2024 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2024/8/30

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠠᠬᠢᠯᠭᠠᠨ ᠨᠡᠪᠲᠡᠷᠡᠭᠦᠯᠭᠡ

ᠥᠪᠥᠷ ᠵᠠᠰᠠᠭ ᠲᠠᠷᠬᠠᠭᠠᠭᠰᠠᠨ ᠴᠠᠬᠢᠯᠭᠠᠨ 〔2024〕 1 ᠳ᠋ᠦ᠋ᠭᠡᠷ ᠲᠣᠭᠠᠲᠤ

 

2024 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

    ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ ᠢ ᠨᠡᠶᠢᠲᠡᠯᠡᠪᠡ᠄

    ᠨᠢᠭᠡ᠂ ᠭᠠᠯ ᠰᠡᠷᠭᠡᠶᠢᠯᠡᠬᠦ ᠬᠤᠭᠤᠴᠠᠭ᠎ᠠ ᠪᠠ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠪᠠᠨ ᠲᠣᠳᠣᠷᠬᠠᠶᠢᠯᠠᠬᠤ ᠬᠡᠷᠡᠭᠲᠡᠢ

    ᠪᠥᠬᠦ ᠣᠷᠣᠨ ᠤ ᠰᠢᠯᠢ ᠶᠢᠨ ᠭᠤᠣᠯ ᠠᠶᠢᠮᠠᠭ ᠠᠴᠠ ᠵᠡᠭᠦᠨᠰᠢᠬᠢ ᠭᠠᠵᠠᠷ ᠣᠷᠣᠨ ᠤ ᠭᠠᠯ ᠰᠡᠷᠭᠡᠶᠢᠯᠡᠬᠦ ᠬᠤᠭᠤᠴᠠᠭ᠎ᠠ ᠪᠣᠯ ᠬᠠᠪᠤᠷ ᠤᠨ ᠤᠯᠠᠷᠢᠯ ᠤᠨ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ᠂ ᠨᠠᠮᠤᠷ ᠤᠨ ᠤᠯᠠᠷᠢᠯ ᠤᠨ 9 ᠳ᠋ᠦ᠋ᠭᠡᠷ ᠰᠠᠷ᠎ᠠ ᠶᠢᠨ 15 ᠤ ᠡᠳᠦᠷ ᠠᠴᠠ 11 ᠳ᠋ᠦ᠋ᠭᠡᠷ ᠰᠠᠷ᠎ᠠ ᠶᠢᠨ 15 ᠤ ᠡᠳᠦᠷ ᠪᠣᠯᠣᠨ᠎ᠠ᠂ ᠤᠯᠠᠭᠠᠨᠴᠠᠪ ᠬᠤᠲᠠ ᠠᠴᠠ ᠪᠠᠷᠠᠭᠤᠨᠰᠢᠬᠢ ᠭᠠᠵᠠᠷ ᠣᠷᠣᠨ ᠤ ᠭᠠᠯ ᠰᠡᠷᠭᠡᠶᠢᠯᠡᠬᠦ ᠬᠤᠭᠤᠴᠠᠭ᠎ᠠ ᠪᠣᠯ ᠲᠣᠰ ᠵᠢᠯ ᠤᠨ 9 ᠳ᠋ᠦ᠋ᠭᠡᠷ ᠰᠠᠷ᠎ᠠ ᠶᠢᠨ 15 ᠤ ᠡᠳᠦᠷ ᠠᠴᠠ ᠢᠷᠡᠬᠦ ᠵᠢᠯ ᠤᠨ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠡᠭᠦᠨ ᠳᠤ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠭᠠᠯ ᠰᠡᠷᠭᠡᠶᠢᠯᠡᠬᠦ ᠬᠤᠭᠤᠴᠠᠭ᠎ᠠ ᠪᠣᠯ 3 ᠳ᠋ᠤᠭᠠᠷ ᠰᠠᠷ᠎ᠠ ᠶᠢᠨ 15 ᠤ ᠡᠳᠦᠷ ᠠᠴᠠ 11 ᠳ᠋ᠦ᠋ᠭᠡᠷ ᠰᠠᠷ᠎ᠠ ᠶᠢᠨ 15 ᠤ ᠡᠳᠦᠷ ᠪᠣᠯᠣᠨ᠎ᠠ᠃ ᠪᠥᠬᠦ ᠣᠷᠣᠨ ᠤ ᠭᠠᠯ ᠰᠡᠷᠭᠡᠶᠢᠯᠡᠨ ᠤᠨᠲᠠᠷᠠᠭᠠᠬᠤ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠪᠣᠯ ᠬᠠᠪᠤᠷ ᠤᠨ ᠤᠯᠠᠷᠢᠯ ᠤᠨ 4 ᠳ᠋ᠦ᠋ᠭᠡᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ᠂ ᠨᠠᠮᠤᠷ ᠤᠨ ᠤᠯᠠᠷᠢᠯ ᠤᠨ 10 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃ ᠡᠯ᠎ᠡ ᠭᠠᠵᠠᠷ ᠣᠷᠣᠨ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠤᠰ ᠭᠠᠵᠠᠷ ᠣᠷᠣᠨ ᠤ ᠪᠠᠨ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠶᠢ ᠤᠷᠢᠳᠴᠢᠯᠠᠭᠤᠯᠬᠤ ᠪᠤᠶᠤ ᠬᠤᠶᠢᠰᠢᠯᠠᠭᠤᠯᠵᠤ ᠪᠣᠯᠣᠨ᠎ᠠ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠬᠢᠵᠠᠭᠠᠷ ᠪᠠ ᠣᠷᠣᠨ ᠪᠦᠰᠡ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠬᠤᠪᠢᠶᠠᠷᠢᠯᠠᠨ ᠲᠣᠭᠲᠠᠭᠠᠵᠤ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠲᠤ ᠳᠠᠩᠰᠠᠯᠠᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠢ᠃

