︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ  ᠮᠡᠳᠡᠭᠳᠡᠯ
ᠨᠡᠶᠢᠲᠡᠯᠡᠭᠰᠡᠨ ᠴᠠᠭ᠄
2024/8/29

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

                           ᠥᠪᠥᠷ ᠵᠠᠰᠠᠭ ᠠᠯᠪᠠᠨ ᠲᠠᠷᠬᠠᠭᠠᠭᠰᠠᠨ 〔2024〕 1 ᠳ᠋ᠦ᠋ᠭᠡᠷ ᠲᠣᠭᠠᠲᠤ

 

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ  ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃

 

2024 ᠣᠨ ᠤ 3 ᠳ᠋ᠤᠭᠠᠷ ᠰᠠᠷ᠎ᠠ ᠶᠢᠨ 31 ᠤ ᠡᠳᠦᠷ

     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ

ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠷᠭ᠎ᠠ

      ᠨᠢᠭᠡᠳᠦᠭᠡᠷ ᠪᠦᠯᠦᠭ   ᠶᠡᠷᠦᠩᠬᠡᠢ ᠳᠦᠷᠢᠮ

      ᠨᠢᠭᠡᠳᠦᠭᠡᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠲᠤ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠪᠠ ᠳᠠᠶᠢᠴᠢᠯᠠᠨ ᠳᠠᠭᠠᠭᠤᠯᠬᠤ ᠨᠥᠯᠥᠭᠡᠯᠡᠯ ᠢ ᠨᠢ ᠪᠠᠳᠠᠷᠠᠭᠤᠯᠤᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ᠂ ᠠᠵᠢᠯᠯᠠᠭᠤᠯᠬᠤ ᠪᠠ ᠬᠢᠨᠠᠨ ᠬᠠᠮᠢᠶᠠᠷᠬᠤ ᠠᠵᠢᠯ ᠢ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠷᠰᠢᠭᠰᠠᠨ ᠠᠵᠤ ᠠᠬᠤᠶᠢᠯᠠᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ  ᠮᠥᠩᠭᠦᠨ ᠤ ᠬᠠᠤᠯᠢ︾᠂ ︽ᠬᠤᠪᠢ ᠪᠠᠷ ᠢᠶᠠᠨ ᠵᠣᠭᠤᠰ ᠴᠤᠭᠯᠠᠭᠤᠯᠤᠭᠰᠠᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ 762 ᠳ᠋ᠤᠭᠠᠷ ᠲᠣᠭᠠᠲᠤ ᠵᠠᠷᠯᠢᠭ︶ ᠵᠢᠴᠢ ︽︿ᠵᠠᠰᠠᠭ ᠤᠨ ᠣᠷᠳᠣᠨ ᠠᠴᠠ ᠪᠡᠯᠡ ᠭᠠᠷᠭᠠᠭᠰᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠦᠨ ᠤ ᠲᠣᠭᠲᠠᠭᠠᠯ〔2016〕2800 ᠳ᠋ᠤᠭᠠᠷ ᠲᠣᠭᠠᠲᠤ︶᠂ ︽︿ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠲᠥᠰᠥᠪ〔2015〕210 ᠳ᠋ᠤᠭᠠᠷ ᠲᠣᠭᠠᠲᠤ︶᠂ ᠡᠳ᠋ ᠤᠨ ᠵᠠᠰᠠᠭ ᠤᠨ ᠶᠠᠮᠤᠨ ᠤ ︽ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ ᠡᠳ᠋ ᠤᠨ ᠵᠠᠰᠠᠭ ᠤᠨ ᠪᠡᠯᠡ ᠭᠠᠷᠭᠠᠭᠰᠠᠨ ᠦᠷ᠎ᠡ ᠠᠰᠢᠭ ᠢ ᠳᠡᠭᠡᠭᠰᠢᠯᠡᠭᠦᠯᠬᠦ ᠲᠤᠬᠠᠢ ᠮᠡᠳᠡᠭᠳᠡᠯ︾ ︵ᠡᠳ᠋ ᠲᠥᠰᠥᠪ〔2020〕7 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃

      ᠬᠤᠶᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠥᠰᠥᠪ ᠤᠨ ᠲᠣᠬᠢᠷᠠᠭᠤᠯᠤᠯᠲᠠ ᠪᠠᠷ ᠳᠠᠮᠵᠢᠭᠤᠯᠤᠨ᠂ ᠲᠤᠰᠠᠭᠠᠷ ᠪᠡᠯᠡ ᠭᠠᠷᠭᠠᠬᠤ ᠪᠤᠶᠤ ᠨᠡᠶᠢᠭᠡᠮ ᠤᠨ ᠬᠥᠷᠥᠩᠭᠡ ᠯᠦᠭᠡ ᠬᠠᠮᠲᠤ ᠪᠠᠷ ᠪᠡᠯᠡ ᠭᠠᠷᠭᠠᠵᠤ ᠪᠠᠶᠢᠭᠤᠯᠤᠨ᠂ ᠨᠡᠶᠢᠭᠡᠮ ᠤᠨ ᠡᠯ᠎ᠡ ᠲᠥᠷᠥᠯ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠣᠭᠠᠨ ᠳᠤ ᠪᠡᠯᠡ ᠣᠷᠣᠭᠤᠯᠤᠨ᠂ ᠬᠠᠮᠢᠶ᠎ᠠ ᠪᠦᠬᠦᠢ ᠠᠵᠤ ᠦᠢᠯᠡᠰ ᠪᠠ ᠬᠦᠷᠢᠶ᠎ᠡ ᠴᠠᠷᠠᠭᠠᠨ ᠤ ᠬᠥᠭᠵᠢᠯᠲᠡ ᠶᠢ ᠳᠡᠮᠵᠢᠵᠦ᠂ ᠭᠤᠣᠯᠳᠠᠭᠤ ᠵᠠᠬ᠎ᠠ ᠳᠤ ᠢᠯᠡ ᠪᠠᠷ ᠦᠯᠦ ᠭᠠᠷᠭᠠᠵᠤ ᠠᠷᠠᠯᠵᠢᠶᠠᠯᠠᠬᠤ ᠠᠵᠤ ᠠᠬᠤᠶᠢᠯᠠᠯ ᠤᠨ ᠰᠲ᠋ᠣᠺ ᠤᠨ ᠡᠷᠬᠡ ᠳᠤ ᠪᠡᠯᠡ ᠣᠷᠤᠭᠤᠯᠬᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠢᠭᠠᠵᠤ ᠪᠤᠶ᠃

      ᠭᠤᠷᠪᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠭᠠᠷᠭᠠᠭᠰᠠᠨ ᠪᠡᠯᠡ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠩ ᠤᠨ ᠣᠯᠠᠨ ᠨᠡᠶᠢᠲᠡ ᠶᠢᠨ ᠲᠥᠰᠥᠪ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠥᠪ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠵᠡᠷᠭᠡ ᠪᠠᠷ ᠳᠠᠮᠵᠢᠭᠤᠯᠤᠨ ᠰᠢᠭᠤᠳ ᠲᠣᠬᠢᠷᠠᠭᠤᠯᠤᠭᠰᠠᠨ ᠡᠳ᠋ ᠤᠨ ᠵᠠᠰᠠᠭ ᠤᠨ ᠪᠡᠯᠡ ᠮᠥᠩᠭᠦ ᠶᠢ ᠵᠢᠭᠠᠵᠤ ᠪᠤᠶ᠃

      ᠳᠥᠷᠪᠡᠳᠦᠭᠡᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠺᠣᠮᠫᠠᠨᠢ ᠶᠢᠨ ᠳᠦᠷᠢᠮᠲᠦ᠂ ᠬᠢᠵᠠᠭᠠᠷᠲᠠᠢ ᠬᠤᠷᠰᠢᠯᠲᠠ ᠶᠢᠨ ᠳᠦᠷᠢᠮᠲᠦ᠂ ᠭᠡᠷ᠎ᠡ ᠶᠢᠨ ᠳᠦᠷᠢᠮᠲᠦ ᠵᠡᠷᠭᠡ ᠵᠣᠬᠢᠶᠠᠨ ᠪᠠᠶᠢᠭᠤᠯᠬᠤ ᠬᠡᠯᠪᠡᠷᠢ ᠶᠢ  ᠠᠪᠴᠤ ᠪᠣᠯᠣᠨ᠎ᠠ᠃

      ᠲᠠᠪᠤᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠨ ᠠᠬᠢᠭᠤᠯᠬᠤ᠂ ᠴᠢᠳᠠᠯ ᠤᠨ ᠬᠢᠷᠢ ᠪᠠᠷ ᠢᠶᠠᠨ ᠬᠢᠬᠦ ᠪᠠ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ ᠲᠤᠰᠬᠠᠶᠢᠵᠢᠭᠤᠯᠤᠨ ᠬᠠᠮᠢᠶᠠᠷᠬᠤ ᠵᠠᠷᠴᠢᠮ ᠢ ᠪᠠᠷᠢᠮᠲᠠᠯᠠᠨ᠂ ᠪᠠᠶᠢᠭᠤᠯᠬᠤ ᠲᠤᠭ᠎ᠠ ᠬᠡᠮᠵᠢᠶ᠎ᠡ ᠶᠢ ᠨᠢ ᠴᠢᠩᠭ᠎ᠠ ᠬᠢᠵᠠᠭᠠᠷᠯᠠᠵᠤ᠂ ᠪᠠᠶᠢᠭᠤᠯᠬᠤ ᠬᠡᠪᠴᠢᠶ᠎ᠡ ᠶᠢ ᠨᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠨᠢᠭᠡᠨᠲᠡ ᠪᠠᠶᠢᠭᠤᠯᠤᠭᠰᠠᠨ ᠬᠦᠷᠢᠶ᠎ᠡ ᠴᠠᠷᠠᠭᠠᠨ ᠳᠤ ᠵᠠᠷᠴᠢᠮ ᠳᠡᠭᠡᠷ᠎ᠡ ᠪᠠᠨ ᠳᠠᠬᠢᠵᠤ ᠡᠳ᠋ ᠤᠨ ᠵᠠᠰᠠᠭ ᠤᠨ ᠲᠤᠰᠬᠠᠢ ᠵᠦᠢᠯ ᠤᠨ ᠪᠡᠯᠡ ᠮᠥᠩᠭᠦ ᠶᠢ ᠲᠣᠬᠢᠷᠠᠭᠤᠯᠬᠤ ᠦᠭᠡᠢ᠃

      ᠵᠢᠷᠭᠤᠳᠤᠭᠠᠷ ᠵᠦᠢᠯ   ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠢᠲᠡᠭᠡᠮᠵᠢ ᠶᠢᠨ ᠮᠡᠳᠡᠭᠡ ᠵᠠᠩᠭᠢ ᠶᠢ ᠳᠠᠩᠰᠠᠯᠠᠨ ᠲᠡᠮᠳᠡᠭᠯᠡᠵᠦ ᠬᠠᠮᠢᠶᠠᠷᠬᠤ ᠶᠢ ᠬᠠᠷᠢᠭᠤᠴᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠴᠢᠨᠠᠷ ᠪᠠ ᠳᠦᠷᠢᠮ ᠲᠣᠭᠲᠠᠭᠠᠯ ᠵᠡᠷᠭᠡ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠲᠤ ᠬᠢᠨᠠᠨ ᠪᠠᠶᠢᠴᠠᠭᠠᠯᠲᠠ ᠬᠢᠵᠦ᠂ ᠪᠦᠬᠦ ᠤᠯᠤᠰ ᠤᠨ ᠵᠠᠰᠠᠭ ᠤᠨ ᠣᠷᠳᠣᠨ ᠤ ᠪᠡᠯᠡ ᠭᠠᠷᠭᠠᠭᠰᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠳᠠᠩᠰᠠᠯᠠᠨ ᠲᠡᠮᠳᠡᠭᠯᠡᠬᠦ ᠰᠢᠰᠲ᠋ᠧᠮ ᠳᠤ ᠲᠦᠰᠢᠭᠯᠡᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠠᠮᠢᠶᠠᠷᠤᠯᠲᠠ ᠬᠢᠨ᠎ᠡ᠃

      ᠳᠣᠯᠣᠳᠤᠭᠠᠷ ᠵᠦᠢᠯ   ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠠᠭᠤᠷᠢ ᠮᠥᠩᠭᠦ ᠪᠠᠶᠢᠭᠤᠯᠬᠤ᠂ ᠪᠡᠯᠡ ᠮᠥᠩᠭᠦ ᠨᠡᠮᠡᠭᠳᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ ᠣᠷᠣᠭᠤᠯᠤᠯᠲᠠ ᠬᠢᠬᠦ ᠴᠢᠳᠠᠪᠤᠷᠢ ᠶᠢ ᠨᠢ ᠦᠨᠡᠯᠡᠵᠦ ᠬᠢᠨᠠᠨ ᠬᠠᠷᠭᠤᠭᠤᠯᠤᠨ᠂ ᠲᠤᠰ ᠭᠠᠵᠠᠷ ᠣᠷᠣᠨ ᠤ ᠪᠠᠨ ᠡᠳ᠋ ᠤᠨ ᠬᠦᠴᠦᠨ ᠤ ᠪᠠᠶᠢᠳᠠᠯ ᠲᠠᠢ ᠤᠶᠠᠯᠳᠤᠭᠤᠯᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠠᠬᠢ ᠵᠠᠰᠠᠭ ᠤᠨ ᠣᠷᠳᠣᠨ ᠤ ᠪᠡᠯᠡ ᠭᠠᠷᠭᠠᠬᠤ ᠬᠡᠪᠴᠢᠶᠡᠵᠢᠯ ᠵᠢᠴᠢ ᠪᠡᠯᠡ ᠮᠥᠩᠭᠦᠨ ᠤ ᠢᠷᠡᠯᠲᠡ ᠶᠢ ᠨᠢ ᠲᠣᠭᠲᠠᠭᠠᠬᠤ ᠶᠢᠨ ᠬᠠᠮᠲᠤ ᠰᠠᠭᠤᠷᠢ ᠮᠥᠩᠭᠦᠨ ᠤ ᠲᠥᠰᠥᠪ ᠤᠨ ᠲᠣᠬᠢᠷᠠᠭᠤᠯᠤᠯᠲᠠ ᠶᠢᠨ ᠬᠠᠮᠢᠶ᠎ᠠ ᠪᠦᠬᠦᠢ ᠵᠦᠢᠯᠡᠰ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠮᠡᠳᠡᠭᠦᠯᠵᠦ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ︔ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠣᠯᠭᠤᠭᠰᠠᠨ ᠪᠤᠶᠤ ᠭᠡᠷ᠎ᠡ ᠳᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠵᠠᠰᠠᠭ ᠤᠨ ᠣᠷᠳᠣᠨ ᠤ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠬᠦ ᠶᠢ ᠬᠠᠷᠢᠭᠤᠴᠠᠨ᠎ᠠ︔ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠠᠭᠤᠷᠢ ᠮᠥᠩᠭᠦᠨ ᠤ ᠪᠦᠬᠦ ᠶᠠᠪᠤᠴᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠣᠬᠢᠶᠠᠨ ᠪᠠᠶᠢᠭᠤᠯᠵᠤ ᠥᠷᠨᠢᠭᠦᠯᠬᠦ ᠠᠵᠢᠯ ᠢ ᠬᠠᠷᠢᠭᠤᠴᠠᠨ᠎ᠠ︔ ᠡᠳ᠋ ᠤᠨ ᠵᠠᠰᠠᠭ ᠤᠨ ᠪᠡᠯᠡ ᠮᠥᠩᠭᠦᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠥᠷᠢ ᠥᠭᠴᠡᠭᠡ ᠶᠢᠨ ᠲᠦᠭᠰᠢᠭᠦᠷᠢ ᠶᠢᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠬᠤ ᠠᠵᠢᠯ ᠢ ᠬᠠᠷᠢᠭᠤᠴᠠᠨ᠎ᠠ︔ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠠᠭᠤᠰᠬᠤ ᠦᠶ᠎ᠡ ᠳᠤ᠂ ᠰᠠᠭᠤᠷᠢ ᠮᠥᠩᠭᠦᠨ ᠤ ᠪᠡᠯᠡ ᠬᠥᠷᠥᠩᠭᠡ ᠶᠢ ᠲᠣᠭᠠᠴᠠᠯᠠᠨ ᠪᠤᠳᠤᠬᠤ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃

      ᠨᠠᠢᠮᠠᠳᠤᠭᠠᠷ ᠵᠦᠢᠯ   ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠨᠢ ᠰᠠᠭᠤᠷᠢ ᠮᠥᠩᠭᠦ ᠡᠭᠦᠰᠬᠡᠨ ᠪᠠᠶᠢᠭᠤᠯᠬᠤ ᠪᠣᠯᠣᠮᠵᠢᠲᠤ ᠲᠥᠰᠥᠯ ᠢ ᠲᠣᠭᠲᠠᠭᠠᠬᠤ ᠶᠢ ᠬᠠᠷᠢᠭᠤᠴᠠᠨ᠎ᠠ︔ ᠠᠵᠢᠯ ᠲᠥᠷᠥᠯ ᠤᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠬᠤ᠂ ᠠᠷᠠᠴᠢᠯᠠᠵᠤ ᠬᠠᠮᠠᠭᠠᠯᠠᠬᠤ ᠪᠠ ᠲᠥᠷᠥᠯ ᠵᠦᠢᠯ ᠲᠠᠨᠢᠯᠴᠠᠭᠤᠯᠬᠤ ᠶᠢ ᠬᠠᠷᠢᠭᠤᠴᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠠᠷᠴᠢᠮ ᠳᠡᠭᠡᠷ᠎ᠡ ᠪᠠᠨ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠳᠤ ᠤᠷᠢᠳ ᠢᠶᠠᠷ ᠣᠷᠣᠭᠤᠯᠵᠤ᠂ ᠲᠥᠷᠥᠯ ᠵᠦᠢᠯ ᠤᠨ ᠬᠥᠮᠥᠷᠭᠡ ᠳᠤ ᠡᠷᠭᠢᠯᠳᠦᠭᠦᠯᠦᠭᠰᠡᠨ ᠬᠠᠮᠢᠶᠠᠷᠤᠯᠲᠠ᠂ ᠬᠥᠳᠡᠯᠦᠩᠭᠦᠢ ᠲᠣᠬᠢᠷᠠᠭᠤᠯᠤᠯᠲᠠ ᠶᠢ ᠬᠡᠷᠡᠭᠵᠢᠭᠦᠯᠦᠨ᠎ᠡ︔ ᠰᠠᠭᠤᠷᠢ ᠮᠥᠩᠭᠦ ᠣᠷᠣᠰᠢᠨ ᠦᠷᠭᠦᠯᠵᠢᠯᠡᠵᠦ ᠪᠠᠶᠢᠭ᠎ᠠ ᠬᠤᠭᠤᠴᠠᠭᠠᠨ ᠳᠠᠬᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠠᠷᠢᠭᠤᠴᠠᠨ᠎ᠠ︔ ᠠᠵᠢᠯ ᠶᠠᠪᠤᠳᠠᠯ ᠠᠴᠠ ᠡᠮᠦᠨᠡᠬᠢ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠠᠮᠵᠢᠯᠲᠠ ᠪᠦᠲᠦᠮᠵᠢ ᠶᠢᠨ ᠬᠠᠷᠠᠯᠲᠠ ᠪᠠ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢ ᠲᠣᠭᠲᠠᠭᠠᠵᠤ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠠᠵᠢᠯ ᠥᠷᠨᠢᠭᠦᠯᠬᠦ ᠶᠢ ᠬᠠᠷᠢᠭᠤᠴᠠᠨ᠎ᠠ︔ ᠵᠢᠯ ᠪᠦᠷᠢ ᠶᠢᠨ ᠡᠴᠦᠰ ᠲᠤ ᠰᠠᠭᠤᠷᠢ ᠮᠥᠩᠭᠦ ᠶᠢ ᠬᠡᠷᠡᠭᠵᠢᠭᠦᠯᠦᠭᠰᠡᠨ ᠠᠮᠵᠢᠯᠲᠠ ᠪᠦᠲᠦᠮᠵᠢ ᠳᠤ ᠥᠪᠡᠰᠦᠪᠡᠨ ᠦᠨᠡᠯᠡᠯᠲᠡ ᠬᠢᠬᠦ ᠶᠢ ᠬᠠᠷᠢᠭᠤᠴᠠᠵᠤ᠂ ᠥᠪᠡᠰᠦᠪᠡᠨ ᠦᠨᠡᠯᠡᠭᠰᠡᠨ ᠦᠷ᠎ᠡ ᠳ᠋ᠦᠩ ᠢᠶᠠᠨ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠪᠤᠰᠤᠳ ᠭᠤᠣᠯ ᠪᠣᠯᠬᠤ ᠪᠡᠯᠡ ᠭᠠᠷᠭᠠᠭᠴᠢ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠨ᠎ᠠ᠃

      ᠬᠤᠶᠠᠳᠤᠭᠠᠷ ᠪᠦᠯᠦᠭ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ

      ᠶᠢᠰᠦᠳᠦᠭᠡᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ ᠳᠤ᠂ ᠡᠩ ᠲᠡᠷᠢᠭᠦᠨ ᠳᠤ ᠡᠭᠦᠰᠬᠡᠨ ᠪᠠᠶᠢᠭᠤᠯᠬᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠪᠣᠯᠣᠮᠵᠢᠲᠤ ᠴᠢᠨᠠᠷ ᠤᠨ ᠰᠤᠳᠤᠯᠤᠯ ᠨᠤᠲᠠᠯᠠᠯᠲᠠ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠯᠣᠮᠵᠢᠲᠤ ᠲᠥᠰᠥᠯ ᠢ ᠪᠣᠶ ᠪᠣᠯᠭᠠᠬᠤ ᠬᠡᠷᠡᠭᠲᠡᠢ᠃ ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠨᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠢᠰᠢ ᠪᠣᠯ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠪᠣᠯᠣᠮᠵᠢᠲᠤ ᠲᠥᠰᠥᠯ ᠢ ᠪᠣᠶ ᠪᠣᠯᠭᠠᠬᠤ ᠬᠡᠷᠡᠭᠲᠡᠢ᠃

      ᠠᠵᠢᠯ ᠲᠥᠷᠥᠯ ᠤᠨ ᠲᠥᠷᠥᠯ ᠵᠦᠢᠯ ᠤᠨ ᠬᠥᠮᠥᠷᠭᠡ ᠪᠣᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ ᠪᠠᠷ ᠭᠤᠶᠤᠴᠢᠯᠠᠬᠤ ᠴᠢᠬᠤᠯᠠ ᠪᠦᠬᠦᠢ ᠨᠥᠬᠦᠴᠡᠯ ᠪᠠᠶᠢᠵᠤ᠂ ᠵᠠᠷᠴᠢᠮ ᠳᠡᠭᠡᠷ᠎ᠡ ᠪᠠᠨ ᠠᠵᠢᠯ ᠲᠥᠷᠥᠯ ᠤᠨ ᠲᠥᠷᠥᠯ ᠵᠦᠢᠯ ᠤᠨ ᠬᠥᠮᠥᠷᠭᠡ ᠪᠠᠶᠢᠭᠤᠯᠤᠭᠰᠠᠨ ᠦᠭᠡᠢ ᠪᠣᠯ ᠰᠠᠭᠤᠷᠢ ᠮᠥᠩᠭᠦ ᠪᠠᠶᠢᠭᠤᠯᠬᠤ ᠭᠤᠶᠤᠴᠢᠯᠠᠯ ᠳᠤᠷᠠᠳᠴᠤ ᠪᠣᠯᠬᠤ ᠦᠭᠡᠢ᠃

      ᠠᠷᠪᠠᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠪᠣᠯᠣᠮᠵᠢᠲᠤ ᠲᠥᠰᠥᠯ ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠢ᠄

     ︵ᠨᠢᠭᠡ︶ ᠰᠠᠭᠤᠷᠢ ᠮᠥᠩᠭᠦ ᠪᠠᠶᠢᠭᠤᠯᠬᠤ ᠪᠣᠯᠣᠮᠵᠢᠲᠤ ᠵᠠᠳᠠᠯᠤᠯᠲᠠ ᠶᠢᠨ ᠮᠡᠳᠡᠭᠦᠯᠦᠯᠲᠡ︔

     ︵ᠬᠤᠶᠠᠷ︶ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠬᠦ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠣᠩᠭᠤᠭᠤᠯᠢ ᠳᠤ ᠥᠷᠢᠰᠦᠯᠳᠦᠬᠦ ᠲᠥᠰᠦᠯ︔

     ︵ᠭᠤᠷᠪᠠ︶ ᠰᠠᠭᠤᠷᠢ ᠮᠥᠩᠭᠦ ᠬᠠᠮᠢᠶᠠᠷᠤᠭᠴᠢ ᠶᠢᠨ ᠰᠣᠩᠭᠤᠭᠤᠯᠢ ᠳᠤ ᠥᠷᠢᠰᠦᠯᠳᠦᠬᠦ ᠲᠥᠰᠥᠯ︔

     ︵ᠳᠥᠷᠪᠡ︶ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠶᠢᠨ ᠰᠣᠩᠭᠤᠭᠤᠯᠢ ᠳᠤ ᠥᠷᠢᠰᠦᠯᠳᠦᠬᠦ ᠲᠥᠰᠥᠯ︔

     ︵ᠲᠠᠪᠤ︶ ᠰᠠᠭᠤᠷᠢ ᠮᠥᠩᠭᠦᠨ ᠤ ᠳᠦᠷᠢᠮ ᠲᠣᠭᠲᠠᠭᠠᠯ᠂ ᠬᠤᠷᠰᠢᠬᠤ ᠵᠥᠪᠯᠡᠯᠴᠡᠭᠡᠷ ᠪᠤᠶᠤ ᠰᠠᠭᠤᠷᠢ  ᠮᠥᠩᠭᠦᠨ ᠤ  ᠵᠥᠪᠯᠡᠯᠴᠡᠭᠡᠷ᠂ ᠭᠡᠷ᠎ᠡ ᠵᠡᠷᠭᠡ︔

     ︵ᠵᠢᠷᠭᠤᠭ᠎ᠠ︶ ᠠᠵᠢᠯ ᠲᠥᠷᠥᠯ ᠤᠨ ᠲᠥᠷᠥᠯ ᠵᠦᠢᠯ ᠤᠨ ᠬᠥᠮᠥᠷᠭᠡ ᠶᠢᠨ ᠪᠡᠯᠡᠳᠬᠡᠯ ᠲᠥᠷᠥᠯ ᠵᠦᠢᠯ ᠤᠨ ᠨᠠᠷᠢᠨ ᠬᠠᠭᠤᠳᠠᠰᠤ︔

     ︵ᠳᠤᠯᠤᠭ᠎ᠠ︶ ᠪᠤᠰᠤᠳ ᠮᠠᠲ᠋ᠧᠷᠢᠶᠠᠯ᠃

      ᠠᠷᠪᠠᠨ ᠨᠢᠭᠡᠳᠦᠭᠡᠷ ᠵᠦᠢᠯ   ᠰᠠᠭᠤᠷᠢ ᠮᠥᠩᠭᠦ ᠶᠢ ᠪᠠᠶᠢᠭᠤᠯᠬᠤ ᠪᠣᠯᠣᠮᠵᠢᠲᠤ ᠵᠠᠳᠠᠯᠤᠯᠲᠠ ᠶᠢᠨ ᠮᠡᠳᠡᠭᠦᠯᠦᠯᠲᠡ ᠶᠢᠨ ᠠᠭᠤᠯᠭ᠎ᠠ ᠳᠤ᠄ ᠰᠠᠭᠤᠷᠢ ᠮᠥᠩᠭᠦᠨ ᠤ ᠨᠡᠷᠡᠶᠢᠳᠦᠯ᠂ ᠪᠠᠶᠢᠭᠤᠯᠬᠤ ᠠᠬᠤᠢ ᠪᠠᠶᠢᠳᠠᠯ᠂ ᠪᠠᠶᠢᠭᠤᠯᠬᠤ ᠶᠢᠨ ᠴᠢᠬᠤᠯᠠ ᠪᠦᠬᠦᠢ ᠴᠢᠨᠠᠷ ᠪᠠ ᠦᠨᠳᠦᠰᠦᠯᠡᠯ᠂ ᠰᠠᠭᠤᠷᠢ ᠮᠥᠩᠭᠦ ᠶᠢᠨ ᠪᠠᠶᠢᠭᠤᠯᠬᠤ ᠠᠵᠢᠯ ᠳᠤ ᠣᠷᠤᠯᠴᠠᠬᠤ ᠡᠯ᠎ᠡ ᠲᠠᠯ᠎ᠠ ᠶᠢᠨ ᠦᠨᠳᠦᠰᠦᠨ ᠪᠠᠶᠢᠳᠠᠯ᠂ ᠵᠠᠰᠠᠯᠲᠠ ᠶᠢᠨ ᠪᠦᠲᠦᠴᠡ ᠪᠠ ᠵᠣᠬᠢᠶᠠᠨ ᠪᠠᠶᠢᠭᠤᠯᠤᠯᠲᠠ ᠶᠢᠨ ᠪᠦᠷᠢᠯᠳᠦᠴᠡ᠂ ᠲᠦᠷᠦ ᠶᠢᠨ ᠪᠣᠳᠣᠯᠭ᠎ᠠ ᠶᠢᠨ ᠬᠠᠷᠠᠯᠲᠠ᠂ ᠠᠮᠵᠢᠯᠲᠠ ᠪᠦᠲᠦᠮᠵᠢ ᠶᠢᠨ ᠬᠠᠷᠠᠯᠲᠠ᠂ ᠪᠡᠯᠡ ᠣᠷᠣᠭᠤᠯᠤᠯᠲᠠ ᠬᠢᠬᠦ ᠠᠵᠤ ᠦᠢᠯᠡᠰ ᠤᠨ ᠬᠦᠷᠢᠶ᠎ᠡ᠂ ᠬᠠᠷᠠᠯᠲᠠ ᠶᠢᠨ ᠬᠡᠪᠴᠢᠶᠡᠵᠢᠯ᠂ ᠪᠡᠯᠡ ᠴᠤᠭᠯᠠᠭᠤᠯᠬᠤ ᠲᠥᠯᠥᠪᠯᠡᠭᠡ᠂ ᠪᠡᠯᠡ ᠭᠠᠷᠭᠠᠬᠤ ᠲᠥᠰᠥᠯ᠂ ᠪᠡᠯᠡ ᠭᠠᠷᠭᠠᠬᠤ ᠠᠮᠠᠯᠠᠯᠲᠠ᠂ ᠪᠡᠯᠡ ᠣᠷᠣᠭᠤᠯᠬᠤ ᠠᠷᠭ᠎ᠠ ᠮᠠᠶ᠋ᠢᠭ᠂ ᠣᠷᠣᠰᠢᠨ ᠦᠷᠭᠦᠯᠵᠢᠯᠡᠬᠦ ᠴᠠᠭ ᠬᠤᠭᠤᠴᠠᠭ᠎ᠠ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ᠂ ᠤᠷᠮᠠᠰᠢᠭᠤᠯᠬᠤ ᠲᠣᠭᠲᠠᠴᠠ᠂ ᠲᠦᠭᠰᠢᠭᠦᠷᠢ ᠶᠢᠨ ᠰᠡᠷᠭᠡᠶᠢᠯᠡᠯᠲᠡ᠂ ᠠᠯᠳᠠᠭ᠎ᠠ ᠪᠤᠷᠤᠭᠤ ᠶᠢ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠳᠦᠷᠢᠮ᠂ ᠪᠤᠴᠠᠭᠠᠵᠤ ᠭᠠᠷᠭᠠᠬᠤ ᠲᠣᠭᠲᠠᠴᠠ᠂ ᠬᠠᠮᠢᠶᠠᠷᠤᠯᠲᠠ ᠶᠢᠨ ᠵᠠᠷᠤᠳᠠᠯ ᠪᠠ ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠨᠡᠶᠢᠭᠡᠮ ᠤᠨ ᠬᠥᠷᠥᠩᠭᠡ ᠪᠠ ᠥᠷᠢᠰᠦᠯᠳᠦᠭᠡᠨ ᠤ ᠪᠠᠶᠢᠳᠠᠯ ᠳᠤ ᠦᠵᠡᠭᠦᠯᠬᠦ ᠨᠥᠯᠥᠭᠡᠨ ᠤ ᠵᠠᠳᠠᠯᠤᠯᠲᠠ᠂ ᠵᠢᠱᠢᠭᠰᠡᠨ ᠦᠷ᠎ᠡ ᠪᠦᠲᠦᠮᠵᠢ ᠵᠡᠷᠭᠡ ᠶᠢ ᠪᠠᠭᠲᠠᠭᠠᠬᠤ ᠬᠡᠷᠡᠭᠲᠡᠢ᠃

      ᠠᠷᠪᠠᠨ ᠬᠤᠶᠠᠳᠤᠭᠠᠷ ᠵᠦᠢᠯ   ᠵᠠᠰᠠᠭ ᠤᠨ ᠣᠷᠳᠣᠨ  ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ ᠰᠠᠭᠤᠷᠢ ᠮᠥᠩᠭᠦ ᠬᠠᠮᠢᠶᠠᠷᠤᠭᠴᠢ᠂ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠶᠢᠨ ᠰᠣᠩᠭᠤᠭᠤᠯᠢ ᠳᠤ ᠥᠷᠢᠰᠦᠯᠳᠦᠬᠦ ᠲᠥᠰᠥᠯ ᠤᠨ ᠠᠭᠤᠯᠭ᠎ᠠ ᠳᠤ᠄ ᠰᠣᠩᠭᠤᠭᠤᠯᠢ ᠳᠤ ᠥᠷᠢᠰᠦᠯᠳᠦᠬᠦ ᠬᠡᠯᠪᠡᠷᠢ ᠠᠷᠭ᠎ᠠ ᠮᠠᠶ᠋ᠢᠭ᠂ ᠰᠣᠩᠭᠤᠭᠤᠯᠢ ᠳᠤ ᠥᠷᠢᠰᠦᠯᠳᠦᠭᠴᠢ ᠶᠢᠨ ᠬᠢᠷᠢ ᠭᠡᠮ ᠤᠨ ᠨᠥᠬᠦᠴᠡᠯ᠂ ᠰᠣᠩᠭᠤᠭᠤᠯᠢ ᠶᠢᠨ ᠥᠷᠢᠰᠦᠯᠳᠦᠭᠡᠨ ᠢ ᠦᠨᠡᠯᠡᠬᠦ ᠠᠷᠭ᠎ᠠ ᠵᠡᠷᠭᠡ ᠪᠠᠭᠲᠠᠨ᠎ᠠ᠃ ᠰᠣᠩᠭᠤᠭᠤᠯᠢ ᠶᠢᠨ ᠥᠷᠢᠰᠦᠯᠳᠦᠭᠡᠨ ᠢ ᠦᠨᠡᠯᠡᠬᠦ ᠠᠷᠭ᠎ᠠ ᠶᠢᠨ ᠠᠭᠤᠯᠭ᠎ᠠ ᠳᠤ ᠬᠠᠮᠢᠶᠠᠷᠤᠯᠲᠠ ᠶᠢᠨ ᠵᠠᠷᠤᠳᠠᠯ ᠤᠨ ᠨᠣᠷᠮ᠎ᠠ᠂ ᠳᠠᠭᠠᠵᠤ ᠤᠷᠤᠭᠤᠯᠤᠯᠲᠠ ᠬᠢᠬᠦ ᠬᠠᠷᠢᠴᠠᠯ᠂ ᠠᠵᠢᠯ ᠤᠨ ᠠᠮᠵᠢᠯᠲᠠ ᠪᠦᠲᠦᠮᠵᠢ ᠵᠡᠷᠭᠡ ᠬᠦᠴᠦᠨ ᠵᠦᠢᠯ ᠢ ᠪᠠᠭᠲᠠᠭᠠᠬᠤ ᠬᠡᠷᠡᠭᠲᠡᠢ᠃

      ᠭᠤᠷᠪᠠᠳᠤᠭᠠᠷ ᠪᠦᠯᠦᠭ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ

      ᠠᠷᠪᠠᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠠᠳᠠᠯᠢ ᠨᠢᠭᠡᠨ ᠬᠦᠷᠢᠶ᠎ᠡ ᠪᠤᠶᠤ ᠠᠵᠢᠯ ᠲᠥᠷᠥᠯ ᠳᠤ ᠡᠬᠡ ᠰᠠᠭᠤᠷᠢ ᠮᠥᠩᠭᠦ ᠶᠢ ᠳᠠᠪᠬᠤᠷᠳᠠᠭᠤᠯᠤᠨ ᠪᠠᠶᠢᠭᠤᠯᠵᠤ ᠪᠣᠯᠬᠤ ᠦᠭᠡᠢ᠃

      ᠡᠳ᠋ ᠤᠨ ᠵᠠᠰᠠᠭ ᠠᠴᠠ ᠪᠡᠯᠡ ᠭᠠᠷᠭᠠᠵᠤ ᠰᠠᠭᠤᠷᠢ ᠮᠥᠩᠭᠦ ᠪᠠᠶᠢᠭᠤᠯᠬᠤ ᠪᠤᠶᠤ ᠪᠡᠯᠡ ᠮᠥᠩᠭᠦ ᠳᠠᠩᠰᠠᠯᠠᠭᠤᠯᠬᠤ ᠳᠤ ᠡᠷᠬᠡᠪᠰᠢ ᠴᠢᠩᠭ᠎ᠠ ᠬᠢᠨᠠᠨ ᠬᠠᠷᠭᠤᠭᠤᠯᠵᠤ᠂ ᠣᠨ ᠤ ᠲᠥᠰᠥᠪ ᠤᠨ ᠬᠠᠮᠢᠶᠠᠷᠤᠯᠲᠠ ᠳᠤ ᠣᠷᠣᠭᠤᠯᠤᠨ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠡᠭᠦᠨ ᠤ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠬᠡᠷᠡᠭᠲᠡᠢ︔ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠪᠠᠯ᠂ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠠᠬᠢᠴᠠ ᠶᠢ ᠦᠨᠳᠦᠰᠦᠯᠡᠨ ᠣᠨ ᠬᠤᠪᠢᠶᠠᠨ ᠲᠣᠬᠢᠷᠠᠭᠤᠯᠬᠤ ᠬᠡᠷᠡᠭᠲᠡᠢ᠃ ᠰᠠᠭᠤᠷᠢ ᠮᠥᠩᠭᠦ ᠪᠠᠶᠢᠭᠤᠯᠬᠤ ᠳᠤ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠭᠦᠢᠴᠡᠳ ᠪᠣᠳᠣᠯᠬᠢᠯᠠᠵᠤ᠂ ᠰᠠᠭᠤᠷᠢ ᠮᠥᠩᠭᠦᠨ ᠤ ᠬᠡᠪᠴᠢᠶᠡᠵᠢᠯ ᠪᠣᠯᠣᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠣᠨ ᠤ ᠲᠥᠰᠥᠪ ᠤᠨ ᠳᠣᠲᠣᠷ᠎ᠠ᠂ ︽ᠭᠤᠷᠪᠠ ᠶᠢ ᠪᠠᠲᠤᠯᠠᠬᠤ︾᠂ ᠥᠷᠢ ᠥᠭᠴᠡᠭᠡᠨ ᠤ ᠬᠦᠦ ᠮᠥᠩᠭᠦ ᠶᠢ ᠲᠥᠯᠥᠬᠦ ᠵᠡᠷᠭᠡ ᠵᠠᠪᠠᠯ ᠪᠠᠲᠤᠯᠠᠬᠤ ᠵᠠᠷᠤᠯᠭ᠎ᠠ ᠶᠢ ᠲᠤᠭ᠎ᠠ ᠶᠣᠰᠣᠭᠠᠷ ᠭᠦᠢᠴᠡᠳ ᠪᠠᠲᠤᠯᠠᠭᠰᠠᠨ ᠦᠭᠡᠢ ᠭᠠᠵᠠᠷ ᠣᠷᠣᠨ ᠳᠤ ᠪᠡᠯᠡ ᠮᠥᠩᠭᠦ ᠲᠣᠬᠢᠷᠠᠭᠤᠯᠤᠨ ᠰᠠᠭᠤᠷᠢ ᠮᠥᠩᠭᠦ ᠶᠢ ᠰᠢᠨ᠎ᠡ ᠪᠠᠷ ᠪᠠᠶᠢᠭᠤᠯᠵᠤ ᠪᠣᠯᠬᠤ ᠦᠭᠡᠢ᠃

      ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠪᠡᠯᠡ ᠭᠠᠷᠭᠠᠵᠤ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠲᠣᠭᠲᠠᠭᠠᠯ ᠶᠣᠰᠣᠭᠠᠷ ᠤᠯᠤᠰ ᠤᠨ ᠡᠯ᠎ᠡ ᠶᠠᠮᠤᠨ ᠵᠥᠪᠯᠡᠯ ᠪᠤᠶᠤ ᠰᠢᠭᠤᠳ ᠬᠠᠷᠢᠶ᠎ᠠ ᠪᠠᠶᠢᠭᠤᠯᠤᠮᠵᠢ ᠶᠢᠨ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠡᠬᠡ ᠰᠠᠭᠤᠷᠢ ᠮᠥᠩᠭᠦ ᠶᠢ ᠨᠢ ᠴᠢᠷᠮᠠᠶᠢᠨ ᠣᠯᠵᠤ ᠪᠠᠶᠢᠭᠠᠳ ᠪᠡᠯᠡ ᠣᠷᠣᠭᠤᠯᠬᠤ᠂ ᠬᠤᠪᠢ ᠣᠷᠣᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠪᠠᠶᠢᠭᠤᠯᠵᠤ ᠪᠣᠯᠣᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠨ ᠲᠤᠰ ᠭᠠᠵᠠᠷ ᠣᠷᠣᠨ ᠤ ᠪᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ  ᠤ ᠲᠤᠭ᠎ᠠ ᠬᠡᠮᠵᠢᠶ᠎ᠡ ᠶᠢ ᠬᠢᠵᠠᠭᠠᠷᠯᠠᠵᠤ ᠪᠣᠯᠣᠨ᠎ᠠ᠃

      ᠠᠷᠪᠠᠨ ᠳᠥᠷᠪᠡᠳᠦᠭᠡᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠭᠠᠷᠭᠠᠭᠰᠠᠨ ᠪᠡᠯᠡ ᠶᠢ ᠨᠢ ᠨᠤᠲᠠᠯᠠᠨ ᠲᠣᠭᠲᠠᠭᠠᠬᠤ᠂ ᠰᠠᠯᠠᠭ᠎ᠠ ᠮᠥᠴᠢᠷ ᠠᠩᠬᠠᠨ ᠤ ᠬᠢᠨᠠᠯᠲᠠ ᠬᠢᠬᠦ᠂ ᠵᠠᠰᠠᠭ ᠤᠨ ᠣᠷᠳᠣᠨ  ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠶᠣᠰᠣᠭᠠᠷ ᠪᠠᠶᠢᠭᠤᠯᠤᠨ᠎ᠠ᠃

     ︵ᠨᠢᠭᠡ︶ ᠭᠠᠷᠭᠠᠭᠰᠠᠨ ᠪᠡᠯᠡ ᠶᠢ ᠨᠢ ᠨᠤᠲᠠᠯᠠᠨ ᠲᠣᠭᠲᠠᠭᠠᠬᠤ᠃ ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠨᠢ ᠲᠤᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠪᠡᠯᠡ ᠮᠥᠩᠭᠦ  ᠬᠡᠷᠡᠭᠰᠡᠬᠦ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠠᠴᠠ ᠪᠡᠯᠡ ᠭᠠᠷᠭᠠᠬᠤ ᠲᠣᠬᠢᠷᠠᠭᠤᠯᠤᠯᠲᠠ ᠶᠢ ᠨᠤᠲᠠᠯᠠᠨ ᠲᠣᠭᠲᠠᠭᠠᠨ᠎ᠠ᠃

     ︵ᠬᠤᠶᠠᠷ︶ ᠰᠠᠯᠠᠭ᠎ᠠ ᠮᠥᠴᠢᠷ ᠤᠨ  ᠬᠢᠨ ᠠᠩᠬᠠᠨ ᠤ ᠬᠢᠨᠠᠯᠲᠠ ᠬᠢᠬᠦ᠃ ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠨᠢ ᠲᠤᠰ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠤ ᠰᠠᠭᠤᠷᠢ ᠮᠥᠩᠭᠦᠨ ᠤ ᠳᠦᠷᠢᠮ ᠲᠣᠭᠲᠠᠭᠠᠯ ᠵᠡᠷᠭᠡ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ ᠢᠶᠠᠨ ᠳᠡᠪᠰᠢᠭᠦᠯᠦᠨ ᠲᠤᠰᠢᠶᠠᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠬᠦᠷᠢᠶᠡᠨ ᠤ ᠠᠵᠤ ᠦᠢᠯᠡᠰ ᠤᠨ ᠲᠣᠭᠲᠠᠭᠠᠯ ᠳᠤ ᠨᠡᠶᠢᠴᠡᠬᠦ ᠴᠢᠨᠠᠷ ᠪᠣᠯᠣᠨ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠲᠤ ᠠᠩᠬᠠᠨ ᠤ ᠬᠢᠨᠠᠯᠲᠠ ᠬᠢᠬᠦ ᠬᠡᠷᠡᠭᠲᠡᠢ᠃ ᠴᠢᠬᠤᠯᠠ ᠲᠠᠢ ᠦᠶ᠎ᠡ ᠳᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠨᠤᠲᠠᠯᠠᠯᠲᠠ ᠳᠤ ᠣᠷᠣᠯᠴᠠᠭᠤᠯᠵᠤ ᠪᠣᠯᠣᠨ᠎ᠠ᠃

     ︵ᠭᠤᠷᠪᠠ︶ ᠵᠠᠰᠠᠭ ᠤᠨ ᠣᠷᠳᠣᠨ ᠰᠢᠢᠳᠪᠦᠷᠢᠲᠦ ᠪᠣᠳᠣᠯᠭ᠎ᠠ ᠲᠣᠭᠲᠠᠭᠠᠬᠤ᠃ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠬᠡᠷᠡᠭᠲᠡᠢ᠃

      ᠠᠷᠪᠠᠨ ᠲᠠᠪᠤᠳᠤᠭᠠᠷ ᠵᠦᠢᠯ   ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠵᠠᠰᠠᠭ ᠤᠨ ᠣᠷᠳᠣᠨ ᠤ ᠪᠡᠯᠡ ᠭᠠᠷᠭᠠᠵᠤ ᠪᠠᠶᠢᠭᠤᠯᠤᠭᠰᠠᠨ ᠪᠡᠯᠡ ᠣᠷᠣᠭᠤᠯᠤᠯᠲᠠ ᠶᠢᠨ ᠰᠠᠭᠤᠷᠢ  ᠮᠥᠩᠭᠦᠨ ᠤ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠭᠦᠨ ᠳᠤ ᠳᠣᠣᠷᠠᠬᠢ ᠪᠠᠶᠢᠳᠠᠯ ᠢ ᠪᠠᠭᠲᠠᠭᠠᠬᠤ ᠦᠭᠡᠢ᠄

     ︵ᠨᠢᠭᠡ︶ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠭᠠᠷᠭᠠᠭᠰᠠᠨ ᠪᠡᠯᠡ ᠶᠢᠨ ᠲᠤᠭ᠎ᠠ ᠨᠢ ᠠᠷᠠᠳ ᠤᠨ ᠵᠣᠭᠤᠰ ᠢᠶᠠᠷ 50 ᠳ᠋ᠦᠩᠰᠢᠭᠤᠷ ᠲᠥᠭᠦᠷᠢᠭ ︵ᠪᠤᠶᠤ ᠲᠡᠩᠴᠡᠭᠦᠦ ᠥᠷᠲᠡᠭ ᠲᠠᠢ ᠭᠠᠳᠠᠭᠠᠳᠤ ᠶᠢᠨ ᠵᠣᠭᠤᠰ︶ ᠵᠢᠴᠢ ᠲᠡᠭᠦᠨ ᠠᠴᠠ ᠳᠡᠭᠡᠭᠰᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠵᠦ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠴᠢᠨᠠᠷ ᠲᠤ ᠬᠢᠨᠠᠨ ᠪᠠᠶᠢᠴᠠᠭᠠᠯᠲᠠ ᠬᠢᠯᠭᠡᠨ᠎ᠡ︔

     ︵ᠬᠤᠶᠠᠷ︶ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠭᠠᠷᠭᠠᠭᠰᠠᠨ ᠪᠡᠯᠡ ᠶᠢᠨ ᠲᠤᠭ᠎ᠠ ᠨᠢ ᠠᠷᠠᠳ ᠤᠨ ᠵᠣᠭᠤᠰ ᠢᠶᠠᠷ  50 ᠳ᠋ᠦᠩᠰᠢᠭᠤᠷ ᠲᠥᠭᠦᠷᠢᠭ ︵ᠪᠤᠶᠤ ᠲᠡᠩᠴᠡᠭᠦᠦ ᠥᠷᠲᠡᠭ ᠲᠠᠢ ᠭᠠᠳᠠᠭᠠᠳᠤ ᠶᠢᠨ ᠵᠣᠭᠤᠰ︶ ᠠᠴᠠ ᠳᠣᠣᠷ᠎ᠠ᠂ ᠠᠷᠠᠳ ᠤᠨ ᠵᠣᠭᠤᠰ ᠢᠶᠠᠷ 20 ᠳ᠋ᠦᠩᠰᠢᠭᠤᠷ ᠲᠥᠭᠦᠷᠢᠭ ︵ᠪᠤᠶᠤ ᠲᠡᠩᠴᠡᠭᠦᠦ ᠥᠷᠲᠡᠭ ᠲᠠᠢ ᠭᠠᠳᠠᠭᠠᠳᠤ ᠶᠢᠨ ᠵᠣᠭᠤᠰ︶ ᠵᠢᠴᠢ ᠲᠡᠭᠦᠨ ᠠᠴᠠ ᠳᠡᠭᠡᠭᠰᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠴᠢᠨᠠᠷ ᠪᠠ ᠳᠦᠷᠢᠮ ᠲᠣᠭᠲᠠᠭᠠᠯ ᠵᠡᠷᠭᠡ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠲᠤ ᠬᠢᠨᠠᠨ ᠪᠠᠶᠢᠴᠠᠭᠠᠯᠲᠠ ᠬᠢᠬᠦ ᠠᠵᠢᠯ ᠢ ᠬᠠᠷᠢᠭᠤᠴᠠᠨ᠎ᠠ᠃

      ᠠᠷᠪᠠᠨ ᠵᠢᠷᠭᠤᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠥᠯᠳᠡ ᠶᠢᠨ ᠰᠠᠭᠤᠷᠢ ᠮᠥᠩᠭᠦ ᠶᠢ ᠪᠠᠶᠢᠭᠤᠯᠬᠤ ᠪᠠᠷ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠳᠤ ᠪᠠᠨ ᠳᠣᠣᠷᠠᠬᠢ ᠮᠡᠲ᠋ᠧᠷᠢᠶᠡᠯ ᠤᠳ ᠢ ᠲᠤᠰᠢᠶᠠᠬᠤ ᠬᠡᠷᠡᠭᠲᠡᠢ᠄

     ︵ᠨᠢᠭᠡ︶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠭᠤᠶᠤᠴᠢᠯᠠᠨ ᠪᠠᠶᠢᠭᠤᠯᠬᠤ ᠪᠠᠷ  ᠵᠢᠭᠠᠪᠤᠷᠢ ᠠᠪᠬᠤ︔

