|
ᠬᠥᠬᠡᠬᠤᠲᠠ ᠠᠴᠠ ᠤᠯᠠᠭᠠᠨᠬᠠᠳᠠ ᠬᠦᠷᠬᠦ ᠳᠤ ᠬᠠᠮᠤᠭ ᠤᠨ ᠬᠤᠷᠳᠤᠨ ᠳᠤ ᠪᠠᠨ 14 ᠴᠠᠭ 18 ᠮᠢᠨᠦ᠋ᠲ ᠯᠡ ᠬᠡᠷᠡᠭᠰᠡᠨ᠎ᠡ |
|
|
ᠨᠡᠶᠢᠲᠡᠯᠡᠭᠰᠡᠨ ᠴᠠᠭ᠄
2024/8/28
|
|
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ᠂ ᠬᠥᠬᠡᠬᠤᠲᠠ ᠪᠠ ᠤᠯᠠᠭᠠᠨᠬᠠᠳᠠ ᠬᠤᠲᠠ ᠶᠢᠨ ᠬᠤᠭᠤᠷᠣᠨᠳᠣᠬᠢ ᠵᠠᠮ ᠬᠠᠷᠢᠯᠴᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠲᠥᠯᠥᠭᠡ᠂ 8 ᠳ᠋ᠤᠭᠠᠷ ᠰᠠᠷ᠎ᠠ ᠶᠢᠨ 26 ᠤ ᠡᠳᠦᠷ ᠠᠴᠠ ᠡᠬᠢᠯᠡᠨ᠂ ᠲᠡᠮᠦᠷ ᠵᠠᠮ ᠤᠨ ᠰᠠᠯᠠᠭ᠎ᠠ ᠮᠥᠴᠢᠷ ᠬᠥᠬᠡᠬᠤᠲᠠ ᠤᠯᠠᠭᠠᠨᠬᠠᠳᠠ ᠶᠢᠨ ᠬᠤᠭᠤᠷᠣᠨᠳᠣᠬᠢ K4696/7᠂ K4698/5 ᠤᠳᠠᠭ᠎ᠠ ᠶᠢᠨ ᠠᠶᠠᠨᠴᠢᠳ ᠤᠨ ᠭᠠᠯᠲᠤ ᠲᠡᠷᠭᠡ ᠶᠢ ᠨᠡᠮᠡᠭᠰᠡᠨ ᠪᠥᠭᠡᠳ ᠲᠡᠳᠡᠭᠡᠷ ᠨᠢ ᠲᠦᠩᠯᠢᠶᠣᠤ ᠥᠷᠲᠡᠭᠡ ᠪᠠᠷ ᠳᠠᠭᠠᠷᠢᠨ ᠥᠩᠭᠡᠷᠡᠬᠦ ᠦᠭᠡᠢ ᠪᠣᠯᠵᠤ᠂ ᠠᠶᠠᠯᠠᠯ ᠤᠨ ᠵᠠᠶ ᠶᠢ 500 ᠢᠯᠡᠭᠦᠦ ᠺᠢᠯᠣᠮᠧᠲᠷ ᠪᠣᠭᠤᠨᠢᠰᠬᠠᠪᠠ᠃ ᠡᠨᠡ ᠨᠢ ᠮᠥᠨ ᠴᠦ ᠤᠯᠠᠭᠠᠨᠬᠠᠳᠠ ᠳ᠋ᠠᠪᠠᠨ ᠲᠡᠮᠦᠷ ᠵᠠᠮ ᠨᠢ ᠠᠶᠠᠨᠴᠢᠳ ᠪᠠ ᠪᠠᠷᠠᠭ᠎ᠠ ᠪᠠᠨ ᠨᠢᠭᠡ ᠱᠤᠭᠤᠮ ᠢᠶᠠᠷ ᠵᠥᠭᠡᠭᠡᠪᠦᠷᠢᠯᠡᠬᠦ ᠶᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|