    ᠬᠤᠶᠠᠷ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ ᠴᠢᠩᠭᠠᠳᠬᠠᠬᠤ ᠬᠡᠷᠡᠭᠲᠡᠢ

    ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠢ᠂ ᠬᠤᠪᠢ ᠬᠥᠮᠥᠨ ᠤ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ ᠴᠢᠩᠭᠠᠳᠬᠠᠵᠤ᠂ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ ᠲᠣᠭᠲᠠᠭᠠᠵᠤ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠨ᠂ ᠨᠢᠭᠲᠠ ᠴᠢᠩᠭ᠎ᠠ ᠲᠣᠣᠷᠵᠢᠭᠤᠯᠤᠭᠰᠠᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠢ ᠨᠢ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ ᠠᠵᠢᠯᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠢ᠃

    ᠭᠤᠷᠪᠠ᠂ ᠤᠬᠠᠭᠤᠯᠭ᠎ᠠ ᠬᠥᠮᠦᠵᠢᠯ ᠢᠶᠠᠨ ᠭᠦᠨᠵᠡᠭᠡᠶᠢᠷᠡᠭᠦᠯᠬᠦ ᠬᠡᠷᠡᠭᠲᠡᠢ

    ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠬᠠᠷᠢᠭᠤᠴᠠᠯᠭᠠᠲᠤ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢᠵᠢᠯ ᠤᠨ ᠦᠵᠡᠯ ᠤᠬᠠᠮᠰᠠᠷ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠤᠷᠢᠳᠴᠢᠯᠠᠨ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ ᠵᠢᠴᠢ ᠭᠠᠮᠰᠢᠭ ᠢ ᠪᠠᠭᠠᠰᠬᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃

    ᠳᠥᠷᠪᠡ᠂ ᠭᠠᠯ ᠲᠦᠢᠮᠡᠷ ᠤᠨ ᠠᠶᠤᠯ ᠢ ᠰᠡᠷᠡᠮᠵᠢᠯᠡᠨ ᠰᠡᠷᠭᠡᠶᠢᠯᠡᠬᠦ ᠠᠵᠢᠯ ᠢ ᠴᠢᠩᠭᠠᠷᠠᠭᠤᠯᠬᠤ ᠬᠡᠷᠡᠭᠲᠡᠢ

    ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠡᠷᠡᠭ ᠶᠠᠪᠤᠳᠠᠯ ᠠᠴᠠ ᠡᠮᠦᠨ᠎ᠡ ᠢᠯᠡᠭᠦᠦ ᠬᠦᠴᠦ ᠲᠠᠯᠪᠢᠨ᠂ ᠵᠠᠩᠭᠢᠯᠠᠭ᠎ᠠ ᠶᠢᠨ ᠠᠵᠢᠯ ᠢᠶᠠᠨ ᠤᠷᠢᠳᠴᠢᠯᠠᠨ ᠭᠦᠢᠴᠡᠳᠬᠡᠵᠦ᠂ ᠭᠤᠣᠯᠳᠠᠯᠭ᠎ᠠ ᠶᠢ ᠦᠨᠳᠦᠰᠦᠨ ᠱᠠᠲᠤᠨ ᠳᠤ ᠴᠢᠭᠯᠡᠭᠦᠯᠬᠦ ᠶᠢ ᠠᠬᠢᠭᠤᠯᠵᠤ᠂ ᠲᠤᠰᠠᠭᠠᠷᠯᠠᠬᠤ ᠪᠦᠰᠡ ᠶᠢᠨ ᠪᠦᠲᠦᠭᠡᠨ ᠪᠠᠶᠢᠭᠤᠯᠬᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠣᠶ ᠶᠢᠨ ᠬᠤᠷᠮᠣᠢ ᠶᠢᠨ ᠰᠢᠲᠠᠮᠠᠬᠠᠢ ᠪᠣᠳᠠᠰ ᠢ ᠠᠷᠢᠯᠭᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠪᠠᠨ ᠴᠢᠩᠭᠠᠳᠬᠠᠨ᠂ ᠭᠠᠯ ᠲᠦᠢᠮᠡᠷ ᠤᠨ ᠠᠶᠤᠯ ᠤᠨ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠬᠤ ᠠᠵᠢᠯᠯᠠᠭᠠᠨ ᠢ ᠪᠠᠶᠢᠩᠭᠤᠵᠢᠭᠤᠯᠤᠨ ᠥᠷᠨᠢᠭᠦᠯᠵᠦ᠂ ᠲᠠᠷᠢᠶᠠᠯᠠᠩ ᠤᠨ ᠠᠳᠠᠯ ᠣᠶ ᠰᠢᠭᠤᠢ ᠶᠢᠨ ᠠᠳᠠᠯ ᠡᠷᠬᠢᠯᠡᠬᠦ᠂ ᠪᠠᠷᠢᠯᠭ᠎ᠠ ᠶᠢᠨ ᠠᠵᠢᠯ ᠬᠢᠬᠦ᠂ ᠦᠢᠯᠡᠳᠪᠦᠷᠢᠯᠡᠵᠦ ᠲᠡᠭᠡᠭᠡᠪᠦᠷᠢᠯᠡᠬᠦ᠂ ᠵᠤᠭᠠᠴᠠᠨ ᠨᠠᠭᠠᠳᠴᠤ ᠲᠠᠬᠢᠯᠭ᠎ᠠ ᠬᠢᠬᠦ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠴᠢᠩᠭ᠎ᠠ ᠬᠠᠮᠢᠶᠠᠷᠴᠤ᠂ ︽ᠵᠥᠪᠰᠢᠶᠡᠷᠡᠬᠦ ᠪᠠ ᠬᠤᠷᠢᠭᠯᠠᠬᠤ ᠶᠢ ᠤᠶᠠᠯᠳᠤᠭᠤᠯᠵᠤ︾ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠬᠤ ᠬᠡᠷᠡᠭᠲᠡᠢ᠃

    ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭᠠᠨ ᠳᠤ᠂ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠣᠷᠣᠨ ᠳᠤ ᠳᠣᠣᠷᠠᠬᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠄

    ︵ᠨᠢᠭᠡ︶ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠭᠠᠳᠠᠭ᠎ᠠ ᠬᠤᠭᠤᠯᠠᠯᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠫᠤᠤᠵᠢᠩ ᠲᠠᠯᠪᠢᠬᠤ᠂ ᠭᠠᠯ ᠨᠣᠴᠣᠭᠠᠵᠤ ᠳᠤᠯᠠᠭᠠᠯᠠᠬᠤ᠂ ᠬᠤᠭ ᠨᠣᠪᠰᠢ ᠰᠢᠲᠠᠭᠠᠬᠤ ᠵᠡᠷᠭᠡ ᠦᠢᠯᠡᠳᠪᠦᠷᠢᠯᠡᠯ ᠤᠨ ᠪᠤᠰᠤ ᠬᠡᠷᠡᠭᠴᠡᠭᠡᠨ ᠳᠤ ᠭᠠᠯ ᠬᠡᠷᠡᠭᠯᠡᠬᠦ ᠪᠠ ᠠᠲᠠᠷ ᠰᠢᠲᠠᠭᠠᠬᠤ᠂ ᠡᠰᠢ ᠰᠦᠷᠡᠯ ᠰᠢᠲᠠᠭᠠᠬᠤ ᠵᠡᠷᠭᠡ ᠲᠠᠷᠢᠶᠠᠯᠠᠩ ᠤᠨ ᠠᠳᠠᠯ ᠳᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃

    ︵ᠬᠤᠶᠠᠷ︶ ᠬᠡᠭᠡᠷ᠎ᠡ ᠭᠠᠳᠠᠨᠠᠬᠢ ᠦᠢᠯᠡᠳᠪᠦᠷᠢᠯᠡᠯ ᠳᠤ ᠭᠠᠯ ᠬᠡᠷᠡᠭᠯᠡᠬᠦ ᠳᠤ ᠪᠠᠨ ᠡᠷᠬᠡᠪᠰᠢ ᠲᠤᠬᠠᠢ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠡᠳ᠂ ᠴᠠᠭ ᠢᠶᠠᠨ ᠲᠣᠭᠲᠠᠭᠰᠠᠨ᠂ ᠭᠠᠵᠠᠷ ᠢᠶᠠᠨ ᠲᠣᠭᠲᠠᠭᠰᠠᠨ᠂ ᠬᠠᠷᠢᠭᠤᠴᠠᠯᠭᠠᠲᠠᠨ ᠢᠶᠠᠨ ᠲᠣᠳᠣᠷᠬᠠᠶᠢᠯᠠᠭᠰᠠᠨ᠂ ᠰᠡᠷᠭᠡᠶᠢᠯᠡᠵᠦ ᠠᠪᠤᠷᠠᠬᠤ ᠪᠡᠯᠡᠳᠬᠡᠯ ᠢᠶᠠᠨ ᠰᠠᠶᠢᠲᠤᠷ ᠬᠢᠭᠰᠡᠨ ᠤᠷᠢᠲᠠᠯ ᠳᠣᠣᠷ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃

    ︵ᠭᠤᠷᠪᠠ︶ ᠵᠠᠬᠢᠷᠤᠨ ᠬᠠᠮᠢᠶᠠᠷᠬᠤ ᠣᠷᠣᠨ ᠪᠦᠰᠡ ᠳᠤ ᠣᠷᠣᠬᠤ ᠬᠥᠮᠥᠨ ᠬᠠᠷ᠎ᠠ ᠲᠡᠷᠭᠡ ᠬᠥᠰᠬᠡ ᠶᠢᠨ ᠭᠠᠯ ᠤᠨ ᠴᠤᠭ ᠪᠤᠶᠤ ᠨᠣᠴᠣᠮᠠᠲᠠᠭᠠᠢ ᠳᠡᠯᠪᠡᠷᠡᠮᠡᠲᠡᠭᠡᠢ ᠡᠳ᠋ ᠪᠣᠳᠠᠰ ᠠᠪᠴᠤ ᠣᠷᠣᠬᠤ ᠶᠢ ᠴᠢᠩᠭ᠎ᠠ ᠴᠠᠭᠠᠵᠠᠯᠠᠵᠤ᠂ ᠴᠢᠬᠤᠯᠠ ᠲᠠᠢ ᠦᠶ᠎ᠡ ᠳᠤ ︽ᠭᠠᠯ ᠰᠡᠷᠭᠡᠶᠢᠯᠡᠬᠦ ᠪᠦᠲᠡᠭᠡᠯᠭᠡ︾ ᠨᠡᠮᠡᠨ ᠤᠭᠰᠠᠷᠠᠵᠤ ᠪᠠᠶᠢᠭᠠᠳ ᠪᠤᠬ᠎ᠠ ᠲᠡᠷᠭᠡ ᠭᠠᠯ ᠵᠣᠯᠭᠠᠵᠤ ᠳᠦᠷᠡᠯᠵᠡᠨ ᠨᠣᠴᠣᠬᠤ ᠶᠢ ᠰᠡᠷᠭᠡᠶᠢᠯᠡᠬᠦ᠂ ᠪᠠᠷᠠᠭᠠᠨ ᠤ ᠲᠡᠷᠭᠡ ᠶᠢᠨ ᠲᠡᠷᠭᠡᠨ ᠲᠠᠰᠤᠯᠭ᠎ᠠ ᠶᠢ ᠪᠢᠲᠡᠭᠦᠮᠵᠢᠯᠡᠵᠦ ᠪᠠᠶᠢᠭᠠᠳ ᠰᠢᠲᠠᠮᠠᠬᠠᠢ ᠪᠣᠳᠠᠰ ᠠᠰᠬᠠᠷᠠᠵᠤ ᠭᠠᠷᠬᠤ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ ᠭᠠᠯᠲᠤ ᠲᠡᠷᠭᠡ᠂ ᠮᠠᠰᠢᠨ ᠲᠡᠷᠭᠡ ᠵᠡᠷᠭᠡ ᠶᠢᠨ ᠵᠢᠯᠣᠭᠤᠴᠢ ᠦᠢᠯᠡᠴᠢᠯᠡᠭᠴᠢ ᠪᠠ ᠠᠶᠠᠨᠴᠢᠳ ᠭᠠᠳᠠᠭᠰᠢ ᠪᠠᠨ ᠭᠠᠯ ᠵᠣᠯᠭᠠᠬᠤ ᠵᠦᠢᠯ ᠰᠢᠳᠡᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃

    ︵ᠳᠥᠷᠪᠡ︶ ᠡᠯ᠎ᠡ ᠪᠠᠶᠢᠴᠠᠭᠠᠬᠤ ᠥᠷᠲᠡᠭᠡ᠂ ᠬᠠᠷᠠᠭᠤᠯ ᠤᠨ ᠲᠠᠪᠴᠠᠩ᠂ ᠴᠠᠭᠳᠠᠨ ᠲᠣᠭᠤᠷᠢᠵᠤ ᠬᠠᠮᠠᠭᠠᠯᠠᠬᠤ ᠵᠡᠷᠭᠡ ᠠᠵᠢᠯ ᠤᠨ ᠪᠠᠶᠢᠷᠢᠨ ᠳᠠᠬᠢ ᠬᠥᠮᠥᠰ ᠨᠢ ᠪᠦᠬᠦᠯᠢ ᠡᠳᠦᠷ ᠢᠶᠠᠷ ᠵᠢᠵᠢᠭᠦᠷᠯᠡᠨ ᠰᠠᠬᠢᠵᠤ᠂ ᠰᠢᠭᠤᠶᠢᠲᠤ ᠣᠷᠣᠨ ᠪᠠ ᠨᠤᠲᠤᠭ ᠪᠡᠯᠴᠢᠭᠡᠷ ᠲᠤ ᠣᠷᠣᠬᠤ ᠬᠥᠮᠥᠨ ᠬᠠᠷ᠎ᠠ ᠪᠠ ᠲᠡᠷᠭᠡ ᠬᠥᠰᠬᠡ ᠶᠢ ᠴᠢᠩᠭ᠎ᠠ ᠵᠠᠬᠢᠷᠤᠨ ᠬᠠᠮᠢᠶᠠᠷᠬᠤ ᠬᠡᠷᠡᠭᠲᠡᠢ᠃ ᠰᠢᠭᠤᠶᠢᠲᠤ ᠣᠷᠣᠨ ᠪᠠ ᠨᠤᠲᠤᠭ ᠪᠡᠯᠴᠢᠭᠡᠷ ᠲᠤ ᠣᠷᠣᠬᠤ ᠬᠥᠮᠥᠨ ᠬᠠᠷ᠎ᠠ ᠪᠠ ᠲᠡᠷᠭᠡ ᠬᠥᠰᠬᠡ ᠨᠢ ᠡᠷᠬᠡᠪᠰᠢ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠠᠶᠢᠴᠠᠭᠠᠯᠲᠠ ᠶᠢ ᠬᠦᠯᠢᠶᠡᠵᠦ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠭᠲᠠᠭᠠᠯ  ᠢ ᠵᠢᠷᠤᠮᠯᠠᠨ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠡᠭᠦᠷᠭᠡ ᠪᠠᠨ ᠭᠦᠢᠴᠡᠳᠬᠡᠬᠦ ᠬᠡᠷᠡᠭᠲᠡᠢ᠃

