|
ᠲᠦᠩᠯᠢᠶᠣᠣ ᠬᠤᠲᠠ ︽ᠳ᠋ᠢᠭᠢᠲ᠋ᠠᠯ ᠣᠶᠤᠨᠴᠢ ᠶᠢ ᠤᠶᠠᠯᠳᠤᠭᠤᠯᠤᠨ︾ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠣᠢ |
|
|
ᠨᠡᠶᠢᠲᠡᠯᠡᠭᠰᠡᠨ ᠴᠠᠭ᠄
2024/8/29
|
|
ᠲᠦᠩᠯᠢᠶᠣᠣ ᠬᠤᠲᠠ ︽ᠳ᠋ᠢᠭᠢᠲ᠋ᠠᠯ ᠣᠶᠤᠨᠴᠢ ᠶᠢ ᠤᠶᠠᠯᠳᠤᠭᠤᠯᠤᠨ︾ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠣᠢ᠃ ᠨᠢᠭᠡ ᠳᠤ᠂ ᠡᠮ ᠤᠨ ᠮᠠᠲ᠋ᠧᠷᠢᠶᠠᠯ ᠳᠠᠷᠢᠬᠤ ᠰᠢᠨ᠎ᠡ ᠬᠡᠪ ᠵᠠᠭᠪᠤᠷ ᠢ ᠬᠡᠷᠡᠭᠵᠢᠭᠦᠯᠪᠡ᠃ ︽ᠬᠥᠲᠥᠴᠢ ᠠᠵᠤ ᠠᠬᠤᠶᠢᠯᠠᠯ ᠨᠢ ᠳᠠᠭᠠᠭᠤᠯᠬᠤ᠂ ᠬᠤᠷᠰᠢᠶ᠎ᠠ ᠨᠢ ᠳᠠᠷᠢᠬᠤ ᠶᠢ ᠳᠠᠶᠢᠴᠢᠯᠠᠬᠤ᠂ ᠲᠠᠷᠢᠶᠠᠴᠢᠨ ᠡᠷᠦᠬᠡ ᠨᠢ ᠳᠠᠭᠠᠵᠤ ᠳᠠᠷᠢᠬᠤ︾ ᠵᠠᠭᠪᠤᠷ ᠢ ᠪᠠᠶᠢᠭᠤᠯᠵᠤ᠂ ᠲᠠᠷᠢᠮᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 3 ᠪᠠᠶᠢᠭᠤᠯᠪᠠ᠃ ᠡᠮ ᠤᠨ ᠮᠠᠲ᠋ᠧᠷᠢᠶᠠᠯ ᠲᠠᠷᠢᠭᠰᠠᠨ ᠲᠠᠯᠠᠪᠠᠶ ᠨᠢ 20.74 ᠲᠦᠮᠡᠨ ᠮᠥ ᠳᠤ ᠬᠦᠷᠴᠦ᠂ ᠮᠣᠩᠭᠤᠯ ᠬᠢᠲᠠᠳ ᠡᠮ ᠤᠨ ᠮᠠᠲ᠋ᠧᠷᠢᠶᠠᠯ ᠢ 20 ᠭᠠᠷᠤᠶ ᠲᠥᠷᠥᠯ ᠳᠠᠷᠢᠵᠤ᠂ ᠡᠮ ᠤᠨ ᠮᠠᠲ᠋ᠧᠷᠢᠶᠠᠯ ᠤᠨ ᠲᠠᠷᠢᠮᠠᠯ ᠤᠨ ᠶᠡᠷᠦᠩᠬᠡᠶ ᠭᠠᠷᠤᠯᠲᠠ ᠨᠢ ᠪᠠᠷᠤᠭ 8400.72 ᠲᠣᠨ᠂ ᠶᠡᠷᠦᠩᠬᠡᠶ ᠪᠦᠲᠦᠭᠡᠭᠳᠡᠬᠦᠨ ᠤ ᠥᠷᠲᠡᠭ ᠨᠢ ᠪᠠᠷᠤᠭ 1.32 ᠳ᠋ᠦᠩᠰᠢᠭᠤᠷ ᠲᠥᠭᠦᠷᠢᠭ᠂ ᠴᠡᠪᠡᠷ ᠠᠰᠢᠭ ᠣᠷᠣᠯᠭ᠎ᠠ ᠨᠢ ᠪᠠᠷᠤᠭ 5174.7 ᠲᠦᠮᠡᠨ ᠲᠥᠭᠦᠷᠢᠭ ᠪᠣᠯᠪᠠ᠃ ᠣᠳᠣᠬᠠᠨ ᠳᠤ᠂ ᠨᠠᠢᠮᠠᠨ ᠤ ᠰᠢᠬᠢᠷ ᠡᠪᠡᠰᠦ᠂ ᠨᠠᠢᠮᠠᠨ ᠤ ᠬᠤᠨᠴᠢᠷ᠂ ᠨᠠᠢᠮᠠᠨ ᠤ ᠬᠤᠷᠳᠤᠨ ᠴᠠᠭᠠᠨ᠂ ᠨᠠᠢᠮᠠᠨ ᠤ ᠱᠦᠭᠦᠷᠭᠡᠨ᠎ᠡ ᠨᠢ ᠤᠯᠤᠰ ᠤᠨ ᠡᠮ ᠤᠨ ᠮᠠᠲ᠋ᠧᠷᠢᠶᠠᠯ ᠤᠨ ᠭᠠᠵᠠᠷ ᠵᠦᠶ ᠶᠢᠨ ᠲᠡᠮᠳᠡᠭ ᠤᠨ ᠭᠡᠷᠡᠴᠢᠯᠡᠭᠡᠲᠦ ᠲᠠᠸᠠᠷ ᠤᠨ ᠲᠡᠮᠳᠡᠭ ᠢ ᠠᠮᠵᠢᠯᠲᠠ ᠲᠠᠢ ᠭᠤᠶᠤᠴᠢᠯᠠᠨ ᠮᠡᠳᠡᠭᠦᠯᠪᠡ︔ ᠵᠢᠩᠬᠢᠨᠢ ᠰᠠᠶᠢᠨ ᠡᠮ ︽ᠨᠠᠢᠮᠠᠨ ᠤ ᠬᠤᠷᠳᠤᠨ ᠴᠠᠭᠠᠨ︾ ᠪᠠ ︽ᠨᠠᠢᠮᠠᠨ ᠤ ᠬᠤᠨᠴᠢᠷ︾ ᠨᠢ ︽ᠥᠪᠥᠷ ᠮᠣᠩᠭᠤᠯ︾ ᠦᠰᠦᠭᠲᠦ ᠲᠡᠮᠳᠡᠭ ᠤᠨ ᠭᠠᠷᠴᠠᠭ ᠲᠤ ᠣᠷᠣᠪᠠ᠃ ᠬᠤᠶᠠᠷ ᠲᠤ᠂ ︽ᠳ᠋ᠢᠭᠢᠲ᠋ᠠᠯ ᠣᠶᠤᠨᠴᠢ︾ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠪᠡ᠃ 150 ᠲᠦᠮᠡᠨ ᠲᠥᠭᠦᠷᠢᠭ ᠤᠨ ᠪᠠᠯᠠ ᠣᠷᠣᠭᠤᠯᠤᠭᠠᠳ 2.0 ᠬᠡᠪ ᠤᠨ ᠥᠨᠳᠥᠷ ᠪᠠᠷᠢᠮᠵᠢᠶᠠᠲᠤ ᠡᠮ ᠤᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ 380 ᠮᠥ ᠡᠮ ᠤᠨ ᠮᠠᠲ᠋ᠧᠷᠢᠶᠠᠯ ᠤᠨ ᠥᠨᠳᠥᠷ ᠪᠠᠷᠢᠮᠵᠢᠶᠠᠲᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠰᠠᠭᠤᠷᠢᠯᠠᠨ ᠡᠮ ᠤᠨ ᠮᠠᠲ᠋ᠧᠷᠢᠶᠠᠯ ᠤᠨ ᠣᠶᠤᠨᠴᠢ ᠬᠢᠨᠠᠨ ᠰᠢᠨᠵᠢᠬᠦ ᠰᠢᠰᠲ᠋ᠧᠮ᠂ ᠡᠮ ᠤᠨ ᠦᠨᠦᠷ ᠰᠡᠩᠭᠢᠨᠡᠭᠰᠡᠨ ᠥᠩᠭᠡ ᠶᠢᠨ ᠴᠡᠴᠡᠭ ᠳᠡᠯᠭᠡᠷᠡᠭᠰᠡᠨ ᠵᠢᠭᠤᠯᠴᠢᠯᠠᠯ ᠤᠨ ᠦᠵᠡᠮᠵᠢ ᠶᠢᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠪᠠᠶᠢᠭᠤᠯᠪᠠ᠃ ᠡᠮ ᠤᠨ ᠮᠠᠲ᠋ᠧᠷᠢᠶᠠᠯ ᠤᠨ ᠴᠠᠭ ᠠᠭᠤᠷ ᠤᠨ ᠣᠶᠤᠨᠴᠢ ᠬᠢᠨᠠᠨ ᠰᠢᠨᠵᠢᠬᠦ ᠥᠷᠲᠡᠭᠡ ᠶᠢ 2 ᠪᠠᠶᠢᠭᠤᠯᠵᠤ᠂ ᠲᠣᠮᠣ ᠳ᠋ᠠᠶᠢᠲ᠋ᠠ ᠶᠢᠨ ᠪᠣᠳᠠᠰᠯᠢᠭ ᠬᠤᠯᠪᠣᠭᠠᠲᠤ ᠰᠦᠯᠵᠢᠶᠡᠨ ᠤ ᠲᠥᠬᠦᠭᠡᠷᠦᠮᠵᠢ ᠶᠢᠨ ᠬᠢᠨᠠᠨ ᠰᠢᠨᠵᠢᠬᠦ ᠴᠡᠭ ᠢ 50 ᠪᠠᠶᠢᠷᠢᠯᠠᠭᠤᠯᠵᠤ᠂ ᠡᠮ ᠤᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠢᠴᠢ ᠪᠥᠬᠦ ᠬᠤᠰᠢᠭᠤᠨ ᠤ 15 ᠰᠤᠮᠤ ᠰᠢᠶᠠᠩ ᠪᠠᠯᠭᠠᠰᠤᠨ ᠤ ᠡᠮ ᠤᠨ ᠮᠠᠲ᠋ᠧᠷᠢᠶᠠᠯ ᠤᠨ ᠲᠠᠷᠢᠮᠠᠯ ᠳᠤ ᠣᠶᠤᠨᠴᠢ ᠬᠢᠨᠠᠨ ᠰᠢᠨᠵᠢᠬᠦ ᠪᠠ ᠳ᠋ᠠᠶᠢᠲ᠋ᠠ ᠴᠤᠭᠯᠠᠭᠤᠯᠬᠤ ᠪᠣᠯᠭᠠᠵᠤ᠂ ᠰᠢᠬᠢᠷ ᠡᠪᠡᠰᠦ᠂ ᠬᠤᠨᠴᠢᠷ᠂ ᠱᠦᠭᠦᠷᠭᠡᠨ᠎ᠡ ᠵᠡᠷᠭᠡ 10 ᠭᠠᠷᠤᠶ ᠲᠥᠷᠥᠯ ᠡᠮ ᠤᠨ ᠮᠠᠲ᠋ᠧᠷᠢᠶᠠᠯ ᠤᠨ ᠤᠷᠭᠤᠯᠲᠠ ᠶᠢᠨ ᠬᠠᠮᠢᠶ᠎ᠠ ᠪᠥᠬᠦᠶ ᠳ᠋ᠠᠶᠢᠲ᠋ᠠ ᠶᠢ ᠴᠤᠭᠯᠠᠭᠤᠯᠪᠠ᠃ ᠭᠤᠷᠪᠠ ᠳᠤ᠂ ᠮᠡᠷᠭᠡᠵᠢᠯ ᠤᠨ ᠰᠤᠳᠤᠯᠭᠠᠨ ᠤ ᠰᠢᠨ᠎ᠡ ᠲᠠᠪᠴᠠᠩ ᠢ ᠪᠠᠶᠢᠭᠤᠯᠪᠠ᠃ ︽ᠳᠥᠷᠪᠡᠨ ᠥᠷᠲᠡᠭᠡ ᠶᠢ ᠨᠢᠭᠡᠳᠬᠡᠭᠰᠡᠨ︾ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠠᠰᠢᠭᠯᠠᠨ ᠪᠠᠷᠢᠮᠵᠢᠶᠠᠵᠢᠭᠤᠯᠬᠤ᠂ ᠬᠡᠪᠴᠢᠶᠡᠵᠢᠭᠦᠯᠦᠨ ᠳᠠᠷᠢᠬᠤ ᠵᠡᠷᠭᠡ ᠴᠢᠨᠠᠷ ᠰᠠᠶᠢᠲᠠᠢ ᠥᠨᠳᠥᠷ ᠪᠦᠲᠦᠮᠵᠢᠲᠡᠶ ᠳᠠᠷᠢᠬᠤ ᠮᠡᠷᠭᠡᠵᠢᠯ ᠢ ᠢᠳᠡᠪᠬᠢᠲᠡᠶ ᠰᠦᠪᠡᠭᠴᠢᠯᠡᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ᠂ ᠲᠢᠶᠠᠨᠵᠢᠨ ᠤ ᠬᠢᠲᠠᠳ ᠠᠨᠠᠭᠠᠬᠤ ᠤᠬᠠᠭᠠᠨ ᠤ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠠᠢᠮᠠᠨ ᠬᠤᠰᠢᠭᠤᠨ ᠤ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠪᠡ᠃ ᠪᠠᠰᠠ ᠤᠯᠤᠰ ᠤᠨ ᠲᠠᠰ ᠤᠨ ᠡᠮ ᠤᠨ ᠮᠠᠲ᠋ᠧᠷᠢᠶᠠᠯ ᠳᠠᠷᠢᠬᠤ ᠪᠠᠷᠢᠮᠵᠢᠶ᠎ᠠ ᠶᠢ 5᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠮ ᠤᠨ ᠮᠠᠲ᠋ᠧᠷᠢᠶᠠᠯ ᠳᠠᠷᠢᠬᠤ ᠪᠠᠷᠢᠮᠵᠢᠶ᠎ᠠ ᠶᠢ 49᠂ ᠬᠤᠲᠠ ᠶᠢᠨ ᠲᠠᠰ ᠤᠨ ᠡᠮ ᠤᠨ ᠮᠠᠲ᠋ᠧᠷᠢᠶᠠᠯ ᠳᠠᠷᠢᠬᠤ ᠪᠠᠷᠢᠮᠵᠢᠶ᠎ᠠ ᠶᠢ 2 ᠲᠣᠭᠲᠠᠭᠠᠬᠤ ᠳᠤ ᠣᠷᠣᠯᠴᠠᠵᠠᠶ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|