     ︵ᠬᠤᠶᠠᠷ︶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠪᠣᠯᠣᠮᠵᠢᠲᠤ ᠲᠥᠰᠦᠯ︔

     ︵ᠭᠤᠷᠪᠠ︶ ᠪᠤᠰᠤᠳ ᠮᠠᠲ᠋ᠧᠷᠢᠶᠠᠯ᠃

      ᠠᠷᠪᠠᠨ ᠳᠣᠯᠣᠳᠤᠭᠠᠷ ᠵᠦᠢᠯ   ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠡᠬᠡ ᠰᠠᠭᠤᠷᠢ ᠮᠥᠩᠭᠦ ᠶᠢ ᠪᠠᠶᠢᠭᠤᠯᠬᠤ ᠳᠤ ᠡᠷᠬᠡᠪᠰᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ 30 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃

      ᠳᠥᠷᠪᠡᠳᠦᠭᠡᠷ ᠪᠦᠯᠦᠭ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠴᠤᠭᠯᠠᠭᠤᠯᠬᠤ ᠪᠠ ᠳᠠᠩᠰᠠᠯᠠᠨ ᠲᠡᠮᠳᠡᠭᠯᠡᠵᠦ ᠬᠠᠮᠢᠶᠠᠷᠬᠤ

      ᠠᠷᠪᠠᠨ ᠨᠠᠢᠮᠠᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮ ᠤᠨ ᠪᠡᠯᠡ ᠮᠥᠩᠭᠦ ᠶᠢᠨ ᠬᠡᠰᠡᠭ  ᠲᠤ ᠪᠣᠯ ᠢᠯᠡ ᠪᠣᠯᠭᠠᠯᠲᠠ ᠶᠢᠨ ᠪᠤᠰᠤ ᠠᠷᠭ᠎ᠠ ᠮᠠᠶ᠋ᠢᠭ ᠠᠪᠴᠤ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠪᠠ ᠲᠦᠭᠰᠢᠭᠦᠷᠢ ᠶᠢ ᠳᠠᠭᠠᠭᠠᠬᠤ ᠴᠢᠳᠠᠪᠤᠷᠢ ᠲᠠᠢ ᠬᠢᠷᠢ ᠲᠡᠩᠴᠡᠭᠰᠡᠨ ᠣᠨᠴᠠ ᠨᠢᠭᠡᠨ ᠪᠡᠯᠡ ᠣᠷᠣᠭᠤᠯᠤᠭᠴᠢ ᠳᠤ ᠬᠠᠨᠳᠤᠭᠤᠯᠤᠨ ᠵᠣᠭᠤᠰ ᠴᠤᠭᠯᠠᠭᠤᠯᠵᠤ᠂ ᠴᠤᠭᠯᠠᠭᠤᠯᠬᠤ ᠦᠢᠯᠡ ᠠᠵᠢᠯᠯᠠᠭ᠎ᠠ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠯ ᠳᠤ ᠨᠡᠶᠢᠴᠡᠬᠦ ᠬᠡᠷᠡᠭᠲᠡᠢ᠃

      ᠠᠷᠪᠠ ᠶᠢᠰᠦᠳᠦᠭᠡᠷ ᠵᠦᠢᠯ   ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠠᠴᠠ ᠪᠡᠯᠡ ᠭᠠᠷᠭᠠᠵᠤ ᠪᠠᠶᠢᠭᠤᠯᠤᠭᠰᠠᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠴᠤᠭᠯᠠᠭᠤᠯᠵᠤ ᠳᠠᠭᠤᠰᠤᠭᠰᠠᠨ ᠤ ᠳᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ᠂ ᠰᠠᠭᠤᠷᠢ ᠮᠥᠩᠭᠦ ᠬᠠᠮᠢᠶᠠᠷᠤᠭᠴᠢ ᠠᠴᠠ ᠪᠦᠬᠦ ᠤᠯᠤᠰ ᠤᠨ ᠵᠠᠰᠠᠭ ᠤᠨ ᠣᠷᠳᠣᠨ ᠤ ᠪᠡᠯᠡ ᠭᠠᠷᠭᠠᠭᠰᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠳᠠᠩᠰᠠᠯᠠᠨ ᠲᠡᠮᠳᠡᠭᠯᠡᠬᠦ ᠰᠢᠰᠲ᠋ᠧᠮ ᠳᠤ ᠳᠠᠩᠰᠠᠯᠠᠭᠤᠯᠬᠤ ᠬᠡᠷᠡᠭᠲᠡᠢ᠃

      ᠬᠤᠷᠢᠳᠤᠭᠠᠷ ᠵᠦᠢᠯ   ᠬᠤᠪᠢ ᠪᠠᠷ ᠢᠶᠠᠨ ᠵᠣᠭᠤᠰ ᠴᠤᠭᠯᠠᠭᠤᠯᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠡᠯᠪᠡᠷᠢ ᠪᠠᠷ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ᠂ ᠪᠡᠯᠡ ᠣᠷᠣᠭᠤᠯᠤᠯᠲᠠ ᠶᠢᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ ᠬᠢᠵᠦ ᠪᠠᠶᠢᠭ᠎ᠠ ᠰᠠᠭᠤᠷᠢ ᠮᠥᠩᠭᠦ ᠶᠢ ᠴᠤᠭᠯᠠᠭᠤᠯᠵᠤ ᠳᠠᠭᠤᠰᠤᠭᠰᠠᠨ ᠤ ᠳᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ᠂ ᠰᠠᠭᠤᠷᠢ ᠮᠥᠩᠭᠦ ᠬᠠᠮᠢᠶᠠᠷᠤᠭᠴᠢ ᠠᠴᠠ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠠᠵᠢᠯ ᠲᠦᠷᠦᠯ ᠤᠨ ᠨᠡᠶᠢᠭᠡᠮᠯᠢᠭ ᠲᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ ᠰᠠᠭᠤᠷᠢ ᠮᠥᠩᠭᠦ ᠶᠢ ᠪᠦᠷᠢᠳᠬᠡᠨ ᠳᠠᠩᠰᠠᠯᠠᠭᠤᠯᠬᠤ ᠬᠡᠷᠡᠭᠲᠡᠢ᠃

      ᠬᠤᠷᠢᠨ ᠨᠢᠭᠡᠳᠦᠭᠡᠷ ᠵᠦᠢᠯ   ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠡᠯᠡ ᠭᠠᠷᠭᠠᠵᠤ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠨ ᠲᠡᠮᠳᠡᠭᠯᠡᠭᠦᠯᠦᠭᠰᠡᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ᠂ ᠰᠠᠭᠤᠷᠢ ᠮᠥᠩᠭᠦ ᠬᠠᠮᠢᠶᠠᠷᠤᠭᠴᠢ ᠨᠢ ᠲᠤᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠶᠠᠮᠤᠨ ᠤ ᠨᠢᠭᠡᠳᠦᠯᠲᠡᠢ ᠮᠡᠳᠡᠭᠦᠯᠬᠦ ᠬᠦᠰᠦᠨᠦᠭᠲᠦ ᠶᠢᠨ ᠰᠢᠰᠲ᠋ᠧᠮ ᠤᠨ ᠳᠠᠩᠰᠠᠨ ᠤ ᠳ᠋ᠤᠭᠠᠷ ᠢ ᠭᠤᠶᠤᠴᠢᠯᠠᠬᠤ ᠬᠡᠷᠡᠭᠲᠡᠢ᠃ ᠭᠤᠶᠤᠴᠢᠯᠠᠯ ᠪᠠᠲᠤᠯᠠᠭᠳᠠᠭᠰᠠᠨ ᠤ ᠳᠠᠷᠠᠭ᠎ᠠ᠂ ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠤᠯᠠᠷᠢᠯ ᠪᠦᠷᠢ ᠶᠢᠨ ᠳᠠᠭᠤᠰᠤᠭᠰᠠᠨ ᠤ ᠳᠠᠷᠠᠭᠠᠬᠢ 15 ᠡᠳᠦᠷ ᠤᠨ ᠳᠣᠲᠣᠷ᠎ᠠ ᠮᠡᠳᠡᠭᠦᠯᠬᠦ ᠬᠦᠰᠦᠨᠦᠭᠲᠦ ᠶᠢᠨ ᠰᠢᠰᠲ᠋ᠧᠮ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ  ᠮᠥᠩᠭᠦᠨ ᠤ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠡᠬᠡ ᠬᠦᠦ ᠰᠠᠭᠤᠷᠢ ᠮᠥᠩᠭᠦᠨ ᠤ ᠪᠦᠷᠢᠯᠳᠦᠴᠡ ᠪᠠᠷ ᠲᠣᠬᠢᠷᠠᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠣᠯ᠂ ᠤᠯᠠᠷᠢᠯ ᠢᠶᠠᠷ ᠮᠡᠳᠡᠭᠦᠯᠬᠦ ᠬᠦᠰᠦᠨᠦᠭᠲᠦ ᠶᠢ ᠵᠠᠰᠠᠭ ᠤᠨ ᠣᠷᠳᠣᠨ ᠠᠴᠠ ᠰᠢᠭᠤᠳ ᠪᠡᠯᠡ ᠭᠠᠷᠭᠠᠵᠤ ᠪᠠᠶᠢᠭᠤᠯᠤᠭᠰᠠᠨ ᠡᠬᠡ ᠰᠠᠭᠤᠷᠢ ᠮᠥᠩᠭᠦ ᠪᠠᠷ ᠲᠠᠭᠯᠠᠨ ᠮᠡᠳᠡᠭᠦᠯᠵᠦ᠂ ᠡᠬᠡ ᠰᠠᠭᠤᠷᠢ ᠮᠥᠩᠭᠦ ᠪᠠᠷ ᠬᠤᠪᠢ ᠣᠷᠣᠭᠤᠯᠵᠤ ᠪᠠᠶᠢᠭᠤᠯᠤᠭᠰᠠᠨ ᠬᠦᠦ ᠰᠠᠭᠤᠷᠢ ᠮᠥᠩᠭᠦ ᠶᠢ ᠲᠠᠭᠯᠠᠨ ᠮᠡᠳᠡᠭᠦᠯᠬᠦ ᠴᠢᠬᠤᠯᠠ ᠦᠭᠡᠢ᠃

      ᠲᠠᠪᠤᠳᠤᠭᠠᠷ ᠪᠦᠯᠦᠭ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠬᠠᠮᠢᠶᠠᠷᠬᠤ ᠪᠠ ᠨᠠᠶᠢᠳᠠᠨ ᠬᠠᠮᠢᠶᠠᠷᠤᠭᠤᠯᠬᠤ

      ᠬᠤᠷᠢᠨ ᠬᠤᠶᠠᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠥᠮᠴᠢᠯᠡᠬᠦ ᠡᠷᠬᠡ᠂ ᠬᠠᠮᠢᠶᠠᠷᠬᠤ ᠡᠷᠬᠡ᠂ ᠨᠠᠶᠢᠳᠠᠨ ᠬᠠᠮᠢᠶᠠᠷᠤᠭᠤᠯᠬᠤ ᠡᠷᠬᠡ ᠶᠢ ᠬᠠᠷᠢᠯᠴᠠᠨ ᠰᠠᠯᠭᠠᠬᠤ ᠲᠤᠰᠠᠭᠠᠷᠯᠠᠬᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃

      ᠬᠤᠷᠢᠨ ᠭᠤᠷᠪᠠᠳᠤᠭᠠᠷ ᠵᠦᠢᠯ   ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠬᠦ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠣᠩᠭᠤᠭᠤᠯᠢ ᠳᠤ ᠥᠷᠢᠰᠦᠯᠳᠦᠬᠦ ᠲᠥᠰᠥᠯ ᠢ ᠦᠨᠳᠦᠰᠦᠯᠡᠨ᠂ ᠵᠠᠬ᠎ᠠ ᠳᠡᠯᠭᠡᠭᠦᠷᠴᠢᠯᠡᠯᠲᠡ ᠶᠢᠨ ᠵᠠᠷᠴᠢᠮ ᠶᠣᠰᠣᠭᠠᠷ᠂ ᠨᠠᠶᠢᠳᠠᠯᠭ᠎ᠠ ᠬᠦᠯᠢᠶᠡᠬᠦ ᠬᠠᠮᠢᠶᠠᠷᠤᠯᠲᠠ ᠶᠢᠨ ᠪᠠᠶᠢᠭᠤᠯᠤᠮᠵᠢ ᠶᠢ ᠢᠯᠡ ᠪᠥᠭᠡᠳ ᠭᠤᠤᠯᠴᠢ ᠪᠠᠷ ᠰᠢᠯᠢᠳᠡᠭ ᠢ ᠨᠢ ᠰᠣᠩᠭᠤᠨ ᠲᠣᠭᠲᠠᠭᠠᠵᠤ᠂ ᠰᠠᠭᠤᠷᠢ ᠮᠥᠩᠭᠦ ᠶᠢᠨ ᠡᠷᠬᠡ ᠣᠯᠭᠤᠵᠤ ᠨᠠᠶᠢᠳᠠᠨ ᠬᠠᠮᠢᠶᠠᠷᠤᠭᠤᠯᠬᠤ ᠵᠥᠪᠯᠡᠯᠴᠡᠭᠡᠷ ᠲᠣᠭᠲᠠᠵᠤ᠂ ᠰᠠᠭᠤᠷᠢ  ᠮᠥᠩᠭᠦᠨ ᠤ ᠡᠷᠬᠡ ᠣᠯᠭᠤᠬᠤ ᠬᠡᠪᠴᠢᠶᠡᠵᠢᠯ ᠪᠠ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳᠦᠷ ᠲᠤᠲᠤᠮ ᠤᠨ ᠬᠠᠮᠢᠶᠠᠷᠤᠯᠲᠠ ᠶᠢᠨ ᠵᠠᠷᠤᠳᠠᠯ ᠢ ᠠᠮᠵᠢᠯᠲᠠ ᠪᠦᠲᠦᠮᠵᠢ ᠶᠢᠨ ᠦᠨᠡᠯᠡᠯᠲᠡ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠰᠠᠭᠤᠷᠢ ᠮᠥᠩᠭᠦ ᠶᠢᠨ ᠪᠣᠳᠠᠲᠠᠢ ᠠᠵᠢᠯᠯᠠᠭᠠᠨ ᠤ ᠪᠠᠶᠢᠳᠠᠯ ᠵᠡᠷᠭᠡ ᠯᠦᠭᠡ ᠬᠤᠯᠪᠣᠭᠳᠠᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠬᠦ ᠬᠠᠮᠢᠶᠠᠷᠤᠯᠲᠠ ᠶᠢᠨ ᠪᠠᠶᠢᠭᠤᠯᠤᠮᠵᠢ ᠨᠢ ᠳᠣᠣᠷᠠᠬᠢ ᠦᠨᠳᠦᠰᠦᠨ ᠨᠥᠬᠦᠴᠡᠯ ᠢ ᠪᠦᠷᠢᠳᠦᠭᠦᠯᠬᠦ ᠬᠡᠷᠡᠭᠲᠡᠢ᠄

     ︵ᠨᠢᠭᠡ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ︔

     ︵ᠬᠤᠶᠠᠷ︶ ᠰᠠᠭᠤᠷᠢ ᠮᠥᠩᠭᠦ ᠶᠢ ᠬᠠᠮᠢᠶᠠᠷᠤᠭᠰᠠᠨ ᠨᠡᠯᠢᠶᠡᠳ ᠪᠠᠶᠠᠯᠢᠭ ᠲᠤᠷᠰᠢᠯᠭ᠎ᠠ ᠪᠠ ᠡᠭᠦᠨ ᠯᠦᠭᠡ ᠵᠣᠬᠢᠴᠠᠭᠰᠠᠨ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠪᠦᠯᠬᠦᠮ ᠲᠠᠢ︔

     ︵ᠭᠤᠷᠪᠠ︶ ᠦᠨᠡᠨᠴᠢ ᠢᠲᠡᠭᠡᠮᠵᠢᠲᠡᠢ ᠪᠠᠷ ᠡᠵᠡᠩᠨᠡᠵᠦ᠂ ᠬᠠᠤᠯᠢ ᠲᠣᠭᠲᠠᠭᠠᠯ ᠶᠣᠰᠣᠭᠠᠷ ᠠᠵᠢᠯᠯᠠᠭᠤᠯᠵᠤ ᠪᠠᠶᠢᠬᠤ᠃

      ᠬᠤᠷᠢᠨ ᠳᠥᠷᠪᠡᠳᠦᠭᠡᠷ ᠵᠦᠢᠯ   ᠵᠠᠰᠠᠭ ᠤᠨ ᠣᠷᠳᠣᠨ ᠤ ᠪᠡᠯᠡ ᠭᠠᠷᠭᠠᠭᠰᠠᠨ ᠨᠠᠶᠢᠳᠠᠯᠭ᠎ᠠ ᠶᠢ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄

     ︵ᠨᠢᠭᠡ︶ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠡᠷᠬᠡ ᠣᠯᠭᠤᠯᠲᠠ ᠶᠢ ᠦᠨᠳᠦᠰᠦᠯᠡᠨ ᠵᠠᠰᠠᠭ ᠤᠨ ᠣᠷᠳᠣᠨ ᠤ ᠪᠡᠯᠡ ᠭᠠᠷᠭᠠᠭᠴᠢ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠵᠦ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠲᠤᠰᠬᠠᠢ ᠳᠠᠩᠰᠠᠨ ᠡᠷᠦᠬᠡ ︵ᠲᠤᠰᠬᠠᠢ ᠳᠠᠩᠰᠠ︶ ᠶᠢ ᠬᠠᠷᠢᠭᠤᠴᠠᠨ ᠬᠠᠮᠢᠶᠠᠷᠤᠨ᠎ᠠ︔

     ︵ᠬᠤᠶᠠᠷ︶ ᠰᠠᠭᠤᠷᠢ ᠮᠥᠩᠭᠦᠨ ᠤ ᠳᠦᠷᠢᠮ ᠲᠣᠭᠲᠠᠭᠠᠯ᠂ ᠬᠤᠷᠰᠢᠬᠤ ᠵᠥᠪᠯᠡᠯᠴᠡᠭᠡᠷ ᠵᠡᠷᠭᠡ ᠬᠠᠮᠢᠶ᠎ᠠ ᠪᠦᠬᠦᠢ ᠳᠦᠷᠢᠮ ᠢ ᠦᠨᠳᠦᠰᠦᠯᠡᠨ᠂ ᠬᠥᠮᠥᠨ ᠲᠣᠮᠢᠯᠠᠨ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠭᠦᠢᠴᠡᠳᠬᠡᠯᠭᠡᠵᠦ᠂ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠣᠭᠲᠠᠭᠠᠯ ᠳᠤ ᠨᠡᠶᠢᠴᠡᠬᠦ ᠴᠢᠨᠠᠷ ᠢ ᠨᠢ ᠬᠢᠨᠠᠨ ᠬᠠᠷᠭᠤᠭᠤᠯᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠲᠣᠭᠲᠠᠭᠠᠯ ᠠᠴᠠ  ᠵᠥᠷᠢᠴᠡᠵᠦ ᠵᠠᠰᠠᠭ ᠤᠨ ᠣᠷᠳᠣᠨ ᠤ ᠪᠡᠯᠡ ᠭᠠᠷᠭᠠᠭᠰᠠᠨ ᠠᠰᠢᠭ ᠲᠤᠰᠠ ᠶᠢ ᠬᠤᠬᠢᠷᠠᠭᠤᠯᠤᠭᠰᠠᠨ᠂ ᠰᠠᠭᠤᠷᠢ ᠮᠥᠩᠭᠦᠨ ᠤ ᠳᠦᠷᠢᠮ ᠲᠣᠭᠲᠠᠭᠠᠯ ᠢ ᠵᠥᠷᠢᠴᠡᠭᠰᠡᠨ ᠵᠢᠴᠢ ᠰᠠᠭᠤᠷᠢ ᠮᠥᠩᠭᠦᠨ ᠤ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠳᠠᠯ ᠭᠠᠷᠪᠠᠯ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠰ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠳᠠᠭᠤᠰᠬᠠᠬᠤ ᠪᠠᠷ ᠳᠡᠪᠰᠢᠭᠦᠯᠵᠦ ᠪᠣᠯᠤᠨ᠎ᠠ︔

     ︵ᠭᠤᠷᠪᠠ︶ ᠰᠠᠭᠤᠷᠢ ᠮᠥᠩᠭᠦ ᠬᠠᠮᠢᠶᠠᠷᠤᠭᠴᠢ ᠶᠢᠨ ᠣᠨ ᠤ ᠡᠳ᠋ ᠤᠨ ᠶᠠᠪᠤᠳᠠᠯ ᠤᠨ ᠬᠢᠨᠠᠨ ᠪᠣᠳᠣᠬᠤ᠂ ᠰᠢᠯᠭᠠᠨ ᠬᠢᠨᠠᠵᠤ ᠦᠨᠡᠯᠡᠬᠦ ᠵᠡᠷᠭᠡ ᠠᠵᠢᠯ ᠥᠷᠨᠢᠭᠦᠯᠬᠦ ᠶᠢ ᠨᠢ ᠰᠢᠮᠳᠠᠭᠤᠯᠤᠨ᠂ ᠡᠳ᠋ ᠤᠨ ᠵᠠᠰᠠᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠤ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ᠎ᠠ︔

     ︵ᠳᠥᠷᠪᠡ︶ ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠢ ᠬᠠᠮᠵᠢᠨ ᠰᠠᠭᠤᠷᠢ ᠮᠥᠩᠭᠦ ᠬᠠᠮᠢᠶᠠᠷᠤᠭᠴᠢ ᠳᠤ ᠬᠢᠨᠠᠯᠲᠠ ᠲᠠᠯᠪᠢᠵᠤ᠂ ᠰᠠᠭᠤᠷᠢ ᠮᠥᠩᠭᠦ ᠬᠠᠮᠢᠶᠠᠷᠤᠭᠴᠢ ᠶᠢ ᠰᠢᠮᠳᠠᠭᠤᠯᠵᠤ ᠪᠠᠶᠢᠭᠠᠳ ᠬᠠᠮᠢᠶ᠎ᠠ ᠪᠦᠬᠦᠢ ᠠᠵᠢᠯ ᠢ ᠪᠡᠶᠡᠯᠡᠭᠦᠯᠦᠨ᠎ᠡ᠃

      ᠬᠤᠷᠢᠨ ᠲᠠᠪᠤᠳᠤᠭᠠᠷ ᠵᠦᠢᠯ   ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠳᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠡᠳᠦᠷ ᠲᠤᠲᠤᠮ ᠤᠨ ᠬᠠᠮᠢᠶᠠᠷᠤᠯᠲᠠ ᠶᠢᠨ ᠵᠠᠷᠤᠳᠠᠯ ᠥᠭᠴᠦ᠂ ᠬᠠᠮᠢᠶᠠᠷᠤᠯᠲᠠ ᠶᠢᠨ ᠵᠠᠷᠤᠳᠠᠯ ᠢ ᠣᠨ ᠤ ᠲᠥᠰᠥᠪ ᠲᠤ ᠪᠠᠨ ᠣᠷᠣᠭᠤᠯᠵᠤ᠂ ᠰᠠᠭᠤᠷᠢ ᠮᠥᠩᠭᠦ ᠶᠢ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠤᠨ ᠪᠠᠶᠢᠳᠠᠯ ᠢ ᠦᠨᠳᠦᠰᠦᠯᠡᠨ ᠴᠢᠩᠭ᠎ᠠ ᠬᠢᠨᠠᠭᠤᠷ ᠬᠠᠷᠭᠤᠭᠤᠯᠤᠨ ᠲᠣᠭᠲᠠᠭᠠᠵᠤ ᠰᠠᠯᠭᠠᠨ ᠥᠭᠭᠦᠨ᠎ᠡ᠃ ᠬᠠᠮᠢᠶᠠᠷᠤᠯᠲᠠ ᠶᠢᠨ ᠵᠠᠷᠤᠳᠠᠯ ᠢ ᠭᠠᠷᠭᠠᠨ ᠠᠪᠬᠤ ᠰᠠᠭᠤᠷᠢ ᠲᠤᠭ᠎ᠠ ᠨᠢ ᠲᠤᠬᠠᠢ ᠶᠢᠨ ᠵᠢᠯ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠨᠢᠭᠡᠨᠲᠡ ᠪᠡᠯᠡ ᠣᠷᠣᠭᠤᠯᠤᠭᠠᠳ ᠬᠠᠷᠠᠬᠠᠨ ᠬᠤᠷᠢᠶᠠᠨ ᠠᠪᠤᠭᠠᠳᠤᠢ ᠵᠣᠭᠤᠰ ᠤᠨ ᠲᠤᠭ᠎ᠠ ᠪᠠᠶᠢᠵᠤ᠂ ᠵᠠᠷᠤᠳᠠᠯ ᠤᠨ ᠨᠣᠷᠮ᠎ᠠ ᠶᠢ ᠵᠠᠷᠴᠢᠮ ᠳᠡᠭᠡᠷ᠎ᠡ ᠪᠠᠨ 1% ᠠᠴᠠ ᠥᠨᠳᠥᠷ ᠪᠠᠶᠢᠯᠭᠠᠵᠤ ᠪᠣᠯᠬᠤ ᠦᠭᠡᠢ᠃

      ᠬᠤᠷᠢᠨ ᠵᠢᠷᠭᠤᠳᠤᠭᠠᠷ ᠵᠦᠢᠯ   ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠨᠢ ᠲᠥᠪ ᠭᠤᠤᠯᠴᠢ ᠢᠯᠡ ᠪᠠᠶᠢᠯᠭᠠᠬᠤ᠂ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠵᠤ᠂ ᠰᠠᠭᠤᠷᠢ ᠮᠥᠩᠭᠦ ᠬᠠᠮᠢᠶᠠᠷᠤᠭᠴᠢ ᠶᠢᠨ ᠰᠣᠩᠭᠤᠭᠤᠯᠢ ᠳᠤ ᠥᠷᠢᠰᠦᠯᠳᠦᠬᠦ ᠲᠥᠰᠥᠯ᠂ ᠨᠠᠶᠢᠳᠠᠨ ᠬᠠᠮᠢᠶᠠᠷᠤᠭᠤᠯᠤᠭᠴᠢ ᠶᠢᠨ ᠰᠣᠩᠭᠤᠭᠤᠯᠢ ᠳᠤ ᠥᠷᠢᠰᠦᠯᠳᠦᠬᠦ ᠲᠥᠰᠥᠯ ᠶᠣᠰᠣᠭᠠᠷ ᠰᠠᠭᠤᠷᠢ ᠮᠥᠩᠭᠦ ᠬᠠᠮᠢᠶᠠᠷᠤᠭᠴᠢ᠂ ᠨᠠᠶᠢᠳᠠᠨ ᠬᠠᠮᠢᠶᠠᠷᠤᠭᠤᠯᠤᠭᠴᠢ ᠶᠢ ᠰᠣᠩᠭᠤᠨ ᠤᠷᠢᠬᠤ ᠬᠡᠷᠡᠭᠲᠡᠢ᠃

      ᠬᠤᠷᠢᠨ ᠳᠣᠯᠣᠳᠤᠭᠠᠷ ᠵᠦᠢᠯ   ᠰᠠᠭᠤᠷᠢ ᠮᠥᠩᠭᠦ ᠬᠠᠮᠢᠶᠠᠷᠤᠭᠴᠢ ᠨᠢ ᠳᠣᠣᠷᠠᠬᠢ ᠨᠥᠬᠦᠴᠡᠯ ᠤᠳ ᠢ ᠪᠦᠷᠢᠳᠦᠭᠦᠯᠬᠦ ᠬᠡᠷᠡᠭᠲᠡᠢ᠄

     ︵ᠨᠢᠭᠡ︶ ᠳᠤᠮᠳᠠᠳᠤ ᠤᠯᠤᠰ ᠤᠨ ᠡᠬᠡ ᠬᠠᠭᠤᠷᠠᠢ ᠳᠤ ᠬᠠᠤᠯᠢ ᠶᠣᠰᠣᠭᠠᠷ ᠪᠠᠶᠢᠭᠤᠯᠤᠭᠰᠠᠨ ᠺᠣᠮᠫᠠᠨᠢ ᠪᠤᠶᠤ ᠬᠤᠷᠰᠢᠭᠰᠠᠨ ᠠᠵᠤ ᠠᠬᠤᠶᠢᠯᠠᠯ᠂ ᠪᠣᠳᠠᠲᠠᠢ ᠬᠤᠷᠢᠶᠠᠭᠰᠠᠨ ᠬᠥᠷᠥᠩᠭᠡ ᠨᠢ ᠠᠷᠠᠳ ᠤᠨ ᠵᠣᠭᠤᠰ  ᠢᠶᠠᠷ1000 ᠲᠦᠮᠡᠨ ᠲᠥᠭᠦᠷᠢᠭ ᠠᠴᠠ ᠳᠣᠣᠷ᠎ᠠ ᠦᠭᠡᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠵᠤ᠂ ᠲᠣᠭᠲᠠᠭᠰᠠᠨ ᠠᠵᠢᠯᠯᠠᠬᠤ ᠭᠠᠵᠠᠷ ᠲᠠᠢ ᠪᠠᠶᠢᠬᠤ︔

     ︵ᠬᠤᠶᠠᠷ︶ ᠲᠣᠭᠲᠠᠭᠤᠨ ᠬᠠᠮᠢᠶᠠᠷᠤᠯᠲᠠ ᠶᠢᠨ ᠪᠦᠯᠬᠦᠮ ᠨᠡᠶᠢᠲᠡ ᠲᠠ᠊ ᠪᠠᠶᠢᠵᠤ᠂ ᠰᠠᠶᠢᠨ ᠰᠠᠶᠢᠬᠠᠨ ᠡᠷᠬᠢᠯᠡᠭᠰᠡᠨ ᠠᠵᠢᠯ ᠤᠨ ᠰᠠᠬᠢᠯᠭ᠎ᠠ ᠪᠠᠲᠤ ᠪᠠ ᠢᠲᠡᠭᠡᠯ ᠬᠦᠨᠳᠦ ᠲᠠᠢ ᠪᠥᠭᠡᠳ ᠤᠯᠤᠰ ᠠᠴᠠ ᠲᠣᠭᠲᠠᠭᠠᠭᠰᠠᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠬᠢᠷᠢ ᠭᠡᠮ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠠᠳᠠᠭ ᠲᠤ ᠪᠠᠨ 3 ᠬᠥᠮᠥᠨ ᠠᠴᠠ ᠢᠯᠡᠭᠦᠦ ᠲᠣᠭᠲᠠᠭᠤᠨ ᠠᠵᠢᠯᠲᠠᠨ ᠲᠠᠢ ᠪᠠᠶᠢᠬᠤ︔

     ︵ᠭᠤᠷᠪᠠ︶ 3 ᠵᠢᠯ ᠠᠴᠠ ᠳᠡᠭᠡᠭᠰᠢᠬᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠲᠤᠷᠰᠢᠯᠭ᠎ᠠ ᠲᠠᠢ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠠᠳᠠᠭ ᠲᠤ ᠪᠠᠨ 3  ᠬᠥᠮᠥᠨ ᠪᠠᠶᠢᠬᠤ ᠬᠡᠷᠡᠭᠲᠡᠢ︔ ᠢᠲᠡᠭᠡᠮᠵᠢ ᠶᠢᠨ  ᠰᠠᠶᠢᠲᠠᠢ ᠪᠥᠭᠡᠳ ᠬᠠᠮᠢᠶᠠᠷᠤᠭᠴᠢ ᠵᠢᠴᠢ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠵᠢᠴᠢ ᠪᠤᠰᠤᠳ ᠠᠵᠢᠯᠯᠠᠭᠰᠠᠳ ᠨᠢ ᠣᠶᠢᠷ᠎ᠠ ᠶᠢᠨ 3 ᠵᠢᠯ ᠳᠤ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠵᠡᠷᠭᠡ ᠮᠠᠭᠤ ᠮᠠᠭᠤᠬᠠᠢ ᠲᠡᠮᠳᠡᠭᠯᠡᠯ ᠪᠠᠶᠢᠬᠤ ᠦᠭᠡᠢ︔

     ︵ᠳᠥᠷᠪᠡ︶ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠶᠢᠨ ᠲᠠᠯᠠᠪᠤᠷ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠬᠡᠮᠵᠢ ᠪᠠ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ ᠪᠤᠰᠤᠳ ᠪᠡᠯᠡᠳᠬᠡᠮᠵᠢ ᠲᠠᠢ ᠪᠠᠶᠢᠬᠤ︔

     ︵ᠲᠠᠪᠤ︶ ᠴᠢᠩᠭ᠎ᠠ ᠪᠥᠭᠡᠳ ᠵᠣᠬᠢᠰᠲᠠᠢ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ᠂ ᠲᠦᠭᠰᠢᠭᠦᠷᠢ ᠶᠢ ᠡᠵᠡᠮᠳᠡᠬᠦ ᠲᠣᠭᠲᠠᠴᠠ ᠵᠢᠴᠢ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠲᠠᠢ ᠪᠠᠶᠢᠬᠤ︔

     ︵ᠵᠢᠷᠭᠤᠭ᠎ᠠ︶ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ  ᠠᠵᠢᠯ ᠲᠦᠷᠦᠯ ᠤᠨ ᠨᠡᠶᠢᠭᠡᠮᠯᠢᠭ ᠤᠨ ᠲᠣᠭᠲᠠᠭᠠᠭᠰᠠᠨ ᠬᠤᠪᠢ ᠪᠠᠷ ᠢᠶᠠᠨ ᠵᠣᠭᠤᠰ ᠴᠤᠭᠯᠠᠭᠤᠯᠤᠭᠰᠠᠨ ᠰᠠᠭᠤᠷᠢ ᠮᠥᠩᠭᠦ ᠶᠢᠨ ᠬᠠᠮᠢᠶᠠᠷᠤᠭᠴᠢ ᠶᠢᠨ ᠬᠢᠷᠢ ᠭᠡᠮ ᠲᠠᠢ ᠪᠠᠶᠢᠵᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠳᠤ ᠪᠦᠷᠢᠳᠬᠡᠨ ᠳᠠᠩᠰᠠᠯᠠᠭᠤᠯᠬᠤ ᠭᠠᠷᠳᠠᠮ ᠢ ᠭᠦᠢᠴᠡᠳᠬᠡᠭᠰᠡᠨ ᠤ ᠬᠠᠮᠲᠤ ᠬᠢᠨᠠᠯᠲᠠ ᠲᠠᠯᠪᠢᠯᠲᠠ ᠶᠢ ᠬᠦᠯᠢᠶᠡᠵᠦ ᠪᠠᠶᠢᠬᠤ᠃

      ᠬᠤᠷᠢᠨ ᠨᠠᠢᠮᠠᠳᠤᠭᠠᠷ ᠵᠦᠢᠯ   ᠰᠠᠭᠤᠷᠢ ᠮᠥᠩᠭᠦ ᠬᠠᠮᠢᠶᠠᠷᠤᠭᠴᠢ ᠨᠢ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠶᠢᠴᠡᠳᠭᠡᠨ᠎ᠡ᠄

     ︵ᠨᠢᠭᠡ︶ ᠰᠠᠭᠤᠷᠢ  ᠮᠥᠩᠭᠦᠨ ᠤ ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠰᠠᠭᠤᠷᠢ ᠮᠥᠩᠭᠦᠨ ᠤ ᠰᠢᠢᠳᠪᠦᠷᠢᠲᠦ ᠪᠣᠳᠣᠯᠭ᠎ᠠ ᠶᠢᠨ ᠺᠣᠮᠢᠰ ᠤᠨ ᠵᠥᠪᠯᠡᠨ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠦᠨᠳᠦᠰᠦᠯᠡᠨ᠂ ᠪᠡᠯᠡ ᠣᠷᠣᠭᠤᠯᠬᠤ ᠲᠥᠰᠥᠯ ᠢ ᠲᠣᠭᠲᠠᠭᠠᠵᠤ᠂ ᠰᠠᠭᠤᠷᠢ ᠮᠥᠩᠭᠦ ᠶᠢᠨ ᠪᠡᠯᠡ ᠴᠤᠭᠯᠠᠭᠤᠯᠬᠤ᠂ ᠪᠡᠯᠡ  ᠣᠷᠤᠭᠤᠯᠬᠤ᠂ ᠬᠠᠮᠢᠶᠠᠷᠬᠤ᠂ ᠪᠤᠴᠠᠭᠠᠵᠤ ᠭᠠᠷᠭᠠᠬᠤ ᠵᠡᠷᠭᠡ ᠠᠵᠢᠯᠯᠠᠭᠤᠯᠬᠤ ᠠᠵᠢᠯ ᠢ ᠭᠦᠢᠴᠡᠳᠬᠡᠨ᠎ᠡ︔

     ︵ᠬᠤᠶᠠᠷ︶ ᠰᠠᠭᠤᠷᠢ ᠮᠥᠩᠭᠦᠨ ᠤ ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠠᠭᠤᠷᠢ ᠮᠥᠩᠭᠦ ᠶᠢᠨ ᠬᠤᠪᠢ ᠣᠷᠣᠭᠤᠯᠤᠭᠴᠢ ᠪᠤᠶᠤ ᠬᠤᠷᠰᠢᠭᠴᠢ ᠳᠤ ᠰᠠᠭᠤᠷᠢ  ᠮᠥᠩᠭᠦᠨ ᠤ ᠡᠵᠡᠩᠨᠡᠯᠲᠡ ᠶᠢᠨ ᠠᠵᠢᠯᠯᠠᠭᠠᠨ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠰᠠᠭᠤᠷᠢ ᠮᠥᠩᠭᠦᠨ ᠤ ᠵᠠᠰᠠᠯᠲᠠ᠂ ᠡᠵᠡᠩᠨᠡᠯᠲᠡ᠂ ᠡᠳ᠋ ᠤᠨ ᠶᠠᠪᠤᠳᠠᠯ ᠵᠡᠷᠭᠡ ᠲᠠᠯ᠎ᠠ ᠶᠢᠨ ᠪᠠᠶᠢᠳᠠᠯ ᠢ ᠪᠥᠬᠦ ᠲᠠᠯ᠎ᠠ ᠪᠠᠷ ᠮᠡᠳᠡᠭᠳᠡᠨ᠎ᠡ︔

     ︵ᠭᠤᠷᠪᠠ︶ ᠰᠠᠭᠤᠷᠢ ᠮᠥᠩᠭᠦᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠠᠶᠢᠷᠠᠭᠤᠯᠤᠨ ᠵᠣᠬᠢᠶᠠᠵᠤ᠂ ᠬᠢᠷᠢ ᠭᠡᠮ ᠲᠠᠢ ᠭᠠᠳᠠᠨᠠᠬᠢ ᠬᠢᠨᠠᠨ ᠪᠤᠳᠤᠬᠤ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠰᠠᠭᠤᠷᠢ ᠮᠥᠩᠭᠦᠨ ᠤ ᠬᠡᠷᠡᠭ ᠮᠡᠳᠡᠭᠴᠢᠳ ᠤᠨ ᠵᠥᠪᠯᠡᠯ ︵ᠡᠵᠡᠮᠰᠢᠭᠴᠢᠳ ᠤᠨ ᠶᠡᠭᠡ ᠬᠤᠷᠠᠯ︶ ᠳᠤ ᠮᠡᠳᠡᠭᠦᠯᠦᠯᠲᠡ ᠬᠢᠬᠦ ᠶᠢᠨ ᠬᠠᠮᠲᠤ ᠵᠠᠰᠠᠭ ᠤᠨ ᠣᠷᠳᠣᠨ ᠠᠴᠠ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠣᠨ ᠤ ᠮᠡᠳᠡᠭᠦᠯᠦᠯᠲᠡ ᠪᠠᠨ ᠲᠤᠰᠢᠶᠠᠨ᠎ᠠ︔

     ︵ᠳᠥᠷᠪᠡ︶ ᠰᠠᠭᠤᠷᠢ ᠮᠥᠩᠭᠦᠨ ᠤ ᠳᠦᠷᠢᠮ ᠲᠣᠭᠲᠠᠭᠠᠯ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ  ᠵᠥᠪᠯᠡᠯᠴᠡᠭᠡᠷ ᠲᠤ ᠪᠣᠯᠵᠣᠨ ᠲᠣᠭᠲᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃

      ᠬᠤᠷᠢ ᠶᠢᠰᠦᠳᠦᠭᠡᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠨᠢ ᠪᠡᠯᠡ ᠴᠤᠭᠯᠠᠭᠤᠯᠬᠤ ᠲᠣᠳᠣᠷᠬᠠᠶᠢᠯᠠᠯᠲᠠ ᠶᠢᠨ ᠪᠢᠴᠢᠭ᠂ ᠰᠠᠭᠤᠷᠢ ᠮᠥᠩᠭᠦᠨ ᠤ ᠺᠣᠮᠫᠠᠨᠢ ᠶᠢᠨ ᠳᠦᠷᠢᠮ ᠲᠣᠭᠲᠠᠭᠠᠯ ᠪᠤᠶᠤ ᠰᠠᠭᠤᠷᠢ ᠮᠥᠩᠭᠦᠨ ᠤ ᠬᠤᠷᠰᠢᠯᠴᠠᠬᠤ ᠵᠥᠪᠯᠡᠯᠴᠡᠭᠡᠷ᠂ ᠨᠠᠶᠢᠳᠠᠨ ᠬᠠᠮᠢᠶᠠᠷᠤᠭᠤᠯᠬᠤ ᠵᠥᠪᠯᠡᠯᠴᠡᠭᠡᠷ ᠵᠡᠷᠭᠡ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠳᠤ᠂ ᠰᠠᠭᠤᠷᠢ ᠮᠥᠩᠭᠦᠨ ᠤ ᠠᠰᠢᠭ ᠣᠷᠣᠯᠭ᠎ᠠ ᠶᠢᠨ ᠪᠦᠷᠢᠯᠳᠦᠯ᠂ ᠬᠤᠪᠢᠶᠠᠷᠢᠯᠠᠬᠤ ᠠᠷᠭ᠎ᠠ ᠬᠡᠯᠪᠡᠷᠢ᠂ ᠪᠤᠴᠠᠭᠠᠵᠤ ᠭᠠᠷᠭᠠᠬᠤ ᠠᠷᠭ᠎ᠠ ᠬᠡᠯᠪᠡᠷᠢ ᠶᠢ ᠲᠣᠳᠣᠷᠬᠠᠶᠢᠯᠠᠵᠤ᠂ ᠰᠠᠭᠤᠷᠢ ᠮᠥᠩᠭᠦ ᠬᠠᠮᠢᠶᠠᠷᠤᠭᠴᠢ ᠶᠢᠨ ᠬᠠᠮᠢᠶᠠᠷᠤᠯᠲᠠ ᠶᠢᠨ ᠵᠠᠷᠤᠳᠠᠯ ᠪᠠ ᠠᠮᠵᠢᠯᠲᠠ ᠪᠦᠲᠦᠮᠵᠢ ᠶᠢᠨ ᠬᠥᠯᠥᠰᠦ ᠣᠯᠭᠤᠮᠵᠢ ᠵᠡᠷᠭᠡ ᠰᠠᠭᠤᠷᠢ ᠮᠥᠩᠭᠦ ᠶᠢᠨ ᠡᠭᠦᠷᠭᠡᠯᠡᠬᠦ ᠴᠢᠬᠤᠯᠠ ᠲᠠᠢ ᠪᠤᠰᠤᠳ ᠬᠤᠯᠪᠣᠭᠳᠠᠯ ᠪᠦᠬᠦᠢ ᠵᠠᠷᠤᠳᠠᠯ ᠤᠨ ᠪᠠᠷᠢᠮᠵᠢᠶ᠎ᠠ ᠪᠠ ᠣᠨ ᠤ ᠣᠯᠭᠤᠬᠤ ᠬᠠᠷᠢᠴᠠᠯ ᠢ ᠵᠣᠬᠢᠰᠲᠠᠢ ᠲᠣᠭᠲᠠᠭᠠᠬᠤ ᠬᠡᠷᠡᠭᠲᠡᠢ᠃ ᠰᠠᠭᠤᠷᠢ ᠮᠥᠩᠭᠦ ᠬᠠᠮᠢᠶᠠᠷᠤᠭᠴᠢ ᠶᠢᠨ ᠬᠠᠮᠢᠶᠠᠷᠤᠯᠲᠠ ᠶᠢᠨ ᠵᠠᠷᠤᠳᠠᠯ ᠢ ᠠᠮᠵᠢᠯᠲᠠ ᠪᠦᠲᠦᠮᠵᠢ ᠶᠢ ᠦᠨᠡᠯᠡᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠰᠠᠭᠤᠷᠢ ᠮᠥᠩᠭᠦᠨ ᠤ ᠪᠣᠳᠠᠲᠠᠢ ᠠᠵᠢᠯᠯᠠᠭᠠᠨ ᠤ ᠪᠠᠶᠢᠳᠠᠯ᠂ ᠳᠠᠭᠠᠵᠤ ᠣᠷᠤᠭᠤᠯᠤᠯᠲᠠ ᠬᠢᠬᠦ ᠬᠠᠷᠢᠴᠠᠯ ᠵᠡᠷᠭᠡ ᠯᠦᠭᠡ ᠬᠤᠯᠪᠣᠭᠳᠠᠭᠤᠯᠵᠤ᠂ ᠡᠬᠡ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠬᠤᠭᠤᠴᠠᠭᠠᠨ ᠤ ᠬᠠᠮᠢᠶᠠᠷᠤᠯᠲᠠ ᠶᠢᠨ ᠵᠠᠷᠤᠳᠠᠯ ᠤᠨ ᠪᠣᠳᠣᠵᠤ ᠠᠪᠬᠤ ᠰᠠᠭᠤᠷᠢ ᠲᠤᠭ᠎ᠠ ᠨᠢ ᠨᠢᠭᠡᠨᠲᠡ ᠣᠷᠤᠭᠤᠯᠤᠯᠲᠠ ᠬᠢᠭᠰᠡᠨ ᠪᠣᠯᠪᠠᠴᠤ ᠪᠤᠴᠠᠭᠠᠭᠠᠳᠤᠢ ᠪᠡᠯᠡ ᠣᠷᠣᠭᠤᠯᠤᠯᠲᠠ ᠶᠢᠨ ᠵᠣᠭᠤᠰᠤᠨ ᠲᠤᠭ᠎ᠠ ︵ᠬᠦᠦ ᠰᠠᠭᠤᠷᠢ ᠮᠥᠩᠭᠦ  ᠪᠠᠶᠢᠭᠤᠯᠬᠤ ᠳᠤ ᠭᠠᠷᠭᠠᠭᠰᠠᠨ ᠪᠡᠯᠡ ᠮᠥᠩᠭᠦᠨ ᠤ ᠵᠣᠭᠤᠰᠤᠨ ᠲᠤᠭ᠎ᠠ ᠪᠠᠭᠲᠠᠬᠤ ᠦᠭᠡᠢ︶᠂ ᠵᠠᠷᠤᠳᠠᠯ ᠤᠨ ᠨᠣᠷᠮ᠎ᠠ ᠶᠢ 1% ᠠᠴᠠ ᠥᠨᠳᠥᠷ ᠪᠠᠶᠢᠯᠭᠠᠬᠤ ᠦᠭᠡᠶ︔ ᠪᠤᠴᠠᠭᠠᠵᠤ ᠭᠠᠷᠭᠠᠬᠤ ᠬᠤᠭᠤᠴᠠᠭᠠᠨ ᠤ ᠬᠠᠮᠢᠶᠠᠷᠤᠯᠲᠠ ᠶᠢᠨ ᠵᠠᠷᠤᠳᠠᠯ ᠤᠨ ᠪᠣᠳᠣᠵᠤ ᠠᠪᠬᠤ ᠰᠠᠭᠤᠷᠢ ᠲᠤᠭ᠎ᠠ ᠨᠢ ᠨᠢᠭᠡᠨᠲᠡ ᠣᠷᠤᠭᠤᠯᠤᠯᠲᠠ ᠬᠢᠭᠰᠡᠨ ᠪᠣᠯᠪᠠᠴᠤ ᠪᠤᠴᠠᠭᠠᠭᠠᠳᠤᠢ ᠪᠡᠯᠡ ᠣᠷᠣᠭᠤᠯᠤᠯᠲᠠ ᠶᠢᠨ ᠵᠣᠭᠤᠰᠤᠨ ᠲᠤᠭ᠎ᠠ ᠪᠠᠶᠢᠵᠤ᠂ ᠵᠠᠷᠤᠳᠠᠯ ᠤᠨ ᠨᠣᠷᠮ᠎ᠠ ᠶᠢᠨ ᠬᠠᠷᠢᠴᠠᠯ ᠢ ᠬᠠᠭᠠᠰ ᠢᠶᠠᠷ ᠬᠠᠰᠤᠵᠤ ᠬᠤᠷᠢᠶᠠᠨ᠎ᠠ᠃ ᠬᠦᠦ ᠰᠠᠭᠤᠷᠢ ᠮᠥᠩᠭᠦᠨ ᠤ ᠬᠠᠮᠢᠶᠠᠷᠤᠯᠲᠠ ᠶᠢᠨ ᠵᠠᠷᠤᠳᠠᠯ ᠢ ᠪᠣᠳᠣᠵᠤ ᠠᠪᠬᠤ ᠪᠠᠷᠢᠮᠵᠢᠶ᠎ᠠ ᠪᠠ ᠵᠠᠷᠤᠳᠠᠯ ᠤᠨ ᠨᠣᠷᠮ᠎ᠠ ᠶᠢ ᠵᠠᠷᠴᠢᠮ ᠳᠡᠭᠡᠷ᠎ᠡ ᠪᠠᠨ ᠡᠬᠡ ᠰᠠᠭᠤᠷᠢ ᠮᠥᠩᠭᠦ ᠠᠴᠠ ᠥᠨᠳᠥᠷ ᠪᠠᠶᠢᠯᠭᠠᠵᠤ ᠪᠣᠯᠬᠤ ᠦᠭᠡᠢ᠃ ᠡᠬᠡ ᠰᠠᠭᠤᠷᠢ ᠮᠥᠩᠭᠦᠨ ᠤ ᠤᠷᠲᠤᠳᠬᠠᠬᠤ ᠬᠤᠭᠤᠴᠠᠭᠠᠨ ᠳᠤ ᠬᠠᠮᠢᠶᠠᠷᠤᠯᠲᠠ ᠶᠢᠨ ᠵᠠᠷᠤᠳᠠᠯ ᠬᠤᠷᠢᠶᠠᠬᠤ ᠦᠭᠡᠢ᠃

      ᠭᠤᠴᠢᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠨᠠᠶᠢᠳᠠᠵᠤ ᠬᠠᠮᠢᠶᠠᠷᠤᠭᠤᠯᠬᠤ ᠵᠥᠪᠯᠡᠯᠴᠡᠭᠡᠷ ᠲᠣᠭᠲᠠᠵᠤ᠂ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠨᠢ ᠪᠣᠯ ᠬᠠᠤᠯᠢ ᠶᠣᠰᠣᠭᠠᠷ ᠪᠠᠶᠢᠭᠤᠯᠤᠭᠰᠠᠨ ᠬᠤᠳᠠᠯᠳᠤᠭᠠᠨ ᠤ ᠪᠠᠩᠬᠢ ᠪᠠᠶᠢᠵᠤ᠂ ᠵᠥᠪᠯᠡᠯᠴᠡᠭᠡᠷ ᠲᠤ ᠪᠣᠯᠵᠣᠭᠰᠠᠨ ᠶᠣᠰᠣᠭᠠᠷ ᠰᠠᠭᠤᠷᠢ ᠮᠥᠩᠭᠦ ᠶᠢ ᠨᠠᠶᠢᠳᠠᠨ ᠬᠠᠮᠢᠶᠠᠷᠤᠭᠤᠯᠤᠨ᠎ᠠ᠃ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠨᠢ ᠳᠣᠣᠷᠠᠬᠢ ᠨᠥᠬᠦᠴᠡᠯ ᠤᠳ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄

     ︵ᠨᠢᠭᠡ︶ ᠴᠡᠪᠡᠷ ᠡᠳ᠋ ᠬᠥᠷᠥᠩᠭᠡ ᠪᠠ ᠲᠦᠭᠰᠢᠭᠦᠷᠢ ᠶᠢ ᠡᠵᠡᠮᠳᠡᠬᠦ ᠭᠦᠢᠴᠡᠳᠬᠡᠯ ᠲᠤᠭ᠎ᠠ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ︔

     ︵ᠬᠤᠶᠠᠷ︶ ᠰᠠᠭᠤᠷᠢ ᠮᠥᠩᠭᠦ ᠶᠢ ᠨᠠᠶᠢᠳᠠᠨ ᠬᠠᠮᠢᠶᠠᠷᠤᠭᠤᠯᠬᠤ ᠲᠤᠰᠬᠠᠢ ᠰᠠᠯᠠᠭ᠎ᠠ ᠮᠥᠴᠢᠷ ᠢ ᠪᠠᠶᠢᠭᠤᠯᠤᠭᠰᠠᠨ ᠪᠠᠶᠢᠬᠤ︔

     ︵ᠭᠤᠷᠪᠠ︶ ᠰᠠᠭᠤᠷᠢ ᠮᠥᠩᠭᠦᠨ ᠤ ᠠᠵᠢᠯ ᠡᠷᠬᠢᠯᠡᠬᠦ ᠬᠢᠷᠢ ᠭᠡᠮ ᠣᠯᠣᠭᠰᠠᠨ ᠲᠤᠰᠬᠠᠢ ᠲᠤᠰᠢᠶᠠᠯ ᠤᠨ ᠠᠵᠢᠯᠲᠠᠨ ᠨᠢ ᠬᠠᠤᠯᠢ ᠳᠤ ᠲᠣᠭᠲᠠᠭᠠᠭᠰᠠᠨ ᠬᠥᠮᠥᠨ ᠤ ᠲᠣᠭᠠᠨ ᠳᠤ ᠬᠦᠷᠦᠭᠰᠡᠨ ᠪᠠᠶᠢᠬᠤ︔

     ︵ᠳᠥᠷᠪᠡ︶ ᠰᠠᠭᠤᠷᠢ ᠮᠥᠩᠭᠦᠨ ᠤ ᠡᠳ᠋ ᠬᠥᠷᠥᠩᠭᠡ ᠶᠢ ᠠᠮᠤᠷ ᠲᠦᠪᠰᠢᠨ ᠢᠶᠠᠷ ᠬᠠᠮᠢᠶᠠᠷᠬᠤ ᠨᠥᠬᠦᠴᠡᠯ ᠲᠠᠢ ᠪᠠᠶᠢᠬᠤ︔

     ︵ᠲᠠᠪᠤ︶ ᠠᠮᠤᠷ ᠲᠦᠪᠰᠢᠨ ᠥᠨᠳᠥᠷ ᠪᠦᠲᠦᠮᠵᠢᠲᠡᠶ ᠢᠯᠭᠠᠷᠠᠭᠤᠯᠤᠨ ᠪᠤᠳᠤᠬᠤ᠂ ᠲᠠᠰᠤᠯᠤᠨ ᠪᠤᠳᠤᠬᠤ ᠰᠢᠰᠲ᠋ᠧᠮ ᠲᠠᠢ ᠪᠠᠶᠢᠬᠤ︔

     ︵ᠵᠢᠷᠭᠤᠭ᠎ᠠ︶ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠶᠢᠨ ᠲᠠᠯᠠᠪᠤᠷ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠬᠡᠮᠵᠢ ᠪᠠ ᠰᠠᠭᠤᠷᠢ ᠮᠥᠩᠭᠦ ᠨᠠᠶᠢᠳᠠᠨ ᠬᠠᠮᠢᠶᠠᠷᠤᠭᠤᠯᠬᠤ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ ᠪᠤᠰᠤᠳ ᠪᠡᠯᠡᠳᠬᠡᠮᠵᠢ ᠲᠠᠢ ᠪᠠᠶᠢᠬᠤ︔

     ︵ᠳᠤᠯᠤᠭ᠎ᠠ︶ ᠪᠦᠷᠢᠨ ᠲᠡᠭᠦᠯᠳᠡᠷ ᠪᠦᠬᠦᠢ ᠳᠣᠲᠣᠭᠠᠳᠤ ᠶᠢᠨ ᠰᠢᠯᠭᠠᠨ ᠬᠠᠷᠭᠤᠭᠤᠯᠵᠤ ᠬᠢᠨᠠᠨ ᠡᠵᠡᠮᠳᠡᠬᠦ ᠳᠦᠷᠢᠮ ᠪᠠ  ᠲᠦᠭᠰᠢᠭᠦᠷᠢ ᠶᠢ ᠡᠵᠡᠮᠳᠡᠬᠦ ᠳᠦᠷᠢᠮ ᠲᠠᠢ ᠪᠠᠶᠢᠬᠤ︔

     ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠠ ᠲᠥᠷᠥ ᠶᠢᠨ ᠶᠠᠪᠤᠳᠠᠯ ᠤᠨ ᠬᠤᠷᠢᠶᠠᠨ ᠤ  ᠲᠡᠮᠳᠡᠭᠲᠦ ᠶᠢ ᠬᠢᠨᠠᠨ ᠬᠠᠮᠢᠶᠠᠷᠬᠤ ᠪᠠᠶᠢᠭᠤᠯᠤᠮᠵᠢ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠩᠬᠢ ᠶᠢᠨ ᠦᠢᠯᠡᠰ ᠢ ᠬᠢᠨᠠᠨ ᠬᠠᠮᠢᠶᠠᠷᠬᠤ ᠪᠠᠶᠢᠭᠤᠯᠤᠮᠵᠢ ᠠᠴᠠ ᠲᠣᠭᠲᠠᠭᠠᠭᠰᠠᠨ ᠪᠤᠰᠤᠳ ᠨᠥᠬᠦᠴᠡᠯ᠃

      ᠭᠤᠴᠢᠨ ᠨᠢᠭᠡᠳᠦᠭᠡᠷ ᠵᠦᠢᠯ   ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠨᠢ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄

     ︵ᠨᠢᠭᠡ︶ ᠨᠠᠶᠢᠳᠠᠨ ᠬᠠᠮᠢᠶᠠᠷᠤᠭᠤᠯᠤᠭᠰᠠᠨ ᠰᠠᠭᠤᠷᠢ ᠮᠥᠩᠭᠦᠨ ᠤ ᠪᠦᠬᠦ ᠡᠳ᠋ ᠬᠥᠷᠥᠩᠭᠡ ᠶᠢ ᠠᠮᠤᠷ ᠲᠦᠪᠰᠢᠨ ᠢᠶᠠᠷ ᠬᠠᠮᠢᠶᠠᠷᠴᠤ᠂ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠨᠢ ᠨᠠᠶᠢᠳᠠᠯᠭ᠎ᠠ ᠪᠠᠷ ᠬᠠᠮᠢᠶᠠᠷᠤᠭᠰᠠᠨ ᠰᠠᠭᠤᠷᠢ  ᠮᠥᠩᠭᠦᠨ ᠤ ᠡᠳ᠋ ᠬᠥᠷᠥᠩᠭᠡ ᠶᠢ ᠥᠪᠡᠷ ᠤᠨ ᠡᠳ᠋ ᠬᠥᠷᠥᠩᠭᠡ ᠯᠦᠭᠡ ᠴᠢᠩᠭ᠎ᠠ ᠰᠠᠯᠭᠠᠵᠤ᠂ ᠠᠳᠠᠯᠢ ᠪᠤᠰᠤ ᠰᠠᠭᠤᠷᠢ ᠮᠥᠩᠭᠦ ᠳᠤ ᠲᠤᠰ ᠲᠤᠰ ᠲᠤ ᠨᠢ ᠳᠠᠩᠰᠠᠨ ᠡᠷᠦᠬᠡ ᠪᠠᠶᠢᠭᠤᠯᠵᠤ᠂ ᠳᠠᠩᠰᠠ ᠬᠤᠪᠢᠶᠠᠨ ᠬᠠᠮᠢᠶᠠᠷᠬᠤ ᠶᠢ  ᠬᠡᠷᠡᠭᠵᠢᠭᠦᠯᠦᠨ᠎ᠡ︔

     ︵ᠬᠤᠶᠠᠷ︶ ᠰᠠᠭᠤᠷᠢ ᠮᠥᠩᠭᠦ ᠬᠠᠮᠢᠶᠠᠷᠤᠭᠴᠢ ᠶᠢᠨ ᠪᠡᠯᠡ ᠣᠷᠤᠭᠤᠯᠤᠯᠲᠠ ᠬᠢᠬᠦ ᠵᠠᠷᠯᠢᠭ ᠵᠢᠭᠠᠪᠤᠷᠢ ᠶᠢ ᠨᠢ ᠬᠡᠷᠡᠭᠵᠢᠭᠦᠯᠵᠦ᠂ ᠰᠠᠭᠤᠷᠢ ᠮᠥᠩᠭᠦᠨ ᠤ ᠨᠡᠷ᠎ᠡ ᠶᠢᠨ ᠳᠣᠣᠷᠠᠬᠢ ᠪᠡᠯᠡ ᠮᠥᠩᠭᠦᠨ ᠤ ᠬᠠᠷᠢᠯᠴᠠᠭ᠎ᠠ ᠶᠢ ᠬᠠᠷᠢᠭᠤᠴᠠᠨ᠎ᠠ︔

     ︵ᠭᠤᠷᠪᠠ︶ ᠨᠠᠶᠢᠳᠠᠨ ᠬᠠᠮᠢᠶᠠᠷᠤᠭᠤᠯᠬᠤ ᠵᠥᠪᠯᠡᠯᠴᠡᠭᠡᠷ ᠢ ᠦᠨᠳᠦᠰᠦᠯᠡᠨ᠂ ᠰᠠᠭᠤᠷᠢ ᠮᠥᠩᠭᠦ ᠬᠠᠮᠢᠶᠠᠷᠤᠭᠴᠢ ᠬᠠᠤᠯᠢ ᠴᠠᠭᠠᠵᠠ ᠬᠠᠤᠯᠢ ᠲᠣᠭᠲᠠᠭᠠᠯ᠂ ᠺᠤᠮᠫᠠᠨᠢ ᠶᠢᠨ ᠳᠦᠷᠢᠮ ᠲᠣᠭᠲᠠᠭᠠᠯ ᠪᠤᠶᠤ ᠬᠤᠷᠰᠢᠬᠤ ᠵᠥᠪᠯᠡᠯᠴᠡᠭᠡᠷ᠂ ᠨᠠᠶᠢᠳᠠᠯᠭ᠎ᠠ ᠪᠠᠷ ᠬᠠᠮᠢᠶᠠᠷᠬᠤ  ᠵᠥᠪᠯᠡᠯᠴᠡᠭᠡᠷ᠂ ᠰᠠᠭᠤᠷᠢ ᠮᠥᠩᠭᠦᠨ ᠤ ᠬᠡᠷᠡᠭ ᠮᠡᠳᠡᠭᠴᠢᠳ ᠤᠨ ᠬᠤᠷᠠᠯ ︵ᠡᠵᠡᠮᠰᠢᠭᠴᠢᠳ ᠤᠨ ᠶᠡᠭᠡ ᠬᠤᠷᠠᠯ︶ ᠤᠨ ᠰᠢᠢᠳᠪᠦᠷᠢ ᠶᠢ ᠵᠥᠷᠢᠴᠡᠭᠰᠡᠨ ᠪᠡᠯᠡ ᠣᠷᠣᠭᠤᠯᠤᠯᠲᠠ ᠬᠢᠬᠦ ᠵᠠᠷᠯᠢᠭ ᠵᠢᠭᠠᠪᠤᠷᠢ ᠶᠢ ᠣᠯᠵᠤ ᠮᠡᠳᠡᠪᠡᠯ᠂ ᠭᠦᠢᠴᠡᠳᠬᠡᠬᠦ ᠶᠢ ᠲᠡᠪᠴᠢᠬᠦ  ᠶᠢᠨ ᠬᠠᠮᠲᠤ ᠴᠠᠭ ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ᠎ᠡ︔ ᠨᠢᠭᠡᠨᠲᠡ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠡᠭᠦᠰᠦᠭᠰᠡᠨ ᠪᠠᠶᠢᠪᠠᠯ᠂ ᠴᠠᠭ ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ︔

     ︵ᠳᠥᠷᠪᠡ︶ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠰᠠᠨ ᠮᠡᠳᠡᠭᠦᠯᠦᠯᠲᠡ ᠭᠠᠷᠭᠠᠵᠤ᠂ ᠰᠠᠭᠤᠷᠢ  ᠮᠥᠩᠭᠦᠨ ᠤ ᠬᠡᠷᠡᠭ ᠮᠡᠳᠡᠭᠴᠢᠳ ᠤᠨ ᠵᠥᠪᠯᠡᠯ ︵ᠡᠵᠡᠮᠰᠢᠭᠴᠢᠳ ᠤᠨ ᠶᠡᠭᠡ ᠬᠤᠷᠠᠯ︶ ᠳᠤ ᠮᠡᠳᠡᠭᠦᠯᠦᠯᠲᠡ ᠬᠢᠬᠦ ᠶᠢᠨ ᠬᠠᠮᠲᠤ ᠵᠠᠰᠠᠭ ᠤᠨ ᠣᠷᠳᠣᠨ ᠠᠴᠠ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠣᠨ ᠤ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠢ︔

     ︵ᠲᠠᠪᠤ︶ ᠨᠠᠶᠢᠳᠠᠯᠭ᠎ᠠ ᠪᠠᠷ ᠬᠠᠮᠢᠶᠠᠷᠬᠤ ᠵᠥᠪᠯᠡᠯᠴᠡᠭᠡᠷ ᠲᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃

      ᠵᠢᠷᠭᠤᠳᠤᠭᠠᠷ ᠪᠦᠯᠦᠭ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠠᠵᠢᠯᠯᠠᠭᠠᠨ ᠪᠠ ᠲᠦᠭᠰᠢᠭᠦᠷᠢ ᠶᠢᠨ ᠡᠵᠡᠮᠳᠡᠯ

      ᠭᠤᠴᠢᠨ ᠬᠤᠶᠠᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ︽ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠲᠤ ᠠᠵᠢᠯᠯᠠᠭᠤᠯᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠭᠰᠢᠭᠦᠷᠢ ᠶᠢ ᠰᠡᠷᠭᠡᠶᠢᠯᠡᠬᠦ︾ ᠵᠠᠷᠴᠢᠮ ᠶᠣᠰᠣᠭᠠᠷ ᠪᠡᠯᠡ ᠣᠷᠤᠭᠤᠯᠬᠤ ᠠᠵᠢᠯᠯᠠᠭᠠᠨ ᠢ ᠥᠷᠨᠢᠭᠦᠯᠵᠦ᠂ ᠥᠪᠡᠷᠲᠡᠭᠡᠨ ᠡᠵᠡᠨ ᠮᠡᠳᠡᠵᠦ ᠡᠵᠡᠩᠨᠡᠨ᠂ ᠣᠯᠵᠤ ᠠᠯᠳᠠᠬᠤ ᠪᠠᠨ ᠥᠪᠡᠷ ᠢᠶᠠᠨ ᠬᠠᠷᠢᠭᠤᠴᠠᠬᠤ ᠬᠡᠷᠡᠭᠲᠡᠢ᠃ ᠡᠳ᠋ ᠤᠨ ᠵᠠᠰᠠᠭ ᠤᠨ ᠲᠥᠰᠥᠪ ᠪᠣᠯᠣᠨ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ᠂ ᠳᠣᠲᠣᠭᠠᠳᠤ ᠡᠵᠡᠮᠳᠡᠯ ᠪᠠ ᠭᠠᠳᠠᠨᠠᠬᠢ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠲᠦᠭᠰᠢᠭᠦᠷᠢ ᠶᠢ ᠬᠢᠵᠠᠭᠠᠷᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃

      ᠭᠤᠴᠢᠨ ᠭᠤᠷᠪᠠᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠪᠡᠯᠡ ᠮᠥᠩᠭᠦ ᠴᠤᠭᠯᠠᠭᠤᠯᠬᠤ᠂ ᠪᠡᠯᠡ ᠣᠷᠣᠭᠤᠯᠬᠤ᠂ ᠣᠷᠤᠭᠤᠯᠤᠯᠲᠠ ᠬᠢᠭᠰᠡᠨ ᠤ ᠳᠠᠷᠠᠭ᠎ᠠ ᠬᠠᠮᠢᠶᠠᠷᠬᠤ᠂ ᠢᠯᠭᠠᠷᠠᠭᠤᠯᠤᠨ ᠪᠣᠳᠣᠬᠤ᠂ ᠪᠤᠴᠠᠭᠠᠵᠤ ᠭᠠᠷᠭᠠᠬᠤ ᠵᠡᠷᠭᠡ ᠳᠤ ᠵᠠᠬ᠎ᠠ ᠳᠡᠯᠭᠡᠭᠦᠷᠴᠢᠯᠡᠨ ᠠᠵᠢᠯᠯᠠᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠵᠠᠬ᠎ᠠ ᠳᠡᠯᠭᠡᠭᠦᠷ ᠢᠶᠠᠷ ᠰᠢᠢᠳᠪᠦᠷᠢᠯᠡᠭᠦᠯᠬᠦ ᠶᠢ ᠪᠠᠷᠢᠮᠲᠠᠯᠠᠨ᠂ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠵᠢᠴᠢ ᠬᠠᠷᠢᠶ᠎ᠠ ᠪᠦᠬᠦᠢ ᠰᠠᠯᠠᠭ᠎ᠠ ᠮᠥᠴᠢᠷ ᠤᠳ ᠰᠠᠭᠤᠷᠢ ᠮᠥᠩᠭᠦᠨ ᠤ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠶᠠᠪᠤᠳᠠᠯ ᠳᠤ ᠣᠷᠣᠯᠴᠠᠵᠤ ᠪᠣᠯᠬᠤ ᠦᠭᠡᠢ᠃

      ᠭᠤᠴᠢᠨ ᠳᠥᠷᠪᠡᠳᠦᠭᠡᠷ ᠵᠦᠢᠯ   ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠨᠢ ᠨᠡᠶᠢᠭᠡᠮ ᠤᠨ  ᠬᠥᠷᠥᠩᠭᠡ ᠶᠢᠨ ᠪᠡᠯᠡ ᠭᠠᠷᠭᠠᠭᠴᠢ ᠶᠢᠨ ᠬᠤᠪᠢ ᠪᠠᠷ ᠰᠠᠭᠤᠷᠢ ᠮᠥᠩᠭᠦ ᠪᠠᠶᠢᠭᠤᠯᠬᠤ ᠳᠤ ᠣᠷᠣᠯᠴᠠᠵᠤ ᠪᠣᠯᠬᠤ ᠦᠭᠡᠢ᠃ ᠰᠠᠭᠤᠷᠢ ᠮᠥᠩᠭᠦ ᠬᠠᠮᠢᠶᠠᠷᠤᠭᠴᠢ ᠬᠢᠭᠡᠳ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠨᠢ ᠠᠳᠠᠯᠢ ᠨᠢᠭᠡᠨ ᠪᠠᠶᠢᠭᠤᠯᠤᠮᠵᠢ ᠪᠤᠶᠤ ᠬᠠᠷᠢᠶᠠᠯᠠᠭᠳᠠᠬᠤ ᠬᠠᠷᠢᠴᠠᠭ᠎ᠠ ᠲᠠᠢ ᠪᠠᠶᠢᠵᠤ ᠪᠣᠯᠬᠤ ᠦᠭᠡᠢ᠃

      ᠭᠤᠴᠢᠨ ᠲᠠᠪᠤᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠪᠡᠯᠡ ᠣᠷᠣᠭᠤᠯᠤᠭᠰᠠᠨ ᠪᠣᠳᠠᠲᠠᠢ ᠪᠡᠯᠡ ᠮᠥᠩᠭᠦ ︵ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠠᠵᠤ ᠠᠬᠤᠶᠢᠯᠠᠯ ᠳᠤ ᠪᠡᠯᠡ ᠣᠷᠣᠭᠤᠯᠵᠤ᠂ ᠲᠤᠰ ᠠᠵᠤ ᠠᠬᠤᠶᠢᠯᠠᠯ ᠨᠢ ᠰᠲ᠋ᠣᠺ ᠤᠨ ᠡᠷᠬᠡ ᠶᠢᠨ ᠠᠷᠭ᠎ᠠ ᠮᠠᠶ᠋ᠢᠭ ᠢᠶᠠᠷ ᠥᠪᠡᠷᠲᠡᠭᠡᠨ ᠵᠠᠰᠠᠬᠤ ᠣᠷᠣᠨ ᠳᠤ ᠨᠢᠭᠡᠨᠲᠡ ᠪᠠᠶᠢᠭ᠎ᠠ ᠪᠤᠶᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠳᠤ ᠪᠡᠯᠡ ᠣᠷᠤᠭᠤᠯᠬᠤ ᠶᠢ ᠪᠠᠭᠲᠠᠭᠠᠨ᠎ᠠ︶ ᠨᠢ ᠪᠣᠳᠠᠲᠠᠢ ᠲᠤᠰᠢᠶᠠᠭᠰᠠᠨ ᠪᠡᠯᠡ ᠮᠥᠩᠭᠦᠨ ᠤ ᠪᠠᠨ 80% ᠠᠴᠠ ᠳᠣᠣᠷ᠎ᠠ ᠪᠠᠶᠢᠵᠤ ᠪᠣᠯᠬᠤ ᠦᠭᠡᠢ᠃ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠳᠦᠷᠢᠮ ᠲᠣᠭᠲᠠᠭᠠᠯ᠂ ᠬᠤᠷᠰᠢᠬᠤ ᠵᠥᠪᠯᠡᠯᠴᠡᠭᠡᠷ᠂ ᠰᠠᠭᠤᠷᠢ ᠮᠥᠩᠭᠦᠨ ᠤ ᠵᠥᠪᠯᠡᠯᠴᠡᠭᠡᠷ ᠲᠤ ᠪᠣᠯᠵᠣᠵᠤ ᠲᠣᠭᠲᠠᠭᠰᠠᠨ ᠠᠵᠤ ᠦᠢᠯᠡᠰ ᠤᠨ ᠬᠦᠷᠢᠶᠡᠨ ᠤ ᠬᠠᠷᠢᠴᠠᠯ ᠨᠢ ᠰᠠᠭᠤᠷᠢ ᠮᠥᠩᠭᠦ ᠴᠤᠭᠯᠠᠭᠤᠯᠬᠤ ᠬᠡᠪᠴᠢᠶᠡᠵᠢᠯ ᠪᠤᠶᠤ ᠠᠮᠠᠯᠠᠭᠰᠠᠨ ᠪᠡᠯᠡ ᠭᠠᠷᠭᠠᠬᠤ ᠲᠣᠭᠠᠨ ᠤ 60% ᠠᠴᠠ ᠳᠣᠣᠷ᠎ᠠ ᠪᠠᠶᠢᠵᠤ ᠪᠣᠯᠬᠤ ᠦᠭᠡᠢ᠃ ᠳᠠᠩ ᠭᠠᠭᠴᠠ ᠠᠵᠤ ᠠᠬᠤᠶᠢᠯᠠᠯ ᠳᠠᠬᠢ ᠪᠡᠯᠡ ᠣᠷᠤᠭᠤᠯᠤᠯᠲᠠ ᠶᠢᠨ ᠲᠤᠭ᠎ᠠ ᠶᠢ ᠰᠠᠭᠤᠷᠢ ᠮᠥ᠋ᠩᠭᠦᠨ ᠤ ᠡᠳ᠋ ᠬᠥᠷᠥᠩᠭᠡ ᠶᠢᠨ ᠶᠡᠷᠦᠩᠬᠡᠢ  ᠥᠷᠲᠡᠭ ᠤᠨ 20% ᠠᠴᠠ ᠬᠡᠲᠦᠷᠡᠭᠦᠯᠵᠦ ᠪᠤᠯᠬᠤ ᠦᠭᠡᠢ᠃

      ᠭᠤᠴᠢᠨ ᠵᠢᠷᠭᠤᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠨᠢ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠣᠭᠠᠨ ᠳᠤ ᠪᠡᠯᠡ ᠣᠷᠤᠭᠤᠯᠤᠯᠲᠠ ᠬᠢᠯᠭᠡᠵᠦ᠂ ᠬᠠᠮᠢᠶ᠎ᠠ ᠪᠦᠬᠦᠢ ᠠᠵᠤ ᠦᠢᠯᠡᠰ ᠪᠠ ᠬᠦᠷᠢᠶᠡᠨ ᠤ ᠬᠥᠭᠵᠢᠯᠲᠡ ᠶᠢ ᠳᠡᠮᠵᠢᠬᠦ ᠳᠤ ᠳᠣᠣᠷᠠᠬᠢ ᠲᠤᠬᠠᠶᠢᠯᠠᠭᠰᠠᠨ ᠠᠵᠢᠯ ᠢ ᠡᠷᠬᠢᠯᠡᠵᠦ ᠪᠣᠯᠬᠤ ᠦᠭᠡᠢ᠄