    ᠳᠡᠭᠡᠷᠡᠬᠢ ᠲᠣᠭᠲᠠᠭᠠᠯ ᠢ ᠵᠥᠷᠢᠴᠡᠭᠰᠡᠨ ᠪᠥᠬᠦᠨ ᠳᠤ ᠪᠠᠶᠢᠪᠠᠯ ᠬᠠᠤᠯᠢ ᠶᠣᠰᠣᠭᠠᠷ ᠬᠠᠷᠠᠭᠠᠯᠵᠠᠭᠰᠠᠨ ᠰᠢᠢᠳᠬᠡᠯ ᠲᠣᠷᠭᠠᠭᠤᠯᠢ ᠥᠭᠭᠦᠨ᠎ᠡ᠃ ᠣᠷᠣᠰᠢᠵᠤ ᠪᠠᠶᠢᠭ᠎ᠠ ᠠᠰᠠᠭᠤᠳᠠᠯ ᠢᠶᠠᠨ ᠴᠡᠭᠴᠡᠯᠡᠨ ᠰᠠᠶᠢᠵᠢᠷᠠᠭᠤᠯᠬᠤ ᠶᠢ ᠲᠡᠪᠴᠢᠬᠦ᠂ ᠬᠠᠮᠢᠶᠠᠷᠤᠯᠲᠠ ᠶᠢ ᠳᠠᠭᠠᠬᠤ ᠦᠭᠡᠢ ᠪᠤᠶᠤ ᠵᠣᠷᠢᠭᠤᠳᠠ ᠵᠥᠷᠢᠴᠡᠭᠰᠡᠳ ᠢ ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠨ᠎ᠡ᠃

    ᠲᠠᠪᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ ᠪᠠᠨ ᠴᠢᠩᠭᠠᠳᠬᠠᠬᠤ ᠬᠡᠷᠡᠭᠲᠡᠢ

    ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠢ ᠡᠭᠦᠰᠬᠡᠨ ᠥᠷᠪᠢᠰᠭᠡᠵᠦ ᠮᠡᠳᠡᠬᠦ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠭᠠᠯ ᠲᠦᠢᠮᠡᠷ ᠤᠨ ᠠᠶᠤᠯ ᠤᠨ ᠥᠨᠳᠥᠷ ᠳᠡᠰ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ᠂ ᠳᠠᠭᠠᠭᠤᠯᠢ ᠣᠳᠣᠨ ᠤ ᠠᠯᠤᠰ ᠰᠡᠷᠡᠯ᠂ ᠰᠤᠪᠤᠷᠭᠠᠨ ᠬᠠᠷᠠᠭᠤᠯ ᠢᠶᠠᠷ ᠪᠠᠷᠠᠯᠠᠬᠤ᠂ ᠭᠠᠵᠠᠷ ᠳᠡᠭᠡᠷ᠎ᠡ ᠴᠠᠭᠳᠠᠨ ᠲᠣᠭᠤᠷᠢᠬᠤ᠂ ᠸᠢᠳᠢᠤ᠋ ᠪᠠᠷ ᠬᠢᠨᠠᠨ ᠡᠵᠡᠮᠳᠡᠬᠦ᠂ ᠤᠲᠠᠰᠤ ᠪᠠᠷ ᠲᠦᠭᠰᠢᠭᠦᠷᠢᠲᠦ ᠮᠡᠳᠡᠭᠡᠯᠡᠯ ᠢ ᠬᠦᠯᠢᠶᠡᠨ ᠠᠪᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠰᠢᠨᠵᠢᠬᠦ ᠵᠡᠷᠭᠡ ᠠᠷᠭ᠎ᠠ ᠬᠢᠳᠡᠯ ᠢ ᠶᠡᠷᠦᠩᠬᠡᠶᠢᠯᠡᠨ ᠬᠡᠷᠡᠭᠯᠡᠵᠦ᠂ ᠪᠦᠬᠦᠯᠢ ᠡᠳᠦᠷ ᠢᠶᠠᠷ᠂ ᠪᠡᠶᠡᠲᠦ ᠴᠣᠭᠴᠠ ᠪᠠᠷ ᠬᠢᠯᠢ ᠶᠢᠨ ᠭᠠᠳᠠᠨᠠᠬᠢ ᠭᠠᠯ ᠲᠦᠢᠮᠡᠷ᠂ ᠠᠶᠤᠩᠭ᠎ᠠ ᠪᠠᠭᠤᠵᠤ ᠭᠠᠯ ᠲᠦᠢᠮᠡᠷ ᠡᠭᠦᠰᠬᠦ ᠪᠠ ᠬᠢᠯᠢ ᠶᠢᠨ ᠳᠣᠲᠣᠷᠠᠬᠢ ᠡᠯ᠎ᠡ ᠲᠥᠷᠥᠯ ᠤᠨ ᠭᠠᠯ ᠲᠦᠢᠮᠡᠷ ᠤᠨ ᠪᠠᠶᠢᠳᠠᠯ ᠢ ᠬᠢᠨᠠᠨ ᠰᠢᠨᠵᠢᠵᠦ᠂ ᠠᠶᠤᠯ ᠤᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠠᠪᠴᠤ᠂ ᠠᠶᠤᠯ ᠤᠨ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠯᠲᠡ ᠬᠢᠬᠦ ᠬᠡᠷᠡᠭᠲᠡᠢ᠃ ᠰᠠᠯᠠᠭ᠎ᠠ ᠮᠥᠴᠢᠷ ᠬᠤᠭᠤᠷᠣ ᠬᠤᠭᠤᠷᠣᠨᠳᠤ ᠪᠠᠨ ᠭᠠᠯ ᠲᠦᠢᠮᠡᠷ ᠤᠨ ᠠᠶᠤᠯ ᠤᠨ ᠪᠠᠶᠢᠳᠠᠯ ᠢ ᠵᠥᠪᠳᠡᠯᠴᠡᠵᠦ ᠰᠤᠳᠤᠯᠤᠨ ᠮᠠᠭᠠᠳᠯᠠᠬᠤ ᠪᠠ ᠬᠤᠯᠪᠤᠭᠠᠯᠠᠨ ᠵᠢᠵᠢᠭᠦᠷᠯᠡᠵᠦ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ᠂ ᠭᠠᠯ ᠲᠦᠢᠮᠡᠷ ᠤᠨ ᠪᠠᠶᠢᠳᠠᠯ ᠢ ᠮᠡᠳᠡᠭᠦᠯᠬᠦ᠂ ᠡᠩᠨᠡᠭᠡ ᠪᠠᠨ ᠲᠣᠬᠢᠷᠠᠭᠤᠯᠤᠨ ᠵᠢᠯᠤᠭᠤᠳᠬᠤ᠂ ᠬᠤᠯᠪᠤᠭᠠᠯᠠᠨ ᠵᠢᠵᠢᠭᠦᠷᠯᠡᠬᠦ ᠵᠡᠷᠭᠡ ᠠᠵᠢᠯ ᠢ ᠨᠢᠭᠡ ᠴᠣᠭᠴᠠᠵᠢᠭᠤᠯᠤᠨ ᠥᠷᠨᠢᠭᠦᠯᠬᠦ ᠬᠡᠷᠡᠭᠲᠡᠢ᠃

    ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠨ ᠴᠢᠩᠭᠠᠷᠠᠭᠤᠯᠬᠤ ᠬᠡᠷᠡᠭᠲᠡᠢ

    ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠰᠠᠯᠠᠭ᠎ᠠ ᠮᠥᠴᠢᠷ ᠤᠨ ᠶᠡᠷᠦᠩᠬᠡᠶᠢᠯᠡᠵᠦ ᠵᠢᠵᠢᠭᠦᠷᠯᠡᠬᠦ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠠᠶᠢᠭᠤᠯᠤᠮᠵᠢ ᠶᠢᠨ ᠲᠤᠰᠬᠠᠢ ᠮᠡᠷᠭᠡᠵᠢᠯ ᠤᠨ ᠠᠵᠢᠯᠲᠠᠨ ᠵᠢᠵᠢᠭᠦᠷᠯᠡᠨ ᠰᠠᠬᠢᠬᠤ ᠪᠠ ᠵᠠᠩᠭᠢᠯᠠᠭ᠎ᠠ ᠶᠢᠨ ᠬᠤᠭᠤᠴᠠᠭᠠᠨ ᠳᠤ ᠰᠠᠯᠠᠭ᠎ᠠ ᠮᠥᠴᠢᠷ ᠤᠨ ᠬᠤᠯᠪᠤᠭᠠᠯᠠᠨ ᠵᠢᠵᠢᠭᠦᠷᠯᠡᠨ ᠰᠠᠬᠢᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠮᠰᠢᠭ ᠤᠨ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠵᠢᠷᠤᠮᠵᠢᠯ︾ ᠵᠢᠴᠢ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ︽ᠭᠠᠯ ᠲᠦᠢᠮᠡᠷ ᠭᠠᠷᠪᠠᠯ ᠡᠷᠬᠡᠪᠰᠢ ᠮᠡᠳᠡᠭᠦᠯᠬᠦ︾᠂ ︽ᠮᠡᠳᠡᠭᠦᠯᠦᠯᠲᠡ ᠤᠨᠲᠠᠷᠠᠭᠠᠯᠲᠠ ᠶᠢ ᠵᠡᠷᠭᠡᠪᠡᠷ ᠶᠠᠪᠤᠭᠳᠠᠭᠤᠯᠬᠤ︾ ᠪᠠ ᠭᠤᠣᠯᠳᠠᠯᠭ᠎ᠠ ᠲᠠᠢ ᠴᠠᠭ ᠬᠤᠭᠤᠴᠠᠭᠠᠨ ᠤ ︽ᠡᠳᠦᠷ ᠤᠨ ᠮᠡᠳᠡᠭᠦᠯᠦᠯᠲᠡ︾᠂ ︽ᠭᠠᠯ ᠲᠦᠢᠮᠡᠷ ᠦᠭᠡᠢ ᠮᠡᠳᠡᠭᠦᠯᠦᠯᠲᠡ︾ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠭᠠᠯ ᠲᠦᠢᠮᠡᠷ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢᠶᠠᠨ ᠲᠡᠭᠦᠯᠳᠡᠷᠵᠢᠭᠦᠯᠵᠦ᠂ ᠡᠩᠨᠡᠭᠡᠨ ᠤ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠦᠨ᠂ ᠶᠡᠷᠦᠩᠬᠡᠶᠢᠯᠡᠭᠰᠡᠨ ᠪᠠᠲᠤᠯᠠᠭ᠎ᠠ ᠪᠠᠨ ᠴᠢᠩᠭᠠᠳᠬᠠᠵᠤ᠂ ᠭᠡᠨᠡᠳᠲᠡ ᠶᠢᠨ ᠭᠠᠯ ᠲᠦᠢᠮᠡᠷ ᠤᠨ ᠪᠠᠶᠢᠳᠠᠯ ᠳᠤ ᠦᠳᠲᠡᠷ ᠲᠦᠷᠭᠡᠨ ᠬᠥᠳᠡᠯᠦᠯᠴᠡᠵᠦ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠂ ︽ᠡᠷᠲᠡ ᠤᠨᠲᠠᠷᠠᠭᠠᠬᠤ᠂ ᠪᠠᠭ᠎ᠠ ᠳᠡᠭᠡᠷ᠎ᠡ ᠨᠢ ᠤᠨᠲᠠᠷᠠᠭᠠᠬᠤ᠂ ᠪᠦᠷᠢᠮᠦᠰᠦᠨ ᠤᠨᠲᠠᠷᠠᠭᠠᠬᠤ︾ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠷᠢᠶ᠎ᠠ ᠭᠠᠵᠠᠷ ᠤᠨ ᠵᠢᠯᠣᠭᠤᠳᠤᠯᠭ᠎ᠠ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ᠂ ᠨᠢᠭᠡᠳᠦᠯᠲᠡᠢ ᠵᠢᠯᠣᠭᠤᠳᠤᠯᠭ᠎ᠠ ᠶᠢ ᠪᠠᠷᠢᠮᠲᠠᠯᠠᠵᠤ᠂ ᠭᠠᠯ ᠲᠦᠢᠮᠡᠷ ᠤᠨ ᠪᠠᠶᠢᠳᠠᠯ ᠭᠠᠷᠤᠮᠠᠭᠴᠠ ᠣᠯᠠᠨ ᠲᠦᠮᠡᠨ ᠢ ᠲᠠᠷᠬᠠᠭᠠᠨ ᠰᠢᠯᠵᠢᠭᠦᠯᠬᠦ ᠠᠵᠢᠯ ᠢ ᠴᠠᠭ ᠲᠤᠬᠠᠢ ᠳᠤ ᠨᠢ ᠰᠠᠶᠢᠲᠤᠷ ᠬᠢᠵᠦ᠂ ᠣᠯᠠᠨ ᠲᠦᠮᠡᠨ ᠢ ᠰᠢᠭᠤᠳ ᠭᠠᠯ ᠲᠦᠢᠮᠡᠷ ᠤᠨᠲᠠᠷᠠᠭᠠᠬᠤ ᠡᠮᠦᠨ᠎ᠡ ᠹᠷᠤᠨᠲ ᠲᠤ ᠣᠴᠢᠭᠤᠯᠬᠤ ᠠᠴᠠ ᠡᠷᠡᠰ ᠬᠢᠴᠢᠶᠡᠨ ᠵᠠᠶᠢᠯᠠᠰᠬᠢᠵᠦ᠂ ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ᠂ ᠰᠤᠷᠤᠭᠴᠢᠳ ᠵᠡᠷᠭᠡ ᠶᠢᠨ ᠭᠠᠯ ᠲᠦᠢᠮᠡᠷ ᠤᠨᠲᠠᠷᠠᠭᠠᠬᠤ ᠳᠤ ᠣᠷᠣᠯᠴᠠᠬᠤ ᠶᠢ ᠴᠠᠭᠠᠵᠠᠯᠠᠨ᠂ ᠬᠥᠮᠥᠨ ᠬᠠᠷ᠎ᠠ ᠦᠬᠦᠵᠦ ᠰᠢᠷᠬᠠᠲᠤᠭᠰᠠᠨ ᠠᠳᠡᠯ ᠪᠠ ᠡᠭᠦᠰᠦᠮᠡᠯ ᠭᠠᠮᠰᠢᠭ ᠡᠭᠦᠰᠬᠦ ᠠᠴᠠ ᠴᠢᠩᠭ᠎ᠠ ᠰᠡᠷᠭᠡᠶᠢᠯᠡᠬᠦ ᠬᠡᠷᠡᠭᠲᠡᠢ᠃ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠲᠣᠨᠤᠭ ᠲᠥᠬᠦᠭᠡᠷᠦᠮᠵᠢ ᠡᠳ᠋ ᠪᠠᠷᠠᠭᠠᠨ ᠤ ᠲᠣᠬᠢᠷᠠᠭᠤᠯᠤᠯᠲᠠ ᠪᠠ ᠳᠦᠷᠢᠮ ᠲᠣᠭᠲᠠᠴᠠ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠡᠷᠦᠩᠬᠡᠶᠢᠯᠡᠭᠰᠡᠨ ᠴᠢᠳᠠᠪᠤᠷᠢ ᠪᠠ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃

    ᠳᠣᠯᠤᠭ᠎ᠠ᠂ ᠰᠢᠮᠳᠠᠭᠤᠯᠤᠨ ᠵᠢᠯᠣᠭᠤᠳᠴᠤ ᠬᠠᠷᠢᠭᠤᠴᠠᠯᠭ᠎ᠠ ᠬᠡᠯᠡᠯᠴᠡᠬᠦ ᠪᠠᠨ ᠴᠢᠩᠳᠠᠯᠠᠬᠤ ᠬᠡᠷᠡᠭᠲᠡᠢ

    ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠢ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠲᠥᠰᠥᠯ ᠢᠶᠠᠨ ᠨᠠᠷᠢᠯᠢᠭᠵᠢᠭᠤᠯᠤᠨ᠂ ᠠᠰᠠᠭᠤᠳᠠᠯ ᠤᠨ ᠨᠠᠷᠢᠨ ᠬᠠᠭᠤᠳᠠᠰᠤ ᠶᠢ ᠪᠠᠶᠢᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠴᠢᠬᠤᠯᠠ ᠶᠡᠭᠡ ᠠᠰᠠᠭᠤᠳᠠᠯ ᠤᠨ ᠬᠡᠮ ᠰᠣᠭᠤᠭ ᠢ ᠨᠡᠷ᠎ᠡ ᠵᠢᠭᠠᠵᠤ ᠰᠢᠮᠳᠠᠭᠤᠯᠤᠨ ᠭᠦᠢᠴᠡᠳᠬᠡᠯᠭᠡᠵᠦ᠂ ᠦᠷ᠎ᠡ ᠪᠦᠲᠦᠮᠵᠢ ᠶᠢ ᠨᠢ ᠮᠥᠷᠳᠡᠨ ᠪᠠᠶᠢᠴᠠᠭᠠᠬᠤ ᠬᠡᠷᠡᠭᠲᠡᠢ᠃ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭᠠᠨ ᠢ ᠦᠷᠭᠦᠯᠵᠢᠯᠡᠨ ᠥᠷᠨᠢᠭᠦᠯᠵᠦ᠂ ᠭᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠨᠡᠶᠢᠲᠡᠯᠢᠭ ᠬᠡᠷᠡᠭ ᠢ ᠢᠯᠡ ᠪᠣᠯᠭᠠᠵᠤ ᠨᠡᠶᠢᠲᠡ ᠳᠤ ᠮᠡᠳᠡᠭᠳᠡᠵᠦ᠂ ᠨᠢᠭᠡ ᠬᠡᠷᠡᠭ ᠪᠠᠶᠢᠴᠠᠭᠠᠨ ᠰᠢᠢᠳᠪᠦᠷᠢᠯᠡᠪᠡᠯ᠂ ᠨᠢᠭᠡ ᠲᠠᠯ᠎ᠠ ᠶᠢᠨ ᠬᠢᠨ ᠳᠤ ᠰᠦᠷ ᠦᠵᠡᠭᠦᠯᠵᠦ᠂ ᠬᠡᠰᠡᠭ ᠬᠥᠮᠥᠰ ᠢ ᠬᠥᠮᠥᠵᠢᠭᠦᠯᠬᠦ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠰᠠᠬᠢᠯᠭ᠎ᠠ ᠪᠠᠲᠤ ᠬᠡᠷᠡᠭᠵᠢᠭᠦᠯᠵᠦ ᠬᠠᠷᠢᠭᠤᠴᠠᠯᠭ᠎ᠠ ᠬᠡᠯᠡᠯᠴᠡᠬᠦ ᠡᠷᠴᠢᠮ ᠢᠶᠠᠨ ᠴᠢᠩᠭᠠᠷᠠᠭᠤᠯᠵᠤ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ ᠪᠤᠶᠤ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠠᠴᠠ ᠪᠣᠯᠵᠤ ᠬᠦᠨᠳᠦ ᠣᠨᠴᠠ ᠶᠡᠭᠡ ᠭᠠᠯ ᠲᠦᠢᠮᠡᠷ ᠭᠠᠷᠤᠭᠰᠠᠨ ᠪᠤᠶᠤ ᠬᠥᠮᠥᠨ ᠬᠠᠷ᠎ᠠ ᠦᠬᠦᠵᠦ ᠰᠢᠷᠬᠠᠲᠤᠭᠰᠠᠨ ᠠᠳᠡᠯ ᠭᠠᠷᠤᠭᠰᠠᠨ ᠣᠷᠣᠨ ᠨᠤᠲᠤᠭ᠂ ᠨᠢᠭᠡᠴᠢ ᠪᠠ ᠬᠠᠷᠢᠭᠤᠴᠠᠯᠭᠠᠲᠠᠨ ᠠᠴᠠ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠷᠢᠭᠤᠴᠠᠯᠭ᠎ᠠ ᠴᠢᠩᠭ᠎ᠠ ᠨᠡᠬᠡᠮᠵᠢᠯᠡᠬᠦ ᠬᠡᠷᠡᠭᠲᠡᠢ᠃

 

 

2024 ᠣᠨ ᠤ 3 ᠳ᠋ᠤᠭᠠᠷ ᠰᠠᠷ᠎ᠠ ᠶᠢᠨ11 ᠤ ᠡᠳᠦᠷ    

    ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