎ᠡ ᠪᠠᠷ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠠᠴᠠ ᠪᠡᠯᠡ ᠣᠷᠤᠭᠤᠯᠤᠯᠲᠠ ᠶᠢ ᠱᠠᠩᠨᠠᠨ ᠬᠥᠬᠢᠭᠦᠯᠬᠦ᠂ ᠵᠢᠭᠡᠯᠡᠯᠭᠡ ᠶᠢᠨ ᠳᠡᠮ ᠬᠦᠦ ᠥᠭᠬᠦ᠂ ᠲᠥᠬᠦᠭᠡᠷᠦᠮᠵᠢ ᠶᠢᠨ ᠨᠡᠮᠡᠭᠦᠷᠢ ᠣᠯᠭᠤᠬᠤ᠂ ᠪᠣᠯᠪᠠᠰᠤᠷᠠᠯ ᠤᠨ ᠨᠡᠮᠡᠭᠦᠷᠢ ᠬᠦᠷᠲᠡᠭᠡᠬᠦ ᠵᠡᠷᠭᠡ ᠠᠵᠤ ᠦᠢᠯᠡᠰ ᠢ ᠬᠥᠲᠥᠯᠥᠨ ᠵᠢᠯᠣᠭᠤᠳᠴᠤ ᠲᠡᠳᠭᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠲᠣᠭᠲᠠᠭᠠᠨ ᠬᠡᠷᠡᠭᠵᠢᠭᠦᠯᠬᠦ ᠶᠢ ᠵᠥᠪᠰᠢᠶᠡᠷᠡᠨ᠎ᠡ︔ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠨᠢ ᠪᠣᠳᠠᠲᠤ ᠬᠦᠴᠦᠨ ᠢᠶᠠᠷ ᠴᠢᠩᠭ᠎ᠠ ᠪᠡᠯᠡ ᠣᠷᠤᠭᠤᠯᠤᠯᠲᠠ ᠶᠢᠨ ᠪᠠᠩᠬᠢ᠂ ᠦᠨᠡᠲᠦ ᠲᠡᠮᠳᠡᠭᠲᠦ ᠶᠢᠨ ᠺᠣᠮᠫᠠᠨᠢ ᠵᠡᠷᠭᠡ ᠯᠦᠭᠡ ᠬᠠᠮᠲᠤ ᠪᠠᠷ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠭᠤᠶᠤᠴᠢᠯᠠᠨ ᠪᠠᠶᠢᠭᠤᠯᠬᠤ ᠶᠢ ᠵᠥᠪᠰᠢᠶᠡᠷᠡᠵᠦ᠂ ᠤᠷᠢᠳ ᠢᠶᠠᠷ ᠲᠤᠷᠰᠢᠯᠲᠠ ᠶᠢᠨ ᠴᠡᠭ ᠪᠠᠶᠢᠭᠤᠯᠤᠨ᠂ ︽ᠬᠠᠮᠲᠤᠷᠠᠵᠤ ᠪᠡᠯᠡ ᠣᠷᠤᠭᠤᠯᠬᠤ᠂ ᠲᠤᠰᠬᠠᠢ ᠮᠡᠷᠭᠡᠵᠢᠯᠲᠡᠨ ᠢᠶᠠᠷ ᠬᠠᠮᠢᠶᠠᠷᠤᠭᠤᠯᠬᠤ᠂ ᠲᠦᠭᠰᠢᠭᠦᠷᠢ ᠪᠠᠨ ᠵᠠᠳᠠᠷᠠᠭᠤᠯᠬᠤ᠂ ᠵᠢᠷᠤᠮᠵᠢᠭᠤᠨ ᠠᠵᠢᠯᠯᠠᠭᠤᠯᠬᠤ︾  ᠵᠠᠷᠴᠢᠮ ᠶᠣᠰᠣᠭᠠᠷ᠂ ᠰᠠᠭᠤᠷᠢ ᠮᠥᠩᠭᠦᠨ ᠤ ᠡᠳ᠋ ᠬᠥᠷᠥᠩᠭᠡ ᠪᠠᠨ ᠨᠡᠮᠡᠭᠳᠡᠭᠦᠯᠬᠦ ᠶᠢ ᠪᠡᠶᠡᠯᠡᠭᠦᠯᠵᠦ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠵᠢᠨ‌ᠣᠷᠣᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢ ᠲᠡᠳᠭᠦᠨ ᠳᠡᠮᠵᠢᠬᠦ ᠳᠤ ᠪᠦᠲᠦᠮᠵᠢᠲᠡᠢ ᠮᠥᠩᠭᠦᠨ ᠭᠦᠢᠯᠭᠡᠭᠡᠨ ᠤ ᠳᠡᠮᠵᠢᠯᠭᠡ ᠪᠠ ᠦᠢᠯᠡᠴᠢᠯᠡᠭᠡ ᠬᠠᠩᠭᠠᠨ᠎ᠠ︔ ᠰᠠᠯᠬᠢᠨ ᠭᠦᠴᠦᠨ ᠤ ᠴᠠᠬᠢᠯᠭᠠᠨ᠂ ᠭᠡᠷᠡᠯᠴᠢ ᠴᠡᠨᠡᠭ ᠤᠨ ᠪᠦᠲᠦᠭᠡᠨ ᠪᠠᠶᠢᠭᠤᠯᠤᠯᠲᠠ ᠶᠢᠨ ᠭᠦᠢᠴᠡᠳᠭᠡᠯ ᠲᠤᠭ᠎ᠠ ᠶᠢ ᠤᠷᠢᠳ ᠢᠶᠠᠷ ᠲᠣᠬᠢᠷᠠᠭᠤᠯᠵᠤ᠂ ᠬᠥᠬᠡᠬᠤᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠰᠢᠨ᠎ᠡ ᠡᠨᠧᠷᠭᠢ ᠶᠢᠨ ᠡᠨᠧᠷᠭᠢ ᠲᠣᠣᠷ ᠳᠠᠭᠠᠭᠠᠴᠠ ᠨᠦᠬᠡᠴᠡ ᠶᠢᠨ ᠨᠢᠭᠡ ᠴᠣᠭᠴᠠᠵᠢᠭᠤᠯᠬᠤ ᠲᠥᠬᠦᠷ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠨᠢ ᠳᠡᠮᠵᠢᠨ᠎ᠡ︔ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠭᠦᠢᠴᠡᠳᠬᠡᠯ ᠲᠤᠭ᠎ᠠ ᠵᠡᠷᠭᠡ ᠭᠦᠢᠴᠡᠳᠬᠡᠯ ᠲᠣᠭᠠᠨ ᠤ ᠬᠤᠪᠢᠶᠠᠷᠢᠯᠠᠯ ᠤᠨ ᠲᠠᠯ᠎ᠠ ᠪᠠᠷ ᠭᠦᠢᠴᠡᠳᠬᠡᠯ ᠲᠤᠭ᠎ᠠ ᠶᠢ ᠠᠰ ᠲᠤ ᠨᠢ ᠵᠢᠭᠰᠠᠭᠠᠬᠤ ᠠᠷᠭ᠎ᠠ ᠶᠢ ᠠᠪᠴᠤ ᠬᠥᠳᠡᠯᠦᠩᠭᠦᠢ ᠬᠠᠮᠢᠶᠠᠷᠤᠨ᠎ᠠ︔ ᠭᠠᠵᠠᠷ ᠰᠢᠷᠣᠢ ᠬᠡᠷᠡᠭᠯᠡᠬᠦ᠂ ᠡᠨᠧᠷᠭᠢ ᠬᠡᠷᠡᠭᠯᠡᠬᠦ᠂ ᠤᠰᠤ ᠬᠡᠷᠡᠭᠯᠡᠬᠦ ᠵᠡᠷᠭᠡ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠣᠭᠠᠨ ᠤ ᠲᠠᠯ᠎ᠠ ᠪᠠᠷ ᠵᠣᠬᠢᠬᠤ ᠬᠡᠮᠵᠢᠶ᠎ᠡ ᠪᠠᠷ ᠬᠡᠯᠪᠡᠶᠢᠯᠭᠡᠵᠦ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠬᠡᠷᠡᠭᠴᠡᠭᠡ ᠶᠢ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠡ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠵᠢᠨ‌ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      4. ᠪᠦᠲᠦᠭᠡᠨ ᠪᠠᠶᠢᠭᠤᠯᠤᠯᠲᠠ ᠡᠵᠡᠩᠨᠡᠬᠦ ᠠᠵᠢᠯᠯᠠᠭᠠᠨ ᠤ ᠵᠠᠭᠪᠤᠷ ᠲᠤ ᠰᠢᠨ᠎ᠡ ᠶᠢ ᠡᠭᠦᠳᠦᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠢ ᠨᠡᠭᠡᠭᠡᠨ ᠬᠥᠭᠵᠢᠭᠦᠯᠦᠨ ᠪᠦᠲᠦᠭᠡᠨ ᠪᠠᠶᠢᠭᠤᠯᠤᠭᠰᠠᠨ ᠭᠤᠣᠯ ᠴᠣᠭᠴᠠ ᠶᠢᠨ ᠡᠳ᠋ ᠬᠥᠷᠥᠩᠭᠡ ᠪᠠᠨ ᠰᠢᠯᠢᠳᠡᠭᠵᠢᠭᠦᠯᠦᠨ ᠳᠠᠬᠢᠨ ᠵᠣᠬᠢᠶᠠᠨ ᠪᠠᠶᠢᠭᠤᠯᠬᠤ ᠶᠢ ᠨᠢ ᠳᠡᠮᠵᠢᠨ᠎ᠡ︔ ᠨᠦᠭᠦᠴᠡᠯ ᠳᠤ ᠨᠡᠶᠢᠴᠡᠭᠰᠡᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠢ ᠨᠡᠭᠡᠭᠡᠨ ᠬᠥᠭᠵᠢᠭᠦᠯᠦᠨ ᠪᠦᠲᠦᠭᠡᠨ ᠪᠠᠶᠢᠭᠤᠯᠤᠭᠰᠠᠨ ᠭᠤᠣᠯ ᠴᠣᠭᠴᠠ ᠶᠢᠨ ᠠᠩᠬ᠎ᠠ ᠤᠳᠠᠭ᠎ᠠ ᠢᠯᠡ ᠪᠠᠷ ᠰᠲ᠋ᠣᠺ ᠲᠠᠷᠬᠠᠭᠠᠵᠤ ᠵᠠᠬ᠎ᠠ ᠳᠡᠯᠭᠡᠭᠦᠷ ᠲᠤ ᠭᠠᠷᠬᠤ ᠪᠠᠷ ᠭᠤᠶᠤᠴᠢᠯᠠᠬᠤ ᠶᠢ ᠨᠢ ᠳᠡᠮᠵᠢᠨ᠎ᠡ︔ ᠠᠷᠠᠳ ᠠᠴᠠ ᠡᠵᠡᠩᠨᠡᠭᠰᠡᠨ ᠬᠥᠷᠥᠩᠭᠡ ᠪᠠ ᠨᠡᠶᠢᠭᠡᠮ ᠤᠨ ᠬᠥᠷᠥᠩᠭᠡ ᠶᠢᠨ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠢ ᠬᠠᠮᠲᠤ ᠪᠠᠷ ᠨᠡᠭᠡᠭᠡᠨ ᠬᠥᠭᠵᠢᠭᠦᠯᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠶᠢ ᠨᠢ ᠳᠡᠮᠵᠢᠵᠦ᠂ ᠵᠥᠪᠰᠢᠶᠡᠷᠡᠨ ᠣᠷᠣᠭᠤᠯᠬᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠳᠥᠭᠦᠮ ᠳᠥᠲᠡ ᠦᠢᠯᠡᠴᠢᠯᠡᠭᠡᠨ ᠬᠦᠷᠲᠡᠭᠡᠬᠦ ᠵᠡᠷᠭᠡ ᠲᠠᠯ᠎ᠠ ᠳᠤ ᠳᠡᠮᠵᠢᠯᠭᠡ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠬᠤᠶᠠᠷ︶ ᠣᠳᠣ ᠦᠶ᠎ᠡ ᠶᠢᠨ ᠠᠵᠤ ᠦᠢᠯᠡᠰ ᠢ ᠪᠥᠭᠡᠮᠨᠡᠷᠡᠭᠦᠯᠦᠨ ᠬᠥᠭᠵᠢᠭᠦᠯᠬᠦ ᠶᠢ ᠠᠬᠢᠭᠤᠯᠤᠨ᠎ᠠ᠃

      5. ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠵᠠᠮ ᠪᠠ ᠵᠦᠭ ᠴᠢᠭᠯᠡᠯ ᠢ ᠲᠣᠳᠣᠷᠬᠠᠢ ᠪᠣᠯᠭᠠᠨ᠂ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ ᠡᠵᠡᠮᠳᠡᠵᠦ᠂ ᠤᠳᠤᠷᠢᠳᠤᠮᠵᠢ ᠪᠣᠯᠬᠤ ᠠᠵᠤ ᠦᠢᠯᠡᠰ ᠤᠨ ᠪᠥᠬᠦ ᠦᠵᠡᠮᠵᠢ ᠶᠢᠨ ᠵᠢᠷᠤᠭ ᠢ ᠨᠠᠶᠢᠷᠠᠭᠤᠯᠤᠨ ᠵᠣᠬᠢᠶᠠᠵᠤ᠂ ᠣᠳᠣ ᠦᠶ᠎ᠡ ᠶᠢᠨ ᠠᠵᠤ ᠦᠢᠯᠡᠰ ᠤᠨ ᠠᠮᠢ ᠠᠬᠤᠢ ᠶᠢᠨ ᠲᠣᠭᠲᠠᠯᠴᠠᠭ᠎ᠠ ᠶᠢ ᠴᠣᠭᠴᠠᠯᠠᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠦᠢᠯᠡᠰ ᠤᠨ ᠪᠠᠶᠢᠷᠢᠰᠢᠭᠤᠯᠤᠯᠲᠠ ᠨᠢ ᠥᠪᠡᠷ ᠥᠪᠡᠷ ᠤᠨ ᠢᠶᠠᠨ ᠭᠤᠣᠯᠳᠠᠯᠭ᠎ᠠ ᠲᠠᠢ ᠪᠠᠶᠢᠵᠤ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠣᠷᠴᠢᠨ ᠲᠣᠭᠤᠷᠢᠨ ᠤ ᠪᠠᠭᠲᠠᠭᠠᠮᠵᠢ ᠵᠡᠷᠭᠡ ᠬᠦᠴᠦᠨ ᠵᠦᠢᠯ ᠯᠦᠭᠡ ᠤᠶᠠᠯᠳᠤᠭᠤᠯᠤᠨ ᠥᠪᠡᠷ ᠤᠨ ᠣᠨᠴᠠᠯᠢᠭ ᠪᠦᠬᠦᠢ ᠤᠳᠤᠷᠢᠳᠤᠮᠵᠢ ᠪᠣᠯᠬᠤ ᠠᠵᠤ ᠦᠢᠯᠡᠰ ᠢᠶᠠᠨ ᠲᠣᠭᠲᠠᠭᠠᠨ᠂ ᠢᠵᠢᠯᠢᠰᠢᠬᠦ ᠬᠠᠨᠳᠤᠰᠢ ᠠᠴᠠ ᠵᠠᠶᠢᠯᠠᠰᠬᠢᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠠᠶᠢᠮᠠᠭ ᠬᠤᠲᠠ ᠶᠢᠨ ᠬᠢᠨ ᠤ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠤᠷᠢᠳ ᠢᠶᠠᠷ ᠲᠥᠯᠥᠪᠵᠢᠭᠦᠯᠦᠨ ᠪᠠᠶᠢᠷᠢᠰᠢᠭᠤᠯᠬᠤ ᠶᠢ ᠵᠣᠷᠢᠭᠵᠢᠭᠤᠯᠵᠤ᠂ ᠬᠥᠲᠥᠴᠢ ᠠᠵᠤ ᠠᠬᠤᠶᠢᠯᠠᠯ᠂ ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠪᠣᠶᠢᠵᠢᠭᠤᠯᠤᠨ᠂ ᠤᠳᠤᠷᠢᠳᠤᠮᠵᠢ ᠪᠣᠯᠬᠤ ᠠᠵᠤ ᠦᠢᠯᠡᠰ ᠤᠨ ᠳᠡᠰ ᠳᠡᠪᠰᠢᠬᠦ ᠶᠢ ᠭᠤᠣᠯᠳᠠᠯᠭ᠎ᠠ ᠲᠠᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      6. ᠳᠡᠭᠡᠳᠦ ᠰᠢᠯᠢᠳᠡᠭ ᠣᠬᠢ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠤᠨ᠎ᠠ᠃ ᠠᠮᠢᠳᠤ ᠪᠣᠳᠠᠰ ᠤᠨ ᠮᠡᠷᠭᠡᠵᠢᠯ᠂ ᠳᠡᠭᠡᠳᠦ ᠳᠡᠰ ᠤᠨ ᠲᠣᠨᠤᠭ ᠲᠥᠬᠦᠭᠡᠷᠦᠮᠵᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳ᠋ᠢᠵᠢᠲ᠋ᠠᠯ ᠠᠵᠤ ᠦᠢᠯᠡᠰ᠂ ᠪᠣᠬᠢᠷᠲᠤᠯ ᠦᠭᠡᠢ ᠢᠳᠡᠭᠡᠨ ᠤ ᠵᠦᠢᠯ ᠢ ᠡᠳ᠋ᠰᠢᠭᠦᠯᠦᠨ ᠪᠣᠯᠪᠠᠰᠤᠷᠠᠭᠤᠯᠬᠤ᠂ ᠠᠮᠢᠳᠤ ᠪᠣᠳᠠᠰ ᠤᠨ ᠡᠮ ᠡᠮᠨᠡᠯᠭᠡ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠳ᠋ᠢᠵᠢᠲ᠋ᠠᠯ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠠᠵᠤ ᠦᠢᠯᠡᠰ ᠤᠨ ᠲᠣᠭᠠᠵᠢᠭᠤᠯᠤᠯᠲᠠ ᠪᠠ ᠲᠣᠭᠠᠵᠢᠭᠤᠯᠤᠯᠲᠠ ᠶᠢᠨ ᠠᠵᠤ ᠦᠢᠯᠡᠰᠵᠢᠯᠲᠡ ᠶᠢ ᠠᠬᠢᠭᠤᠯᠤᠨ᠎ᠠ︔ ᠲᠡᠷᠢᠭᠦᠨ ᠤ ᠦᠢᠯᠡᠳᠬᠦ ᠦᠢᠯᠡᠰ ᠤᠨ ᠠᠵᠤ ᠠᠬᠤᠶᠢᠯᠠᠯ᠂ ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ ᠵᠢᠵᠢᠭ ᠠᠲᠠᠯ᠎ᠠ ᠠᠪᠤᠷᠭᠤ ᠠᠵᠤ ᠠᠬᠤᠶᠢᠯᠠᠯ᠂ ᠵᠠᠩᠬᠢᠯᠠᠭ᠎ᠠ ᠶᠢᠨ ᠰᠡᠯᠪᠢᠭ ᠲᠣᠨᠤᠭ ᠪᠠ ᠵᠠᠪᠰᠠᠷ ᠤᠨ ᠦᠢᠯᠡᠳᠭᠦᠨ ᠦᠢᠯᠡᠳᠬᠦ ᠠᠵᠤ ᠠᠬᠤᠶᠢᠯᠠᠯ ᠢ ᠲᠦᠷᠭᠡᠪᠴᠢᠯᠡᠨ ᠣᠷᠣᠭᠤᠯᠵᠤ ᠠᠪᠴᠢᠷᠠᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠤᠯᠤᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠶᠢ ᠳᠡᠮᠵᠢᠵᠦ᠂ ᠠᠵᠤ ᠠᠬᠤᠶᠢᠯᠠᠯ ᠤᠨ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠥᠭᠵᠢᠯᠲᠡ ᠶᠢᠨ ᠬᠤᠯᠪᠣᠭ᠎ᠠ ᠪᠠ ᠠᠵᠤ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ ᠪᠠᠶᠢᠭᠤᠯᠬᠤ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      7.ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠤᠨ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠦᠢᠯᠡᠴᠢᠯᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠠᠰᠢᠭ ᠢ ᠭᠦᠢᠴᠡᠳ ᠬᠦᠷᠲᠡᠬᠦ ᠶᠢ ᠨᠢ ᠳᠡᠮᠵᠢᠨ᠎ᠡ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠬᠡᠪᠴᠢᠶ᠎ᠡ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠨᠢᠭᠡ ᠪᠦᠯᠦᠭ ᠤᠯᠤᠰ ᠤᠨ ᠳᠡᠰ ᠤᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠳᠠᠯᠭᠠᠲᠤ ᠲᠤᠷᠰᠢᠯᠲᠠ ᠶᠢᠨ ᠲᠠᠰᠤᠭ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡᠨ ᠤ ᠲᠥᠪ ᠵᠡᠷᠭᠡ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ ᠶᠢ ᠳᠡᠮᠵᠢᠵᠦ᠂ ᠠᠵᠤ ᠠᠬᠤᠶᠢᠯᠠᠯ ᠢ ᠰᠤᠳᠤᠯᠤᠨ ᠨᠡᠭᠡᠭᠡᠬᠦ ᠣᠷᠤᠭᠤᠯᠤᠯᠲᠠ ᠪᠠᠨ ᠨᠡᠮᠡᠭᠳᠡᠭᠦᠯᠬᠦ ᠪᠠᠷ ᠬᠥᠲᠥᠯᠥᠨ ᠵᠢᠯᠣᠭᠤᠳᠴᠦ᠂ ᠰᠢᠨ᠎ᠡ ᠶᠢ ᠡᠭᠦᠳᠦᠨ ᠬᠥᠭᠵᠢᠬᠦ ᠴᠢᠳᠠᠪᠤᠷᠢ ᠪᠠᠨ ᠲᠦᠷᠭᠡᠳᠭᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠬᠥᠭᠵᠢᠬᠦ ᠳᠤ ᠬᠦᠴᠦᠲᠡᠢ ᠪᠠᠲᠤᠯᠠᠭ᠎ᠠ ᠬᠠᠩᠭᠠᠨ᠎ᠠ᠃ ᠨᠦᠭᠦᠴᠡᠯ ᠳᠤ ᠨᠡᠶᠢᠴᠡᠭᠰᠡᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠣᠷᠣᠨ ᠵᠠᠢ ᠵᠡᠷᠭᠡ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠠᠴᠢᠶᠠᠯᠠᠪᠤᠷᠢ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠪᠣᠶᠢᠵᠢᠭᠤᠯᠬᠤ ᠶᠢ ᠨᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      8.ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠥᠭᠵᠢᠭᠦᠯᠦᠨ᠎ᠡ᠃ ᠲᠤᠰᠬᠠᠢ ᠠᠰᠢᠭ ᠤᠨ ᠵᠠᠮᠴᠢᠯᠠᠭᠤᠷ᠂ ᠮᠡᠳᠡᠯᠭᠡ ᠶᠢᠨ ᠥᠮᠴᠢᠯᠡᠯ ᠤᠨ ᠡᠷᠬᠡ ᠶᠢ ᠡᠵᠡᠩᠨᠡᠨ ᠠᠵᠢᠯᠯᠠᠭᠤᠯᠬᠤ ᠪᠠ ᠡᠷᠬᠡ ᠠᠰᠢᠭ ᠢᠶᠠᠨ ᠬᠠᠮᠠᠭᠠᠯᠠᠬᠤ ᠲᠤᠰᠠᠯᠠᠮᠵᠢ ᠶᠢᠨ ᠠᠵᠢᠯ ᠢ ᠶᠡᠭᠡ ᠪᠠᠷ ᠥᠷᠨᠢᠭᠦᠯᠦᠨ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ᠂ ᠪᠠᠷᠠᠭᠠᠨ ᠤ ᠭᠦᠢᠯᠭᠡᠭᠡ᠂ ᠦᠵᠡᠰᠭᠦᠯᠡᠩ ᠴᠤᠭᠯᠠᠭᠠᠨ᠂ ᠮᠥᠩᠭᠦᠨ ᠭᠦᠢᠯᠭᠡᠭᠡ᠂ ᠣᠶᠣᠨ ᠤ ᠬᠥᠮᠥᠷᠭᠡ᠂ ᠬᠠᠤᠯᠢ ᠴᠠᠭᠠᠵᠠ᠂ ᠮᠡᠳᠡᠯᠭᠡ ᠶᠢᠨ ᠥᠮᠴᠢᠯᠡᠯ ᠤᠨ ᠡᠷᠬᠡ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠭᠡᠷᠡᠴᠢᠯᠡᠯ᠂ ᠬᠥᠮᠥᠨ ᠤ ᠬᠦᠴᠦᠨ ᠤ ᠡᠬᠢ ᠪᠠᠶᠠᠯᠢᠭ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠬᠤ ᠪᠠ ᠥᠷᠳᠡᠭ ᠤᠨ ᠬᠡᠯᠬᠢᠶᠡᠨ ᠤ ᠳᠡᠭᠡᠳᠦ ᠦᠵᠦᠭᠦᠷ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠭᠤᠷᠪᠠ︶ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃

      9. ᠭᠠᠳᠠᠭᠠᠳᠤ ᠪᠡᠯᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠪᠠ ᠪᠠᠶᠢᠭ᠎ᠠ ᠭᠠᠵᠠᠷ ᠤᠨ ᠠᠶᠢᠮᠠᠭ ᠬᠤᠲᠠ ᠶᠢ ᠵᠣᠷᠢᠭᠵᠢᠭᠤᠯᠵᠤ ᠪᠠᠶᠢᠭᠠᠳ ᠣᠷᠣᠨ ᠪᠦᠰᠡ ᠶᠢᠨ ᠣᠨᠴᠠᠯᠢᠭ ᠪᠠ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠭᠠᠳᠠᠭᠠᠳᠤ ᠪᠡᠯᠡ ᠶᠢᠨ ᠬᠥᠭᠵᠢᠯᠲᠡ ᠶᠢ ᠳᠡᠮᠵᠢᠬᠦ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠲᠥᠬᠦᠷ ᠠᠷᠭ᠎ᠠ ᠪᠠᠷᠢᠯ ᠢ ᠲᠤᠬᠠᠢ ᠶᠢᠨ ᠭᠠᠵᠠᠷ ᠲᠤ ᠪᠠᠨ ᠲᠣᠬᠢᠷᠠᠭᠤᠯᠤᠨ ᠲᠣᠭᠲᠠᠭᠠᠵᠤ᠂ ᠲᠣᠰ ᠣᠷᠣᠨ ᠪᠦᠰᠡ ᠶᠢᠨ ᠢᠶᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢᠨ ᠵᠢᠯᠣᠭᠤᠳᠤᠮᠵᠢ ᠶᠢ ᠨᠠᠶᠢᠷᠠᠭᠤᠯᠤᠨ ᠵᠣᠬᠢᠶᠠᠬᠤ ᠪᠠ ᠨᠡᠶᠢᠲᠡᠯᠡᠨ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠂ ᠭᠠᠳᠠᠭᠠᠳᠤ ᠪᠡᠯᠡ ᠶᠢᠨ ᠲᠥᠷᠥᠯ ᠵᠦᠢᠯ ᠤᠨ ᠪᠣᠳᠠᠲᠠᠶᠢᠵᠢᠭᠤᠯᠤᠯᠲᠠ ᠪᠠ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠡᠯ᠎ᠡ ᠭᠠᠵᠠᠷ ᠣᠷᠣᠨ ᠤ ᠬᠠᠤᠯᠢ ᠠᠴᠠ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠤ ᠪᠠᠨ᠂ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢᠨ ᠣᠷᠴᠢᠨ ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠲᠠᠲᠠᠨ ᠠᠪᠴᠢᠷᠠᠬᠤ ᠡᠷᠴᠢᠮ ᠢᠶᠠᠨ ᠴᠢᠩᠭᠠᠷᠠᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ 〔2023〕11 ᠳ᠋ᠦ᠋ᠭᠡᠷ ᠲᠣᠭᠠᠲᠤ︶ ᠤᠨ ᠲᠣᠭᠲᠠᠭᠠᠯ ᠢ ᠦᠨᠳᠦᠰᠦᠯᠡᠨ᠂ ᠭᠤᠣᠯᠳᠠᠯᠭ᠎ᠠ ᠲᠠᠢ ᠤᠯᠤᠰ ᠠᠯᠤᠰᠯᠠᠭᠰᠠᠨ ᠺᠣᠮᠫᠠᠨᠢ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠳᠤ ᠳᠡᠮᠵᠢᠯᠭᠡ ᠦᠵᠡᠭᠦᠯᠬᠦ ᠶᠢ ᠨᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ ᠶᠢᠨ ᠳᠠᠭᠠᠤ ᠴᠢᠨᠠᠷ ᠢ ᠨᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠠᠶᠢᠭ᠎ᠠ ᠠᠶᠢᠮᠠᠭ ᠬᠤᠲᠠ ᠠᠴᠠ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠭᠤᠨ ᠪᠠᠶᠢᠯᠭᠠᠵᠤ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠬᠤ ᠬᠠᠮᠢᠶ᠎ᠠ ᠪᠦᠬᠦᠢ ᠬᠥᠭᠵᠢᠭᠦᠯᠦᠯᠲᠡ ᠶᠢᠨ ᠠᠷᠭ᠎ᠠ ᠬᠡᠮᠵᠢᠶ᠎ᠡ ᠲᠣᠭᠲᠠᠭᠠᠬᠤ ᠶᠢ ᠵᠣᠷᠢᠭᠵᠢᠭᠤᠯᠵᠤ᠂ ᠠᠷᠠᠯᠵᠢᠶ᠎ᠠ ᠪᠠ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠂ ᠨᠢᠭᠡ ᠪᠦᠯᠦᠭ ᠣᠨᠴᠠᠯᠢᠭ ᠢᠶᠠᠷ ᠢᠯᠡ ᠲᠣᠳᠣ᠂ ᠳᠠᠪᠠᠭᠤᠯᠢᠭ ᠢᠶᠠᠷ ᠲᠣᠪᠣᠶᠢᠮ᠎ᠠ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠪᠦᠯᠦᠭᠵᠢᠯ ᠢ ᠴᠣᠭᠴᠠᠯᠠᠨ᠎ᠠ︔ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠤᠨ ᠭᠠᠳᠠᠭᠰᠢᠯ ᠠᠵᠤ ᠠᠬᠤᠢ ᠶᠢ ᠬᠥᠭᠵᠢᠭᠦᠯᠬᠦ ᠪᠠᠷ ᠬᠥᠲᠥᠯᠥᠨ ᠵᠢᠯᠣᠭᠤᠳᠬᠤ ᠪᠠ ᠲᠡᠳᠡᠨ ᠳᠤ ᠳᠡᠮᠵᠢᠯᠭᠡ ᠦᠵᠡᠭᠦᠯᠵᠦ᠂ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠤ᠂ ᠲᠡᠭᠦᠨ ᠤ ᠵᠠᠬ᠎ᠠ ᠳᠡᠯᠭᠡᠭᠦᠷ ᠢᠶᠠᠨ ᠥᠷᠭᠡᠳᠭᠡᠬᠦ᠂ ᠣᠯᠠᠨ ᠤᠯᠤᠰ ᠤᠨ ᠪᠠᠷᠠᠭᠠᠨ ᠤ ᠭᠦᠢᠯᠭᠡᠭᠡ ᠲᠡᠭᠡᠭᠡᠪᠦᠷᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠲᠣᠭᠲᠠᠯᠴᠠᠭ᠎ᠠ ᠶᠢ ᠪᠦᠲᠦᠭᠡᠨ ᠪᠠᠶᠢᠭᠤᠯᠬᠤ ᠵᠡᠷᠭᠡ ᠳᠤ ᠳᠡᠮᠵᠢᠯᠭᠡ ᠦᠵᠡᠭᠦᠯᠵᠦ᠂ ᠬᠢᠯᠢ ᠶᠢᠨ ᠭᠠᠳᠠᠨᠠᠬᠢ ᠡᠵᠡᠩᠨᠡᠨ ᠪᠣᠷᠣᠯᠠᠭᠤᠯᠬᠤ ᠲᠣᠣᠷ ᠴᠡᠭ ᠪᠠ ᠭᠠᠳᠠᠭᠠᠳᠤ ᠶᠢᠨ ᠬᠥᠮᠥᠷᠭᠡ ᠲᠣᠬᠢᠷᠠᠭᠤᠯᠬᠤ ᠶᠢ ᠨᠢ ᠳᠡᠮᠵᠢᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠤᠬᠠᠶᠢᠯᠠᠭᠰᠠᠨ ᠠᠵᠢᠯ ᠢ ᠬᠥᠭᠵᠢᠭᠦᠯᠦᠨ᠎ᠡ︔ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠭᠠᠳᠠᠭᠠᠳᠤ ᠠᠷᠠᠯᠵᠢᠶᠠᠨ ᠤ ᠺᠣᠮᠫᠠᠨᠢ ᠶᠢᠨ ᠭᠠᠳᠠᠭᠠᠳᠤ ᠳᠤ ᠭᠠᠷᠭᠠᠬᠤ ᠢᠲᠡᠭᠡᠮᠵᠢ ᠶᠢᠨ ᠳᠠᠭᠠᠳᠬᠠᠯ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠠᠪᠴᠠᠩ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠵᠡᠷᠭᠡ ᠯᠦᠭᠡ ᠲᠣᠭᠲᠠᠪᠤᠷᠢᠲᠠᠢ ᠦᠢᠯᠡᠴᠢᠯᠡᠭᠡᠨ ᠤ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠪᠠᠶᠢᠭᠤᠯᠬᠤ ᠶᠢ ᠨᠢ ᠠᠬᠢᠭᠤᠯᠵᠤ᠂ ᠺᠣᠮᠫᠠᠨᠢ ᠶᠢ ᠬᠠᠪᠰᠤᠷᠴᠤ ᠪᠠᠶᠢᠭᠠᠳ ᠵᠠᠬᠢᠶᠠᠯᠠᠭ᠎ᠠ ᠶᠢᠨ ᠬᠠᠭᠤᠳᠠᠰᠤ ᠶᠢ ᠨᠢ ᠪᠠᠲᠤᠯᠠᠨ᠂ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠨ᠎ᠠ︔ ᠥᠪᠡᠷ ᠢᠶᠠᠨ ᠬᠡᠷᠡᠭᠯᠡᠬᠦ ᠴᠢᠩᠭᠡᠯᠢᠭ ᠤᠨ ᠲᠡᠭᠡᠭᠡᠪᠦᠷᠢ᠂ ᠬᠢᠯᠢ ᠠᠯᠤᠰᠯᠠᠭᠰᠠᠨ ᠡᠭᠡᠯᠵᠢ ᠶᠢᠨ ᠭᠠᠯᠲᠤ ᠲᠡᠷᠭᠡ᠂ ᠠᠴᠢᠶ᠎ᠠ ᠮᠠᠰᠢᠨ ᠤ ᠡᠭᠡᠯᠵᠢ ᠶᠢᠨ ᠲᠡᠷᠭᠡ ᠵᠡᠷᠭᠡ ᠲᠤᠰᠬᠠᠢ ᠬᠡᠷᠡᠭᠯᠡᠭᠡᠨ ᠤ ᠨᠡᠪᠲᠡᠷᠡᠯ ᠵᠠᠮ ᠤᠨ ᠲᠤᠬᠠᠶᠢᠯᠠᠭᠰᠠᠨ ᠠᠵᠢᠯ ᠢ ᠥᠷᠭᠡᠳᠬᠦ ᠶᠢ ᠳᠡᠮᠵᠢᠵᠦ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠤᠳᠤᠷᠢᠳᠤᠮᠵᠢ ᠪᠣᠯᠬᠤ ᠠᠵᠤ ᠦᠢᠯᠡᠰ ᠲᠠᠢ ᠪᠠᠨ ᠤᠶᠠᠯᠳᠤᠭᠤᠯᠤᠨ᠂ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ ᠤ ᠠᠵᠤ ᠦᠢᠯᠡᠰ ᠤᠨ ᠰᠢᠯᠵᠢᠯᠲᠡ ᠶᠢ ᠳᠠᠭᠠᠭᠠᠨ ᠠᠪᠴᠤ ᠵᠠᠯᠭᠠᠭᠤᠯᠬᠤ ᠶᠢ ᠢᠳᠡᠪᠬᠢᠲᠡᠢ ᠥᠷᠨᠢᠭᠦᠯᠬᠦ ᠶᠢ ᠨᠢ ᠵᠣᠷᠢᠭᠵᠢᠭᠤᠯᠤᠨ ᠳᠡᠮᠵᠢᠵᠦ᠂ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ ᠤ ᠲᠥᠷᠥᠯ ᠵᠦᠢᠯ ᠢ ᠤᠷᠢᠳ ᠢᠶᠠᠷ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠪᠥᠭᠡᠮᠨᠡᠷᠡᠭᠦᠯᠬᠦ ᠶᠢ ᠬᠥᠲᠥᠯᠥᠨ ᠵᠢᠯᠣᠭᠤᠳᠬᠤ ᠶᠢᠨ ᠬᠠᠮᠲᠤ ᠬᠢᠯᠢ ᠶᠢᠨ ᠪᠣᠭᠤᠮᠲᠠ ᠪᠠᠷ ᠥᠩᠭᠡᠷᠡᠭᠡᠬᠦ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠳᠤᠮᠳᠠᠳᠤ ᠤᠯᠤᠰ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠳᠬᠠᠯ ᠤᠨ ᠭᠤᠷᠪᠠᠳᠤᠭᠠᠷ ᠡᠵᠡᠩᠨᠡᠯᠲᠡ ᠶᠢᠨ ᠬᠡᠯᠲᠡᠰ ᠤᠨ ᠥᠪᠥᠷ ᠮᠣᠩᠭᠤᠯ ᠳᠠᠬᠢ ᠲᠤᠬᠠᠶᠢᠯᠠᠭᠰᠠᠨ ᠠᠵᠢᠯ ᠤᠨ ᠭᠠᠵᠠᠷ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠳᠥᠷᠪᠡ︶ ᠪᠣᠬᠢᠷᠲᠤᠯ ᠦᠭᠡᠢ ᠲᠣᠭᠠᠵᠢᠭᠤᠯᠤᠭᠰᠠᠨ ᠣᠶᠤᠨᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃

      11. ᠪᠣᠬᠢᠷᠲᠤᠯ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠳᠠᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ︵ᠠᠮᠢ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶᠂ ᠨᠡᠭᠦᠷᠡᠰᠦᠲᠥ᠋ᠷᠥᠭᠴᠢ ᠪᠠᠭᠠᠲᠠᠢ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠡᠭᠦᠳᠦᠨ ᠪᠠᠶᠢᠭᠤᠯᠬᠤ ᠶᠢ ᠳᠡᠮᠵᠢᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠷᠴᠢᠯᠳᠤᠭᠤᠯᠤᠭᠰᠠᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠂ ᠬᠦᠷᠢᠶᠡᠯᠡᠩ ᠲᠣᠭᠤᠷᠢᠭ ᠲᠠᠬᠢ ᠠᠵᠤ ᠦᠢᠯᠡᠰ ᠤᠨ ᠬᠥᠨᠳᠡᠯᠡᠨ ᠢᠶᠠᠷ ᠡᠪᠴᠡᠯᠳᠦᠬᠦ᠂ ᠭᠤᠯᠳᠤ ᠪᠠᠷ ᠤᠷᠲᠤᠳᠬᠠᠬᠤ᠂ ᠣᠷᠴᠢᠯᠳᠤᠭᠤᠯᠤᠨ ᠴᠦᠷᠭᠡᠯᠡᠭᠦᠯᠬᠦ ᠶᠢ ᠬᠡᠷᠡᠭᠵᠢᠭᠦᠯᠦᠨ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠪᠡᠯᠡᠳᠭᠡᠮᠵᠢ ᠶᠢ ᠬᠠᠮᠲᠤ ᠪᠠᠷ ᠪᠠᠶᠢᠭᠤᠯᠵᠤ ᠬᠠᠮᠲᠤ ᠳᠤ ᠪᠠᠨ ᠬᠦᠷᠲᠡᠬᠦ᠂ ᠡᠨᠧᠷᠭᠢ ᠶᠢ ᠱᠠᠲᠤᠯᠢᠭ ᠬᠡᠯᠪᠡᠷᠢ ᠪᠠᠷ ᠠᠰᠢᠭᠯᠠᠬᠤ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠪᠠ ᠪᠣᠬᠢᠷᠲᠤᠯ ᠪᠣᠳᠠᠰ ᠢ ᠲᠥᠪᠯᠡᠷᠡᠭᠦᠯᠦᠨ ᠠᠮᠤᠷ ᠲᠦᠪᠰᠢᠨ ᠢᠶᠠᠷ ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠤᠨ᠂ ᠣᠯᠠᠨ ᠵᠦᠢᠯ ᠤᠨ ᠡᠨᠧᠷᠭᠢ ᠶᠢᠨ ᠬᠠᠮᠵᠢᠯᠴᠠᠭᠤᠯᠤᠨ ᠨᠥᠬᠦᠪᠦᠷᠢᠯᠡᠭᠦᠯᠦᠭᠰᠡᠨ᠂ ᠶᠡᠷᠦᠩᠬᠡᠶᠢᠯᠡᠨ ᠠᠰᠢᠭᠯᠠᠭᠰᠠᠨ᠂ ᠡᠷᠴᠢᠮᠵᠢᠭᠦᠯᠦᠭᠰᠡᠨ ᠪᠥᠭᠡᠳ ᠥᠨᠳᠥᠷ ᠪᠦᠲᠦᠮᠵᠢᠲᠡᠢ ᠡᠨᠧᠷᠭᠢ ᠬᠠᠩᠭᠠᠬᠤ ᠠᠷᠭ᠎ᠠ ᠮᠠᠶ᠋ᠢᠭ ᠢ ᠲᠦᠷᠭᠡᠳᠭᠡᠨ ᠪᠣᠢ ᠪᠣᠯᠭᠠᠵᠤ᠂ ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ ᠲᠡᠭᠡᠭᠡᠪᠦᠷᠢᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠬᠦᠷᠢᠶᠡᠯᠡᠩ ᠲᠣᠭᠤᠷᠢᠭ ᠤᠨ ᠠᠶᠤᠯᠲᠠᠢ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠬᠤ᠂ ᠬᠠᠳᠠᠭᠠᠯᠠᠨ ᠨᠦᠬᠡᠴᠡᠯᠡᠬᠦ᠂ ᠰᠢᠯᠵᠢᠭᠦᠯᠦᠨ ᠲᠡᠭᠡᠭᠡᠪᠦᠷᠢᠯᠡᠬᠦ᠂ ᠳᠠᠬᠢᠨ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ᠂ ᠴᠡᠪᠡᠷ ᠦᠢᠯᠡᠳᠪᠦᠷᠢᠯᠡᠯ ᠤᠨ ᠠᠵᠤ ᠦᠢᠯᠡᠰ ᠵᠡᠷᠭᠡ ᠶᠢ ᠢᠳᠡᠪᠬᠢᠲᠡᠢ ᠣᠷᠣᠭᠤᠯᠤᠨ ᠠᠪᠴᠢᠷᠠᠵᠤ᠂ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠳᠤ ᠰᠢᠨ᠎ᠡ ᠶᠢ ᠡᠭᠦᠳᠦᠨ ᠬᠡᠷᠡᠭᠯᠡᠭᠡᠨ ᠳᠤ ᠤᠯᠠᠷᠢᠭᠤᠯᠬᠤ ᠶᠢ ᠠᠬᠢᠭᠤᠯᠤᠨ᠂ ᠡᠨᠧᠷᠭᠢ ᠶᠢᠨ ᠣᠷᠣᠯᠠᠭᠤᠯᠬᠤ ᠮᠡᠷᠭᠡᠵᠢᠯ᠂ ᠨᠡᠭᠦᠷᠡᠰᠦᠲᠥ᠋ᠷᠥᠭᠴᠢ ᠶᠢ ᠣᠯᠵᠠᠯᠠᠨ ᠴᠤᠭᠯᠠᠭᠤᠯᠬᠤ᠂ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ᠮᠡᠷᠭᠡᠵᠢᠯ᠂ ᠤᠷ᠎ᠠ ᠮᠡᠷᠭᠡᠰᠢᠯ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠮᠡᠷᠭᠡᠵᠢᠯ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠯ᠎ᠠ ᠶᠢᠨ ᠬᠠᠮᠢᠶᠠᠷᠤᠯᠲᠠ ᠶᠢᠨ ᠮᠡᠷᠭᠡᠵᠢᠯ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯ ᠪᠠ ᠨᠡᠭᠡᠭᠡᠯᠲᠡ ᠶᠢ ᠥᠷᠨᠢᠭᠦᠯᠦᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠯ᠎ᠠ ᠶᠢᠨ ᠮᠡᠷᠭᠡᠵᠢᠯ ᠤᠨ ᠠᠵᠤ ᠦᠢᠯᠡᠰᠵᠢᠯᠲᠡ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠨᠧᠷᠭᠢ ᠶᠢᠨ ᠲᠣᠪᠴᠢᠶ᠎ᠠ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      12. ᠳ᠋ᠢᠵᠢᠲ᠋ᠠᠯ ᠠᠵᠤ ᠦᠢᠯᠡᠰ ᠤᠨ ᠬᠦᠴᠦᠨ ᠴᠢᠳᠠᠮᠵᠢ ᠶᠢ ᠡᠷᠴᠢᠮᠯᠡᠬᠦ ᠪᠠᠨ ᠠᠬᠢᠭᠤᠯᠤᠨ᠎ᠠ᠃ ᠡᠯ᠎ᠡ ᠲᠥᠷᠥᠯ ᠤᠨ ᠬᠥᠷᠥᠩᠭᠡ ᠶᠢᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠮᠡᠳᠡᠭᠡ ᠵᠠᠩᠬᠢ ᠶᠢᠨ ᠮᠡᠷᠭᠡᠵᠢᠯ ᠤᠨ ᠰᠠᠭᠤᠷᠢ ᠪᠡᠯᠡᠳᠭᠡᠮᠵᠢ ᠶᠢ ᠪᠦᠲᠦᠭᠡᠨ ᠪᠠᠶᠢᠭᠤᠯᠬᠤ ᠪᠠᠷ  ᠪᠡᠯᠡ ᠣᠷᠣᠭᠤᠯᠬᠤ ᠶᠢ ᠨᠢ ᠵᠣᠷᠢᠭᠵᠢᠭᠤᠯᠤᠨ᠂ ᠴᠢᠮᠡᠭᠡ ᠬᠤᠯᠪᠣᠭᠠᠨ ᠤ ᠠᠵᠤ ᠠᠬᠤᠶᠢᠯᠠᠯ ᠤᠨ 5G ᠲᠣᠣᠷ ᠰᠦᠯᠵᠢᠶ᠎ᠡ ᠶᠢ ᠬᠡᠪᠴᠢᠶᠡᠵᠢᠭᠦᠯᠦᠨ ᠬᠡᠯᠬᠢᠨ ᠪᠠᠶᠢᠭᠤᠯᠬᠤ ᠶᠢ ᠨᠢ ᠳᠡᠮᠵᠢᠵᠦ᠂ ᠴᠢᠮᠡᠭᠡ ᠬᠤᠯᠪᠣᠭᠠᠨ ᠤ ᠰᠠᠭᠤᠷᠢ ᠥᠷᠲᠡᠭᠡᠨ ᠤ ᠴᠠᠬᠢᠯᠭᠠᠨ ᠬᠡᠷᠡᠭᠯᠡᠬᠦ ᠶᠢᠨ ᠮᠡᠳᠡᠭᠦᠯᠦᠨ ᠬᠢᠨᠠᠭᠤᠯᠵᠤ ᠤᠭᠰᠠᠷᠠᠬᠤ ᠰᠢᠭᠤᠳ ᠨᠡᠪᠲᠡᠷᠡᠯ ᠵᠠᠮ ᠲᠣᠬᠢᠷᠠᠭᠤᠯᠵᠤ᠂ ᠳ᠋ᠢᠵᠢᠲ᠋ᠠᠯ ᠠᠵᠤ ᠠᠬᠤᠢ ᠶᠢᠨ ᠬᠦᠷᠢᠶᠡᠨ ᠤ ᠠᠵᠤ ᠠᠬᠤᠶᠢᠯᠠᠯ ᠤᠨ ᠴᠠᠬᠢᠯᠭᠠᠨ ᠬᠦᠴᠦᠳᠡᠯ ᠤᠨ ᠳᠡᠰ ᠪᠠ ᠴᠠᠬᠢᠯᠭᠠᠨ ᠬᠡᠷᠡᠭᠯᠡᠬᠦ ᠬᠢᠵᠠᠭᠠᠷᠯᠠᠯ ᠳᠤ ᠬᠦᠯᠢᠶᠡᠰᠦᠯᠡᠭᠳᠡᠬᠦ ᠦᠭᠡᠢ ᠪᠠᠷ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ ᠳᠤ ᠣᠷᠣᠯᠴᠠᠬᠤ ᠶᠢ ᠨᠢ ᠳᠡᠮᠵᠢᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ︽ᠤᠬᠠᠭᠠᠯᠢᠭ ᠶᠡᠭᠡ ᠲᠠᠷᠢᠬᠢ︾ ᠶᠢ ᠪᠠᠶᠢᠭᠤᠯᠵᠤ᠂ ᠡᠯ᠎ᠡ ᠲᠥᠷᠥᠯ ᠤᠨ ᠨᠡᠶᠢᠭᠡᠮ ᠤᠨ ᠭᠤᠣᠯ ᠴᠣᠭᠴᠠ ᠶᠢᠨ ᠵᠣᠬᠢᠶᠠᠮᠠᠯ ᠣᠶᠣᠨ᠂ ᠲᠣᠮᠣ ᠳ᠋ᠠᠶᠢᠲ᠋ᠠ ᠶᠢᠨ ᠲᠥᠪ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠶᠢ ᠨᠢ ᠵᠣᠷᠢᠭᠵᠢᠭᠤᠯᠵᠤ᠂ ᠵᠠᠰᠠᠭ ᠤᠨ ᠶᠠᠪᠤᠳᠠᠯ᠂ ᠵᠠᠮ ᠬᠠᠷᠢᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ᠂ ᠶᠡᠷᠦᠩᠬᠡᠶᠢᠯᠡᠨ ᠵᠠᠰᠠᠬᠤ ᠵᠡᠷᠭᠡ ᠬᠦᠷᠢᠶᠡᠨ ᠤ ᠲᠣᠭᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠳ᠋ᠢᠵᠢᠲ᠋ᠠᠯ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠢᠴᠢ ᠰᠠᠭᠤᠷᠢ ᠪᠡᠯᠡᠳᠭᠡᠮᠵᠢ ᠶᠢᠨ ᠢᠵᠢ ᠪᠦᠷᠢᠳᠦᠭᠦᠯᠦᠭᠰᠡᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠨᠡᠭᠡᠭᠡᠯᠲᠡ ᠶᠢᠨ ᠣᠷᠣᠨ ᠳᠠᠬᠢ ᠠᠵᠤ ᠠᠬᠤᠶᠢᠯᠠᠯ ᠠᠵᠤ ᠦᠢᠯᠡᠰ ᠤᠨ ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠨᠢ ᠠᠬᠢᠭᠤᠯᠤᠨ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠪᠠ ᠬᠠᠮᠢᠶ᠎ᠠ ᠪᠦᠬᠦᠢ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠵᠦ᠂ ᠣᠶᠤᠨᠴᠢ ᠪᠠᠷ ᠦᠢᠯᠡᠳᠪᠦᠷᠢᠯᠡᠬᠦ ᠬᠠᠮᠲᠤ ᠳᠤ ᠪᠠᠨ ᠬᠦᠷᠲᠡᠬᠦ ᠲᠥᠪ ᠪᠠ ᠳ᠋ᠢᠵᠢᠲ᠋ᠠᠯ ᠠᠵᠤ ᠦᠢᠯᠡᠰ ᠤᠨ ᠰᠢᠨ᠎ᠡ ᠶᠢ ᠡᠭᠦᠳᠬᠦ ᠲᠥᠪ᠂ ᠣᠶᠤᠨᠴᠢ ᠠᠵᠤ ᠦᠢᠯᠡᠳᠪᠦᠷᠢ᠂ ᠣᠶᠤᠨᠴᠢ ᠦᠢᠯᠡᠳᠪᠦᠷᠢ ᠶᠢᠨ ᠲᠠᠰᠤᠭ ᠡᠭᠦᠳᠦᠨ ᠪᠠᠶᠢᠭᠤᠯᠬᠤ ᠶᠢ ᠳᠡᠮᠵᠢᠵᠦ᠂ ᠢᠵᠢᠯ ᠰᠢᠰᠲ᠋ᠧᠮ ᠤᠨ ᠠᠵᠢᠯ ᠲᠥᠷᠥᠯ ᠪᠠ ᠨᠠᠷᠢᠯᠢᠭ ᠬᠤᠪᠢᠶᠠᠭᠰᠠᠨ ᠬᠦᠷᠢᠶᠠᠨ ᠳᠤ ᠬᠠᠨᠳᠤᠭᠤᠯᠤᠭᠰᠠᠨ ᠨᠢᠭᠡ ᠪᠦᠯᠦᠭ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ ᠪᠣᠶᠢᠵᠢᠭᠤᠯᠤᠨ᠎ᠠ᠃ ᠠᠵᠤ ᠠᠬᠤᠶᠢᠯᠠᠯ ᠤᠨ ᠬᠤᠭᠤᠷᠣᠨᠳᠤᠬᠢ ᠬᠠᠩᠭᠠᠯᠭ᠎ᠠ ᠶᠢᠨ ᠬᠡᠯᠬᠢᠶᠡᠨ ᠤ ᠮᠡᠳᠡᠭᠡ ᠵᠠᠩᠬᠢ ᠶᠢ ᠵᠠᠯᠭᠠᠭᠤᠯᠵᠤ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠂ ᠨᠡᠭᠡᠭᠡᠯᠲᠡ ᠶᠢᠨ ᠣᠷᠣᠨ ᠳᠠᠬᠢ ᠠᠵᠤ ᠠᠬᠤᠶᠢᠯᠠᠯ ᠤᠨ ᠣᠶᠤᠨᠴᠢ ᠪᠠᠷ ᠨᠦᠬᠡᠴᠡᠯᠡᠨ ᠬᠠᠳᠠᠭᠠᠯᠠᠬᠤ ᠵᠡᠷᠭᠡ ᠲᠠᠪᠴᠠᠩ ᠪᠠᠶᠢᠭᠤᠯᠬᠤ ᠶᠢ ᠨᠢ ᠵᠣᠷᠢᠭᠵᠢᠭᠤᠯᠵᠤ᠂ ᠲᠣᠬᠢᠷᠠᠭᠤᠯᠤᠨ ᠬᠦᠷᠭᠡᠭᠴᠢ ᠦᠭᠡᠢ ᠬᠦᠷᠭᠡᠯᠲᠡ ᠵᠡᠷᠭᠡ ᠵᠢᠱᠢᠶ᠎ᠡ ᠦᠵᠡᠭᠦᠯᠬᠦ ᠲᠥᠷᠥᠯ ᠵᠦᠢᠯ ᠢ ᠰᠦᠪᠡᠭᠴᠢᠯᠡᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ  ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠲᠠᠪᠤ︶ ᠰᠢᠨ᠎ᠡ ᠶᠢ ᠡᠭᠦᠳᠦᠨ ᠬᠥᠭᠵᠢᠭᠦᠯᠬᠦ ᠠᠴᠢᠶᠠᠯᠠᠪᠤᠷᠢ ᠪᠠᠨ ᠥᠷᠭᠡᠳᠬᠡᠨ᠎ᠡ᠃

