|
ᠮᠠᠨ ᠤ ᠣᠷᠣᠨ ᠬᠠᠭᠤᠴᠢᠨ ᠰᠠᠭᠤᠭᠠᠯᠢ ᠲᠣᠭᠤᠷᠢᠭ ᠤᠨ ᠢᠵᠢ ᠲᠦᠬᠦᠷ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠳᠬᠡᠨ ᠨᠦᠬᠦᠪᠦᠷᠢᠯᠡᠵᠦ ᠪᠤᠢ |
|
|
ᠨᠡᠶᠢᠲᠡᠯᠡᠭᠰᠡᠨ ᠴᠠᠭ᠄
2024/8/29
|
|
ᠮᠠᠨ ᠤ ᠣᠷᠣᠨ ᠬᠠᠭᠤᠴᠢᠨ ᠰᠠᠭᠤᠭᠠᠯᠢ ᠲᠣᠭᠤᠷᠢᠭ ᠤᠨ ᠢᠵᠢ ᠲᠦᠬᠦᠷ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠳᠬᠡᠨ ᠨᠦᠬᠦᠪᠦᠷᠢᠯᠡᠵᠦ ᠪᠤᠢ ᠃ ᠨᠢᠭᠡ ᠳᠤ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ︽ ᠨᠠᠰᠤᠲᠠᠶᠢᠴᠤᠳ ᠪᠠ ᠨᠢᠯᠬᠠᠰ ︾᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠠᠭᠠᠳ ᠦᠭᠡᠶᠢᠵᠢᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠨᠡᠶᠢᠭᠡᠮ ᠲᠣᠭᠤᠷᠢᠭ ᠤᠨ 15 ᠮᠢᠨᠦ᠋ᠲ ᠤᠨ ᠵᠠᠶᠢᠲᠠᠢ ᠠᠮᠢᠳᠤᠷᠠᠯ ᠤᠨ ᠲᠣᠭᠤᠷᠢᠭ ᠢ ᠪᠣᠶ ᠪᠣᠯᠭᠠᠪᠠ ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ 2.97 ᠲᠦᠮᠡᠨ ᠺᠦᠸᠠᠳ᠋ ᠮᠧᠲᠷ ᠤᠨ ᠰᠣᠶᠣᠯ ᠰᠡᠯᠡᠭᠦᠴᠡᠯ᠂ ᠣᠯᠠᠨ ᠨᠡᠶᠢᠲᠡ ᠶᠢᠨ ᠵᠦᠯᠭᠡ ᠭᠠᠵᠠᠷ ᠵᠡᠷᠭᠡ ᠰᠢᠨ᠎ᠡ ᠪᠠᠷ ᠨᠡᠮᠡᠭᠳᠡᠪᠡ ᠃ ᠬᠤᠶᠠᠷ ᠲᠤ ᠬᠠᠭᠤᠴᠢᠨ ᠰᠠᠭᠤᠭᠠᠯᠢ ᠲᠣᠭᠤᠷᠢᠭ ᠤᠨ ᠴᠠᠬᠢᠯᠭᠠᠨ ᠬᠦᠴᠦᠨ ᠤ ᠪᠠᠭᠲᠠᠭᠠᠮᠵᠢ ᠶᠢ ᠨᠡᠮᠡᠭᠳᠡᠭᠦᠯᠦᠨ ᠥᠭᠡᠷᠡᠴᠢᠯᠡᠨ ᠵᠠᠰᠠᠬᠤ ᠶᠢ ᠵᠡᠷᠭᠡ ᠪᠠᠷ ᠡᠬᠢᠯᠡᠭᠦᠯᠵᠦ᠂ ᠰᠠᠭᠤᠭᠠᠯᠢ ᠲᠣᠭᠤᠷᠢᠭ ᠤᠨ ᠣᠲᠣ ᠶᠢᠨ ᠪᠠᠶᠢᠭ᠎ᠠ ᠲᠡᠷᠭᠡ ᠵᠣᠭᠰᠣᠭᠠᠬᠤ ᠪᠠᠶᠢᠷᠢ ᠶᠢ ᠴᠠᠬᠢᠯᠭᠠᠨᠵᠢᠭᠤᠯᠤᠨ ᠥᠭᠡᠷᠡᠴᠢᠯᠡᠨ ᠵᠠᠰᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠡᠷᠭᠡ ᠵᠣᠭᠰᠣᠭᠠᠬᠤ ᠪᠠᠶᠢᠷᠢ ᠶᠢ ᠨᠡᠮᠡᠵᠦ ᠲᠣᠬᠢᠷᠠᠭᠤᠯᠬᠤ ᠶᠢᠨ ᠬᠠᠮᠲᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠬᠤ ᠪᠤᠶᠤ ᠤᠭᠰᠠᠷᠠᠬᠤ ᠨᠥᠬᠦᠴᠡᠯ ᠢ ᠪᠡᠯᠡᠨ ᠪᠣᠯᠭᠠᠪᠠ ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠵᠢᠴᠢ ᠮᠠᠰᠢᠨᠲᠤ ᠪᠤᠰᠤ ᠲᠡᠷᠭᠡᠨ ᠤ ᠴᠠᠬᠢᠯᠭᠠᠨ ᠴᠡᠨᠡᠭᠯᠡᠬᠦ ᠱᠣᠩ ᠢ ᠨᠡᠶᠢᠲᠡ 714 ᠨᠡᠮᠡᠵᠦ ᠤᠭᠰᠠᠷᠠᠭᠰᠠᠨ ᠪᠠᠶᠢᠨ᠎ᠠ᠃ ᠭᠤᠷᠪᠠ ᠳᠤ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠨ ᠥᠭᠡᠷᠡᠴᠢᠯᠡᠨ ᠵᠠᠰᠠᠬᠤ ᠶᠢ ᠵᠡᠷᠭᠡ ᠪᠠᠷ ᠬᠡᠷᠡᠭᠵᠢᠭᠦᠯᠦᠨ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ 2024 ᠣᠨ ᠳᠤ ᠪᠠᠷᠢᠯᠭ᠎ᠠ ᠶᠢᠨ ᠡᠨᠧᠷᠭᠢ ᠠᠷᠪᠢᠯᠠᠨ ᠥᠭᠡᠷᠡᠴᠢᠯᠡᠨ ᠵᠠᠰᠠᠬᠤ ᠲᠠᠯᠠᠪᠠᠶ ᠶᠢ 200 ᠲᠦᠮᠡᠨ ᠺᠦᠸᠠᠳ᠋ ᠮᠧᠲᠷ ᠠᠴᠠ ᠳᠡᠭᠡᠭᠰᠢ ᠬᠡᠷᠡᠭᠵᠢᠭᠦᠯᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 104.4 ᠲᠦᠮᠡᠨ ᠺᠦᠸᠠᠳ᠋ ᠮᠧᠲᠷ ᠤᠨ ᠪᠠᠷᠢᠯᠭ᠎ᠠ ᠶᠢᠨ ᠠᠵᠢᠯ ᠢ ᠳᠠᠭᠤᠰᠬᠠᠪᠠ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|