     ︵ᠨᠢᠭᠡ︶ ᠢᠯᠡ ᠬᠤᠪᠢᠴᠠᠭᠠᠲᠤ ᠣᠷᠤᠭᠤᠯᠤᠯᠲᠠ ᠨᠢ ᠦᠨᠡᠨ ᠳᠤ ᠪᠠᠨ ᠠᠪᠴᠠᠭᠠᠲᠤ ᠣᠷᠤᠭᠤᠯᠤᠯᠲᠠ ᠪᠣᠯᠬᠤ ᠵᠡᠷᠭᠡ ᠬᠡᠯᠪᠡᠷᠢ ᠶᠢ ᠨᠢ  ᠥᠭᠡᠷᠡᠲᠦᠭᠦᠯᠦᠭᠰᠡᠨ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠮᠡᠭᠳᠡᠭᠦᠯᠬᠦ ᠠᠵᠢᠯᠯᠠᠭ᠎ᠠ︔

     ︵ᠬᠤᠶᠠᠷ︶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠠᠴᠠ ᠭᠠᠳᠠᠨᠠᠬᠢ ᠳᠠᠭᠠᠭᠠᠯᠲᠠ ᠬᠢᠬᠦ᠂  ᠪᠠᠷᠢᠴᠠᠭᠠᠯᠠᠬᠤ᠂ ᠨᠠᠶᠢᠳᠠᠯᠭ᠎ᠠ ᠶᠢᠨ ᠵᠢᠭᠡᠯᠡᠯᠭᠡ ᠵᠡᠷᠭᠡ ᠲᠤᠬᠠᠶᠢᠯᠠᠭᠰᠠᠨ ᠠᠵᠢᠯ︔

     ︵ᠭᠤᠷᠪᠠ︶ ᠢᠯᠡ ᠪᠠᠷ ᠠᠷᠠᠯᠵᠢᠶᠠᠯᠠᠬᠤ ᠲᠥᠷᠥᠯ ᠤᠨ ᠰᠲ᠋ᠣᠺ ︵ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠪᠠᠷ ᠵᠣᠷᠢᠯᠭ᠎ᠠ ᠪᠣᠯᠭᠠᠭᠰᠠᠨ ᠨᠢ ᠡᠭᠦᠨ ᠳᠤ ᠪᠠᠭᠲᠠᠬᠤ ᠦᠭᠡᠢ︶᠂ ᠬᠤᠭᠤᠴᠠᠭᠠᠲᠤ ᠪᠠᠷᠠᠭ᠎ᠠ᠂ ᠭᠡᠷ ᠪᠠᠶᠢᠰᠢᠩ ᠭᠠᠵᠠᠷ ᠬᠥᠷᠥᠩᠭᠡ᠂ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠢᠲᠡᠭᠡᠮᠵᠢ ᠨᠠᠶᠢᠳᠠᠯᠭ᠎ᠠ ᠶᠢᠨ ᠨᠡᠷᠡᠳᠭᠦᠨ᠂ ᠪᠡᠯᠡ ᠪᠠᠨ ᠪᠠᠲᠤᠯᠠᠬᠤ ᠪᠤᠰᠤ ᠬᠡᠯᠪᠡᠷᠢ ᠶᠢᠨ ᠡᠳ᠋ ᠬᠥᠷᠥᠩᠭᠡ ᠠᠬᠤᠶᠢᠯᠠᠬᠤ ᠨᠡᠷᠡᠳᠭᠦᠨ᠂ ᠳᠠᠭᠠᠳᠬᠠᠯ ᠤᠨ ᠲᠥᠯᠥᠪᠯᠡᠭᠡ ᠵᠢᠴᠢ ᠪᠤᠰᠤᠳ ᠮᠥᠩᠭᠦᠨ ᠭᠦᠢᠯᠭᠡᠭᠡᠨ ᠤ ᠡᠭᠦᠰᠦᠮᠡᠯ ᠵᠦᠢᠯ︔

     ︵ᠳᠥᠷᠪᠡ︶ ᠶᠠᠮᠠᠷᠪᠠ ᠭᠤᠷᠪᠠᠳᠠᠭᠢ ᠡᠲᠡᠭᠡᠳ ᠢ ᠢᠪᠡᠭᠡᠨ ᠲᠡᠳᠬᠦᠬᠦ᠂ ᠬᠠᠨᠳᠢᠪᠯᠡᠨ ᠲᠤᠰᠠᠯᠠᠬᠤ ︵ᠵᠥᠪᠰᠢᠶᠡᠷᠡᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠡᠯᠡᠭᠯᠡᠨ ᠬᠦᠷᠭᠡᠭᠰᠡᠨ ᠨᠢ ᠡᠭᠦᠨ ᠳᠤ ᠪᠠᠭᠲᠠᠬᠤ ᠦᠭᠡᠢ︶︔

     ︵ᠲᠠᠪᠤ︶ ᠬᠠᠳᠠᠭᠠᠯᠠᠮᠵᠢ ᠶᠢᠨ ᠵᠣᠭᠤᠰ ᠢ ᠲᠡᠳᠡᠨ ᠠᠪᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠴᠤᠭᠯᠠᠭᠤᠯᠵᠤ ᠬᠤᠷᠢᠶᠠᠬᠤ᠂ ᠡᠰᠡᠬᠦᠯ᠎ᠡ ᠭᠤᠷᠪᠠᠳᠤᠭᠠᠷ ᠡᠲᠡᠭᠡᠳ ᠲᠤ ᠵᠢᠭᠡᠯᠡᠯᠭᠡ ᠪᠣᠯᠣᠨ ᠪᠡᠯᠡ ᠮᠥᠩᠭᠦ ᠶᠢ ᠲᠦᠷ ᠵᠢᠭᠡᠯᠡᠭᠦᠯᠬᠦ︔

     ︵ᠵᠢᠷᠭᠤᠭ᠎ᠠ︶ ᠬᠢᠵᠠᠭᠠᠷ ᠦᠭᠡᠢ ᠬᠤᠯᠪᠣᠯᠳᠠᠳᠤ ᠬᠠᠷᠢᠭᠤᠴᠠᠯᠭ᠎ᠠ ᠡᠭᠦᠷᠭᠡᠯᠡᠬᠦ ᠭᠠᠳᠠᠭᠠᠳᠤ ᠪᠡᠯᠡ ᠣᠷᠣᠭᠤᠯᠤᠯᠲᠠ︔

     ︵ᠳᠤᠯᠤᠭ᠎ᠠ︶ ᠢᠲᠡᠭᠡᠮᠵᠢᠲᠦ ᠨᠠᠶᠢᠳᠠᠯᠭ᠎ᠠ ᠲᠠᠷᠬᠠᠭᠠᠬᠤ ᠪᠤᠶᠤ ᠬᠥᠷᠥᠩᠭᠡ ᠮᠥᠩᠭᠦ ᠠᠬᠤᠶᠢᠯᠠᠬᠤ ᠨᠡᠷᠡᠳᠭᠦᠨ ᠢ  ᠨᠡᠶᠢᠯᠡᠭᠦᠯᠵᠦ ᠪᠡᠯᠡ ᠮᠥᠩᠭᠦ ᠴᠤᠭᠯᠠᠭᠤᠯᠬᠤ︔

     ︵ᠨᠠᠢᠮᠠ︶ ᠤᠯᠤᠰ ᠤᠨ ᠲᠥᠷᠥ ᠶᠢᠨ ᠪᠣᠳᠣᠯᠭ᠎ᠠ ᠳᠤ ᠢᠯᠡ ᠪᠠᠷ ᠵᠠᠷᠯᠢᠭᠳᠠᠨ ᠴᠠᠭᠠᠵᠠᠯᠠᠭᠰᠠᠨ ᠬᠦᠷᠢᠶ᠎ᠡ ᠴᠠᠷᠠᠭ᠎ᠠ ᠪᠣᠯᠣᠨ ᠠᠵᠢᠯ ᠲᠥᠷᠥᠯ ᠳᠤ ᠪᠡᠯᠡ ᠣᠷᠤᠭᠤᠯᠬᠤ︔

     ︵ᠶᠢᠰᠦ︶ ᠬᠠᠤᠯᠢ  ᠴᠠᠭᠠᠵᠠ ᠬᠠᠤᠯᠢ ᠲᠣᠭᠲᠠᠭᠠᠯ ᠳᠤ ᠡᠷᠬᠢᠯᠡᠬᠦ ᠶᠢ ᠴᠠᠭᠠᠵᠠᠯᠠᠭᠰᠠᠨ ᠠᠵᠢᠯ ᠲᠦᠷᠦᠯ᠃

      ᠭᠤᠴᠢᠨ ᠳᠣᠯᠣᠳᠤᠭᠠᠷ ᠵᠦᠢᠯ   ᠰᠠᠭᠤᠷᠢ ᠮᠥᠩᠭᠦ ᠬᠠᠮᠢᠶᠠᠷᠤᠭᠴᠢ ᠵᠢᠴᠢ ᠠᠵᠢᠯ ᠡᠷᠬᠢᠯᠡᠭᠰᠡᠳ ᠨᠢ ᠰᠠᠭᠤᠷᠢ  ᠮᠥᠩᠭᠦᠨ ᠤ ᠡᠳ᠋ ᠬᠥᠷᠥᠩᠭᠡ ᠪᠤᠶᠤ ᠲᠤᠰᠢᠶᠠᠯ  ᠢᠶᠠᠨ ᠠᠰᠢᠭᠯᠠᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠬᠠᠷᠠᠯᠲᠠ ᠵᠢᠴᠢ ᠡᠭᠦᠨ ᠲᠠᠢ ᠬᠤᠯᠪᠣᠭᠳᠠᠬᠤ ᠡᠲᠡᠭᠡᠳ ᠠᠴᠠ ᠠᠰᠠᠭᠤᠨ ᠯᠠᠪᠯᠠᠬᠤ ᠵᠠᠷᠤᠳᠠᠯ᠂ ᠭᠠᠷᠳᠠᠮ ᠤᠨ ᠵᠠᠷᠤᠳᠠᠯ᠂ ᠡᠳ᠋ ᠤᠨ ᠶᠠᠪᠤᠳᠠᠯ ᠤᠨ ᠵᠥᠪᠯᠡᠭᠴᠢ ᠶᠢᠨ ᠵᠠᠷᠤᠳᠠᠯ ᠬᠤᠷᠢᠶᠠᠬᠤ ᠵᠡᠷᠭᠡ ᠨᠡᠷ᠎ᠡ ᠪᠠᠷ᠂ ᠬᠤᠪᠢ ᠪᠡᠶ᠎ᠡ ᠪᠤᠶᠤ ᠪᠡᠯᠡ ᠣᠷᠣᠭᠤᠯᠤᠭᠴᠢ ᠠᠴᠠ ᠭᠠᠳᠠᠨᠠᠬᠢ ᠬᠥᠮᠥᠨ ᠳᠤ ᠬᠠᠤᠯᠢ ᠪᠤᠰᠤ ᠠᠰᠢᠭ ᠲᠤᠰᠠ ᠬᠥᠭᠡᠭᠡᠴᠡᠯᠳᠦᠨ᠂ ᠠᠰᠢᠭ ᠲᠤᠰᠠ ᠬᠦᠷᠭᠡᠬᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠃

      ᠭᠤᠴᠢᠨ ᠨᠠᠢᠮᠠᠳᠤᠭᠠᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ  ᠨᠢ ᠵᠢᠭᠡᠯᠡᠯᠭᠡ ᠶᠢᠨ ᠪᠡᠯᠡ ᠮᠥᠩᠭᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠪᠠᠷ ᠡᠯ᠎ᠡ ᠲᠥᠷᠥᠯ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠪᠤᠶᠤ ᠪᠡᠯᠡ ᠣᠷᠣᠭᠤᠯᠵᠤ ᠪᠣᠯᠬᠤ ᠦᠭᠡᠢ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠠᠰᠢᠭᠯᠠᠬᠤ ᠵᠡᠷᠭᠡ ᠠᠷᠭ᠎ᠠ ᠬᠡᠯᠪᠡᠷᠢ ᠪᠠᠷ ᠬᠠᠤᠯᠢ  ᠲᠣᠭᠲᠠᠭᠠᠯ ᠠᠴᠠ ᠵᠥᠷᠢᠴᠡᠵᠦ ᠬᠡᠯᠪᠡᠷᠢ ᠶᠢ ᠨᠢ ᠥᠭᠡᠷᠡᠲᠦᠭᠦᠯᠦᠨ ᠵᠢᠭᠡᠯᠡᠯᠭᠡ ᠠᠪᠬᠤ ᠶᠢ ᠡᠷᠡᠰ ᠴᠠᠭᠠᠵᠠᠯᠠᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠡᠯᠡ ᠲᠣᠬᠢᠷᠠᠭᠤᠯᠵᠤ ᠲᠦᠷᠢᠶᠡᠰᠦᠯᠡᠭᠦᠯᠬᠦ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠤᠰᠤ ᠪᠠᠶᠢᠭᠤᠯᠤᠮᠵᠢ ᠳᠤ ᠪᠡᠯᠡ ᠲᠣᠬᠢᠷᠠᠭᠤᠯᠵᠤ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠶᠢ ᠡᠭᠦᠰᠬᠡᠨ ᠪᠠᠶᠢᠭᠤᠯᠬᠤ ᠶᠢ ᠡᠷᠡᠰ ᠴᠠᠭᠠᠵᠠᠯᠠᠨ᠎ᠠ︔ ᠶᠠᠮᠠᠷᠪᠠ ᠠᠷᠭ᠎ᠠ ᠮᠠᠶ᠋ᠢᠭ ᠢᠶᠠᠷ ᠥᠭᠭᠦᠪᠡᠰᠦ ︵ᠬᠤᠷᠢᠶᠠᠪᠠᠰᠤ︶ ᠵᠣᠬᠢᠬᠤ ᠳᠠᠩᠰᠠᠨ ᠵᠣᠭᠤᠰ ᠤᠨ ᠭᠡᠷ᠎ᠡ ᠶᠢ ᠬᠤᠳᠠᠯ ᠢᠶᠠᠷ ᠵᠣᠬᠢᠶᠠᠬᠤ ᠪᠤᠶᠤ ᠡᠷᠬᠡ ᠮᠡᠳᠡᠯ ᠠᠴᠠ ᠪᠠᠨ ᠳᠠᠪᠠᠭᠤᠯᠤᠨ ᠲᠣᠭᠲᠠᠵᠤ ᠪᠣᠯᠬᠤ ᠦᠭᠡᠢ ᠪᠠᠶᠢᠬᠤ ᠶᠢᠨ ᠬᠠᠮᠲᠤ ᠰᠠᠭᠤᠷᠢ ᠮᠥᠩᠭᠦ ᠬᠠᠮᠢᠶᠠᠷᠤᠭᠴᠢ ᠪᠤᠶᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠪᠡᠯᠡ ᠲᠣᠬᠢᠷᠠᠭᠤᠯᠭ᠎ᠠ ᠳᠤ ᠬᠠᠪᠰᠤᠷᠴᠤ ᠪᠣᠯᠬᠤ ᠦᠭᠡᠢ᠃

      ᠭᠤᠴᠢ ᠶᠢᠰᠦᠳᠦᠭᠡᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠡᠯ᠎ᠡ ᠪᠡᠯᠡ ᠭᠠᠷᠭᠠᠭᠴᠢ ᠨᠢ ︽ᠠᠳᠠᠯᠢ ᠰᠲ᠋ᠣᠺ ᠲᠤ ᠠᠳᠠᠯᠢᠬᠠᠨ ᠡᠷᠬᠡ᠂ ᠠᠰᠢᠭ ᠲᠤᠰᠠ ᠶᠢ ᠬᠠᠮᠲᠤ ᠪᠠᠷ ᠬᠦᠷᠲᠡᠬᠦ᠂ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ︾ ᠵᠠᠷᠴᠢᠮ ᠶᠣᠰᠣᠭᠠᠷ᠂ ᠠᠰᠢᠭ ᠣᠯᠵᠠᠪᠤᠷᠢ ᠶᠢ ᠰᠢᠢᠳᠪᠦᠷᠢᠯᠡᠬᠦ ᠪᠠ ᠠᠯᠳᠠᠭᠳᠠᠯ ᠢ ᠡᠭᠦᠷᠭᠡᠯᠡᠬᠦ ᠠᠷᠭ᠎ᠠ ᠬᠡᠯᠪᠡᠷᠢ ᠪᠠᠨ ᠲᠣᠳᠣᠷᠬᠠᠢ ᠪᠣᠯᠵᠣᠨ ᠲᠣᠭᠲᠠᠵᠤ᠂ ᠪᠡᠯᠡ ᠣᠷᠣᠭᠤᠯᠤᠯᠲᠠ ᠶᠢᠨ ᠬᠠᠷᠢᠭᠤ ᠨᠢ ᠭᠤᠣᠯᠳᠠᠭᠤ ᠲᠥᠷᠥᠯ ᠵᠦᠢᠯ ᠤᠨ ᠠᠰᠢᠭ ᠣᠯᠵᠠᠪᠤᠷᠢ ᠠᠴᠠ ᠢᠷᠡᠯᠲᠡ ᠲᠠᠢ ᠪᠠᠶᠢᠬᠤ ᠪᠠᠨ ᠲᠣᠳᠣᠷᠬᠠᠶᠢᠯᠠᠬᠤ ᠬᠡᠷᠡᠭᠲᠡᠢ᠃ ᠵᠠᠰᠠᠭ ᠤᠨ ᠣᠷᠳᠣᠨ ᠳᠤ ᠬᠠᠷᠢᠶᠠᠯᠠᠭᠳᠠᠬᠤ ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠪᠣᠯᠣᠨ ᠬᠦᠦ ᠮᠥᠩᠭᠦ ᠵᠡᠷᠭᠡ ᠶᠢ ᠦᠷᠭᠦᠯᠵᠢᠯᠡᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦᠨ ᠳᠤ ᠡᠷᠭᠢᠯᠳᠦᠭᠦᠯᠦᠨ ᠬᠡᠷᠡᠭᠯᠡᠬᠦ ᠪᠠᠷ ᠲᠣᠳᠣᠷᠬᠠᠢ ᠪᠣᠯᠵᠣᠨ ᠲᠣᠭᠲᠠᠭᠰᠠᠨ ᠠᠴᠠ ᠪᠤᠰᠤᠳ ᠢ ᠨᠢ᠂ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠠᠯᠳᠠᠭᠳᠠᠯ ᠢ ᠪᠡᠯᠡ ᠭᠠᠷᠭᠠᠭᠴᠢ ᠬᠠᠮᠲᠤ ᠳᠤ ᠪᠠᠨ ᠡᠭᠦᠷᠭᠡᠯᠡᠵᠦ᠂ ᠵᠠᠰᠠᠭ ᠤᠨ ᠣᠷᠳᠣᠨ ᠨᠢ ᠪᠡᠯᠡ ᠭᠠᠷᠭᠠᠭᠰᠠᠨ ᠲᠤᠭ᠎ᠠ ᠪᠠᠷ ᠬᠡᠮᠵᠢᠶᠡᠯᠡᠨ ᠬᠢᠵᠠᠭᠠᠷᠲᠤ ᠬᠠᠷᠢᠭᠤᠴᠠᠯᠭ᠎ᠠ ᠡᠭᠦᠷᠭᠡᠯᠡᠨ᠎ᠡ᠃

      ᠳᠥᠴᠢᠳᠦᠭᠡᠷ ᠵᠦᠢᠯ   ᠵᠠᠰᠠᠭ ᠤᠨ ᠣᠷᠳᠣᠨ ᠤ ᠪᠡᠯᠡ ᠭᠠᠷᠭᠠᠬᠤ ᠶᠢᠨ ᠬᠥᠲᠥᠯᠥᠨ ᠵᠢᠯᠤᠭᠤᠳᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠤᠰᠠᠳᠠ᠂ ᠵᠠᠰᠠᠭ ᠤᠨ ᠣᠷᠳᠣᠨ ᠠᠴᠠ ᠵᠣᠬᠢᠰᠲᠠᠢ ᠪᠠᠷ ᠠᠰᠢᠭ ᠲᠠᠯᠪᠢᠵᠤ ᠪᠣᠯᠣᠨ᠎ᠠ᠂ ᠭᠡᠪᠡᠴᠦ ᠶᠠᠮᠠᠷᠪᠠ ᠠᠷᠭ᠎ᠠ ᠮᠠᠶ᠋ᠢᠭ ᠢᠶᠠᠷ ᠨᠡᠶᠢᠭᠡᠮ ᠤᠨ ᠬᠥᠷᠥᠩᠭᠡ ᠶᠢᠨ ᠲᠠᠯ᠎ᠠ ᠶᠢᠨ ᠪᠡᠯᠡ ᠣᠷᠣᠭᠤᠯᠤᠯᠲᠠ ᠶᠢᠨ ᠡᠬᠡ ᠮᠥᠩᠭᠦ ᠶᠢ ᠡᠭᠡᠭᠦᠯᠦᠨ ᠬᠤᠳᠠᠯᠳᠤᠵᠤ ᠠᠪᠬᠤ ᠪᠠᠷ ᠠᠮᠠᠯᠠᠵᠤ ᠪᠣᠯᠬᠤ ᠦᠭᠡᠢ᠂ ᠶᠠᠮᠠᠷᠪᠠ ᠠᠷᠭ᠎ᠠ ᠮᠠᠶ᠋ᠢᠭ ᠢᠶᠠᠷ ᠨᠡᠶᠢᠭᠡᠮ ᠤᠨ ᠬᠥᠷᠥᠩᠭᠡ ᠶᠢᠨ ᠲᠠᠯ᠎ᠠ ᠶᠢᠨ ᠪᠡᠯᠡ ᠣᠷᠣᠭᠤᠯᠤᠯᠲᠠ ᠶᠢᠨ ᠡᠬᠡ ᠮᠥᠩᠭᠦ ᠶᠢᠨ ᠬᠤᠬᠢᠷᠠᠯ ᠢ ᠡᠭᠦᠷᠭᠡᠯᠡᠵᠦ ᠪᠣᠯᠬᠤ ᠦᠭᠡᠢ᠂ ᠶᠠᠮᠠᠷᠪᠠ ᠠᠷᠭ᠎ᠠ ᠮᠠᠶ᠋ᠢᠭ ᠢᠶᠠᠷ ᠨᠡᠶᠢᠭᠡᠮ ᠤᠨ ᠬᠥᠷᠥᠩᠭᠡ ᠶᠢᠨ ᠲᠠᠯ᠎ᠠ ᠳᠤ ᠬᠠᠮᠤᠭ ᠤᠨ ᠨᠠᠭᠠᠲᠤ ᠵᠠᠬ᠎ᠠ ᠶᠢᠨ ᠠᠰᠢᠭ ᠣᠯᠵᠠᠪᠤᠷᠢ ᠶᠢ ᠠᠮᠠᠯᠠᠵᠤ ᠪᠣᠯᠬᠤ ᠦᠭᠡᠢ᠂ ᠬᠢᠵᠠᠭᠠᠷᠲᠤ ᠬᠤᠷᠰᠢᠭᠰᠠᠨ ᠳᠦᠷᠢᠮᠲᠦ ᠰᠠᠭᠤᠷᠢ ᠮᠥᠩᠭᠦ ᠵᠡᠷᠭᠡ ᠶᠠᠮᠠᠷᠪᠠ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠲᠤ ᠢᠯᠡᠭᠦᠴᠡ ᠨᠡᠮᠡᠯᠲᠡ ᠵᠦᠢᠯ ᠵᠤᠷᠪᠤᠰ ᠨᠡᠮᠡᠵᠦ ᠬᠡᠯᠪᠡᠷᠢ ᠶᠢ ᠨᠢ ᠥᠭᠡᠷᠡᠲᠦᠭᠦᠯᠦᠨ ᠵᠢᠭᠡᠯᠡᠯᠭᠡ ᠠᠪᠴᠤ ᠪᠣᠯᠬᠤ ᠦᠭᠡᠢ᠃ ᠲᠥᠷᠥ ᠶᠢᠨ ᠶᠠᠪᠤᠳᠠᠯ ᠤᠨ ᠬᠤᠷᠢᠶᠠᠨ ᠠᠴᠠ ᠠᠰ ᠲᠤ ᠪᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃

      ᠳᠥᠴᠢᠨ ᠨᠢᠭᠡᠳᠦᠭᠡᠷ ᠵᠦᠢᠯ   ᠰᠠᠭᠤᠷᠢ ᠮᠥᠩᠭᠦᠨ ᠤ ᠳᠦᠷᠢᠮ ᠲᠣᠭᠲᠠᠭᠠᠯ ᠳᠤ ᠲᠤᠰᠢᠶᠠᠯ ᠢᠶᠠᠨ ᠭᠦᠢᠴᠡᠳᠬᠡᠬᠦ ᠬᠠᠷᠢᠭᠤᠴᠠᠯᠭ᠎ᠠ ᠠᠴᠠ ᠬᠡᠯᠲᠦᠷᠢᠭᠦᠯᠬᠦ ᠵᠦᠢᠯ ᠵᠤᠷᠪᠤᠰ ᠪᠣᠯᠣᠨ ᠰᠢᠢᠳᠬᠡᠨ ᠲᠣᠷᠭᠠᠬᠤ ᠲᠣᠭᠲᠠᠴᠠ ᠶᠢ ᠪᠣᠯᠵᠣᠵᠤ ᠲᠣᠭᠲᠠᠭᠠᠭᠰᠠᠨ ᠪᠠᠶᠢᠬᠤ ᠬᠡᠷᠡᠭᠲᠡᠢ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢᠶᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠨᠢᠭᠡᠨᠲᠡ ᠭᠦᠢᠴᠡᠳᠬᠡᠭᠰᠡᠨ ᠪᠣᠯᠪᠠᠴᠤ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠵᠡᠷᠭᠡ ᠬᠦᠴᠦᠨ ᠵᠦᠢᠯ ᠠᠴᠠ ᠪᠣᠯᠵᠤ ᠰᠠᠭᠤᠷᠢ ᠮᠥᠩᠭᠦᠨ ᠤ ᠪᠡᠯᠡ ᠣᠷᠣᠭᠤᠯᠤᠯᠲᠠ ᠪᠦᠲᠦᠭᠰᠡᠨ ᠦᠭᠡᠢ ᠪᠤᠶᠤ ᠬᠤᠬᠢᠷᠠᠯ ᠳᠤ ᠤᠴᠠᠷᠠᠭᠰᠠᠨ᠂ ᠵᠢᠱᠢᠭᠰᠡᠨ ᠬᠠᠷᠠᠯᠲᠠ ᠪᠠᠨ ᠪᠡᠶᠡᠯᠡᠭᠦᠯᠵᠦ ᠳᠡᠶᠢᠯᠦᠭᠰᠡᠨ ᠦᠭᠡᠢ ᠮᠥᠷᠲᠡᠭᠡᠨ ᠬᠤᠪᠢ ᠶᠢᠨ ᠠᠰᠢᠭ ᠲᠤᠰᠠ ᠶᠢ ᠡᠰᠡ ᠬᠥᠭᠡᠭᠡᠴᠡᠯᠳᠦᠭᠰᠡᠨ ᠪᠠᠶᠢᠪᠠᠯ᠂ ᠪᠣᠳᠠᠲᠠᠢ ᠪᠠᠶᠢᠳᠠᠯ ᠢ ᠨᠢ ᠬᠠᠷᠠᠵᠤ ᠠᠯᠳᠠᠰᠢ ᠶᠢ ᠨᠢ ᠠᠭᠤᠴᠢᠯᠠᠨ   ᠬᠠᠷᠢᠭᠤᠴᠠᠯᠭ᠎ᠠ ᠠᠴᠠ ᠬᠡᠯᠲᠦᠷᠢᠭᠦᠯᠦᠨ᠎ᠡ᠃

      ᠳᠣᠯᠣᠳᠤᠭᠠᠷ ᠪᠦᠯᠦᠭ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ

      ᠳᠥᠴᠢᠨ ᠬᠤᠶᠠᠳᠤᠭᠠᠷ ᠵᠦᠢᠯ   ᠵᠠᠰᠠᠭ ᠤᠨ ᠣᠷᠳᠣᠨ ᠪᠡᠯᠡ ᠭᠠᠷᠭᠠᠵᠤ ᠪᠠᠶᠢᠭᠤᠯᠤᠭᠰᠠᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠡ ᠣᠷᠤᠭᠤᠯᠤᠯᠲᠠ ᠶᠢᠨ ᠰᠠᠭᠤᠷᠢ  ᠮᠥᠩᠭᠦᠨ ᠤ ᠳᠦᠷᠢᠮ ᠲᠣᠭᠲᠠᠭᠠᠯ ᠳᠤ ᠪᠣᠯᠵᠣᠵᠤ ᠲᠣᠭᠲᠠᠭᠰᠠᠨ ᠪᠡᠯᠡ ᠭᠠᠷᠭᠠᠬᠤ ᠲᠥᠰᠥᠯ ᠪᠣᠯᠣᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ᠂ ᠲᠤᠬᠠᠢ ᠶᠢᠨ ᠵᠢᠯ ᠤᠨ ᠵᠠᠰᠠᠭ ᠤᠨ ᠣᠷᠳᠣᠨ ᠤ ᠪᠡᠯᠡ ᠭᠠᠷᠭᠠᠭᠰᠠᠨ ᠲᠤᠭ᠎ᠠ ᠶᠢ ᠣᠨ ᠤ ᠵᠠᠰᠠᠭ ᠤᠨ ᠣᠷᠳᠣᠨ ᠤ ᠲᠥᠰᠥᠪ ᠲᠤ ᠪᠠᠨ ᠣᠷᠣᠭᠤᠯᠬᠤ ᠶᠢᠨ ᠬᠠᠮᠲᠤ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ᠂ ᠰᠠᠭᠤᠷᠢ ᠮᠥᠩᠭᠦ ᠶᠢ ᠪᠣᠳᠠᠲᠠᠢ ᠲᠤᠰᠢᠶᠠᠬᠤ ᠵᠥᠪᠯᠡᠯᠴᠡᠭᠡᠷ ᠲᠣᠭᠲᠠᠭᠰᠠᠨ ᠪᠠᠶᠢᠳᠠᠯ᠂ ᠣᠨ ᠤ ᠲᠥᠰᠥᠪ ᠤᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ ᠵᠠᠰᠠᠭ ᠤᠨ ᠣᠷᠳᠣᠨ ᠠᠴᠠ ᠭᠠᠷᠭᠠᠭᠰᠠᠨ ᠪᠡᠯᠡ ᠮᠥᠩᠭᠦ ᠶᠢ ᠵᠠᠰᠠᠭ ᠤᠨ ᠣᠷᠳᠣᠨ ᠤ ᠭᠠᠷᠭᠠᠭᠰᠠᠨ ᠪᠡᠯᠡ ᠮᠥᠩᠭᠦᠨ ᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠰᠠᠯᠭᠠᠨ ᠥᠭᠴᠦ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠮᠥᠩᠭᠦᠨ ᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠠᠭᠤᠷᠢ ᠮᠥᠩᠭᠦᠨ ᠤ ᠳᠦᠷᠢᠮ ᠲᠣᠭᠲᠠᠭᠠᠯ ᠢ ᠦᠨᠳᠦᠰᠦᠯᠡᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠰᠠᠯᠭᠠᠨ ᠥᠭᠬᠦ ᠬᠡᠷᠡᠭᠲᠡᠢ᠃ ᠵᠢᠯ ᠤᠨ ᠡᠴᠦᠰ ᠲᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠲᠥᠰᠥᠪ ᠤᠨ ᠲᠣᠬᠢᠷᠠᠭᠤᠯᠤᠯᠲᠠ ᠪᠦᠬᠦᠢ ᠬᠡᠰᠡᠭ ᠲᠤ ᠰᠤᠯᠠ ᠲᠠᠯᠪᠢᠭᠳᠠᠵᠤ ᠪᠠᠶᠢᠭ᠎ᠠ ᠬᠡᠰᠡᠭ ᠪᠠᠶᠢᠪᠠᠯ᠂ ᠡᠳ᠋ ᠤᠨ ᠵᠠᠰᠠᠭ ᠲᠤ  ᠡᠭᠡᠭᠦᠯᠦᠨ ᠬᠤᠷᠢᠶᠠᠵᠤ ᠨᠢᠭᠡᠳᠦᠯᠲᠡᠢ ᠲᠥᠯᠥᠪᠯᠡᠵᠦ ᠬᠡᠷᠡᠭᠯᠡᠨ᠎ᠡ᠃

      ᠳᠥᠴᠢᠨ ᠭᠤᠷᠪᠠᠳᠤᠭᠠᠷ ᠵᠦᠢᠯ   ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠰᠢᠯᠵᠢᠭᠦᠯᠦᠨ  ᠲᠥᠯᠥᠬᠦ ᠪᠠᠷ ᠳᠠᠮᠵᠢᠭᠤᠯᠤᠨ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠶᠢ ᠨᠢ ᠳᠡᠮᠵᠢᠵᠦ ᠪᠣᠯᠣᠨ᠎ᠠ᠂ ᠮᠥᠨ ᠴᠦ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠯᠤᠭ᠎ᠠ ᠬᠠᠮᠲᠤ ᠪᠠᠷ ᠪᠡᠯᠡ ᠭᠠᠷᠭᠠᠵᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠤᠭᠰᠠᠨ ᠪᠣᠯᠣᠨ᠎ᠠ᠃

      ᠳᠥᠴᠢᠨ ᠳᠥᠷᠪᠡᠳᠦᠭᠡᠷ ᠵᠦᠢᠯ   ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠪᠡᠯᠡ ᠮᠥᠩᠭᠦ ᠰᠠᠯᠭᠠᠨ ᠥᠭᠬᠦ ᠳᠤ ᠪᠠᠨ᠂ ᠲᠤᠰ ᠬᠤᠭᠤᠴᠠᠭᠠᠨ ᠤ ᠲᠥᠰᠥᠪ ᠤᠨ ᠵᠠᠷᠤᠯᠭ᠎ᠠ ᠶᠢ ᠨᠡᠮᠡᠵᠦ ᠵᠢᠭᠰᠠᠭᠠᠨ᠂ ᠵᠠᠷᠤᠯᠭ᠎ᠠ ᠶᠢᠨ ᠴᠢᠭᠯᠡᠯ ᠢᠶᠠᠷ ᠬᠠᠷᠠᠭᠠᠯᠵᠠᠭᠰᠠᠨ ᠵᠠᠷᠤᠯᠭ᠎ᠠ ᠶᠢᠨ ᠲᠥᠷᠥᠯ ᠬᠤᠪᠢᠶᠠᠵᠤ ᠠᠩᠭᠢᠯᠠᠭᠰᠠᠨ ᠵᠦᠢᠯ ᠢᠶᠠᠷ ᠳᠠᠮᠵᠢᠭᠤᠯᠵᠤ ᠲᠤᠰᠬᠠᠬᠤ ᠬᠡᠷᠡᠭᠲᠡᠢ᠃

      ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠶᠢ ᠣᠯᠬᠤ ᠳᠤ ᠪᠠᠨ᠂ ᠲᠤᠰ ᠬᠤᠭᠤᠴᠠᠭᠠᠨ ᠤ ᠲᠥᠰᠥᠪ ᠤᠨ ᠣᠷᠣᠯᠭ᠎ᠠ ᠶᠢ ᠨᠡᠮᠡᠭᠳᠡᠭᠦᠯᠬᠦ ᠪᠠᠷ ᠰᠢᠢᠳᠪᠦᠷᠢᠯᠡᠵᠦ᠂ ᠬᠠᠮᠢᠶ᠎ᠠ ᠪᠦᠬᠦᠢ ᠲᠥᠰᠥᠪ ᠤᠨ ᠣᠷᠣᠯᠭ᠎ᠠ ᠶᠢᠨ ᠠᠩᠭᠢᠯᠠᠭᠰᠠᠨ ᠵᠦᠢᠯ ᠢᠶᠠᠷ ᠳᠠᠮᠵᠢᠭᠤᠯᠵᠤ ᠲᠤᠰᠬᠠᠬᠤ ᠬᠡᠷᠡᠭᠲᠡᠢ᠃

      ᠰᠠᠭᠤᠷᠢ ᠮᠥᠩᠭᠦ ᠶᠢ ᠢᠯᠭᠠᠷᠠᠭᠤᠯᠤᠨ ᠪᠣᠳᠣᠬᠤ ᠪᠤᠶᠤ ᠪᠡᠯᠡ ᠣᠷᠣᠭᠤᠯᠤᠯᠲᠠ ᠶᠢ ᠪᠤᠴᠠᠭᠠᠨ ᠬᠤᠷᠢᠶᠠᠬᠤ ᠳᠤ ᠪᠠᠨ ᠲᠤᠰ ᠬᠤᠭᠤᠴᠠᠭᠠᠨ ᠤ ᠡᠳ᠋ ᠤᠨ ᠵᠠᠰᠠᠭ ᠤᠨ ᠵᠠᠷᠤᠯᠭ᠎ᠠ ᠶᠢ ᠲᠤᠯᠭᠠᠨ ᠬᠠᠰᠤᠬᠤ ᠪᠠᠷ ᠰᠢᠢᠳᠪᠦᠷᠢᠯᠡᠨ᠎ᠡ᠃

      ᠨᠠᠢᠮᠠᠳᠤᠭᠠᠷ ᠪᠦᠯᠦᠭ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠡᠳ᠋ ᠬᠥᠷᠥᠩᠭᠡ ᠶᠢᠨ ᠬᠠᠮᠢᠶᠠᠷᠤᠯᠲᠠ

      ᠳᠥᠴᠢᠨ ᠲᠠᠪᠤᠳᠤᠭᠠᠷ ᠵᠦᠢᠯ   ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ︽ᠡᠳ᠋ ᠤᠨ ᠵᠠᠰᠠᠭ ᠤᠨ ᠶᠡᠷᠦᠩᠬᠡᠢ ᠲᠥᠰᠥᠪ ᠤᠨ ᠨᠢᠭᠲᠠᠯᠠᠨ ᠪᠣᠳᠣᠬᠤ ᠳᠦᠷᠢᠮ︾ ᠤᠨ ᠲᠣᠭᠲᠠᠭᠠᠯ ᠶᠣᠰᠣᠭᠠᠷ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠳᠠᠬᠢ ᠵᠠᠰᠠᠭ ᠤᠨ ᠣᠷᠳᠣᠨ ᠠᠴᠠ ᠪᠡᠯᠡ ᠭᠠᠷᠭᠠᠭᠰᠠᠨ ᠬᠡᠰᠡᠭ ᠠᠴᠠ ᠪᠤᠶ ᠪᠣᠯᠤᠭᠰᠠᠨ ᠡᠳ᠋ ᠬᠥᠷᠥᠩᠭᠡ ᠪᠠ ᠡᠷᠬᠡ ᠠᠰᠢᠭ ᠢ ᠪᠦᠷᠢᠨ ᠪᠦᠲᠦᠨ ᠣᠨᠣᠪᠴᠢᠲᠠᠶ ᠲᠤᠰᠬᠠᠬᠤ ᠬᠡᠷᠡᠭᠲᠡᠢ᠃

      ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠠᠰᠠᠭ ᠤᠨ ᠣᠷᠳᠣᠨ ᠠᠴᠠ ᠭᠠᠷᠭᠠᠭᠰᠠᠨ ᠪᠡᠯᠡ ᠮᠥᠩᠭᠦᠨ ᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠤᠰ ᠠᠷᠭ᠎ᠠ ᠶᠢᠨ ᠲᠣᠭᠲᠠᠭᠠᠯ ᠶᠣᠰᠣᠭᠠᠷ᠂ ᠵᠠᠰᠠᠭ ᠤᠨ ᠣᠷᠳᠣᠨ ᠤ ᠨᠡᠶᠢᠲᠡ ᠪᠡᠯᠡ ᠣᠷᠤᠭᠤᠯᠤᠯᠲᠠ ᠠᠴᠠ ᠪᠤᠶ ᠪᠣᠯᠤᠭᠰᠠᠨ ᠡᠳ᠋ ᠬᠥᠷᠥᠩᠭᠡ᠂ ᠡᠷᠬᠡ ᠠᠰᠢᠭ ᠪᠣᠯᠣᠨ ᠬᠤᠪᠢᠶᠠᠨ ᠡᠳ᠋ᠯᠡᠪᠡᠰᠦ ᠵᠣᠬᠢᠬᠤ ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠶᠢ ᠴᠠᠭ ᠲᠤᠬᠠᠢ ᠳᠤ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠰ ᠠᠷᠭ᠎ᠠ ᠪᠣᠯᠣᠨ ︽ᠡᠳ᠋ ᠤᠨ ᠵᠠᠰᠠᠭ ᠤᠨ ᠶᠡᠷᠦᠩᠬᠡᠢ ᠲᠥᠰᠥᠪ ᠤᠨ ᠨᠢᠭᠲᠠᠯᠠᠨ ᠪᠣᠳᠣᠬᠤ ᠳᠦᠷᠢᠮ︾ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠡᠳ᠋ ᠬᠥᠷᠥᠩᠭᠡ ᠪᠣᠯᠣᠨ ᠡᠷᠬᠡ ᠠᠰᠢᠭ ᠢ ᠵᠣᠬᠢᠴᠠᠩᠭᠤᠢ ᠪᠠᠷ ᠨᠡᠮᠡᠭᠳᠡᠭᠦᠯᠦᠨ᠎ᠡ᠃

      ᠳᠥᠴᠢᠨ ᠵᠢᠷᠭᠤᠳᠤᠭᠠᠷ ᠵᠦᠢᠯ   ᠵᠠᠰᠠᠭ ᠤᠨ ᠣᠷᠳᠣᠨ ᠤ ᠬᠤᠪᠢᠶᠠᠯᠴᠠᠪᠠᠰᠤ ᠵᠣᠬᠢᠬᠤ ᠪᠡᠯᠡ ᠣᠷᠣᠭᠤᠯᠤᠯᠲᠠ ᠶᠢᠨ ᠠᠰᠢᠭ  ᠠᠯᠳᠠᠭᠳᠠᠯ ᠢ ᠡᠷᠬᠡ ᠠᠰᠢᠭ ᠤᠨ ᠬᠠᠤᠯᠢ ᠪᠠᠷ ᠲᠣᠭᠠᠴᠠᠭ᠎ᠠ ᠬᠢᠨ᠎ᠡ᠃ ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠨᠢ ᠲᠤᠬᠠᠢ ᠶᠢᠨ ᠣᠨ ᠵᠢᠯ ᠳᠠᠭᠤᠰᠤᠭᠰᠠᠨ ᠤ ᠳᠠᠷᠠᠭ᠎ᠠ ᠪᠦᠬᠦ ᠵᠢᠯ ᠤᠨ ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠪᠤᠶᠤ ᠠᠯᠳᠠᠭᠳᠠᠯ ᠤᠨ ᠪᠠᠶᠢᠳᠠᠯ ᠢᠶᠠᠨ ᠴᠠᠭ ᠲᠤᠬᠠᠢ ᠳᠤ ᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠭᠤᠯᠤᠨ ᠢᠯᠡᠭᠡᠬᠦ ᠬᠡᠷᠡᠭᠲᠡᠢ᠃

      ᠳᠥᠴᠢᠨ ᠳᠣᠯᠣᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠤᠯᠠᠷᠢᠯ ᠢᠶᠠᠷ ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭᠲᠦ᠂ ᠠᠰᠢᠭ ᠠᠯᠳᠠᠪᠤᠷᠢ ᠶᠢᠨ ᠬᠦᠰᠦᠨᠦᠭᠲᠦ ᠵᠢᠴᠢ ᠪᠡᠯᠡᠨ ᠵᠣᠭᠤᠰ ᠤᠨ ᠭᠦᠢᠯᠭᠡᠭᠡᠨ ᠤ ᠬᠡᠮᠵᠢᠶ᠎ᠡ ᠶᠢᠨ ᠬᠦᠰᠦᠨᠦᠭᠲᠦ ᠵᠡᠷᠭᠡ ᠮᠡᠳᠡᠭᠦᠯᠬᠦ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠡᠳ᠋ ᠤᠨ ᠵᠠᠰᠠᠭ ᠤᠨ ᠶᠠᠮᠤᠨ ᠤ ᠮᠡᠳᠡᠭᠦᠯᠬᠦ ᠬᠦᠰᠦᠨᠦᠭᠲᠦ ᠶᠢᠨ ᠰᠢᠰᠲ᠋ᠧᠮ ᠢᠶᠠᠷ ᠳᠠᠮᠵᠢᠭᠤᠯᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃

      ᠶᠢᠰᠦᠳᠦᠭᠡᠷ ᠪᠦᠯᠦᠭ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠭᠡᠳ ᠬᠢᠨᠠᠯᠲᠠ ᠬᠠᠮᠢᠶᠠᠷᠤᠯᠲᠠ

      ᠳᠥᠴᠢᠨ ᠨᠠᠢᠮᠠᠳᠤᠭᠠᠷ ᠵᠦᠢᠯ   ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠠᠭᠤᠷᠢ ᠮᠥᠩᠭᠦᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠳᠦᠷᠢᠮ ᠢ ᠪᠠᠶᠢᠭᠤᠯᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠦᠨᠡᠯᠡᠬᠦ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠭᠤᠷᠪᠠᠳᠠᠭᠢ ᠡᠲᠡᠭᠡᠳ ᠤᠨ ᠵᠠᠭᠤᠴᠢ ᠪᠠᠶᠢᠭᠤᠯᠤᠮᠵᠢ ᠶᠢ ᠤᠷᠢᠵᠤ ᠰᠠᠭᠤᠷᠢ ᠮᠥᠩᠭᠦᠨ ᠤ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ᠂ ᠰᠠᠭᠤᠷᠢ ᠮᠥᠩᠭᠦ ᠬᠠᠮᠢᠶᠠᠷᠤᠭᠴᠢ ᠶᠢᠨ ᠪᠡᠯᠡ ᠣᠷᠣᠭᠤᠯᠤᠨ ᠡᠵᠡᠩᠨᠡᠭᠰᠡᠨ ᠪᠠᠶᠢᠳᠠᠯ᠂ ᠡᠳ᠋ ᠤᠨ ᠵᠠᠰᠠᠭ ᠤᠨ ᠪᠡᠯᠡ ᠮᠥᠩᠭᠦᠨ ᠤ ᠣᠯᠵᠠᠪᠤᠷᠢ ᠠᠯᠳᠠᠪᠤᠷᠢ ᠶᠢᠨ ᠪᠠᠶᠢᠳᠠᠯ ᠵᠡᠷᠭᠡ ᠳᠤ ᠭᠤᠣᠯᠳᠠᠯᠭ᠎ᠠ ᠲᠠᠢ ᠠᠮᠵᠢᠯᠲᠠ ᠪᠦᠲᠦᠮᠵᠢ ᠶᠢᠨ ᠦᠨᠡᠯᠡᠯᠲᠡ ᠪᠠ ᠰᠢᠯᠭᠠᠨ ᠬᠢᠨᠠᠯᠲᠠ ᠬᠢᠵᠦ᠂ ᠦᠨᠡᠯᠡᠵᠦ ᠰᠢᠯᠭᠠᠨ ᠬᠢᠨᠠᠭᠰᠠᠨ ᠪᠠ ᠠᠵᠢᠯ ᠤᠨ ᠠᠮᠵᠢᠯᠲᠠ ᠪᠦᠲᠦᠮᠵᠢ ᠶᠢ ᠥᠪᠡᠷ ᠢᠶᠠᠨ ᠦᠨᠡᠯᠡᠭᠰᠡᠨ ᠦᠷ᠎ᠡ ᠳ᠋ᠦᠩ ᠢ ᠰᠠᠭᠤᠷᠢ ᠮᠥᠩᠭᠦ ᠶᠢ ᠦᠷᠭᠦᠯᠵᠢᠯᠡᠭᠦᠯᠬᠦ᠂ ᠬᠥᠷᠥᠩᠭᠡ ᠶᠢ ᠨᠡᠮᠡᠭᠳᠡᠭᠦᠯᠦᠨ ᠰᠲ᠋ᠣᠺ ᠢ ᠥᠷᠭᠡᠳᠬᠡᠬᠦ᠂ ᠤᠷᠢᠳᠴᠢᠯᠠᠨ ᠳᠠᠭᠤᠰᠬᠠᠬᠤ ᠵᠢᠴᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠰᠠᠭᠤᠷᠢ ᠮᠥᠩᠭᠦ ᠬᠠᠮᠢᠶᠠᠷᠤᠭᠴᠢ ᠶᠢᠨ ᠬᠠᠮᠢᠶᠠᠷᠤᠯᠲᠠ ᠶᠢᠨ ᠵᠠᠷᠤᠳᠠᠯ ᠢ ᠪᠤᠳᠤᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃

      ᠳᠥᠴᠢ ᠶᠢᠰᠦᠳᠦᠭᠡᠷ ᠵᠦᠢᠯ   ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠳᠣᠲᠣᠷ᠎ᠠ ᠳᠠᠩᠰᠠᠯᠠᠭᠤᠯᠤᠭᠰᠠᠨ ᠬᠤᠪᠢ ᠪᠠᠷ ᠢᠶᠠᠨ ᠵᠣᠭᠤᠰ ᠴᠤᠭᠯᠠᠭᠤᠯᠤᠭᠰᠠᠨ ᠰᠠᠭᠤᠷᠢ ᠮᠥᠩᠭᠦ ᠬᠠᠮᠢᠶᠠᠷᠤᠭᠴᠢ ᠵᠢᠴᠢ ᠲᠡᠭᠦᠨ ᠤ ᠬᠠᠮᠢᠶᠠᠷᠴᠤ ᠪᠦᠬᠦᠢ ᠬᠤᠪᠢ ᠪᠠᠷ ᠢᠶᠠᠨ ᠵᠣᠭᠤᠰ ᠴᠤᠭᠯᠠᠭᠤᠯᠤᠭᠰᠠᠨ ᠰᠠᠭᠤᠷᠢ ᠮᠥᠩᠭᠦᠨ ᠤ ᠨᠡᠷᠡᠳᠭᠦᠨ᠂ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠳᠠᠬᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠠᠢ ᠬᠠᠮᠵᠢᠯᠴᠠᠨ ᠬᠤᠪᠢ ᠪᠠᠷ ᠢᠶᠠᠨ ᠵᠣᠭᠤᠰ ᠴᠤᠭᠯᠠᠭᠤᠯᠬᠤ ᠰᠠᠭᠤᠷᠢ ᠮᠥᠩᠭᠦ  ᠶᠢᠨ ᠬᠦᠷᠢᠶᠡᠨ ᠤ ᠲᠦᠭᠰᠢᠭᠦᠷᠢ ᠶᠢ ᠰᠢᠢᠳᠪᠦᠷᠢᠯᠡᠵᠦ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃

      ᠲᠠᠪᠢᠳᠤᠭᠠᠷ ᠵᠦᠢᠯ   ᠬᠢᠨᠠᠨ ᠪᠣᠳᠣᠬᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃

      ᠲᠠᠪᠢᠨ ᠨᠢᠭᠡᠳᠦᠭᠡᠷ ᠵᠦᠢᠯ   ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ  ᠬᠠᠮᠢᠶᠠᠷᠤᠯᠲᠠ ᠶᠢᠨ ᠪᠠᠶᠢᠭᠤᠯᠤᠮᠵᠢ᠂ ᠰᠠᠭᠤᠷᠢ ᠮᠥᠩᠭᠦ ᠬᠠᠮᠢᠶᠠᠷᠤᠭᠴᠢ᠂ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠰᠠᠭᠤᠷᠢ ᠮᠥᠩᠭᠦ ᠶᠢᠨ ᠳᠦᠷᠢᠮ ᠲᠣᠭᠲᠠᠭᠠᠯ ᠤᠨ  ᠪᠣᠯᠵᠣᠯ ᠶᠣᠰᠣᠭᠠᠷ᠂ ᠴᠢᠬᠤᠯᠠ ᠶᠡᠭᠡ ᠵᠦᠢᠯᠡᠰ ᠢ ᠮᠡᠳᠡᠭᠦᠯᠬᠦ ᠡᠭᠦᠷᠭᠡ ᠬᠠᠷᠢᠭᠤᠴᠠᠯᠭ᠎ᠠ ᠪᠠᠨ ᠴᠠᠭ ᠲᠤᠬᠠᠢ ᠳᠤ ᠨᠢ ᠭᠦᠢᠴᠡᠳᠬᠡᠵᠦ᠂ ᠡᠳᠦᠷ ᠲᠤᠲᠤᠮ ᠤᠨ ᠪᠡᠯᠡ ᠣᠷᠣᠭᠤᠯᠵᠤ ᠠᠵᠢᠯᠯᠠᠭᠤᠯᠬᠤ ᠶᠠᠪᠤᠴᠠ ᠳᠤ ᠡᠭᠦᠰᠦᠭᠰᠡᠨ ᠴᠢᠬᠤᠯᠠ ᠶᠡᠭᠡ ᠵᠦᠢᠯᠡᠰ ᠢᠶᠠᠨ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠴᠢᠬᠤᠯᠠ ᠶᠡᠭᠡ ᠵᠦᠢᠯᠡᠰ ᠲᠤ ᠺᠣᠮᠫᠠᠨᠢ ᠶᠢᠨ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ᠂ ᠬᠥᠷᠥᠩᠭᠡ ᠶᠢᠨ ᠨᠡᠮᠡᠭᠳᠡᠯ ᠬᠤᠷᠣᠭᠳᠠᠯ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠢ ᠬᠤᠪᠢᠷᠠᠭᠤᠯᠬᠤ᠂ ᠨᠡᠶᠢᠯᠡᠭᠦᠯᠬᠦ᠂ ᠢᠯᠭᠠᠷᠠᠭᠤᠯᠤᠨ ᠪᠤᠳᠤᠬᠤ ᠵᠡᠷᠭᠡ ᠪᠠᠭᠲᠠᠬᠤ ᠪᠣᠯᠪᠠᠴᠤ ᠡᠳᠡᠭᠡᠷ ᠲᠤ ᠬᠢᠵᠠᠭᠠᠷᠯᠠᠭᠳᠠᠬᠤ ᠦᠭᠡᠢ᠃ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠤᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠣᠨ ᠪᠤᠰᠤᠳ ᠪᠡᠯᠡ ᠭᠠᠷᠭᠠᠭᠴᠢ ᠳᠤ ᠬᠤᠷᠢᠶᠠᠩᠭᠤᠶᠢᠯᠠᠨ  ᠮᠡᠳᠡᠭᠦᠯᠵᠦ ᠬᠦᠷᠭᠡᠬᠦ ᠠᠵᠢᠯ ᠢ ᠬᠠᠷᠢᠭᠤᠴᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠶᠢᠨ ᠬᠠᠮᠲᠤ ᠲᠤᠰ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠪᠣᠯᠣᠨ ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠲᠤ ᠬᠠᠭᠤᠯᠤᠨ ᠢᠯᠡᠭᠡᠬᠦ ᠬᠡᠷᠡᠭᠲᠡᠢ᠃

      ᠲᠠᠪᠢᠨ ᠬᠤᠶᠠᠳᠤᠭᠠᠷ ᠵᠦᠢᠯ   ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠨᠢ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠬᠦᠷᠲᠡᠬᠦ ᠲᠣᠭᠲᠠᠴᠠ ᠶᠢ ᠪᠠᠶᠢᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠬᠢᠨᠠᠨ ᠪᠣᠳᠣᠬᠤ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠰᠠᠭᠤᠷᠢ ᠮᠥᠩᠭᠦ ᠪᠠᠶᠢᠭᠤᠯᠬᠤ᠂ ᠪᠠᠶᠢᠴᠠᠭᠠᠵᠤ ᠬᠢᠨᠠᠨ ᠬᠡᠮᠵᠢᠬᠦ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠮᠲᠤ ᠳᠤ ᠪᠠᠨ ᠬᠦᠷᠲᠡᠬᠦ ᠬᠡᠷᠡᠭᠲᠡᠢ᠃ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠲᠠᠢ ᠪᠠᠨ ᠤᠶᠠᠯᠳᠤᠭᠤᠯᠤᠨ᠂ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃

      ᠠᠷᠪᠠᠳᠤᠭᠠᠷ ᠪᠦᠯᠦᠭ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠳᠠᠭᠤᠰᠬᠠᠬᠤ ᠪᠠ ᠪᠤᠴᠠᠭᠠᠵᠤ ᠭᠠᠷᠭᠠᠬᠤ

      ᠲᠠᠪᠢᠨ ᠭᠤᠷᠪᠠᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠡᠩ ᠤᠨ ᠪᠠᠶᠢᠳᠠᠯ ᠳᠣᠣᠷ᠎ᠠ ᠣᠷᠣᠰᠢᠨ ᠦᠷᠭᠦᠯᠵᠢᠯᠡᠬᠦ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠭᠤᠰᠬᠠᠬᠤ ᠬᠡᠷᠡᠭᠲᠡᠢ᠃ ᠬᠤᠭᠤᠴᠠᠭ᠎ᠠ ᠶᠢ ᠨᠢ ᠦᠨᠡᠨ ᠬᠦ ᠤᠷᠲᠤᠳᠬᠠᠬᠤ ᠴᠢᠬᠤᠯᠠ ᠲᠠᠢ ᠪᠣᠯ ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠠᠴᠠ ᠰᠠᠭᠤᠷᠢ ᠮᠥᠩᠭᠦ ᠶᠢᠨ ᠬᠤᠭᠤᠴᠠᠭ᠎ᠠ ᠨᠢ ᠲᠤᠯᠬᠤ ᠠᠴᠠ ᠡᠮᠦᠨ᠎ᠡ 1 ᠵᠢᠯ ᠤᠨ ᠳᠣᠲᠣᠷ᠎ᠠ ᠭᠤᠶᠤᠴᠢᠯᠠᠯ ᠭᠠᠷᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠪᠤᠰᠤᠳ ᠪᠡᠯᠡ ᠭᠠᠷᠭᠠᠭᠴᠢ  ᠯᠤᠭ᠎ᠠ ᠳᠦᠷᠢᠮ ᠲᠣᠭᠲᠠᠭᠠᠯ ᠳᠤ ᠪᠣᠯᠵᠣᠨ ᠲᠣᠭᠲᠠᠭᠰᠠᠨ ᠳᠡᠰ ᠳᠠᠷᠠᠭᠠᠯᠠᠯ ᠤᠨ ᠶᠣᠰᠣᠭᠠᠷ ᠭᠦᠢᠴᠡᠳᠬᠡᠬᠦ ᠬᠡᠷᠡᠭᠲᠡᠢ᠃

      ᠲᠠᠪᠢᠨ ᠳᠥᠷᠪᠡᠳᠦᠭᠡᠷ ᠵᠦᠢᠯ   ᠳᠣᠣᠷᠠᠬᠢ ᠪᠠᠶᠢᠳᠠᠯ ᠠᠴᠠ ᠨᠢᠭᠡ ᠨᠢ ᠭᠠᠷᠪᠠᠯ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠳᠠᠭᠤᠰᠬᠠᠬᠤ ᠶᠢᠨ ᠬᠠᠮᠲᠤ ᠢᠯᠭᠠᠷᠠᠭᠤᠯᠤᠨ ᠪᠣᠳᠣᠬᠤ ᠬᠡᠷᠡᠭᠲᠡᠢ᠄

     ︵ᠨᠢᠭᠡ︶ ᠰᠠᠭᠤᠷᠢ ᠮᠥᠩᠭᠦᠨ ᠤ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ ᠪᠠᠶᠢᠲᠠᠯ᠎ᠠ ᠬᠤᠶᠢᠰᠢᠯᠠᠭᠤᠯᠤᠭᠰᠠᠨ ᠦᠭᠡᠢ︔

     ︵ᠬᠤᠶᠠᠷ︶ ᠰᠠᠭᠤᠷᠢ ᠮᠥᠩᠭᠦᠨ ᠤ ᠬᠤᠪᠢ ᠡᠵᠡᠮᠰᠢᠭᠴᠢᠳ ᠤᠨ ᠶᠡᠭᠡ ᠬᠤᠷᠠᠯ ᠤᠨ ᠰᠢᠢᠳᠪᠦᠷᠢ ᠪᠠᠷ ᠨᠢᠭᠡᠳᠦᠯᠲᠡᠢ  ᠪᠠᠲᠤᠯᠠᠭᠰᠠᠨ ᠪᠠᠶᠢᠬᠤ︔

     ︵ᠭᠤᠷᠪᠠ︶ ᠰᠠᠭᠤᠷᠢ ᠮᠥᠩᠭᠦᠨ ᠤ ᠭᠡᠷ᠎ᠡ᠂ ᠳᠦᠷᠢᠮ ᠲᠣᠭᠲᠠᠭᠠᠯ ᠳᠤ ᠪᠣᠯᠵᠣᠨ ᠲᠣᠭᠲᠠᠭᠰᠠᠨ ᠪᠤᠰᠤᠳ ᠪᠠᠶᠢᠳᠠᠯ᠃

      ᠲᠠᠪᠢᠨ ᠲᠠᠪᠤᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠳᠠᠭᠤᠰᠬᠠᠭᠰᠠᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠣᠨ ᠪᠤᠰᠤᠳ ᠪᠡᠯᠡ ᠭᠠᠷᠭᠠᠭᠴᠢ ᠶᠢᠨ ᠬᠢᠨᠠᠯᠲᠠ ᠲᠠᠯᠪᠢᠯᠲᠠ ᠳᠣᠣᠷ᠎ᠠ ᠢᠯᠭᠠᠷᠠᠭᠤᠯᠤᠨ ᠪᠣᠳᠣᠬᠤ ᠶᠢ ᠵᠣᠬᠢᠶᠠᠨ ᠪᠠᠶᠢᠭᠤᠯᠵᠤ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠮᠥᠩᠭᠦᠨ ᠤ ᠲᠤᠭ᠎ᠠ ᠪᠣᠯᠣᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠠᠰᠢᠭ ᠣᠯᠵᠠᠪᠤᠷᠢ ᠶᠢ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠭᠦᠢᠴᠡᠳ ᠲᠤᠭ᠎ᠠ ᠶᠣᠰᠣᠭᠠᠷ ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠲᠡᠢ᠃

      ᠲᠠᠪᠢᠨ ᠵᠢᠷᠭᠤᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠨᠡᠶᠢᠭᠡᠮ ᠤᠨ ᠪᠡᠯᠡ ᠭᠠᠷᠭᠠᠭᠴᠢ ᠠᠴᠠ ᠬᠤᠳᠠᠯᠳᠤᠨ ᠠᠪᠬᠤ᠂ ᠰᠲ᠋ᠣᠺ ᠤᠨ ᠡᠷᠬᠡ ᠶᠢ ᠰᠢᠯᠵᠢᠭᠦᠯᠬᠦ᠂ ᠬᠤᠭᠤᠴᠠᠭ᠎ᠠ ᠨᠢ  ᠲᠤᠯᠵᠤ ᠢᠯᠭᠠᠷᠠᠭᠤᠯᠤᠨ ᠪᠣᠳᠣᠬᠤ ᠪᠤᠶᠤ ᠵᠥᠪᠯᠡᠯᠴᠡᠭᠡᠷ ᠲᠤ ᠪᠣᠯᠵᠣᠵᠤ ᠲᠣᠭᠲᠠᠭᠰᠠᠨ ᠪᠤᠰᠤᠳ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠳᠠᠮᠵᠢᠭᠤᠯᠵᠤ ᠪᠤᠴᠠᠭᠠᠨ ᠭᠠᠷᠭᠠᠵᠤ ᠪᠣᠯᠣᠨ᠎ᠠ᠃ ᠪᠡᠯᠡ ᠭᠠᠷᠭᠠᠭᠴᠢ ᠪᠡᠯᠡ ᠣᠷᠣᠭᠤᠯᠤᠯᠲᠠ ᠶᠢᠨ ᠰᠠᠭᠤᠷᠢ  ᠮᠥᠩᠭᠦᠨ ᠤ ᠪᠣᠳᠠᠲᠠᠢ ᠪᠠᠶᠢᠳᠠᠯ ᠢ ᠦᠨᠳᠦᠰᠦᠯᠡᠨ᠂ ᠰᠠᠭᠤᠷᠢ ᠮᠥᠩᠭᠦᠨ ᠤ ᠳᠦᠷᠢᠮ ᠲᠣᠭᠲᠠᠭᠠᠯ᠂ ᠬᠤᠷᠰᠢᠬᠤ  ᠵᠥᠪᠯᠡᠯᠴᠡᠭᠡᠷ ᠪᠤᠶᠤ ᠪᠡᠯᠡ ᠣᠷᠣᠭᠤᠯᠤᠯᠲᠠ ᠶᠢᠨ ᠵᠥᠪᠯᠡᠯᠴᠡᠭᠡᠷ ᠲᠤ ᠪᠤᠴᠠᠭᠠᠵᠤ ᠭᠠᠷᠭᠠᠬᠤ ᠨᠥᠬᠦᠴᠡᠯ ᠪᠠ ᠠᠷᠭ᠎ᠠ ᠬᠡᠯᠪᠡᠷᠢ ᠪᠠᠨ ᠪᠣᠯᠵᠣᠵᠤ ᠲᠣᠭᠲᠠᠨ᠎ᠠ᠃

      ᠲᠠᠪᠢᠨ ᠳᠣᠯᠣᠳᠤᠭᠠᠷ ᠵᠦᠢᠯ   ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠤᠰᠤᠳ ᠪᠡᠯᠡ ᠭᠠᠷᠭᠠᠭᠴᠢ ᠲᠠᠢ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠳᠦᠷᠢᠮ ᠲᠣᠭᠲᠠᠭᠠᠯ ᠳᠤ ᠪᠠᠨ ᠳᠣᠣᠷ᠎ᠠ ᠳᠤᠷᠠᠳᠤᠭᠰᠠᠨ ᠪᠠᠶᠢᠳᠠᠯ ᠠᠴᠠ ᠨᠢᠭᠡ ᠨᠢ ᠪᠠᠶᠢᠪᠠᠯ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠮᠥᠩᠭᠦ ᠪᠠᠨ ᠪᠤᠰᠤᠳ ᠪᠡᠯᠡ ᠭᠠᠷᠭᠠᠭᠴᠢ ᠪᠠᠷ ᠵᠥᠪᠰᠢᠶᠡᠷᠡᠭᠦᠯᠬᠦ ᠴᠢᠬᠤᠯᠠ ᠦᠭᠡᠢ ᠪᠠᠷ ᠤᠷᠢᠳᠴᠢᠯᠠᠨ ᠪᠤᠴᠠᠭᠠᠵᠤ ᠭᠠᠷᠭᠠᠬᠤ ᠪᠠᠷ ᠰᠣᠩᠭᠤᠵᠤ ᠪᠣᠯᠬᠤ ᠪᠠᠷ ᠪᠣᠯᠵᠣᠵᠤ ᠲᠣᠭᠲᠠᠬᠤ ᠬᠡᠷᠡᠭᠲᠡᠢ :

     ︵ᠨᠢᠭᠡ︶ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠲᠥᠰᠥᠯ ᠢ ᠨᠤᠲᠠᠯᠠᠭᠰᠠᠨ ᠤ ᠳᠠᠷᠠᠭ᠎ᠠ 1 ᠵᠢᠯ ᠬᠡᠲᠦᠷᠡᠭᠰᠡᠨ ᠪᠠᠶᠢᠲᠠᠯ᠎ᠠ ᠲᠣᠭᠲᠠᠭᠰᠠᠨ ᠵᠢᠷᠤᠮ ᠪᠠ ᠴᠠᠭ ᠤᠨ ᠱᠠᠭᠠᠷᠳᠠᠯᠭ᠎ᠠ ᠶᠣᠰᠣᠭᠠᠷ ᠪᠠᠶᠢᠭᠤᠯᠬᠤ ᠭᠠᠷᠳᠠᠮ ᠢ ᠪᠡᠶᠡᠯᠡᠭᠦᠯᠦᠭᠰᠡᠨ ᠦᠭᠡᠢ︔

     ︵ᠬᠤᠶᠠᠷ︶ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢ ᠪᠡᠯᠡ ᠣᠷᠣᠭᠤᠯᠤᠯᠲᠠ ᠶᠢᠨ ᠰᠠᠭᠤᠷᠢ  ᠮᠥᠩᠭᠦᠨ ᠤ ᠲᠠᠩᠰᠠᠨ ᠡᠷᠦᠬᠡ ᠳᠤ ᠰᠢᠯᠵᠢᠭᠦᠯᠦᠨ ᠥᠭᠭᠦᠭᠡᠳ 1 ᠵᠢᠯ ᠠᠴᠠ ᠳᠡᠭᠡᠭᠰᠢ ᠪᠣᠯᠤᠭᠰᠠᠨ ᠳᠤ᠂ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠦᠭᠡᠢ︔

     ︵ᠭᠤᠷᠪᠠ︶ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠬᠦᠷᠢᠶ᠎ᠡ ᠪᠠ ᠴᠢᠭᠯᠡᠯ ᠨᠢ ᠲᠥᠷᠥ ᠶᠢᠨ ᠪᠣᠳᠣᠯᠭ᠎ᠠ ᠶᠢᠨ ᠬᠠᠷᠠᠯᠲᠠ ᠳᠤ ᠨᠡᠶᠢᠴᠡᠬᠦ ᠦᠭᠡᠶ︔

     ︵ᠳᠥᠷᠪᠡ︶ ᠰᠠᠭᠤᠷᠢ ᠮᠥᠩᠭᠦ ᠶᠢ ᠳᠦᠷᠢᠮ ᠲᠣᠭᠲᠠᠭᠠᠯ  ᠤᠨ ᠶᠣᠰᠣᠭᠠᠷ ᠪᠡᠯᠡ ᠣᠷᠣᠭᠤᠯᠤᠯᠲᠠ ᠬᠢᠭᠰᠡᠨ ᠦᠭᠡᠢ︔

     ︵ᠲᠠᠪᠤ︶ ᠳᠦᠷᠢᠮ ᠲᠣᠭᠲᠠᠭᠠᠯ ᠳᠤ ᠲᠣᠭᠲᠠᠭᠰᠠᠨ ᠵᠦᠢᠯ ᠲᠠᠢ ᠨᠡᠶᠢᠴᠡᠬᠦ ᠦᠭᠡᠢ ᠪᠤᠰᠤᠳ ᠪᠠᠶᠢᠳᠠᠯ︔

     ︵ᠵᠢᠷᠭᠤᠭ᠎ᠠ︶ ᠰᠠᠭᠤᠷᠢ ᠮᠥᠩᠭᠦᠨ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ ᠲᠤᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ᠃

      ᠲᠠᠪᠢᠨ ᠨᠠᠢᠮᠠᠳᠤᠭᠠᠷ ᠵᠦᠢᠯ   ᠵᠠᠰᠠᠭ ᠤᠨ ᠣᠷᠳᠣᠨ ᠭᠠᠷᠭᠠᠭᠰᠠᠨ ᠪᠡᠯᠡ ᠪᠠᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠠᠴᠠ ᠪᠤᠴᠠᠭᠠᠵᠤ ᠭᠠᠷᠭᠠᠬᠤ ᠳᠤ᠂ ᠳᠦᠷᠢᠮ ᠲᠣᠭᠲᠠᠭᠠᠯ ᠳᠤ ᠪᠣᠯᠵᠣᠨ ᠲᠣᠭᠲᠠᠭᠰᠠᠨ ᠨᠥᠬᠦᠴᠡᠯ ᠢᠶᠠᠷ ᠪᠤᠴᠠᠭᠠᠵᠤ ᠭᠠᠷᠭᠠᠬᠤ ᠬᠡᠷᠡᠭᠲᠡᠶ︔ ᠳᠦᠷᠢᠮ ᠲᠣᠭᠲᠠᠭᠠᠯ ᠳᠤ ᠪᠣᠯᠵᠣᠵᠤ ᠲᠣᠭᠲᠠᠭᠰᠠᠨ ᠦᠭᠡᠢ ᠪᠣᠯ᠂ ᠬᠢᠷᠢ ᠭᠡᠮ ᠲᠠᠢ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢ ᠤᠷᠢᠵᠤ ᠪᠡᠯᠡ ᠭᠠᠷᠭᠠᠭᠰᠠᠨ ᠡᠷᠬᠡ ᠠᠰᠢᠭ ᠲᠤ ᠦᠨᠡᠯᠡᠯᠲᠡ ᠵᠢᠱᠢᠯᠲᠡ ᠬᠢᠯᠭᠡᠵᠦ᠂ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠪᠤᠴᠠᠭᠠᠵᠤ ᠭᠠᠷᠭᠠᠬᠤ ᠦᠨ᠎ᠡ ᠬᠠᠩᠰᠢ ᠶᠢ ᠲᠣᠭᠲᠠᠭᠠᠬᠤ ᠶᠢᠨ ᠦᠨᠳᠦᠰᠦᠯᠡᠯ ᠪᠣᠯᠭᠠᠬᠤ ᠬᠡᠷᠡᠭᠲᠡᠢ᠃

      ᠠᠷᠪᠠᠨ ᠨᠢᠭᠡᠳᠦᠭᠡᠷ ᠪᠦᠯᠦᠭ   ᠳᠠᠭᠠᠯᠳᠤᠭᠤᠯᠤᠭᠰᠠᠨ ᠳᠦᠷᠢᠮ

      ᠲᠠᠪᠢ ᠶᠢᠰᠦᠳᠦᠭᠡᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠬᠢᠯᠢ ᠶᠢᠨ ᠭᠠᠳᠠᠨᠠᠬᠢ ᠠᠵᠤ ᠠᠬᠤᠶᠢᠯᠠᠯ ᠳᠤ ᠪᠡᠯᠡ ᠣᠷᠤᠭᠤᠯᠤᠯᠲᠠ ᠬᠢᠬᠦ ᠳᠤ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ᠃

      ᠵᠢᠷᠠᠳᠤᠭᠠᠷ ᠵᠦᠢᠯ   ᠲᠤᠰ ᠠᠷᠭ᠎ᠠ ᠳᠤ ᠲᠣᠳᠣᠷᠬᠠᠶᠢᠯᠠᠭᠰᠠᠨ ᠦᠭᠡᠢ ᠵᠦᠢᠯᠡᠰ ᠨᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠪᠤᠰᠤᠳ ᠲᠥᠷᠥ ᠶᠢᠨ ᠪᠣᠳᠣᠯᠭ᠎ᠠ ᠳᠤ ᠲᠣᠭᠲᠠᠭᠠᠯ ᠲᠠᠢ ᠪᠠᠶᠢᠪᠠᠯ᠂ ᠪᠤᠰᠤᠳ ᠲᠥᠷᠥ ᠶᠢᠨ ᠪᠣᠳᠣᠯᠭ᠎ᠠ ᠶᠢ ᠵᠢᠷᠤᠮᠯᠠᠨ ᠬᠡᠷᠡᠭᠵᠢᠭᠦᠯᠦᠨ᠎ᠡ᠃

      ᠵᠢᠷᠠᠨ ᠨᠢᠭᠡᠳᠦᠭᠡᠷ ᠵᠦᠢᠯ   ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠨᠲᠡ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔 2018〕 100 ᠳ᠋ᠤᠭᠠᠷ ᠲᠣᠭᠠᠲᠤ︶ ᠢ ᠲᠣᠬᠢᠷᠠᠭᠤᠯᠤᠨ ᠬᠡᠷᠡᠭᠯᠡᠵᠦ᠂ ᠲᠡᠭᠦᠨ ᠤ ᠲᠥᠰᠥᠪ ᠤᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ᠂ ᠠᠮᠵᠢᠯᠲᠠ ᠪᠦᠲᠦᠮᠵᠢ ᠶᠢᠨ ᠦᠨᠡᠯᠡᠯᠲᠡ ᠵᠢᠴᠢ ᠬᠢᠨᠠᠯᠲᠠ ᠬᠠᠮᠢᠶᠠᠷᠤᠯᠲᠠ᠂ ᠳᠠᠭᠤᠰᠬᠠᠬᠤ ᠪᠠ ᠪᠤᠴᠠᠭᠠᠨ ᠭᠠᠷᠭᠠᠬᠤ ᠵᠡᠷᠭᠡ ᠠᠵᠢᠯᠯᠠᠭ᠎ᠠ ᠨᠢ ᠲᠤᠰ ᠠᠷᠭ᠎ᠠ ᠶᠢ ᠬᠡᠷᠡᠭᠵᠢᠭᠦᠯᠲᠡᠯ᠎ᠡ ᠦᠷᠭᠦᠯᠵᠢᠯᠡᠭᠰᠡᠨ ᠪᠠᠶᠢᠪᠠᠯ ᠲᠤᠰ ᠠᠷᠭ᠎ᠠ ᠶᠢᠨ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

         2024 ᠣᠨ ᠤ 4 ᠳ᠋ᠦ᠋ᠭᠡᠷ ᠰᠠᠷ᠎ᠠ ᠶᠢᠨ 2 ᠤᠨ ᠡᠳᠦᠷ ᠳᠠᠷᠤᠮᠠᠯᠯᠠᠨ ᠲᠠᠷᠬᠠᠭᠠᠪᠠ

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