ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭᠠᠭᠰᠠᠨ 〔2024〕 20 ᠳ᠋ᠤᠭᠠᠷ ᠲᠣᠭᠠᠲᠤ
ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠬᠡᠰᠡᠭ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ ᠨᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ ᠨᠢ ᠨᠡᠶᠢᠲᠡᠯᠡᠬᠦ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ︾ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠭᠠᠷᠴᠠᠭ ᠲᠤ ᠣᠷᠣᠭᠤᠯᠤᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠬᠦ ᠪᠠᠨ ᠵᠣᠭᠰᠣᠭᠠᠵᠤ᠂ ᠳᠠᠬᠢᠵᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠨᠡᠶᠢᠲᠡᠯᠡᠭᠰᠡᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠨ ᠴᠠᠭ ᠲᠤᠬᠠᠢ ᠳᠤ ᠨᠢ ᠢᠯᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃
2024 ᠣᠨ ᠤ 7 ᠳ᠋ᠤᠭᠠᠷ ᠰᠠᠷ᠎ᠠ ᠶᠢᠨ 16 ᠤ ᠡᠳᠦᠷ
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ ᠨᠢ ᠨᠡᠶᠢᠲᠡᠯᠡᠬᠦ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