      13.ᠣᠯᠠᠨ ᠤᠯᠤᠰ ᠤᠨ ᠰᠣᠯᠢᠯᠴᠠᠭ᠎ᠠ ᠪᠠ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ︽ᠨᠢᠭᠡ ᠪᠦᠰᠡ ᠨᠢᠭᠡ ᠵᠠᠮ︾ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠂ ᠭᠠᠳᠠᠭᠠᠳᠤ ᠤᠯᠤᠰ ᠤᠨ ᠪᠠᠶᠢᠭᠤᠯᠤᠮᠵᠢ᠂ ᠰᠢᠶᠠᠩᠭᠠᠩ ᠣᠣᠮᠧᠨ ᠭᠠᠵᠠᠷ ᠣᠷᠣᠨ᠂ ᠤᠯᠤᠰ ᠤᠨ ᠳᠣᠲᠣᠭᠠᠳᠤᠬᠢ ᠬᠥᠷᠥᠩᠭᠡ ᠶᠢᠨ ᠬᠢᠨ ᠤ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠤᠯᠤᠰ ᠤᠨ ᠳᠣᠲᠣᠭᠠᠳᠤᠬᠢ ᠣᠷᠣᠨ ᠪᠦᠰᠡ ᠠᠯᠤᠰᠯᠠᠭᠰᠠᠨ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠵᠤ᠂ ᠤᠯᠤᠰ ᠤᠨ ᠳᠣᠲᠣᠭᠠᠳᠤᠬᠢ ᠠᠵᠤ ᠠᠬᠤᠢ ᠶᠢᠨ ᠶᠡᠭᠡ ᠣᠷᠴᠢᠯ ᠳᠤ ᠭᠦᠨᠵᠡᠭᠡᠢ ᠠᠭᠤᠰᠤᠯᠴᠠᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠣᠯᠣᠩ ᠤᠨ ᠣᠷᠣᠨ ᠵᠡᠷᠭᠡ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠬᠦ ᠶᠢ ᠳᠡᠮᠵᠢᠵᠦ᠂ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠤᠨ ᠢᠵᠢ ᠪᠦᠷᠢᠳᠦᠭᠦᠯᠦᠭᠰᠡᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠬᠠᠭᠠᠯᠠᠨ ᠲᠥᠯᠥᠪᠯᠡᠵᠦ᠂ ︽ᠪᠡᠭᠡᠵᠢᠩ ᠲᠢᠶᠠᠨᠵᠢᠨ ᠾᠧᠪᠧᠢ ᠳᠤ ᠰᠤᠳᠤᠯᠤᠨ ᠨᠡᠭᠡᠭᠡᠵᠦ᠂ ᠥᠪᠥᠷ ᠮᠣᠩᠭᠤᠯ ᠳᠤ ᠤᠯᠠᠷᠢᠭᠤᠯᠬᠤ︾ ᠲᠥᠪᠯᠡᠷᠡᠨ ᠳᠠᠭᠠᠭᠠᠴᠢᠯᠠᠬᠤ ᠭᠠᠵᠠᠷ ᠢ ᠪᠦᠲᠦᠭᠡᠨ ᠪᠠᠶᠢᠭᠤᠯᠬᠤ ᠳᠤ ᠬᠠᠨᠳᠤᠭᠤᠯᠤᠨ᠂ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢᠨ ᠲᠥᠷᠥᠯ ᠵᠦᠢᠯ ᠢ ᠰᠠᠨᠠᠭᠠᠴᠢᠯᠠᠭ᠎ᠠ ᠠᠴᠠ ᠪᠠᠨ ᠳᠠᠭᠠᠭᠠᠨ ᠠᠪᠴᠤ ᠵᠠᠯᠭᠠᠭᠤᠯᠵᠤ᠂ ᠳᠡᠭᠡᠳᠦ ᠳᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠯᠲᠡ ᠶᠢᠨ ᠰᠠᠭᠤᠷᠢᠨ ᠭᠠᠵᠠᠷ ᠢ ᠴᠣᠭᠴᠠᠯᠠᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠤᠯᠤᠰ ᠤᠨ ᠳᠣᠲᠣᠭᠠᠳᠤᠬᠢ ᠨᠡᠷᠡᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠶᠡᠷᠦᠩᠬᠡᠢ ᠬᠡᠯᠲᠡᠰ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠨᠢᠭᠡ ᠲᠣᠭᠤᠷᠢᠭ ᠣᠯᠠᠨ ᠬᠦᠷᠢᠶᠡᠯᠡᠩ᠂ ᠶᠡᠷᠦᠩᠬᠡᠢ ᠬᠡᠯᠲᠡᠰ + ᠨᠡᠪᠴᠢᠭᠦᠯᠬᠦ ᠰᠠᠭᠤᠷᠢᠨ ᠭᠠᠵᠠᠷ᠂ ᠪᠦᠬᠦᠯᠢ ᠴᠣᠭᠴᠠ ᠪᠠᠷ ᠨᠠᠶᠢᠳᠠᠨ ᠬᠠᠮᠢᠶᠠᠷᠤᠭᠤᠯᠬᠤ ᠵᠡᠷᠭᠡ ᠵᠠᠭᠪᠤᠷ ᠢᠶᠠᠷ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠨᠢᠭᠡ ᠪᠦᠯᠦᠭ ᠬᠠᠮᠲᠤᠷᠠᠯᠴᠠᠭᠠᠨ ᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ ᠣᠷᠣᠨ ᠪᠦᠰᠡ ᠠᠯᠤᠰᠯᠠᠨ ᠬᠠᠮᠲᠤ ᠪᠠᠷ ᠬᠦᠷᠢᠶᠡᠯᠡᠩ ᠲᠣᠭᠤᠷᠢᠭ᠂ ᠨᠠᠶᠢᠳᠠᠨ ᠬᠠᠮᠢᠶᠠᠷᠤᠭᠤᠯᠬᠤ ᠬᠦᠷᠢᠶᠡᠯᠡᠩ ᠲᠣᠭᠤᠷᠢᠭ ᠪᠠ ᠣᠭᠤᠷᠴᠤᠭ ᠬᠠᠷᠢᠶ᠎ᠠ ᠭᠠᠵᠠᠷ ᠤᠨ ᠠᠵᠤ ᠠᠬᠤᠢ ᠪᠦᠲᠦᠭᠡᠨ ᠪᠠᠶᠢᠭᠤᠯᠬᠤ ᠵᠡᠷᠭᠡ ᠬᠠᠮᠲᠤᠷᠠᠯᠴᠠᠭᠠᠨ ᠤ ᠵᠠᠭᠪᠤᠷ ᠢ ᠰᠦᠪᠡᠭᠴᠢᠯᠡᠨ᠂ ᠬᠥᠭᠵᠢᠭᠰᠡᠨ ᠭᠠᠵᠠᠷ ᠣᠷᠣᠨ ᠤ ᠰᠢᠯᠵᠢᠯᠲᠡ ᠶᠢᠨ ᠠᠵᠤ ᠦᠢᠯᠡᠰ ᠢ ᠰᠠᠨᠠᠭᠠᠴᠢᠯᠠᠭ᠎ᠠ ᠠᠴᠠ ᠪᠠᠨ ᠳᠠᠭᠠᠭᠠᠴᠢᠯᠠᠨ ᠠᠪᠴᠤ ᠵᠠᠯᠭᠠᠭᠤᠯᠵᠤ᠂ ᠠᠰᠢᠭ ᠲᠤᠰᠠ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠦᠷᠢᠯᠳᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠰᠠᠯᠠᠭ᠎ᠠ ᠮᠥᠴᠢᠷ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      14.ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠤᠯᠪᠣᠭᠠᠯᠠᠨ ᠬᠠᠮᠲᠤ ᠪᠠᠷ ᠪᠠᠶᠢᠭᠤᠯᠬᠤ ᠲᠠᠪᠴᠠᠩ ᠢ ᠴᠣᠭᠴᠠᠯᠠᠨ᠎ᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠶᠢᠨ ᠨᠡᠭᠡᠭᠡᠯᠲᠡ ᠶᠢᠨ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠡᠳᠡᠭᠡᠷ ᠤᠨ ᠪᠡᠯᠡ ᠣᠷᠤᠭᠤᠯᠤᠯᠲᠠ ᠶᠢ ᠠᠬᠢᠭᠤᠯᠬᠤ᠂ ᠠᠵᠤ ᠦᠢᠯᠡᠰ ᠤᠨ ᠰᠢᠯᠵᠢᠯᠲᠡ ᠬᠢᠬᠦ᠂ ᠮᠡᠳᠡᠭᠡ ᠵᠠᠩᠬᠢ ᠶᠢ ᠬᠠᠮᠲᠤ ᠳᠤ ᠪᠠᠨ ᠬᠦᠷᠲᠡᠬᠦ᠂ ᠲᠥᠷᠥᠯ ᠵᠦᠢᠯ ᠢ ᠵᠠᠯᠭᠠᠭᠤᠯᠬᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠵᠡᠷᠭᠡ ᠲᠠᠯ᠎ᠠ ᠶᠢᠨ ᠳᠠᠪᠠᠭᠤᠯᠢᠭ ᠢ ᠨᠢ ᠪᠠᠳᠠᠷᠠᠭᠤᠯᠤᠨ᠎ᠠ᠃ ᠬᠥᠬᠡᠬᠤᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠪᠠᠶᠠᠨᠨᠠᠭᠤᠷ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠨᠢ ᠬᠠᠳᠤᠨ ᠭᠤᠣᠯ ᠤᠨ ᠰᠠᠪᠠ ᠭᠠᠵᠠᠷ ᠤᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠯᠤᠭ᠎ᠠ᠂ ᠬᠥᠯᠥᠨ ᠪᠣᠶᠢᠷ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠨᠢ ᠵᠡᠭᠦᠨ ᠬᠤᠶᠢᠲᠤ ᠶᠢᠨ ᠭᠤᠷᠪᠠᠨ ᠮᠤᠵᠢ ᠶᠢᠨ ᠤᠯᠤᠰ ᠤᠨ  ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠯᠤᠭ᠎ᠠ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠰᠢᠯᠵᠢᠯᠲᠡ ᠬᠢᠬᠦ ᠪᠠ ᠢᠵᠢ ᠪᠦᠷᠢᠳᠦᠭᠦᠯᠦᠨ ᠬᠠᠮᠵᠢᠯᠴᠠᠨ ᠠᠵᠢᠯᠯᠠᠬᠤ ᠪᠠᠨ ᠴᠢᠩᠭᠠᠳᠬᠠᠵᠤ᠂ ᠳᠡᠭᠡᠳᠦ ᠳᠣᠣᠷᠠᠳᠤ ᠬᠡᠯᠬᠢᠶᠡᠨ ᠤ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶᠡᠨ ᠤ ᠲᠣᠭᠲᠠᠭᠤᠨ ᠢ ᠬᠠᠮᠠᠭᠠᠯᠠᠨ᠎ᠠ᠃ ᠣᠷᠣᠨ ᠤ ᠳᠣᠲᠣᠭᠠᠳᠤᠬᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤᠳ ᠥᠪᠡᠷ ᠥᠪᠡᠷ ᠤᠨ ᠳᠠᠪᠠᠭᠤᠯᠢᠭ ᠢᠶᠠᠨ ᠦᠨᠳᠦᠰᠦᠯᠡᠨ ᠵᠥᠷᠢᠶᠡᠲᠡᠢ ᠥᠷᠢᠰᠦᠯᠳᠦᠭᠡᠨ ᠥᠷᠨᠢᠭᠦᠯᠵᠦ᠂ ᠬᠠᠮᠵᠢᠯᠴᠠᠨ ᠬᠥᠭᠵᠢᠬᠦ ᠶᠢ ᠪᠡᠶᠡᠯᠡᠭᠦᠯᠦᠨ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠯᠤᠭ᠎ᠠ ᠬᠠᠮᠲᠤᠷᠠᠯᠴᠠᠭ᠎ᠠ ᠥᠷᠨᠢᠭᠦᠯᠦᠨ᠂ ᠪᠡᠯᠡ ᠣᠷᠣᠭᠤᠯᠬᠤ ᠪᠢᠯᠢᠭᠲᠡᠨ ᠣᠷᠣᠭᠤᠯᠬᠤ ᠮᠡᠷᠭᠡᠵᠢᠯ ᠣᠷᠣᠭᠤᠯᠬᠤ ᠶᠢ ᠨᠢᠭᠡᠳᠦᠯᠲᠡᠢ ᠲᠥᠯᠥᠪᠯᠡᠨ᠂ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠣᠶᠢᠷ᠎ᠠ ᠬᠠᠪᠢ ᠶᠢᠨ ᠵᠠᠬ᠎ᠠ ᠳᠡᠯᠭᠡᠭᠦᠷ ᠢ ᠨᠡᠭᠡᠭᠡᠨ ᠥᠷᠭᠡᠳᠭᠡᠬᠦ ᠯᠦᠭᠡ ᠨᠢᠭᠡᠳᠦᠯᠲᠡᠢ ᠲᠥᠯᠥᠪᠯᠡᠵᠦ᠂ ᠲᠠᠪᠴᠠᠩ ᠤᠨ ᠲᠣᠭᠲᠠᠴᠠ ᠶᠢᠨ ᠪᠦᠲᠦᠭᠡᠨ ᠪᠠᠶᠢᠭᠤᠯᠤᠯᠲᠠ ᠪᠠ ᠴᠢᠳᠠᠪᠤᠷᠢᠲᠠᠨ ᠤ ᠰᠣᠯᠢᠯᠴᠠᠭ᠎ᠠ ᠶᠢ ᠨᠢᠭᠡᠳᠦᠯᠲᠡᠢ ᠲᠥᠯᠥᠪᠯᠡᠬᠦ ᠶᠢ ᠨᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      15.ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠡᠪᠴᠢᠶ᠎ᠡ ᠶᠢ ᠪᠤᠵᠠᠭᠠᠶᠢᠷᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠭᠠᠳᠠᠭᠠᠳᠤ ᠨᠡᠭᠡᠭᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠲᠤᠯ ᠦᠭᠡᠢ ᠬᠥᠭᠵᠢᠯᠲᠡ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠬᠥᠭᠵᠢᠯᠲᠡ ᠶᠢᠨ ᠶᠠᠰᠤ ᠴᠢᠨᠠᠷ ᠲᠤ ᠠᠩᠬᠠᠷᠤᠯ ᠢᠶᠠᠨ ᠲᠥᠪᠯᠡᠷᠡᠭᠦᠯᠦᠨ᠂ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠲᠦᠪᠰᠢᠨ ᠢ ᠯᠠᠪᠳᠠᠭᠤᠨ ᠪᠠᠲᠤᠲᠠᠢ ᠳᠡᠭᠡᠭᠰᠢᠯᠡᠭᠦᠯᠵᠦ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠰᠢᠯᠭᠠᠨ ᠬᠢᠨᠠᠯᠲᠠ ᠳᠤ ᠪᠠᠶᠢᠷᠢ ᠳᠡᠭᠡᠭᠰᠢᠯᠡᠨ ᠳᠡᠰ ᠳᠡᠪᠰᠢᠬᠦ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠬᠤ ᠶᠢ ᠳᠡᠮᠵᠢᠨ᠎ᠡ᠃ ᠨᠦᠭᠦᠴᠡᠯ ᠳᠤ ᠨᠡᠶᠢᠴᠡᠭᠰᠡᠨ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠨᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠢᠶᠠᠷ ᠢᠳᠡᠪᠬᠢᠲᠡᠢ ᠭᠤᠶᠤᠴᠢᠯᠠᠨ ᠮᠡᠳᠡᠭᠦᠯᠬᠦ ᠶᠢ ᠳᠡᠮᠵᠢᠵᠦ᠂ ᠮᠠᠨ ᠤ ᠣᠷᠣᠨ ᠤ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠡᠪᠴᠢᠶ᠎ᠡ ᠪᠠ ᠪᠦᠬᠦᠯᠢ ᠴᠣᠭᠴᠠ ᠶᠢᠨ ᠠᠵᠤ ᠠᠬᠤᠢ ᠶᠢᠨ ᠪᠣᠳᠠᠲᠤ ᠬᠦᠴᠦᠨ ᠢ ᠯᠠᠪᠳᠠᠭᠤᠨ ᠪᠠᠲᠤᠲᠠᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠵᠢᠷᠭᠤᠭ᠎ᠠ︶ ᠬᠦᠴᠦᠨ ᠵᠦᠢᠯ ᠤᠨ ᠪᠠᠲᠤᠯᠠᠭ᠎ᠠ ᠪᠠ ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠨ᠎ᠠ᠃

      16. ᠳᠡᠯᠡᠬᠡᠶᠢᠵᠢᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠪᠠᠶᠢᠭᠤᠯᠤᠨ᠎ᠠ᠃ ︽ᠦᠨᠡᠮᠯᠡᠯ ᠤᠳ ᠢ ᠨᠢᠭᠡᠳᠦᠭᠦᠯᠬᠦ᠂ ᠲᠣᠭᠲᠠᠭᠠᠯ ᠤᠳ ᠢ ᠨᠢᠭᠡᠳᠦᠭᠦᠯᠬᠦ᠂ ᠦᠨᠡᠯᠡᠯᠲᠡ ᠨᠦᠭᠦᠳ ᠢ ᠨᠢᠭᠡᠳᠦᠭᠦᠯᠬᠦ᠂ ᠵᠢᠷᠤᠭ ᠲᠥᠯᠥᠪᠯᠡᠭᠡ ᠨᠦᠭᠦᠳ ᠢ ᠬᠤᠯᠪᠣᠭᠠᠯᠠᠨ ᠬᠢᠨᠠᠬᠤ᠂ ᠰᠢᠯᠭᠠᠨ ᠠᠪᠬᠤ ᠤᠴᠢᠷ ᠤᠳ ᠢ ᠨᠢᠭᠡᠳᠦᠭᠦᠯᠬᠦ᠂ ᠬᠡᠮᠵᠢᠨ ᠵᠢᠷᠤᠭᠯᠠᠬᠤ ᠤᠴᠢᠷ ᠤᠳ ᠢ ᠨᠢᠭᠡᠳᠦᠭᠦᠯᠬᠦ︾ ᠵᠡᠷᠭᠡ ᠰᠢᠨ᠎ᠡ ᠶᠢ ᠡᠭᠦᠳᠦᠭᠰᠡᠨ ᠠᠵᠢᠯᠯᠠᠬᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠥᠷᠲᠡᠭᠡᠴᠢᠯᠡᠭᠰᠡᠨ ᠮᠠᠶ᠋ᠢᠭ ᠤᠨ︾ ᠦᠢᠯᠡᠴᠢᠯᠡᠭᠡᠨ ᠤ ᠲᠠᠩᠬᠢᠮ ᠤᠨ ᠪᠦᠲᠦᠭᠡᠨ ᠪᠠᠶᠢᠭᠤᠯᠤᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠢᠳᠡᠪᠬᠢᠲᠡᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ᠂ ᠪᠠᠶᠢᠭᠠᠯᠢ ᠶᠢᠨ ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠶᠢ ᠪᠠᠭᠲᠠᠭᠠᠭᠰᠠᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠬᠠᠤᠯᠢ ᠶᠣᠰᠣᠭᠠᠷ ᠪᠠᠶᠢᠭᠤᠯᠵᠤ᠂ ᠳᠣᠲᠣᠨᠣ ᠴᠢᠭᠡᠴᠢ ᠰᠢᠨ᠎ᠡ ᠬᠡᠯᠪᠡᠷᠢ ᠶᠢᠨ ᠵᠠᠰᠠᠭ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠎ᠠ᠃ ᠨᠦᠭᠦᠴᠡᠯ ᠲᠠᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠢᠨ ᠤ ᠪᠥᠬᠦ ᠶᠠᠪᠤᠴᠠ ᠳᠤ ᠣᠷᠣᠯᠠᠨ ᠭᠦᠢᠴᠡᠳᠭᠡᠬᠦ ᠳᠦᠷᠢᠮ ᠰᠦᠪᠡᠭᠴᠢᠯᠡᠨ ᠥᠷᠨᠢᠭᠦᠯᠬᠦ ᠶᠢ ᠵᠣᠷᠢᠭᠵᠢᠭᠤᠯᠤᠨ᠎ᠠ᠃ ᠡᠯ᠎ᠡ ᠵᠦᠢᠯ ᠤᠨ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠵᠦ ᠠᠷᠠᠳ ᠲᠤ ᠳᠥᠭᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠠᠯᠠᠯᠲᠠ ᠪᠠᠨ ᠴᠠᠭ ᠲᠤᠬᠠᠢ ᠳᠤ ᠨᠢ ᠪᠡᠶᠡᠯᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠵᠥᠪᠰᠢᠶᠡᠷᠡᠯ ᠪᠠ ᠡᠷᠬᠡ ᠶᠢᠨ ᠬᠢᠵᠠᠭᠠᠷ ᠤᠨ ᠬᠡᠪᠴᠢᠶᠡᠨ ᠳᠤ ᠪᠠᠨ ᠥᠷᠢᠰᠦᠯᠳᠦᠬᠦ ᠬᠦᠴᠦᠨ ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠴᠢᠬᠤᠯᠠ ᠶᠡᠭᠡ ᠠᠵᠦ ᠦᠢᠯᠡᠰ ᠤᠨ ᠲᠥᠷᠥᠯ ᠵᠦᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠤᠨ ᠲᠥᠷᠥᠯ ᠵᠦᠢᠯ ᠳᠤ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠨᠢ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ᠂ ᠨᠢᠭᠡ ᠠᠵᠤ ᠦᠢᠯᠡᠰ ᠲᠤ ᠨᠢᠭᠡ ᠲᠥᠷᠥ ᠶᠢᠨ ᠪᠣᠳᠣᠯᠭ᠎ᠠ︾ ᠶᠢᠨ ᠬᠠᠷᠠᠭᠠᠯᠵᠠᠯ ᠤᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠃  ︵ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      17. ᠡᠷᠴᠢᠮᠵᠢᠭᠦᠯᠦᠨ ᠥᠨᠳᠥᠷ ᠪᠦᠲᠦᠮᠵᠢᠲᠡᠢ ᠪᠠᠷ ᠭᠠᠵᠠᠷ ᠰᠢᠷᠣᠢ ᠬᠡᠷᠡᠭᠯᠡᠬᠦ ᠶᠢ ᠴᠢᠩᠭᠠᠷᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠶᠢ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠥᠪᠵᠢᠭᠦᠯᠭᠡ ᠯᠦᠭᠡ ᠵᠣᠯᠭᠠᠭᠤᠯᠬᠤ ᠪᠠᠨ ᠴᠢᠩᠭᠠᠳᠬᠠᠨ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠶᠢᠨ ᠬᠢᠯᠢ ᠵᠠᠭᠠᠭ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠲᠥᠷᠥᠯ ᠵᠦᠢᠯ ᠳᠤ ᠬᠡᠷᠡᠭᠯᠡᠬᠦ ᠭᠠᠵᠠᠷ ᠢ ᠵᠦᠢ ᠵᠣᠬᠢᠰᠲᠠᠢ ᠤᠷᠢᠳᠴᠢᠯᠠᠵᠤ ᠦᠯᠡᠳᠡᠭᠡᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ  ᠣᠷᠣᠨ ᠤ ᠬᠠᠷᠭᠤᠭᠤᠯᠤᠨ ᠵᠥᠪᠰᠢᠶᠡᠷᠡᠬᠦ ᠬᠡᠪᠴᠢᠶ᠎ᠡ ᠪᠠᠨ ᠬᠤᠪᠢᠷᠠᠭᠠᠬᠤ ᠦᠭᠡᠢ ᠪᠠᠶᠢᠬᠤ ᠤᠷᠢᠳᠠᠯ ᠳᠣᠣᠷ᠎ᠠ᠂ ᠲᠥᠯᠥᠪᠵᠢᠭᠦᠯᠭᠡ ᠶᠢᠨ ᠬᠠᠲᠠᠭᠤ ᠬᠢᠵᠠᠭᠠᠷᠯᠠᠯ ᠪᠠ ᠬᠠᠷᠢᠮᠠᠬᠠᠢ ᠲᠣᠬᠢᠷᠠᠭᠤᠯᠤᠯᠲᠠ ᠶᠢ ᠵᠡᠷᠭᠡ ᠳᠤ ᠨᠢ ᠬᠡᠷᠡᠭᠯᠡᠬᠦ ᠲᠣᠭᠲᠠᠴᠠ ᠬᠡᠷᠡᠭᠵᠢᠭᠦᠯᠬᠦ ᠶᠢ ᠵᠥᠪᠰᠢᠶᠡᠷᠡᠨ᠂ ᠲᠥᠷᠥᠯ ᠵᠦᠢᠯ ᠤᠨ ᠪᠣᠳᠠᠲᠠᠶᠢᠵᠢᠬᠤ ᠶᠢ ᠡᠮᠬᠢ ᠳᠢᠭᠯᠢᠮ ᠲᠠᠢ ᠲᠣᠬᠢᠷᠠᠭᠤᠯᠤᠨ᠎ᠠ᠃ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠳᠠᠬᠢ ᠡᠮᠦᠨ᠎ᠡ ᠬᠤᠶᠢᠨᠠᠬᠢ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠪᠠ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠬᠢᠯᠢ ᠵᠠᠭᠠᠭ ᠢ ᠥᠷᠭᠡᠳᠭᠡᠬᠦ ᠳᠠᠬᠢᠨ ᠲᠤᠭ᠎ᠠ ᠶᠢ ᠰᠢᠪᠲᠤᠯᠬᠤ ᠦᠭᠡᠢ ᠤᠷᠢᠳᠠᠯ ᠳᠣᠣᠷ᠎ᠠ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ︽ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠬᠢᠯᠢ ᠵᠠᠭᠠᠭ ᠤᠨ ᠬᠠᠮᠢᠶᠠᠷᠤᠯᠲᠠ ᠶᠢ ᠰᠠᠶᠢᠲᠤᠷ ᠬᠢᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︵ᠲᠤᠷᠰᠢᠨ ᠬᠡᠷᠡᠭᠵᠢᠭᠦᠯᠬᠦ︶︾ ︵ᠪᠠᠶᠢᠭᠠᠯᠢ ᠪᠠᠶᠠᠯᠢᠭ ᠲᠠᠷᠬᠠᠭᠠᠭᠰᠠᠨ 〔2023〕193 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠬᠢᠯᠢ ᠵᠠᠭᠠᠭ ᠲᠤ ᠬᠡᠰᠡᠭ ᠲᠠᠯ᠎ᠠ ᠶᠢᠨ ᠰᠢᠯᠢᠳᠡᠭᠵᠢᠭᠦᠯᠦᠯᠲᠡ ᠬᠢᠬᠦ ᠶᠢ ᠵᠥᠪᠰᠢᠶᠡᠷᠡᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠦᠯᠡᠳᠡᠭᠳᠡᠯ ᠭᠠᠵᠠᠷ ᠰᠢᠷᠣᠢ ᠶᠢ ᠳᠠᠬᠢᠨ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ᠂ ᠬᠡᠷᠡᠭᠯᠡᠭᠡᠨ ᠤ ᠪᠦᠲᠦᠮᠵᠢ ᠠᠨᠠᠢ ᠭᠠᠵᠠᠷ ᠢ ᠰᠡᠷᠭᠦᠭᠡᠨ ᠠᠰᠢᠭᠯᠠᠬᠤ ᠶᠢ ᠠᠬᠢᠭᠤᠯᠤᠨ᠎ᠠ᠃ ᠰᠢᠨ᠎ᠡ ᠪᠠᠷ ᠨᠡᠭᠡᠭᠡᠯᠲᠡ ᠶᠢᠨ ᠣᠷᠣᠨ ᠳᠤ ᠰᠠᠭᠤᠷᠢᠰᠢᠭᠰᠠᠨ ᠠᠵᠤ ᠠᠬᠤᠶᠢᠯᠠᠯ ᠪᠠ ᠭᠠᠵᠠᠷ ᠰᠢᠷᠣᠢ ᠬᠡᠷᠡᠭᠯᠡᠬᠦ ᠡᠷᠬᠡ ᠶᠢᠨ ᠬᠠᠷᠢᠶᠠᠨ ᠤ ᠠᠵᠤ ᠠᠬᠤᠶᠢᠯᠠᠯ ᠬᠤᠷᠰᠢᠨ ᠠᠵᠢᠯᠯᠠᠬᠤ ᠶᠢ ᠵᠣᠷᠢᠭᠵᠢᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠭᠤᠴᠢᠨ ᠬᠤᠲᠠ ᠪᠠᠯᠭᠠᠰᠤ᠂ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠬᠠᠭᠤᠴᠢᠨ ᠠᠶᠢᠯ ᠲᠣᠰᠬᠤᠨ ᠵᠡᠷᠭᠡ ᠶᠢ ᠥᠭᠡᠷᠡᠴᠢᠯᠡᠵᠦ ᠰᠠᠶᠢᠵᠢᠷᠠᠭᠤᠯᠬᠤ ᠶᠢ ᠳᠡᠮᠵᠢᠨ᠎ᠡ︔ ᠬᠦᠷᠢᠶᠡᠯᠡᠩ ᠲᠣᠭᠤᠷᠢᠭ ᠲᠠᠬᠢ ᠠᠵᠤ ᠠᠬᠤᠶᠢᠯᠠᠯ ᠤᠨ ᠣᠳᠣ ᠪᠠᠶᠢᠭ᠎ᠠ ᠦᠯᠡᠳᠡᠭᠳᠡᠯ ᠭᠠᠵᠠᠷ ᠰᠢᠷᠣᠢ ᠶᠢ ᠠᠰᠢᠭᠯᠠᠨ ᠡᠮᠴᠢᠯᠡᠭᠡ᠂ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ ᠤ ᠰᠤᠳᠤᠯᠤᠯ ᠵᠡᠷᠭᠡ ᠲᠥᠷᠥᠯ ᠵᠦᠢᠯ ᠬᠥᠭᠵᠢᠭᠦᠯᠬᠦ ᠶᠢ ᠨᠢ ᠳᠡᠮᠵᠢᠨ᠎ᠡ᠃ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠵᠣᠷᠢᠭᠵᠢᠭᠤᠯᠵᠤ ᠪᠠᠶᠢᠭᠠᠳ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠶᠢᠨ ᠲᠥᠷᠥᠯ ᠠᠩᠭᠢᠯᠠᠯ ᠳᠤ ᠰᠢᠨ᠎ᠡ ᠶᠢ ᠡᠭᠦᠳᠬᠦ᠂ ᠭᠠᠵᠠᠷ ᠰᠢᠷᠣᠢ ᠶᠢ ᠬᠤᠯᠢᠯᠳᠤᠭᠤᠯᠤᠨ ᠬᠡᠷᠡᠭᠯᠡᠬᠦ ᠶᠢ ᠵᠣᠷᠢᠭᠵᠢᠭᠤᠯᠬᠤ᠂ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠦᠢᠯᠡᠰ ᠤᠨ ᠲᠥᠷᠥᠯ ᠵᠦᠢᠯ ᠳᠤ ᠬᠡᠷᠡᠭᠯᠡᠬᠦ ᠭᠠᠵᠠᠷ ᠰᠢᠷᠣᠢ ᠶᠢᠨ ᠬᠡᠷᠡᠭᠴᠡᠭᠡ ᠶᠢ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      18. ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ᠂ ᠡᠯ᠎ᠡ ᠲᠥᠷᠥᠯ ᠤᠨ ᠠᠵᠤ ᠦᠢᠯᠡᠰ ᠤᠨ ᠲᠤᠰᠬᠠᠢ ᠪᠡᠯᠡ ᠮᠥᠩᠭᠦ ᠶᠢ ᠰᠠᠶᠢᠲᠤᠷ ᠠᠰᠢᠭᠯᠠᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠷᠠᠭᠤᠯᠬᠤ ᠶᠢ ᠨᠢ ᠳᠡᠮᠵᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠨᠢ ᠵᠣᠷᠢᠭᠵᠢᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠰᠠᠭᠤᠷᠢ ᠪᠡᠯᠡᠳᠭᠡᠮᠵᠢ ᠵᠢᠴᠢ ᠴᠢᠬᠤᠯᠠ ᠶᠡᠭᠡ ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷ ᠲᠤᠰᠬᠠᠢ ᠵᠢᠭᠡᠯᠡᠯᠭᠡ ᠶᠢᠨ ᠲᠡᠮᠳᠡᠭ ᠭᠤᠶᠤᠴᠢᠯᠠᠬᠤ ᠳᠤ ᠨᠢ ᠵᠣᠬᠢᠬᠤ ᠬᠡᠮᠵᠢᠶ᠎ᠡ ᠪᠠᠷ ᠬᠠᠷᠠᠭᠠᠯᠵᠠᠯ ᠦᠵᠡᠭᠦᠯᠵᠦ᠂ ᠡᠯ᠎ᠡ ᠠᠶᠢᠮᠠᠭ ᠬᠤᠲᠠ ᠶᠢ ᠵᠣᠷᠢᠭᠵᠢᠭᠤᠯᠵᠤ ᠪᠠᠶᠢᠭᠠᠳ ᠲᠡᠭᠦᠨ ᠤ ᠬᠠᠷᠢᠶ᠎ᠠ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠢᠶᠠᠨ ᠡᠮᠬᠢᠯᠡᠨ ᠨᠡᠶᠢᠯᠡᠭᠦᠯᠵᠦ ᠳᠠᠪᠰᠢᠨ ᠳᠡᠭᠡᠭᠰᠢᠯᠡᠭᠦᠯᠬᠦ ᠳᠤ ᠨᠢ ᠬᠠᠷᠠᠭᠠᠯᠵᠠᠭᠰᠠᠨ ᠡᠳ᠋ ᠤᠨ ᠵᠠᠰᠠᠭ ᠤᠨ ᠳᠡᠮᠵᠢᠯᠭᠡ ᠣᠯᠭᠤᠨ᠎ᠠ︔ ᠨᠦᠭᠦᠴᠡᠯ ᠲᠠᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ ᠵᠡᠷᠭᠡ ᠲᠤᠷᠰᠢᠯᠲᠠ ᠶᠢᠨ ᠴᠡᠭ ᠥᠷᠨᠢᠭᠦᠯᠬᠦ ᠶᠢ ᠳᠡᠮᠵᠢᠨ᠎ᠡ︔ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠡᠳ᠋ ᠤᠨ ᠵᠠᠰᠠᠭ ᠤᠨ ᠪᠦᠷᠢᠮᠦᠰᠦᠨ ᠲᠤᠰᠠᠭᠠᠷ ᠪᠠᠶᠢᠬᠤ ᠶᠢ ᠳᠡᠮᠵᠢᠨ᠂ ᠥᠪᠡᠷᠲᠡᠭᠡᠨ ᠵᠠᠰᠠᠬᠤ ᠣᠷᠣᠨ ᠠᠴᠠ ᠡᠯ᠎ᠡ ᠵᠦᠢᠯ ᠤᠨ ᠲᠤᠰᠬᠠᠢ ᠰᠢᠯᠵᠢᠭᠦᠯᠦᠨ ᠲᠥᠯᠥᠬᠦ ᠮᠥᠩᠭᠦ ᠪᠠᠭᠤᠯᠭᠠᠬᠤ ᠳᠤ ᠪᠠᠨ᠂ ᠲᠤᠰᠠᠭᠠᠷ ᠵᠢᠭᠰᠠᠭᠠᠵᠤ᠂ ᠲᠤᠰᠠᠭᠠᠷ ᠵᠣᠭᠤᠰ ᠲᠣᠬᠢᠷᠠᠭᠤᠯᠤᠨ᠎ᠠ︔ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠥᠷᠢ ᠥᠭᠴᠡᠭᠡᠨ ᠤ ᠬᠠᠮᠢᠶᠠᠷᠤᠯᠲᠠ ᠶᠢᠨ ᠵᠠᠭᠪᠤᠷ ᠢᠶᠠᠷ ᠯᠠᠪᠯᠠᠯᠲᠠ ᠪᠣᠯᠭᠠᠵᠦ᠂ ᠪᠠᠶᠢᠭ᠎ᠠ ᠭᠠᠵᠠᠷ ᠤᠨ ᠠᠶᠢᠮᠠᠭ ᠬᠤᠲᠠ ᠠᠴᠠ ᠰᠠᠯᠤᠩᠬᠢᠳᠠ ᠪᠠᠶᠢᠯᠭᠠᠵᠤ᠂ ᠲᠤᠰᠠᠭᠠᠷᠯᠠᠨ ᠠᠵᠢᠯᠯᠠᠭᠤᠯᠬᠤ ᠪᠠ ᠬᠠᠮᠢᠶᠠᠷᠬᠤ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠪᠥᠷ ᠮᠣᠩᠭᠤᠯ ᠳᠠᠬᠢ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      19.ᠡᠨᠧᠷᠭᠢ ᠶᠢᠨ ᠡᠬᠢ ᠪᠠᠶᠠᠯᠢᠭ ᠤᠨ ᠥᠪᠡᠷ ᠤᠨ ᠥᠷᠳᠡᠭ ᠢ ᠪᠠᠭᠤᠷᠠᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶ᠎ᠠ᠂ ᠰᠢᠲᠠᠮᠠᠬᠠᠢ ᠬᠡᠢ ᠶᠢᠨ ᠰᠢᠭᠤᠳ ᠬᠡᠢ ᠬᠠᠩᠭᠠᠬᠤ ᠲᠤᠷᠰᠢᠯᠲᠠ ᠶᠢᠨ ᠴᠡᠭ᠂ ᠤᠰᠤ ᠬᠠᠩᠭᠠᠬᠤ ᠤᠰᠤ ᠭᠠᠳᠠᠭᠰᠢᠯᠠᠭᠤᠯᠬᠤ ᠭᠤᠷᠪᠠᠳᠤᠭᠠᠷ ᠡᠲᠡᠭᠡᠳ ᠤᠨ ᠦᠢᠯᠡᠴᠢᠯᠡᠭᠡ ᠵᠡᠷᠭᠡ ᠥᠭᠡᠷᠡᠴᠢᠯᠡᠯᠲᠡ ᠥᠷᠨᠢᠭᠦᠯᠬᠦ ᠶᠢ ᠳᠡᠮᠵᠢᠨ᠎ᠡ᠃ ᠨᠡᠭᠡᠭᠡᠯᠲᠡ ᠶᠢᠨ ᠣᠷᠣᠨ ᠳᠠᠬᠢ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠠᠵᠤ ᠠᠬᠤᠶᠢᠯᠠᠯ ᠯᠤᠭ᠎ᠠ ᠰᠢᠭᠤᠳ ᠴᠠᠬᠢᠯᠭᠠᠨ ᠬᠦᠴᠦᠨ ᠤ ᠠᠷᠠᠯᠵᠢᠶ᠎ᠠ ᠬᠢᠬᠦ ᠶᠢ ᠵᠣᠷᠢᠭᠵᠢᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ ᠰᠠᠭᠤᠭᠠᠯᠢ ᠠᠷᠠᠳ ᠤᠨ ᠪᠤᠰᠤ ᠦᠨ᠎ᠡ ᠶᠢᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠶᠢ ᠲᠣᠭᠲᠠᠭᠠᠯ ᠶᠣᠰᠣᠭᠠᠷ ᠥᠷᠨᠢᠭᠦᠯᠬᠦ ᠶᠢ ᠳᠡᠮᠵᠢᠵᠦ᠂ ᠪᠠᠶᠢᠭᠠᠯᠢ ᠶᠢᠨ ᠰᠢᠲᠠᠮᠠᠬᠠᠢ ᠬᠡᠢ ᠶᠢ ᠵᠥᠭᠡᠭᠡᠪᠦᠷᠢᠯᠡᠬᠦ ᠪᠠ ᠲᠣᠬᠢᠷᠠᠭᠤᠯᠬᠤ ᠦᠨ᠎ᠡ ᠬᠠᠩᠰᠢ ᠶᠢᠨ ᠲᠠᠯ᠎ᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠦ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      20. ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠᠨ ᠲᠡᠭᠦᠯᠳᠡᠷᠵᠢᠭᠦᠯᠦᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ︽ᠢᠯᠡᠭᠦᠦ ᠬᠥᠳᠡᠯᠮᠦᠷᠢᠯᠡᠪᠡᠯ ᠢᠯᠡᠭᠦᠦ ᠣᠯᠵᠤ᠂ ᠰᠢᠯᠢᠳᠡᠭ ᠪᠦᠲᠦᠮᠵᠢ ᠭᠠᠷᠭᠠᠪᠠᠯ ᠶᠡᠭᠡ ᠬᠠᠷᠠᠮᠵᠢ ᠣᠯᠭᠤᠬᠤ︾ ᠬᠥᠳᠡᠯᠦᠩᠭᠦᠢ ᠪᠠᠷ ᠤᠷᠮᠠᠰᠢᠭᠤᠯᠵᠤ ᠴᠢᠳᠠᠪᠤᠷᠢᠲᠠᠨ ᠬᠡᠷᠡᠭᠯᠡᠬᠦ ᠰᠠᠶᠢᠨ ᠳᠠᠮᠵᠢᠯᠭ᠎ᠠ ᠶᠢᠨ ᠲᠣᠭᠲᠠᠴᠠ ᠪᠠᠶᠢᠭᠤᠯᠬᠤ ᠳᠤ ᠨᠢ ᠳᠡᠮᠵᠢᠯᠭᠡ ᠦᠵᠡᠭᠦᠯᠵᠦ᠂ ᠠᠵᠢᠯ ᠦᠢᠯᠡᠰ ᠤᠨ ᠨᠢᠭᠡᠴᠢ ᠶᠢᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠳᠤ ᠵᠢᠯ ᠤᠨ ᠴᠠᠯᠢᠩ ᠤᠨ ᠳᠦᠷᠢᠮ᠂ ᠲᠥᠷᠥᠯ ᠵᠦᠢᠯ ᠤᠨ ᠴᠠᠯᠢᠩ᠂ ᠵᠥᠪᠯᠡᠯᠴᠡᠭᠡᠷ ᠤᠨ ᠴᠠᠯᠢᠩ ᠵᠡᠷᠭᠡ ᠣᠯᠠᠨ ᠵᠦᠢᠯ ᠤᠨ ᠬᠤᠪᠢᠶᠠᠷᠢᠯᠠᠬᠤ ᠬᠡᠯᠪᠡᠷᠢ ᠬᠡᠷᠡᠭᠵᠢᠭᠦᠯᠬᠦ ᠶᠢ ᠰᠦᠪᠡᠭᠴᠢᠯᠡᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠷᠣᠭᠤᠯᠵᠤ ᠠᠪᠴᠢᠷᠠᠬᠤ ᠪᠠᠷ ᠲᠤᠯᠭᠠᠮ ᠱᠠᠭᠠᠷᠳᠠᠭᠳᠠᠵᠤ ᠪᠠᠶᠢᠭ᠎ᠠ ᠡᠯ᠎ᠡ ᠲᠥᠷᠥᠯ ᠤᠨ ᠴᠢᠳᠠᠪᠤᠷᠢᠲᠠᠨ ᠳᠤ ᠡᠷᠦᠬᠡ ᠠᠮᠠ ᠶᠢᠨ ᠳᠠᠩᠰᠠᠯᠠᠯᠲᠠ ᠶᠢ ᠭᠦᠢᠴᠡᠳᠭᠡᠬᠦ᠂ ᠬᠢᠯᠢ ᠪᠠᠷ ᠭᠠᠷᠴᠤ ᠣᠷᠣᠬᠤ᠂ ᠦᠷ᠎ᠡ ᠬᠡᠦᠬᠡᠳ ᠢᠶᠠᠨ ᠰᠤᠷᠭᠠᠭᠤᠯᠢ ᠳᠤ ᠰᠠᠭᠤᠯᠭᠠᠬᠤ᠂ ᠡᠮᠴᠢᠯᠡᠭᠡᠨ ᠤ ᠳᠠᠭᠠᠳᠬᠠᠯ᠂ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠵᠡᠷᠭᠡ ᠶᠢ ᠪᠠᠭᠲᠠᠭᠠᠭᠰᠠᠨ ︽ᠥᠷᠲᠡᠭᠡᠴᠢᠯᠡᠭᠰᠡᠨ ᠮᠠᠶ᠋ᠢᠭ ᠤᠨ︾ ᠦᠢᠯᠡᠴᠢᠯᠡᠭᠡ ᠬᠡᠷᠡᠭᠵᠢᠭᠦᠯᠬᠦ ᠶᠢ ᠨᠢ ᠳᠡᠮᠵᠢᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠠᠬᠢ ᠠᠵᠤ ᠠᠬᠤᠶᠢᠯᠠᠯ ᠤᠨ ᠲᠤᠯᠭᠠᠮ ᠱᠠᠭᠠᠷᠳᠠᠭᠳᠠᠬᠤ ᠭᠠᠳᠠᠭᠠᠳᠤ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠳᠤ᠂ ᠠᠵᠢᠯᠯᠠᠬᠤ ᠵᠥᠪᠰᠢᠶᠡᠷᠡᠯ ᠢ ᠭᠤᠶᠤᠴᠢᠯᠠᠬᠤ ᠨᠠᠰᠤ ᠵᠢᠯ ᠤᠨ ᠬᠢᠵᠠᠭᠠᠷᠯᠠᠯ ᠢ ᠲᠣᠭᠲᠠᠭᠠᠯ ᠶᠣᠰᠣᠭᠠᠷ ᠵᠣᠬᠢᠬᠤ ᠬᠡᠮᠵᠢᠶ᠎ᠡ ᠪᠠᠷ ᠰᠤᠯᠠᠷᠠᠭᠤᠯᠵᠤ ᠪᠣᠯᠣᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠣᠷᠣᠭᠤᠯᠵᠤ ᠠᠪᠴᠢᠷᠠᠭᠰᠠᠨ ᠭᠠᠳᠠᠭᠠᠳᠤ ᠶᠢᠨ ᠬᠠᠷᠢᠶ᠎ᠠ ᠲᠠᠢ ᠳᠡᠭᠡᠳᠦ ᠳᠡᠰ ᠤᠨ ᠴᠢᠳᠠᠪᠤᠷᠢᠲᠠᠨ ᠳᠤ᠂ ᠬᠢᠯᠢ ᠪᠠᠷ ᠣᠷᠣᠵᠤ ᠢᠷᠡᠬᠦ᠂ ᠣᠷᠣᠰᠢᠨ ᠰᠠᠭᠤᠬᠤ ᠪᠠ ᠥᠨᠢᠳᠡ ᠣᠷᠣᠰᠢᠨ ᠰᠠᠭᠤᠬᠤ ᠳᠥᠭᠦᠮ ᠨᠦᠭᠦᠴᠡᠯ ᠬᠠᠩᠭᠠᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠥᠵᠢᠯ ᠪᠠ ᠠᠵᠢᠯ ᠮᠡᠷᠭᠡᠵᠢᠯ ᠤᠨ ᠪᠣᠯᠪᠠᠰᠤᠷᠠᠯ ᠢ ᠶᠡᠭᠡ ᠪᠠᠷ ᠬᠥᠭᠵᠢᠭᠦᠯᠦᠨ᠂ ᠶᠡᠭᠡ ᠰᠤᠷᠭᠠᠭᠤᠯᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠨᠡᠶᠢᠭᠡᠮ ᠤᠨ ᠰᠤᠷᠭᠠᠨ ᠬᠥᠮᠥᠵᠢᠯ ᠤᠨ ᠪᠠᠶᠢᠭᠤᠯᠤᠮᠵᠢ ᠶᠢᠨ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠯᠤᠭ᠎ᠠ ᠬᠠᠮᠲᠤ ᠪᠠᠷ ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠨᠢ ᠵᠣᠷᠢᠭᠵᠢᠭᠤᠯᠤᠨ ᠳᠡᠮᠵᠢᠵᠦ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃  ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ 

      ︵ᠨᠢᠭᠡ︶ ᠠᠵᠢᠯ ᠢᠶᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ᠂ ᠬᠤᠳᠠᠯᠳᠤᠭᠠᠨ ᠤ ᠶᠠᠪᠤᠳᠠᠯ᠂ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠵᠢᠴᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠪᠠᠶᠢᠭ᠎ᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠤᠷᠰᠢᠨ ᠬᠥᠳᠡᠯᠦᠯᠴᠡᠵᠦ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠢᠯ ᠢ ᠨᠢᠭᠡᠳᠦᠯᠲᠡᠢ ᠲᠥᠯᠥᠪᠯᠡᠨ ᠵᠢᠯᠣᠭᠤᠳᠬᠤ ᠪᠠᠨ ᠴᠢᠩᠭᠠᠳᠬᠠᠵᠤ᠂ ᠴᠢᠬᠤᠯᠠ ᠶᠡᠭᠡ ᠵᠦᠢᠯᠡᠰ ᠢ ᠵᠣᠬᠢᠴᠠᠭᠤᠯᠤᠨ ᠠᠬᠢᠭᠤᠯᠵᠤ᠂ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠶᠢ ᠨᠢ ᠠᠬᠢᠭᠤᠯᠤᠨ᠂ ᠴᠢᠬᠤᠯᠠ ᠶᠡᠭᠡ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠶᠢ ᠪᠦᠲᠦᠮᠵᠢᠲᠡᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠬᠤᠶᠠᠷ︶ ᠴᠢᠭᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠠᠯᠳᠠᠰᠢ ᠶᠢ ᠠᠭᠤᠴᠢᠯᠠᠵᠤ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠵᠢᠨ‌ᠣᠷᠣᠨ ᠤ ᠴᠢᠭᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠪᠠᠶᠢᠭᠤᠯᠤᠨ᠂ ᠡᠷᠬᠡ ᠶᠢᠨ ᠠᠵᠢᠯᠯᠠᠭᠠᠨ ᠤ ᠬᠡᠷᠡᠭᠵᠢᠭᠦᠯᠬᠦ ᠪᠥᠬᠦ ᠶᠠᠪᠤᠴᠠ ᠳᠤ ᠬᠢᠨᠠᠯᠲᠠ ᠲᠠᠯᠪᠢᠵᠤ᠂ ᠬᠠᠷᠢᠭᠤᠴᠠᠯᠭ᠎ᠠ ᠬᠡᠯᠡᠯᠴᠡᠬᠦ ᠳᠤ ᠪᠠᠨ ᠣᠨᠣᠭᠠᠵᠤ᠂ ᠢᠯᠵᠠᠷᠠᠯ ᠤᠨ ᠦᠵᠡᠭᠳᠡᠯ ᠭᠠᠷᠬᠤ ᠠᠴᠠ ᠰᠡᠷᠭᠡᠶᠢᠯᠡᠨ᠎ᠡ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠢ ᠶᠢ ᠬᠠᠮᠠᠭᠠᠯᠠᠨ᠂ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ᠃ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠯᠳᠠᠰᠢ ᠶᠢ ᠠᠭᠤᠴᠢᠯᠠᠵᠤ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ᠂ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠨᠦᠭᠦᠴᠡᠯ ᠳᠣᠣᠷ᠎ᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠤᠮᠳᠠ ᠭᠠᠷᠤᠭᠰᠠᠨ ᠠᠵᠢᠯ ᠤᠨ ᠣᠰᠣᠯ ᠠᠯᠳᠠᠰᠢ ᠪᠤᠶᠤ ᠬᠠᠭᠤᠳᠠᠮ ᠴᠠᠯᠠᠭᠠᠢ ᠦᠵᠡᠭᠳᠡᠯ ᠳᠤ ᠠᠯᠳᠠᠰᠢ ᠶᠢ ᠨᠢ ᠵᠠᠯᠠᠷᠠᠭᠤᠯᠬᠤ᠂ ᠠᠯᠳᠠᠰᠢ ᠶᠢ ᠨᠢ ᠠᠭᠤᠴᠢᠯᠠᠨ ᠪᠠᠭᠲᠠᠭᠠᠬᠤ ᠶᠢ ᠵᠥᠪᠰᠢᠶᠡᠷᠡᠨ᠂ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠡᠮᠵᠢᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠬᠡᠯᠡᠬᠦ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠦᠷᠢᠯᠳᠦᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶

      ︵ᠭᠤᠷᠪᠠ︶ ᠬᠥᠬᠡᠬᠤᠲᠠ᠂ ᠬᠥᠯᠥᠨ ᠪᠣᠶᠢᠷ ᠬᠤᠲᠠ᠂ ᠪᠠᠶᠠᠨᠨᠠᠭᠤᠷ ᠬᠤᠲᠠ ᠨᠢ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠡᠭᠡᠭᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠢᠵᠢ ᠪᠦᠷᠢᠳᠦᠭᠦᠯᠦᠭᠰᠡᠨ ᠠᠷᠭ᠎ᠠ ᠪᠠᠷᠢᠯ ᠢ ᠲᠤᠬᠠᠢ ᠶᠢᠨ ᠭᠠᠵᠠᠷ ᠲᠤ ᠪᠠᠨ ᠲᠣᠬᠢᠷᠠᠭᠤᠯᠤᠨ ᠲᠦᠷᠭᠡᠪᠴᠢᠯᠡᠨ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠵᠣᠬᠢᠴᠠᠭᠤᠯᠬᠤ ᠨᠥᠯᠥᠭᠡᠯᠡᠯ ᠢ ᠴᠢᠩᠭᠠᠷᠠᠭᠤᠯᠵᠤ᠂ ᠤᠯᠤᠰ ᠤᠨ ᠳᠡᠰ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠥᠭᠵᠢᠯᠲᠡ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃

 

2024 ᠣᠨ ᠤ 1 ᠳ᠋ᠦ᠋ᠭᠡᠷ ᠰᠠᠷ᠎ᠠ ᠶᠢᠨ 22 ᠤᠨ ᠡᠳᠦᠷ

      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

      ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ 

      2024 ᠤᠨ ᠤ 1 ᠳ᠋ᠦ᠋ᠭᠡᠷ ᠰᠠᠷ᠎ᠠ ᠶᠢᠨ 25 ᠤ ᠡᠳᠦᠷ ᠳᠠᠷᠤᠮᠠᠯᠯᠠᠨ ᠲᠠᠷᠬᠠᠭᠠᠪᠠ

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